ᠲᠦᠷᠦᠭᠦᠦ 7 ᠰᠠᠷ᠎ᠠ ᠳᠤ ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ 7.3% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2019/8/26

     ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 7 ᠰᠠᠷ᠎ᠠ ᠳᠤ ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠤᠯᠤᠰ ︵ᠳᠥᠭᠦᠮᠴᠢᠯᠡᠭᠡᠳ ᠵᠠᠮ ᠳᠠᠭᠠᠤ ᠤᠯᠤᠰ︶ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 420.7 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ︵ᠳᠣᠲᠣᠭᠰᠢ ᠠᠳᠠᠯᠢ︶ 7.3% ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠳᠠᠯᠢ ᠬᠤᠭᠤᠴᠠᠭᠠᠨ ᠤ ᠶᠡᠷᠦᠩᠬᠡᠶ ᠥᠷᠲᠡᠭ ᠤᠨ 66.4% ᠶᠢ ᠡᠵᠡᠯᠡᠪᠡ᠃ ᠡᠭᠦᠨ ᠳᠤ᠂ ᠭᠠᠳᠠᠭᠠᠳᠤ ᠭᠠᠷᠭᠠᠯᠲᠠ 120.7 ᠳ᠋ᠦᠩᠰᠢᠭᠤᠷ ᠲᠥᠭᠦᠷᠢᠭ ᠲᠤ ᠬᠦᠷᠴᠦ᠂ 5.5% ᠪᠠᠷ ᠪᠠᠭᠤᠷᠠᠪᠠ︔ ᠭᠠᠳᠠᠭᠠᠳᠤ ᠣᠷᠣᠭᠤᠯᠤᠯᠲᠠ 300 ᠳ᠋ᠦᠩᠰᠢᠭᠤᠷ ᠲᠥᠭᠦᠷᠢᠭ ᠲᠤ ᠬᠦᠷᠴᠦ᠂ 13.4% ᠪᠠᠷ ᠨᠡᠮᠡᠭᠳᠡᠪᠡ᠃
     ᠠᠷᠠᠯᠵᠢᠶᠠᠨ ᠤ ᠬᠠᠨᠢᠲᠠᠨ ᠠᠴᠠ ᠠᠪᠴᠤ ᠦᠵᠡᠪᠡᠯ᠂ ᠮᠣᠩᠭᠤᠯ ᠤᠯᠤᠰ ᠪᠣᠯᠤᠨ ᠣᠷᠣᠰ ᠪᠣᠯ ᠭᠤᠤᠯ ᠪᠣᠯᠬᠤ ᠠᠷᠠᠯᠵᠢᠶᠠᠨ ᠤ ᠬᠠᠨᠢᠲᠠᠨ ᠮᠦᠨ᠃ ᠲᠦᠷᠦᠭᠦᠦ 7 ᠰᠠᠷ᠎ᠠ ᠳᠤ ᠮᠠᠨ ᠤ ᠣᠷᠣᠨ ᠤ ᠮᠣᠩᠭᠤᠯ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 207.6 ᠳ᠋ᠦᠩᠰᠢᠭᠤᠷ ᠲᠥᠭᠦᠷᠢᠭ ᠲᠤ ᠬᠦᠷᠴᠦ᠂ 19.4% ᠪᠠᠷ ᠨᠡᠮᠡᠭᠳᠡᠪᠡ︔ ᠣᠷᠣᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 114.8 ᠳ᠋ᠦᠩᠰᠢᠭᠤᠷ ᠲᠥᠭᠦᠷᠢᠭ ᠲᠤ ᠬᠦᠷᠴᠦ᠂ 0.8% ᠪᠠᠷ ᠪᠠᠭᠤᠷᠠᠪᠠ︔ ᠥᠪᠡᠷᠲᠡᠭᠡᠨ ᠵᠠᠰᠠᠬᠤ ᠣᠷᠣᠨ ᠤ ᠵᠠᠮ ᠳᠠᠭᠠᠤ ᠶᠢᠨ ᠤᠯᠤᠰ ᠤᠳ ᠯᠤᠭ᠎ᠠ ᠶᠢᠨ ᠠᠳᠠᠯᠢ ᠬᠤᠭᠤᠴᠠᠭᠠᠨ ᠤ  ᠭᠠᠳᠠᠭᠠᠳᠤ ᠠᠷᠠᠯᠵᠢᠶᠠᠨ ᠤ ᠥᠷᠲᠡᠭ ᠤᠨ 76.6% ᠶᠢ ᠡᠵᠡᠯᠡᠪᠡ᠃
     ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠬᠢᠯᠢ ᠶᠢᠨ ᠪᠠᠭ᠎ᠠ ᠲᠣᠭᠠᠨ ᠤ ᠠᠷᠠᠯᠵᠢᠶ᠎ᠠ ᠭᠤᠤᠯᠯᠠᠬᠤ ᠪᠠᠶᠢᠷᠢ ᠶᠢ ᠡᠵᠡᠯᠡᠵᠦ᠂ ᠡᠩ ᠤᠨ ᠠᠷᠠᠯᠵᠢᠶ᠎ᠠ ᠦᠳᠲᠡᠷ ᠲᠦᠷᠭᠡᠨ ᠨᠡᠮᠡᠭᠳᠡᠪᠡ᠃ ᠲᠦᠷᠦᠭᠦᠦ 7 ᠰᠠᠷ᠎ᠠ ᠳᠤ ᠵᠠᠮ ᠳᠠᠭᠠᠤ ᠤᠯᠤᠰ ᠯᠤᠭ᠎ᠠ ᠶᠢᠨ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠠᠷᠭ᠎ᠠ ᠬᠡᠯᠪᠡᠷᠢ ᠪᠠᠷ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠨᠢ 181.1 ᠳ᠋ᠦᠩᠰᠢᠭᠤᠷ ᠲᠥᠭᠦᠷᠢᠭ ᠲᠤ ᠬᠦᠷᠴᠦ᠂ 1.3% ᠪᠠᠷ ᠪᠠᠭᠤᠷᠠᠵᠤ᠂ 43% ᠶᠢ ᠡᠵᠡᠯᠡᠪᠡ︔ ᠡᠩ ᠤᠨ ᠠᠷᠠᠯᠵᠢᠶᠠᠨ ᠤ ᠠᠷᠭ᠎ᠠ ᠬᠡᠯᠪᠡᠷᠢ ᠪᠠᠷ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠨᠢ 174.5 ᠳ᠋ᠦᠩᠰᠢᠭᠤᠷ ᠲᠥᠭᠦᠷᠢᠭ ᠲᠤ ᠬᠦᠷᠴᠦ᠂ 22% ᠢᠶᠠᠷ ᠨᠡᠮᠡᠭᠳᠡᠵᠦ᠂ 41.5% ᠶᠢ ᠡᠵᠡᠯᠡᠪᠡ᠃
     ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠠᠸᠠᠷ ᠠᠴᠠ ᠠᠪᠴᠤ ᠦᠵᠡᠪᠡᠯ᠂ ᠭᠠᠳᠠᠭᠠᠳᠤ ᠳᠤ ᠭᠠᠷᠭᠠᠬᠤ ᠳᠤ ᠪᠣᠯᠣᠳ ᠮᠠᠲ᠋ᠧᠷᠢᠶᠠᠯ᠂ ᠲᠠᠷᠢᠶᠠᠯᠠᠩ ᠤᠨ ᠪᠦᠲᠦᠭᠡᠭᠳᠡᠬᠦᠨ ᠪᠣᠯᠣᠨ ᠮᠠᠰᠢᠨ ᠴᠠᠬᠢᠯᠭᠠᠨ ᠤ ᠦᠶᠯᠡᠳᠬᠦᠨ ᠢᠶᠠᠷ ᠭᠤᠤᠯ ᠪᠣᠯᠭᠠᠵᠠᠢ᠃ ᠵᠠᠮ ᠳᠠᠭᠠᠤ ᠤᠯᠤᠰ ᠲᠤ ᠭᠠᠷᠭᠠᠭᠰᠠᠨ ᠪᠣᠯᠣᠳ ᠮᠠᠲ᠋ᠧᠷᠢᠶᠠᠯ 31.1 ᠳ᠋ᠦᠩᠰᠢᠭᠤᠷ ᠲᠥᠭᠦᠷᠢᠭ ᠲᠤ ᠬᠦᠷᠴᠦ᠂ 30.9% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠬᠤ ᠲᠠᠷᠢᠶᠠᠯᠠᠩ ᠤᠨ ᠪᠦᠲᠦᠭᠡᠭᠳᠡᠬᠦᠨ 30.7 ᠳ᠋ᠦᠩᠰᠢᠭᠤᠷ ᠲᠥᠭᠦᠷᠢᠭ ᠲᠤ ᠬᠦᠷᠴᠦ᠂ 1.1% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠮᠧᠬᠠᠨᠢᠭ ᠴᠠᠬᠢᠯᠭᠠᠨ ᠤ ᠦᠶᠯᠡᠳᠬᠦᠨ 20.3 ᠳ᠋ᠦᠩᠰᠢᠭᠤᠷ ᠲᠥᠭᠦᠷᠢᠭ ᠲᠤ ᠬᠦᠷᠴᠦ᠂ 43% ᠪᠠᠷ ᠪᠠᠭᠤᠷᠠᠪᠠ︔ ᠳᠡᠭᠡᠷ᠎ᠡ ᠳᠤᠷᠠᠳᠤᠭᠰᠠᠨ ᠵᠦᠶᠯ ᠨᠢ ᠥᠪᠡᠷᠲᠡᠭᠡᠨ ᠵᠠᠰᠠᠬᠤ ᠣᠷᠣᠨ ᠤ ᠵᠠᠮ ᠳᠠᠭᠠᠤ ᠤᠯᠤᠰ ᠤᠳ ᠲᠤ ᠭᠠᠷᠭᠠᠬᠤ ᠠᠳᠠᠯᠢ ᠬᠤᠭᠤᠴᠠᠭᠠᠨ ᠤ ᠥᠷᠲᠡᠭ ᠤᠨ 68% ᠶᠢ ᠡᠵᠡᠯᠡᠭᠰᠡᠨ ᠪᠠᠶᠢᠨ᠎ᠠ᠃ ᠭᠠᠳᠠᠭᠠᠳᠤ ᠠᠴᠠ ᠣᠷᠣᠭᠤᠯᠬᠤ ᠳᠤ ᠡᠬᠢ ᠪᠠᠶᠠᠯᠢᠭ ᠤᠨ ᠴᠢᠨᠠᠷᠲᠠᠶ ᠲᠠᠸᠠᠷ ᠢᠶᠠᠷ ᠭᠤᠤᠯ ᠪᠣᠯᠭᠠᠵᠤ᠂ ᠵᠠᠮ ᠳᠠᠭᠠᠤ ᠤᠯᠤᠰ ᠠᠴᠠ 113.2 ᠳ᠋ᠦᠩᠰᠢᠭᠤᠷ ᠲᠥᠭᠦᠷᠢᠭ ᠤᠨ ᠨᠡᠭᠦᠷᠡᠰᠦ ᠣᠷᠣᠭᠤᠯᠵᠤ᠂ 24.6% ᠪᠠᠷ ᠨᠡᠮᠡᠭᠳᠡᠪᠡ︔ ᠬᠦᠳᠡᠷ ᠤᠨ ᠡᠯᠡᠰᠦ 53.4 ᠳ᠋ᠦᠩᠰᠢᠭᠤᠷ ᠲᠥᠭᠦᠷᠢᠭ ᠣᠷᠣᠭᠤᠯᠵᠤ᠂ 10.4% ᠪᠠᠷ ᠨᠡᠮᠡᠭᠳᠡᠪᠡ︔ ᠬᠢᠷᠦᠭᠡᠳᠦᠭᠰᠡᠨ ᠮᠣᠳᠣᠨ ᠮᠠᠲ᠋ᠧᠷᠢᠶᠠᠯ 51.9 ᠳ᠋ᠦᠩᠰᠢᠭᠤᠷ ᠲᠥᠭᠦᠷᠢᠭ ᠣᠷᠣᠭᠤᠯᠵᠤ᠂ 1.8% ᠪᠠᠷ ᠪᠠᠭᠤᠷᠠᠪᠠ︔ ᠳᠡᠭᠡᠷ᠎ᠡ ᠳᠤᠷᠠᠳᠤᠭᠰᠠᠨ ᠵᠦᠶᠯ ᠨᠢ ᠥᠪᠡᠷᠲᠡᠭᠡᠨ ᠵᠠᠰᠠᠬᠤ ᠣᠷᠣᠨ ᠤ ᠵᠠᠮ ᠳᠠᠭᠠᠤ ᠤᠯᠤᠰ ᠤᠳ ᠠᠴᠠ ᠠᠳᠠᠯᠢ ᠬᠤᠭᠤᠴᠠᠭᠠᠨ ᠳᠤ ᠣᠷᠣᠭᠤᠯᠤᠭᠰᠠᠨ ᠥᠷᠲᠡᠭ ᠤᠨ 72.8% ᠶᠢ ᠡᠵᠡᠯᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ