2019 ᠤᠨ ᠤ ᠪᠦᠬᠦ ᠤᠷᠤᠨ ᠤ ᠠᠵᠢᠯᠴᠢᠨ ᠤ ᠡᠪᠯᠡᠯ ᠤᠨ ᠠᠯᠳᠠᠨ ᠨᠠᠮᠤᠷ ᠤᠨ ᠰᠤᠷᠤᠯᠭ᠎ᠠ ᠳᠡᠳᠬᠦᠬᠦ ᠠᠵᠢᠯᠯᠠᠭ᠎ᠠ ᠡᠬᠢᠯᠡᠪᠠ  ᠦ᠋ ᠲᠤᠸᠠᠨ ᠶᠢᠩ  ᠠᠢ ᠯᠢ ᠬᠤᠧᠠ  ᠯᠦᠸᠧ ᡁᠢ ᠬᠤ᠋ ᠡᠬᠢᠯᠡᠯᠳᠠ ᠶᠢᠨ ᠶᠤᠰᠤᠯᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2019/8/28
     8 ᠰᠠᠷ᠎ᠠ ᠶᠢᠨ 27᠎ ᠤ ᠡᠳᠦᠷ᠂ 2019 ᠤᠨ ᠤ ᠪᠦᠬᠦ ᠤᠷᠤᠨ ᠤ ᠠᠵᠢᠯᠴᠢᠨ ᠤ ᠡᠪᠯᠡᠯ ᠤᠨ ᠠᠯᠳᠠᠨ ᠨᠠᠮᠤᠷ ᠤᠨ ᠰᠤᠷᠤᠯᠭ᠎ᠠ ᠳᠡᠳᠬᠦᠬᠦ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠬᠦᠬᠡᠬᠤᠲᠠ ᠳᠤ ᠶᠠᠪᠤᠬᠳᠠᠪᠠ᠃      ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠦ᠋ ᠲᠤᠸᠠᠨ ᠶᠢᠩ᠂ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠧᠠ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠯᠦᠸᠧ ᡁᠢ ᠬᠤ᠋ ᠡᠬᠢᠯᠡᠯᠳᠠ ᠶᠢᠨ ᠶᠤᠰᠤᠯᠠᠯ ᠳᠤ ᠤᠷᠤᠯᠴᠠᠪᠠ᠃      ᠡᠬᠢᠯᠡᠯᠳᠠ ᠶᠢᠨ ᠶᠤᠰᠤᠯᠠᠯ ᠳᠡᠭᠡᠷ᠎ᠡ᠂ ᠬᠦᠬᠡᠬᠤᠲᠠ ᠤᠷᠤᠨ ᠤ ᠶᠠᠳᠠᠭᠤ ᠬᠦᠴᠢᠷᠳᠠᠯᠳᠠᠢ ᠠᠵᠢᠯᠳᠠᠨ ᠠᠵᠢᠯᠴᠢᠨ ᠤ ᠭᠡᠷ ᠪᠦᠯᠢ ᠶᠢᠨ ᠰᠤᠷᠤᠭᠴᠢᠳ ᠤᠨ ᠲᠦᠯᠦᠭᠡᠯᠡᠭᠴᠢ ᠳᠤ ᠰᠤᠷᠤᠯᠭ᠎ᠠ ᠶᠢᠨ ᠳᠡᠳᠬᠦᠮᠵᠢ ᠶᠢᠨ ᠮᠦᠩᠭᠦ ᠪᠠ ᠬᠠᠯᠠᠭᠤᠨ ᠰᠡᠳᠬᠢᠯᠳᠤ ᠠᠵᠤ ᠠᠬᠤᠢᠢᠯᠠᠯ ᠤᠨ ᠬᠠᠨᠳᠢᠪᠯᠠᠭᠰᠠᠨ ᠬᠤᠪᠴᠠᠰᠤ ᠤᠬᠢᠶᠠᠬᠤ ᠮᠠᠰᠢᠨ ᠪᠠ ᠬᠠᠶᠢᠷ᠎ᠠ ᠬᠠᠯᠠᠮᠵᠢ ᠶᠢᠨ ᠪᠡᠯᠡᠭ ᠤᠳ ᠢ ᠭᠠᠷᠳᠠᠭᠤᠯᠪᠠ᠃ ᠬᠠᠯᠠᠭᠤᠨ ᠰᠡᠳᠬᠢᠯᠳᠤ ᠠᠵᠤ ᠠᠬᠤᠢᠢᠯᠠᠯ ᠤᠨ ᠲᠦᠯᠦᠭᠡᠯᠡᠭᠴᠢ᠂ ᠲᠡᠳᠬᠦᠮᠵᠢ ᠬᠦᠷᠳᠡᠭᠰᠡᠨ ᠰᠤᠷᠤᠭᠴᠢᠳ ᠤᠨ ᠲᠦᠯᠦᠭᠡᠯᠡᠭᠴᠢ ᠲᠤᠰ ᠲᠤᠰ ᠦᠭᠡ ᠬᠡᠯᠡᠵᠤ᠂ ᠲᠡᠳᠬᠦᠮᠵᠢ ᠬᠦᠷᠳᠡᠭᠰᠡᠨ ᠰᠤᠷᠤᠬᠴᠢᠳ ᠤᠨ ᠲᠦᠯᠦᠭᠡᠯᠡᠭᠴᠢ ᠠᠴᠠ ᠢᠳᠡᠪᠬᠢᠳᠠᠢ ᠪᠠᠷ ᠰᠠᠶᠢᠨ ᠲᠤᠷᠠᠴᠤᠤᠯ ᠤᠨ ᠦᠢᠯᠡᠴᠢᠯᠡᠭᠡ ᠳᠤ ᠤᠷᠤᠯᠴᠠᠬᠤ ᠰᠠᠨᠠᠭᠠᠴᠢᠯᠠᠭ᠎ᠠ ᠶᠢᠨ ᠪᠢᠴᠢᠭ ᠢ ᠤᠡᠭᠰᠢᠨ ᠨᠡᠶᠢᠳᠡᠯᠡᠪᠠ᠃      ᠤᠢᠢᠯᠠᠭᠠᠬᠰᠠᠨ ᠢᠶᠠᠷ᠂ ᠮᠠᠨ ᠤ ᠤᠷᠤᠨ ᠤ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠎ ᠶᠢᠨ ᠰᠤᠷᠭᠠᠭᠤᠯᠢ ᠳᠤ ᠰᠤᠷᠤᠯᠴᠠᠭ᠎ᠠ ᠬᠡᠤᠬᠡᠳ ᠢ ᠬᠠᠪᠰᠤᠷᠴᠤ ᠬᠢᠴᠢᠶᠠᠯ ᠰᠤᠷᠤᠯᠭ᠎ᠠ ᠶᠢ ᠨᠢ ᠠᠮᠵᠢᠯᠳᠠ ᠲᠠᠢ ᠲᠡᠭᠦᠰᠭᠡᠵᠤ᠂ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠶᠡᠭᠡ ᠲᠡᠭᠡᠳᠤ ᠰᠤᠷᠭᠠᠭᠤᠯᠢ ᠠᠴᠠ ᠲᠡᠬᠦᠰᠦᠭᠰᠡᠳ ᠢ ᠬᠠᠪᠰᠤᠷᠤᠨ ᠠᠯᠳᠠᠨ ᠨᠠᠮᠤᠷ ᠤᠨ ᠰᠤᠷᠤᠯᠭ᠎ᠠ ᠲᠡᠳᠬᠦᠬᠦ ᠠᠵᠢᠯᠯᠠᠭ᠎ᠠ ᠪᠠᠷ ᠲᠠᠮᠵᠢᠨ ᠤᠷᠤᠭᠰᠢᠳᠠᠢ ᠠᠵᠢᠯ ᠤᠯᠭᠤᠬᠤ ᠶᠢ ᠠᠬᠢᠭᠤᠯᠬᠤ ᠶᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠪᠦᠬᠦ ᠤᠷᠤᠨ ᠤ ᠠᠵᠢᠯᠴᠢᠨ ᠤ ᠡᠪᠯᠡᠯ ᠤᠨ ᠠᠯᠳᠠᠨ ᠨᠠᠮᠤᠷ ᠤᠨ ᠰᠤᠷᠤᠯᠭ᠎ᠠ ᠲᠡᠳᠬᠦᠬᠦ ᠠᠵᠢᠯᠯᠠᠭ᠎ᠠ ᠬᠢᠭᠡᠳ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠶᠡᠭᠡ ᠲᠡᠭᠡᠳᠤ ᠰᠤᠷᠭᠠᠭᠤᠯᠢ ᠠᠴᠠ ᠲᠡᠬᠦᠰᠦᠭᠰᠡᠳ ᠲᠤ ᠠᠵᠢᠯ ᠤᠯᠭᠤᠬᠤ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠬᠦᠯᠵᠠᠢ᠃ 2005 ᠤᠨ ᠠᠴᠠ ᠲᠤᠰ ᠠᠵᠢᠯᠯᠠᠭ᠎ᠠ ᠶᠢ ᠦᠷᠨᠢᠬᠦᠯᠦᠭᠰᠡᠨ ᠠᠴᠠ ᠨᠠᠭᠠᠰᠢ᠂ ᠪᠦᠬᠦ ᠤᠷᠤᠨ ᠤ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠢᠨ ᠨᠡᠶᠢᠲᠡ 3.29 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠴᠤᠬᠯᠠᠭᠤᠯᠵᠤ᠂ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ ᠵᠢᠴᠢ ᠬᠦᠯᠦᠰᠦᠨ ᠮᠠᠯᠴᠢᠨ ᠲᠠᠷᠢᠶᠠᠴᠢᠨ ᠤ ᠭᠡᠷ ᠪᠦᠯᠢ ᠶᠢᠨ ᠦᠷ᠎ᠡ ᠬᠡᠤᠬᠡᠳ ᠢ 18.9 ᠲᠦᠮᠡᠨ ᠬᠦᠮᠤᠨ ᠤᠳᠠᠭ᠎ᠠ ᠬᠠᠪᠰᠤᠷᠤᠨ ᠶᠡᠭᠡ ᠰᠤᠷᠭᠠᠭᠤᠯᠢ ᠶᠢᠨ ᠤᠶᠤᠳᠠᠨ ᠪᠤᠯᠬᠤ ᠵᠡᠭᠦᠳᠦ ᠶᠢ ᠨᠢ ᠲᠡᠷᠭᠡᠯᠰᠢᠭᠦᠯᠪᠠ︔ 2010 ᠣᠨ ᠠᠴᠠ ᠨᠠᠭᠠᠰᠢ᠂ ᠪᠦᠬᠦ ᠤᠷᠤᠨ ᠤ ᠡᠯ᠎ᠠ ᠱᠠᠳᠤᠨ ᠤ ᠠᠵᠢᠯᠴᠢᠨ ᠤ ᠡᠪᠯᠡᠯ ᠤᠨ ᠬᠢᠨ ᠠᠵᠢᠯ ᠤᠯᠭᠤᠯᠳᠠ ᠶᠢ ᠠᠬᠢᠭᠤᠯᠬᠤ ᠠᠵᠢᠯᠯᠠᠭ᠎ᠠ ᠪᠠᠷ ᠲᠠᠮᠵᠢᠨ᠂ ᠨᠡᠶᠢᠲᠡ 4.7 ᠲᠦᠮᠡᠨ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠶᠡᠭᠡ ᠲᠡᠭᠡᠳᠤ ᠰᠤᠷᠭᠠᠭᠤᠯᠢ ᠠᠴᠠ ᠲᠡᠬᠦᠰᠦᠭᠰᠡᠨ ᠤᠶᠤᠳᠡᠳ ᠢ ᠬᠠᠪᠰᠤᠷᠤᠨ ᠠᠵᠢᠯ ᠤᠯᠭᠤᠵᠤ᠂ 6.1 ᠲᠦᠮᠡᠨ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠦᠷ᠎ᠠ ᠬᠡᠦᠭᠡᠳ ᠲᠤ ᠲᠠᠪᠳᠠᠨ ᠪᠤᠯᠪᠠᠰᠤᠷᠠᠭᠤᠯᠬᠤ ᠵᠠᠪᠰᠢᠶᠠᠨ ᠤᠯᠭᠤᠵᠤ᠂ ᠰᠤᠷᠭᠠᠨ ᠬᠦᠮᠦᠵᠢᠯ ᠤᠨ ᠡᠷᠭᠡ ᠲᠡᠭᠰᠢ ᠪᠠᠶᠢᠬᠤ ᠶᠢ ᠠᠬᠢᠭᠤᠯᠤᠨ᠂ ᠶᠠᠳᠠᠭᠤ ᠬᠦᠴᠢᠷᠳᠡᠯᠳᠠᠢ ᠠᠵᠢᠯᠳᠠᠨ ᠠᠵᠢᠯᠴᠢᠨ ᠤ ᠬᠡᠷ ᠪᠦᠯᠢ ᠶᠢᠨ ᠦᠨᠳᠤᠰᠤᠨ ᠠᠮᠢᠳᠤᠷᠠᠯ ᠢ ᠪᠠᠳᠤᠯᠠᠵᠤ᠂ ᠴᠢᠨᠠᠷᠯᠢᠭ ᠠᠵᠢᠯ ᠤᠯᠭᠤᠯᠳᠠ ᠶᠢ ᠪᠠᠶᠠᠯᠠᠬᠦᠯᠵᠤ᠂ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠠᠬᠢᠭᠤᠯᠬᠤ ᠳᠤ ᠢᠳᠡᠪᠬᠢ ᠦᠢᠯᠡᠳᠤᠯ ᠦᠵᠡᠬᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号