ᠥᠪᠥᠷ ᠮᠣᠩᠭᠤᠯ ᠤᠨ ᠦᠨᠢᠶᠡᠨ ᠰᠦ ᠡᠳ᠋ᠰᠢᠭᠦᠯᠬᠦ ᠠᠵᠤ ᠦᠢᠯᠡᠰ ᠤᠨ ᠬᠡᠪᠴᠢᠶ᠎ᠡ ᠪᠥᠬᠦ ᠤᠯᠤᠰ ᠤᠨ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2019/8/26
     8 ᠳ᠋ᠤᠭᠠᠷ ᠰᠠᠷ᠎ᠠ ᠶᠢᠨ 23᠎ ᠤ ᠡᠳᠦᠷ ᠬᠤᠷᠠᠯᠳᠤᠭᠤᠯᠤᠭᠰᠠᠨ ︽ᠰᠦ ᠶᠢᠨ ᠦᠶᠯᠡᠰ ᠢ ᠳᠡᠭᠵᠢᠷᠡᠭᠦᠯᠦᠨ ᠬᠦᠭᠵᠢᠭᠦᠯᠬᠦ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠎ ᠤᠨ ᠲᠥᠷᠥ ᠶᠢᠨ ᠪᠣᠳᠣᠯᠭ᠎ᠠ ᠶᠢᠨ ᠵᠣᠷᠰᠢᠯᠲᠤ ᠪᠠᠶᠢᠳᠠᠯ ᠢ ᠮᠡᠳᠡᠭᠳᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠰᠦ ᠶᠢᠨ ᠦᠶᠯᠡᠰ ᠲᠦᠷᠭᠡᠨ ᠨᠡᠮᠡᠭᠳᠡᠯ ᠠᠴᠠ ᠴᠢᠨᠠᠷ ᠰᠠᠶᠢᠲᠠᠶ ᠬᠥᠭᠵᠢᠯᠲᠡ ᠲᠡᠰᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠪᠡᠶᠡᠯᠡᠭᠦᠯᠵᠦ᠂ ᠦᠨᠢᠶᠡᠨ ᠰᠦ ᠡᠳ᠋ᠰᠢᠭᠦᠯᠬᠦ ᠠᠵᠤ ᠦᠢᠯᠡᠰ ᠤᠨ ᠬᠡᠪᠴᠢᠶ᠎ᠡ ᠪᠥᠬᠦ ᠤᠯᠤᠰ ᠤᠨ ᠲᠡᠷᠢᠭᠦᠨ ᠳᠤ ᠤᠷᠤᠵᠤ᠂ ᠪᠥᠬᠦ ᠣᠷᠣᠨ ᠳᠤ ᠪᠣᠷᠣᠯᠠᠭᠤᠯᠤᠯᠲᠠ ᠶᠢᠨ ᠣᠷᠣᠯᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ 89 ᠪᠣᠯᠵᠤ᠂ ᠪᠣᠷᠣᠯᠠᠭᠤᠯᠤᠯᠲᠠ ᠶᠢᠨ ᠣᠷᠣᠯᠭ᠎ᠠ ᠶᠢ 1632.6 ᠳ᠋ᠦᠩᠰᠢᠭᠤᠷ ᠲᠥᠭᠦᠷᠢᠭ ᠪᠡᠶᠡᠯᠡᠭᠦᠯᠣᠨ᠂ ᠰᠦ ᠶᠢᠨ ᠦᠶᠯᠡᠰ ᠨᠢ ᠮᠢᠩᠭᠠᠨ ᠳ᠋ᠦᠩᠰᠢᠭᠤᠷ ᠤᠨ ᠲᠡᠰ ᠢ ᠳᠠᠪᠠᠭᠰᠠᠨ ᠠᠵᠤ ᠦᠶᠯᠡᠰ ᠪᠣᠯᠵᠠᠶ᠃      ᠮᠠᠨ ᠤ ᠣᠷᠣᠨ ᠪᠣᠯ ᠰᠦ ᠶᠢᠨ ᠦᠢᠯᠡᠰ ᠤᠨ ᠬᠥᠭᠵᠢᠯᠲᠡ ᠶᠢᠨ ᠲᠣᠮᠣ ᠣᠷᠣᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠦ ᠶᠢᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠪᠠᠷ ᠭᠤᠣᠯᠳᠠᠯᠭ᠎ᠠ ᠪᠣᠯᠭᠠᠨ᠂ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠣᠨ᠂ ᠴᠠᠭᠠᠨ ᠢᠳᠡᠭᠡᠨ ᠤ ᠦᠶᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠰᠦ ᠶᠢᠨ ᠦᠢᠯᠡᠰ ᠤᠨ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠦᠨ᠂ ᠲᠡᠤᠬᠡᠲᠦ ᠴᠢᠨᠠᠷᠲᠠᠶ ᠶᠡᠭᠡ ᠬᠥᠭᠵᠢᠯᠲᠡ ᠲᠠᠢ ᠪᠣᠯᠵᠤ᠂ ᠬᠠᠰᠢᠶᠠᠯᠠᠨ ᠲᠡᠵᠢᠭᠡᠵᠦ ᠪᠠᠶᠢᠭ᠎ᠠ ᠰᠠᠭᠠᠯᠢ ᠶᠢᠨ ᠦᠨᠢᠶ᠎ᠡ 120.8 ᠲᠦᠮᠨ ᠳᠤ ᠬᠦᠷᠴᠦ᠂ ᠦᠨᠢᠶᠡᠨ ᠰᠦ ᠶᠢᠨ ᠭᠠᠷᠤᠯᠲᠠ ᠪᠣᠯᠤᠨ ᠰᠦ ᠶᠢᠨ ᠪᠦᠲᠦᠭᠡᠭᠳᠡᠬᠦᠨ ᠤ ᠭᠠᠷᠤᠯᠲᠠ ᠲᠤᠰ ᠪᠦᠷᠢ 565.6 ᠲᠦᠮᠡᠨ ᠲᠣᠨ ᠪᠤᠯᠤᠨ 254.8 ᠲᠦᠮᠡᠨ ᠲᠣᠨ ᠳᠤ ᠬᠦᠷᠴᠦ᠂ ᠣᠳᠣ ᠦᠶ᠎ᠡ ᠶᠢᠨ ᠰᠦ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠯᠠᠪᠳᠠᠭᠤᠨ ᠪᠠᠲᠤᠲᠠᠶ ᠠᠯᠬᠤᠮ ᠢ ᠠᠯᠬᠤᠪᠠ᠃      ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠰᠦ ᠶᠢᠨ ᠦᠢᠯᠡᠰ ᠤᠨ ᠬᠥᠭᠵᠢᠯᠲᠡ ᠶᠢᠨ ᠲᠤᠬᠠᠶ ᠠᠯᠢ ᠣᠯᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠣ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠦ ᠶᠢᠨ ᠦᠶᠯᠡᠰ ᠢ ᠳᠡᠭᠵᠢᠷᠡᠭᠦᠯᠦᠨ ᠬᠦᠭᠵᠢᠭᠦᠯᠬᠦ ᠶᠢ ᠠᠬᠢᠭᠤᠯᠵᠤ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠤᠬᠠᠶ ᠰᠠᠨᠠᠯ︾ ᠪᠣᠯᠤᠨ ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ ᠵᠡᠷᠭᠡ ᠤᠯᠤᠰ ᠤᠨ ᠶᠢᠰᠦᠨ ᠶᠠᠮᠤᠨ ᠵᠥᠪᠯᠡᠯ ᠤᠨ ︽ᠰᠦ ᠶᠢᠨ ᠦᠶᠯᠡᠰ ᠢ ᠳᠡᠭᠵᠢᠷᠡᠭᠦᠯᠦᠨ ᠬᠦᠭᠵᠢᠭᠦᠯᠬᠦ ᠶᠢ ᠴᠢᠨᠠᠭᠰᠢᠳᠠ ᠠᠬᠢᠭᠤᠯᠬᠤ ᠲᠤᠬᠠᠶ ᠰᠠᠨᠠᠯ ᠤᠳ︾᠎ ᠢ ᠨᠠᠶᠢᠳᠠᠪᠤᠷᠢᠵᠢᠭᠤᠯᠣᠨ᠂ ᠮᠠᠨ ᠤ ᠣᠷᠣᠨ ᠤ ᠰᠦ ᠶᠢᠨ ᠦᠶᠯᠡᠰ ᠢ ᠪᠦᠬᠦ ᠤᠯᠤᠰ ᠤᠨ ᠬᠡᠪᠴᠢᠶᠡᠨ ᠳᠤ ᠤᠷᠢᠳ ᠢᠶᠠᠷ ᠳᠡᠭᠵᠢᠷᠡᠭᠦᠯᠦᠨ ᠬᠦᠭᠵᠢᠭᠦᠯᠬᠦ ᠶᠢ ᠠᠬᠢᠭᠤᠯᠬᠤ ᠶᠢᠨ ᠲᠤᠰᠠᠳᠠ᠂ 8 ᠳ᠋ᠤᠭᠠᠷ ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠰᠦ ᠶᠢᠨ ᠦᠶᠯᠡᠰ ᠢ ᠳᠡᠭᠵᠢᠷᠡᠭᠦᠯᠦᠨ ᠬᠦᠭᠵᠢᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠰᠠᠨᠠᠯ︾᠎ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠰᠦ ᠶᠢᠨ ᠦᠶᠯᠡᠰ ᠢ ᠳᠡᠭᠵᠢᠷᠡᠭᠦᠯᠦᠨ ᠬᠦᠭᠵᠢᠭᠦᠯᠬᠦ ᠶᠢᠨ ᠪᠤᠭᠤᠮᠢ ᠠᠰᠠᠭᠤᠳᠠᠯ ᠢ ᠬᠦᠴᠦᠯᠡᠨ ᠰᠢᠶᠳᠪᠦᠷᠢᠯᠡᠨ᠂ ᠭᠡᠷ ᠪᠦᠯᠢ ᠶᠢᠨ ᠡᠵᠡᠩᠨᠡᠯᠲᠡ ᠶᠢᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢ ᠡᠩ ᠲᠡᠷᠢᠭᠦᠨ ᠳᠤ ᠬᠦᠭᠵᠢᠭᠦᠯᠬᠦ ᠳᠤᠪᠤᠶᠢᠮ᠎ᠠ ᠪᠠᠶᠢᠷᠢᠨ ᠳᠤ ᠲᠠᠯᠪᠢᠵᠤ᠂ ᠰᠠᠭᠠᠯᠢ ᠶᠢᠨ ᠮᠠᠯᠴᠢᠳ ᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠᠷ ᠰᠠᠭᠤᠷᠢ ᠪᠣᠯᠭᠠᠭᠰᠠᠨ ᠦᠶᠯᠡᠳᠪᠦᠷᠢᠯᠡᠯ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ ᠪᠤᠢ ᠪᠣᠯᠭᠠᠵᠠᠢ᠃ ᠴᠠᠭᠠᠨ ᠢᠳᠡᠭᠡ ᠡᠳ᠋ᠰᠢᠭᠦᠯᠬᠦ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠶᠢ ᠵᠣᠷᠢᠭᠵᠢᠭᠤᠯᠤᠨ ᠳᠠᠮᠵᠢᠵᠣ᠂ ᠬᠥᠲᠥᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠶᠯᠡᠳᠦᠯ ᠢ ᠨᠢ ᠰᠠᠶᠢᠲᠤᠷ ᠪᠠᠳᠠᠷᠠᠭᠤᠯᠵᠠᠢ᠃ ᠳᠤᠲᠠᠭᠤᠳᠠᠯ ᠢ ᠨᠥᠬᠦᠪᠥᠷᠢᠯᠡᠬᠦ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠣᠳᠣᠬᠠᠨ ᠤ ᠮᠠᠨ ᠤ ᠣᠷᠣᠨ ᠤ ᠰᠦ ᠶᠢᠨ ᠦᠢᠯᠡᠰ ᠤᠨ ᠬᠥᠭᠵᠢᠯᠲᠡ ᠶᠢᠨ ᠳᠤᠲᠠᠭᠤᠳᠠᠯ ᠬᠢᠭᠡᠳ ᠵᠥᠷᠢᠶ᠎ᠡ ᠶᠢ ᠪᠥᠬᠦ ᠲᠠᠯ᠎ᠠ ᠪᠠᠷ ᠡᠮᠬᠢᠯᠡᠵᠦ᠂ ᠴᠢᠭᠯᠡᠯᠲᠦ ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠲᠥᠷᠥ ᠶᠢᠨ ᠪᠣᠳᠣᠯᠭ᠎ᠠ᠂ ᠵᠠᠬ᠎ᠠ ᠳᠡᠯᠭᠡᠭᠦᠷ ᠪᠣᠯᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠪᠥᠬᠦ ᠨᠡᠶᠢᠭᠡᠮ ᠳᠤ ᠰᠦ ᠶᠢᠨ ᠦᠶᠯᠡᠰ ᠢ ᠳᠡᠭᠵᠢᠷᠡᠭᠦᠯᠦᠨ ᠬᠦᠭᠵᠢᠭᠦᠯᠬᠦ ᠴᠢᠩᠭ᠎ᠠ ᠬᠦᠴᠦᠲᠡᠢ ᠳᠣᠬᠢᠶ᠎ᠠ ᠰᠤᠷᠠᠭ ᠳᠠᠯᠪᠢᠵᠦ᠂ ᠰᠦ ᠶᠢᠨ ᠦᠢᠯᠡᠰ ᠤᠨ ᠨᠠᠩ ᠰᠠᠶᠢᠨ ᠬᠥᠭᠵᠢᠯᠲᠡ ᠳᠤ ᠴᠢᠭᠯᠡᠯ ᠪᠠ ᠵᠠᠮ ᠱᠤᠭᠤᠮ ᠢ ᠲᠣᠳᠣᠷᠬᠠᠶ ᠵᠢᠭᠠᠵᠤ ᠥᠭᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号