ᠬᠦᠯᠥᠨ ᠪᠤᠶᠢᠷ ᠤᠨ ᠤᠯᠠᠨ ᠤᠯᠤᠰ ᠤᠨ ᠪᠤᠬᠢᠷᠳᠤᠯ ᠦᠬᠡᠢ ᠬᠦᠭᠵᠢᠯᠳᠡ ᠶᠢᠨ ᠶᠡᠭᠡ ᠬᠤᠷᠡᠯ ᠡᠬᠢᠯᠡᠯ᠎ᠠ  ᠪᠦ᠋ ᠰᠢᠶᠤᠤ ᠯᠢᠨ ᠪᠠᠶᠠᠷ ᠤᠨ ᠦᠬᠡ ᠬᠡᠯᠡᠪᠠ
ᠨᠡᠶᠢᠲᠡᠯᠡᠭᠰᠡᠨ ᠴᠠᠭ᠄
2019/8/27
     8 ᠰᠠᠷ᠎ᠠ ᠶᠢᠨ 26᠎ ᠤ ᠡᠳᠤᠷ᠂ ᠬᠦᠯᠥᠨ ᠪᠤᠶᠢᠷ ᠤᠨ ᠤᠯᠠᠨ ᠤᠯᠤᠰ ᠤᠨ ᠪᠤᠬᠢᠷᠳᠤᠯ ᠦᠬᠡᠢ ᠬᠦᠭᠵᠢᠯᠳᠡ ᠎ ᠶᠢᠨ ᠶᠡᠭᠡ ᠬᠤᠷᠡᠯ ᠬᠦᠯᠦᠨ ᠪᠤᠶᠢᠷ ᠬᠤᠳᠠ ᠶᠢᠨ ᠬᠠᠶᠢᠯᠠᠷ ᠲᠤᠭᠤᠷᠢᠭ ᠲᠤ ᠡᠬᠢᠯᠡᠪᠡ᠃ ᠬᠤᠷᠡᠯ ᠨᠢ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢ ᠰᠦᠪᠡᠭᠴᠢᠯᠡᠬᠦ ᠪᠠᠷ ᠭᠤᠤᠯ ᠰᠡᠳᠤᠪ ᠢᠶᠠᠨ ᠪᠤᠯᠭᠠᠵᠥ᠂ ᠤᠯᠤᠰ ᠤᠨ ᠲᠤᠳᠤᠭᠠᠳᠤ ᠭᠠᠳᠠᠭᠠᠳᠤ ᠶᠢᠨ 300 ᠭᠠᠷᠤᠢ ᠲᠤᠰᠬᠠᠢ ᠮᠡᠷᠬᠡᠵᠢᠯᠳᠡᠨ ᠪᠠ ᠡᠷᠳᠡᠮᠳᠡᠨ ᠬᠤᠷᠡᠯ ᠳᠤ ᠤᠷᠤᠯᠴᠠᠵᠥ ᠪᠤᠬᠢᠷᠳᠤᠯ ᠦᠬᠡᠢ ᠬᠦᠭᠵᠢᠯᠳᠡ ᠶᠢᠨ ᠵᠠᠮ ᠢ ᠬᠠᠮᠳᠤ ᠪᠠᠷ ᠰᠤᠳᠤᠯᠤᠨ ᠶᠠᠷᠢᠯᠴᠠᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠲᠤᠮᠳᠠᠳᠤ ᠤᠯᠤᠰ ᠲᠤ ᠰᠠᠭᠤᠭ᠎ᠠ ᠪᠦᠬᠦᠳᠡ ᠨᠠᠶᠢᠷᠠᠮᠳᠠᠬᠤ ᠰᠦᠷᠢᠨᠠᠮ ᠤᠯᠤᠰ ᠎ ᠤᠨ ᠡᠯᠴᠢᠨ ᠰᠠᠶᠢᠳ ᠴᠧᠨ ᠵᠢᠶᠠ ᠬᠤᠢ᠂ ᠠᠩᠭ᠍ᠯᠢ ᠤᠯᠤᠰ ᠤᠨ ᠤᠳᠤ ᠦᠶ᠎ᠡ ᠶᠢᠨ ᠲᠡᠤᠬᠡ ᠶᠢᠨ ᠤᠬᠠᠭᠠᠨᠳᠠᠨ᠂ ᠵᠢᠭᠤᠯᠴᠢᠯᠠᠯ ᠤᠨ ᠵᠤᠬᠢᠶᠠᠯᠴᠢ ᠶᠤᠬᠠᠨ · ᠮᠠᠨ ᠨᠠᠷ ᠡᠬᠢᠯᠡᠯᠳᠡ ᠶᠢᠨ ᠶᠤᠰᠤᠯᠠᠯ ᠲᠡᠭᠡᠷ᠎ᠡ ᠪᠠᠶᠠᠷ ᠤᠨ ᠦᠬᠡ ᠬᠡᠯᠡᠪᠡ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠭᠠᠩ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃      ᠪᠦ᠋ ᠰᠢᠶᠤᠤ ᠯᠢᠨ ᠪᠠᠶᠠᠷ ᠤᠨ ᠦᠬᠡ ᠳᠡᠭᠡᠨ᠂ ᠠᠮᠢ ᠠᠬᠤᠢ ᠶᠢ ᠬᠠᠮᠠᠭᠠᠯᠠᠬᠤ᠂ ᠪᠤᠬᠢᠷᠳᠤᠯ ᠦᠬᠡᠢ ᠪᠠᠷ ᠬᠦᠭᠵᠢᠭᠦᠯᠬᠦ ᠪᠤᠯ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠴᠢᠬᠤᠯᠠ ᠠᠭᠤᠯᠭ᠎ᠠ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮᠳᠤ ᠦᠢᠯᠡᠰ ᠤᠨ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠳᠤ ᠤᠷᠤᠭᠤᠯᠵᠥ᠂ ᠦᠵᠡᠰᠬᠦᠯᠡᠩᠳᠤ ᠰᠠᠶᠢᠬᠠᠨ ᠲᠤᠮᠳᠠᠳᠤ ᠤᠯᠤᠰ ᠢ ᠪᠦᠳᠦᠬᠡᠨ ᠪᠠᠶᠢᠭᠤᠯᠵᠥ᠂ ᠲᠤᠮᠳᠠᠳᠤ ᠶᠢᠨ ᠦᠨᠳᠦᠰᠦᠳᠡᠨ ᠤ ᠦᠨᠢᠳᠡ ᠶᠢᠨ ᠬᠦᠭᠵᠢᠯᠳᠡ ᠶᠢ ᠪᠡᠶᠡᠯᠡᠬᠦᠯᠥᠨ᠎ᠡ ᠬᠡᠵᠥ ᠲᠤᠳᠤᠷᠬᠠᠢ ᠲᠤᠷᠠᠳᠴᠠᠢ᠃ ᠪᠢᠳᠡ ᠬᠦᠮᠥᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯᠳᠠ ᠶᠢ ᠢᠮᠠᠬᠳᠠ ᠪᠠᠷᠢᠮᠳᠠᠯᠠᠨ ᠨᠡᠩ ᠲᠠᠭᠠᠭᠠᠮᠠᠭᠠᠢ᠂ ᠨᠡᠩ ᠴᠢᠨᠠᠷ ᠰᠠᠶᠢᠳᠠᠢ ᠦᠢᠯᠡᠳᠪᠤᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠲᠠᠰᠤᠷᠠᠯᠳᠡ ᠦᠭᠡᠢ ᠰᠦᠪᠡᠭᠴᠢᠯᠡᠵᠥ᠂ ᠦᠢᠯᠡᠳᠪᠤᠷᠢᠯᠡᠯ ᠤᠨ ᠬᠦᠴᠦᠨ ᠢ ᠲᠡᠭᠡᠭᠰᠢᠯᠡᠬᠦᠯᠬᠦ ᠶᠢᠨ ᠬᠠᠮᠳᠤ ᠠᠮᠢ ᠠᠬᠤᠢ ᠶᠢᠨ ᠬᠦᠴᠦᠨ ᠢ ᠴᠦ ᠲᠡᠭᠡᠭᠰᠢᠯᠡᠬᠦᠯᠵᠥ᠂ ᠬᠦᠮᠤᠨ ᠬᠢᠬᠡᠳ ᠪᠠᠶᠢᠭᠠᠯᠢ ᠶᠢ ᠬᠦᠭᠵᠢᠯᠳᠡ ᠶᠢᠨ ᠶᠠᠪᠤᠴᠠ ᠳᠤ ᠬᠦᠳᠡᠯᠥᠩᠬᠦᠢ ᠲᠡᠩᠴᠡᠬᠦᠷᠢᠳᠡᠢ ᠪᠠᠶᠢᠯᠭᠠᠨ᠂ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠶᠢ ᠪᠡᠶᠡᠯᠡᠬᠦᠯᠤᠨ᠎ᠠ ᠬᠡᠵᠦ ᠬᠡᠯᠡᠪᠡ᠃      ᠪᠦ᠋ ᠰᠢᠶᠤᠤ ᠯᠢᠨ᠂ ᠦᠪᠤᠷ ᠮᠤᠩᠭᠤᠯ ᠳᠤ ᠶᠡᠭᠡ ᠬᠡᠮᠵᠢᠶᠡᠨ ᠤ ᠪᠠᠯᠠᠷᠯᠢᠭ ᠠᠮᠢ ᠠᠬᠤᠢ ᠶᠢᠨ ᠤᠷᠤᠨ ᠪᠦᠰᠡ ᠬᠠᠳᠠᠭᠠᠯᠠᠬᠳᠠᠵᠥ ᠪᠤᠢ᠂ ᠡᠨᠡ ᠪᠤᠯ ᠲᠤᠮᠳᠠᠳᠤ ᠤᠯᠤᠰ ᠤᠨ ᠤᠮᠠᠷᠠᠳᠤ ᠤᠷᠤᠨ ᠤ ᠲᠠᠯᠠᠪᠠᠢ ᠪᠠᠷ ᠬᠠᠮᠤᠭ ᠤᠨ ᠶᠡᠭᠡ᠂ ᠲᠦᠷᠦᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠳᠤ ᠤᠷᠤᠨ ᠪᠤᠯᠤᠨ᠎ᠠ᠃ ᠰᠢᠨ᠎ᠡ ᠬᠦᠭᠵᠢᠯᠳᠡ ᠎ ᠶᠢᠨ ᠤᠢᠢᠯᠠᠭᠠᠬᠳᠠᠬᠤᠨ ᠢ ᠲᠤᠭᠤᠰᠢᠯᠠᠭᠤᠯᠵᠥ᠂ ᠠᠵᠥ ᠠᠬᠤᠢ ᠶᠢᠨ ᠬᠦᠭᠵᠢᠯᠳᠡ ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠦᠳᠦᠬᠡᠨ ᠪᠠᠶᠢᠭᠤᠯᠤᠯᠳᠠ ᠶᠢ ᠰᠠᠶᠢᠳᠤᠷ ᠨᠢᠬᠡᠳᠤᠯᠳᠡᠢ ᠲᠦᠯᠥᠪᠵᠢᠬᠦᠯᠵᠥ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠳᠤ ᠨᠡᠶᠢᠴᠡᠭᠰᠡᠡ᠂ ᠦᠪᠤᠷ ᠮᠤᠩᠭᠤᠯ ᠤᠨ ᠤᠨᠴᠠᠯᠢᠭ ᠢ ᠬᠠᠷᠠᠭᠤᠯᠤᠭᠰᠠᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠥ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠠ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠬᠦ ᠪᠤᠯ ᠬᠦᠭᠵᠢᠯᠳᠡ ᠶᠢᠨ ᠤᠢᠢᠯᠠᠭᠠᠭᠳᠠᠬᠤᠨ᠂ ᠬᠦᠭᠵᠢᠯᠳᠡ ᠶᠢᠨ ᠠᠷᠭ᠎ᠠ ᠵᠠᠮ᠂ ᠬᠦᠭᠵᠢᠯᠳᠡ ᠶᠢᠨ ᠠᠷᠭ᠎ᠠ ᠬᠡᠯᠪᠡᠷᠢ᠂ ᠬᠦᠭᠵᠢᠯᠳᠡ ᠶᠢᠨ ᠬᠠᠷᠠᠯᠳᠡ ᠶᠢᠨ ᠪᠦᠬᠦ ᠲᠡᠯ᠎ᠡ ᠶᠢᠨ ᠬᠤᠪᠢᠷᠡᠯᠳᠡ ᠪᠤᠯᠤᠨ᠎ᠠ᠂ ᠲᠤᠰᠬᠠᠢ ᠮᠡᠷᠬᠡᠵᠢᠯᠳᠡᠳ᠂ ᠡᠷᠳᠡᠮᠳᠡᠳ ᠪᠠ ᠠᠵᠥ ᠠᠬᠤᠢᠢᠯᠠᠯᠳᠠᠳ ᠤᠨ ᠭᠤᠤᠯ ᠰᠡᠳᠤᠪ ᠤᠨ ᠲᠤᠭᠤᠷᠢᠨ ᠳᠤ ᠰᠠᠶᠢᠨ ᠰᠠᠨᠠᠭᠤᠯᠭ᠎ᠠ ᠪᠤᠯᠤᠨ ᠲᠦᠰᠦᠯ ᠬᠠᠩᠭᠠᠬᠤ ᠶᠢ ᠬᠦᠰᠡᠵᠥ ᠪᠠᠶᠢᠨ᠎ᠠ ᠬᠡᠵᠥ ᠬᠡᠯᠡᠪᠡ᠃      ᠡᠬᠢᠯᠡᠯᠳᠡ ᠶᠢᠨ ᠶᠤᠰᠤᠯᠠᠯ ᠤᠨ ᠲᠠᠷᠠᠭ᠎ᠠ᠂ ᠬᠤᠷᠡᠯ ᠳᠤ ᠤᠷᠤᠯᠴᠠᠭᠰᠠᠠ ᠬᠦᠨᠳᠤᠳᠤ ᠵᠤᠴᠢᠳ 2019 ᠬᠦᠯᠥᠨ ᠪᠤᠶᠢᠷ ᠤᠨ ᠤᠯᠠᠨ ᠤᠯᠤᠰ ᠤᠨ ᠪᠤᠬᠢᠷᠳᠤᠯ ᠦᠭᠡᠢ ᠠᠮᠢ ᠠᠬᠤᠢ ᠬᠢᠬᠡᠳ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠥ ᠦᠢᠯᠡᠰ ᠤᠨ ᠦᠵᠡᠬᠦᠯᠬᠡ ᠶᠢ ᠲᠤᠭᠤᠷᠢᠨ ᠦᠵᠡᠪᠡ᠃ ᠬᠤᠷᠡᠯ ᠤᠨ ᠬᠤᠭᠤᠴᠠᠭᠠᠨ ᠳᠤ ᠪᠠᠰᠠ ︽ᠬᠦᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠥᠩᠬᠦᠨ ᠠᠭᠤᠯᠠ︾ ᠶᠠᠷᠢᠶᠠᠨ ᠤ ᠲᠠᠪᠴᠠᠩ᠂ ︽ᠬᠦᠬᠡᠮᠳᠦᠭ ᠨᠤᠭᠤᠭᠠᠨ ᠠᠭᠤᠯᠠ ᠤᠰᠤ︾ ᠦᠵᠡᠰᠬᠦᠯᠡᠩ ᠤᠨ ᠴᠤᠭᠯᠠᠭᠠᠨ ᠵᠡᠷᠬᠡ ᠠᠵᠢᠯᠯᠠᠭ᠎ᠠ ᠶᠢ ᠶᠠᠪᠤᠭᠳᠠᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号