︽ᠳᠤᠮᠳᠠᠳᠤ ᠤᠯᠤᠰ ᠤᠨ ᠰᠦ ᠶᠢᠨ ᠬᠤᠲᠠ ᠶᠢᠨ ᠳᠡᠰ ᠳᠠᠪᠰᠢᠭᠰᠠᠨ ᠬᠡᠪ ᠢ ᠡᠭᠦᠳᠬᠦ︾᠂ ︽ ᠬᠢᠩᠭᠠᠨ | ᠳᠠᠪᠠᠭ᠎ᠠ ᠶᠢᠨ ᠬᠤᠷᠮᠣᠢ ᠳᠠᠬᠢ ᠠᠮᠤ ᠪᠤᠳᠠᠭᠠᠨ ᠤ ᠬᠥᠮᠥᠷᠭᠡ ᠲᠠᠯ᠎ᠠ ᠨᠤᠲᠤᠭ ᠤᠨ ᠭᠦᠨ ᠳᠠᠬᠢ ᠲᠣᠮᠣ ᠲᠣᠭᠤᠭᠠᠨ | ᠭᠡᠷ︾᠂ ︽ᠪᠤᠷᠤᠲᠤᠬᠠᠢ ᠶᠢᠨ ᠪᠦᠬᠦ ᠣᠷᠣᠨ ᠪᠦᠰᠡ ᠶᠢᠨ ᠪᠣᠬᠢᠷᠲᠤᠯ ᠦᠭᠡᠢ ᠣᠷᠭᠠᠨᠢᠭ ᠳᠡᠭᠡᠳᠦ ᠲᠡᠰ ᠤᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ | ᠭᠠᠵᠠᠷ ᠢ ᠪᠠᠶᠢᠭᠤᠯᠬᠤ︾ ᠁ | ᠬᠥᠯᠥᠨ ᠪᠤᠶᠢᠷ ᠤᠨ ᠣᠯᠠᠨ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠶᠡᠭᠡ ᠬᠤᠷᠠᠯ ᠵᠢᠴᠢ | ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ ᠤ ᠦᠵᠡᠭᠦᠯᠭᠡ ᠶᠢᠨ ᠲᠣᠭᠤᠷᠢᠭ ᠲᠤ ᠠᠯᠬᠤᠨ ᠣᠷᠤᠭᠰᠠᠭᠠᠷ᠂ | ᠡᠯ᠎ᠡ ᠠᠶᠢᠮᠠᠭ ᠬᠤᠲᠠ ᠶᠢᠨ ᠢᠯᠡ ᠲᠣᠳᠣ ᠤᠬᠠᠭᠤᠯᠭ᠎ᠠ ᠶᠢᠨ ᠵᠠᠷᠯᠠᠯ ᠨᠢ ᠬᠥᠮᠦᠰ ᠤᠨ ᠬᠠᠷᠠᠭᠠᠨ ᠳᠤ ᠲᠣᠳᠣᠷᠠᠨ᠎ᠠ᠃ | 12 ᠠᠶᠢᠮᠠᠭ ᠬᠤᠲᠠ ᠥᠪᠡᠷᠮᠢᠴᠡ ᠣᠨᠴᠠᠯᠢᠭ ᠢᠶᠠᠨ ᠢᠯᠡᠷᠡᠭᠦᠯᠵᠦ᠂ ᠬᠦᠬᠡᠬᠤᠲᠠ ᠶᠢᠨ ᠰᠦ᠂ ᠰᠢᠯᠢ ᠶᠢᠨ | ᠭᠤᠤᠯ ᠤᠨ ᠬᠤᠨᠢᠨ ᠮᠢᠬ᠎ᠠ᠂ ᠲᠦᠩᠯᠢᠶᠣᠤ ᠶᠢᠨ ᠦᠬᠡᠷ ᠤᠨ ᠮᠢᠬ᠎ᠠ᠂ ᠬᠢᠩᠭᠠᠨ ᠠᠶᠢᠮᠠᠭ ᠤᠨ ᠠᠮᠤ ᠪᠤᠳᠠᠭ᠎ᠠ᠂ | ᠤᠯᠠᠭᠠᠨᠴᠠᠪ ᠤᠨ ᠲᠥᠮᠥᠰᠥ᠂ ᠲᠦᠩᠯᠢᠶᠣᠤ᠂ ᠪᠠᠶᠠᠨᠨᠠᠭᠤᠷ ᠤᠨ ᠵᠢᠮᠢᠰ ᠨᠣᠭᠤᠭ᠎ᠠ᠂ ᠬᠥᠯᠥᠨ ᠪᠤᠶᠢᠷ ᠤᠨ ᠤᠢ ᠶᠢᠨ | ᠬᠤᠷᠮᠣᠶ ᠶᠢᠨ ᠠᠵᠤ ᠦᠢᠯᠡᠰ ᠣᠨᠴᠠᠭᠠᠢ ᠲᠣᠳᠣᠷᠠᠭᠤᠨ ᠬᠠᠷᠠᠭᠳᠠᠨ᠎ᠠ᠃ | 8 ᠳ᠋ᠤᠭᠠᠷ ᠰᠠᠷ᠎ᠠ ᠶᠢᠨ 26 ᠤ ᠡᠳᠦᠷ᠂ ᠬᠥᠯᠥᠨ ᠪᠣᠶᠢᠷ ᠤᠨ ᠣᠯᠠᠨ ᠤᠯᠤᠰ ᠤᠨ ᠪᠣᠬᠢᠷᠲᠤᠯ ᠥᠬᠡᠶ | ᠬᠥᠭᠵᠢᠯᠲᠡ ᠶᠢᠨ ᠶᠡᠭᠡ ᠬᠤᠷᠠᠯ ᠵᠢᠴᠢ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠥᠬᠡᠶ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ ᠬᠥᠯᠥᠨ ᠪᠤᠶᠢᠷ | ᠬᠤᠲᠠ ᠳᠤ ᠡᠬᠢᠯᠡᠵᠦ᠂ ᠪᠥᠬᠦ ᠣᠷᠣᠨ ᠤ ᠪᠣᠬᠢᠷᠲᠤᠯ ᠥᠬᠡᠶ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠬᠦ 331 ᠠᠵᠤ ᠠᠬᠤᠶᠢᠯᠠᠯ ᠤᠨ 1700 ᠭᠠᠷᠤᠢ | ᠵᠦᠢᠯ ᠤᠨ ᠪᠦᠲᠦᠭᠡᠭᠳᠡᠬᠦᠨ ᠥᠩᠭᠡ ᠪᠤᠯᠢᠶᠠᠯᠳᠤᠨ ᠴᠣᠯᠭᠤᠷᠠᠵᠤ᠂ ᠮᠠᠨ ᠤ ᠣᠷᠣᠨ ᠤ ᠪᠣᠬᠢᠷᠲᠤᠯ ᠥᠬᠡᠶ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠣᠯᠣᠨ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ | ᠬᠥᠭᠵᠢᠯᠲᠡ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠪᠡ᠃ | ᠲᠣᠰ ᠬᠤᠭᠤᠴᠠᠭᠠᠨ ᠤ ᠦᠵᠡᠰᠬᠦᠯᠡᠩ ᠨᠢ ᠰᠦ᠂ ᠮᠢᠬ᠎ᠠ᠂ ᠨᠣᠣᠯᠤᠷ᠂ ᠠᠮᠤ ᠲᠣᠰᠣ᠂ ᠲᠥᠮᠥᠰᠥ ᠢᠳᠡᠰᠢᠨ | ᠨᠣᠭᠤᠭ᠎ᠠ᠂ ᠣᠢ ᠳᠣᠲᠣᠷᠠᠬᠢ ᠣᠨᠴᠠᠯᠢᠭ᠂ ᠡᠪᠡᠰᠦ ᠪᠣᠷᠳᠤᠭ᠎ᠠ᠂ ᠠᠷᠢᠬᠢᠨ ᠤ ᠲᠥᠷᠥᠯ ᠵᠡᠷᠭᠡ ᠴᠢᠨᠠᠷ ᠰᠠᠶᠢᠲᠠᠶ | ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ | ᠦᠵᠡᠭᠦᠯᠬᠦ ᠪᠠᠷ ᠳᠠᠮᠵᠢᠨ᠂ ᠮᠧᠩ ᠨᠢᠤ᠂ ᠮᠧᠩ ᠼᠤᠤ᠂ ᠮᠧᠩ ᠳ᠋ᠤᠤ ᠵᠡᠷᠭᠡ ︽ᠮᠣᠩᠭᠤᠯ ᠲᠡᠮᠳᠡᠭᠲᠦ︾ ᠨᠡᠷᠡᠲᠦ | ᠲᠡᠮᠳᠡᠭᠲᠦ ᠪᠣᠯᠣᠨ ᠬᠢᠩᠭᠠᠨ ᠠᠶᠢᠮᠠᠭ ᠤᠨ ᠳᠣᠲᠣᠷᠭ᠎ᠠ᠂ ᠬᠤᠷᠴᠢᠨ ᠤ ᠦᠬᠡᠷ ᠤᠨ ᠮᠢᠬ᠎ᠠ᠂ ᠰᠢᠯᠢ ᠶᠢᠨ ᠭᠤᠤᠯ ᠤᠨ | ᠬᠤᠨᠢᠨ ᠮᠢᠬ᠎ᠠ᠂ ᠤᠯᠠᠭᠠᠨᠬᠠᠳᠠ ᠶᠢᠨ ᠨᠠᠷᠢᠮᠤ ᠪᠤᠳᠠᠭ᠎ᠠ᠂ ᠤᠯᠠᠭᠠᠨᠴᠠᠪ ᠤᠨ ᠲᠥᠮᠥᠰᠥ᠂ ᠲᠢᠶᠠᠨ ᠹᠦ᠋ ᠾᠧ ᠲᠤᠤ᠂ | ᠬᠥᠯᠥᠨ ᠪᠤᠶᠢᠷ ᠤᠨ ᠬᠤᠨᠢᠨ ᠮᠢᠬ᠎ᠠ᠂ ᠦᠬᠠᠶ ᠶᠢᠨ ᠦᠵᠦᠮ ᠵᠡᠷᠭᠡ ᠣᠷᠣᠨ ᠪᠦᠰᠡ ᠶᠢᠨ ᠣᠯᠠᠨ ᠨᠡᠶᠢᠲᠡ ᠶᠢᠨ | ᠨᠡᠷᠡᠲᠦ ᠲᠡᠮᠳᠡᠭ ᠢ ᠳᠡᠯᠭᠡᠨ ᠦᠵᠡᠭᠦᠯᠵᠦ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠠᠯᠳᠠᠷᠰᠢᠯ ᠪᠠ ᠢᠷᠠᠭᠤ ᠠᠯᠳᠠᠷ ᠢ ᠳᠡᠭᠡᠭᠰᠢᠯᠡᠭᠦᠯᠦᠨ᠂ ᠥᠪᠥᠷ ᠮᠣᠩᠭᠤᠯ ᠤᠨ ᠭᠠᠳᠠᠭᠠᠳᠤ ᠠᠵᠤ | ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠩ ᠣᠯᠠᠨ ︽ᠮᠣᠩᠭᠤᠯ | ᠲᠡᠮᠳᠡᠭᠲᠦ︾ ᠰᠢᠯᠢᠳᠡᠭ ᠦᠢᠯᠡᠳᠬᠦᠨ ᠢ ᠪᠥᠬᠦ ᠤᠯᠤᠰ᠂ ᠳᠡᠯᠡᠬᠡᠶ ᠳ᠋ᠠᠬᠢᠨ ᠳᠤ ᠲᠠᠨᠢᠭᠤᠯᠪᠠ᠃ ᠦᠵᠡᠰᠬᠦᠯᠡᠩ ᠳᠤ | ᠪᠠᠰᠠ ᠪᠥᠬᠦ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ | ᠲᠣᠮᠣ ᠬᠡᠯᠪᠡᠷᠢ ᠶᠢᠨ ᠵᠠᠬ᠎ᠠ ᠳᠡᠯᠭᠡᠭᠦᠷ᠂ ᠬᠡᠯᠬᠢᠶᠡᠲᠦ ᠬᠡᠲᠦ ᠳᠡᠯᠭᠡᠭᠦᠷ ᠤᠨ ᠪᠦᠯᠦᠭᠯᠡᠯ᠂ ᠬᠤᠳᠠᠯᠳᠤᠭᠠᠨ ᠤ ᠨᠡᠶᠢᠭᠡᠮᠯᠢᠭ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠠᠵᠤ | ᠦᠢᠯᠡᠰ ᠤᠨ ᠬᠦᠷᠢᠶᠡᠯᠡᠩ ᠲᠣᠭᠤᠷᠢᠭ ᠵᠡᠷᠭᠡ 25 ᠴᠢᠬᠤᠯᠠ ᠬᠤᠳᠠᠯᠳᠤᠨ ᠠᠪᠬᠤ ᠬᠤᠳᠠᠯᠳᠤᠭᠠᠴᠢᠨ ᠢ ᠤᠷᠢᠵᠤ᠂ | ᠠᠬᠤᠶ ᠲᠠᠯᠠᠪᠠᠢ ᠳᠤ ᠠᠵᠤ ᠠᠬᠤᠶ ᠠᠷᠠᠯᠵᠢᠶᠠᠨ ᠤ ᠵᠥᠪᠳᠡᠯᠴᠡᠭᠡ ᠬᠢᠪᠡ᠃ | ᠥᠪᠥᠷ ᠮᠣᠩᠭᠤᠯ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠵᠡᠰᠬᠦᠯᠡᠩ ᠤᠨ ᠴᠤᠭᠯᠠᠭᠠᠨ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠢᠳᠠᠪᠤᠷᠢᠵᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ | ᠠᠷᠭ᠎ᠠ ᠬᠡᠮᠵᠢᠶ᠎ᠡ ᠪᠣᠯᠤᠨ᠎ᠠ᠃ ᠣᠳᠣ ᠪᠣᠯᠬᠤ ᠳᠤ ᠪᠣᠬᠢᠷᠲᠤᠯ ᠦᠭᠡᠢ ᠦᠵᠡᠰᠬᠦᠯᠡᠩ ᠤᠨ ᠴᠤᠭᠯᠠᠭᠠᠨ ᠢ ᠨᠢᠭᠡᠨᠲᠡ 7 | ᠬᠤᠭᠤᠴᠠᠭ᠎ᠠ ᠠᠮᠵᠢᠯᠲᠠ ᠲᠠᠢ ᠡᠷᠬᠢᠯᠡᠵᠦ᠂ ︽ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠰᠠᠨ᠂ ᠲᠥᠷᠥᠯ | ᠲᠡᠮᠳᠡᠭᠵᠢᠭᠰᠡᠨ︾ ᠴᠢᠨᠠᠷ ᠰᠠᠶᠢᠲᠠᠶ ᠲᠠᠷᠢᠶᠠᠯᠠᠩ ᠮᠠᠯ ᠠᠵᠤ ᠠᠬᠤᠢ ᠶᠢᠨ ᠰᠣᠯᠢᠯᠴᠠᠭ᠎ᠠ ᠬᠠᠮᠲᠤᠷᠠᠯᠴᠠᠭ᠎ᠠ ᠪᠣᠯᠤᠨ | ᠠᠷᠠᠯᠵᠢᠶᠠᠨ ᠤ ᠵᠥᠪᠳᠡᠯᠴᠡᠬᠡᠷ ᠤᠨ ᠲᠠᠪᠴᠠᠩ ᠪᠣᠯᠵᠤ᠂ ᠥᠪᠥᠷ ᠮᠣᠩᠭᠤᠯ ᠤᠨ ᠣᠳᠣ ᠦᠶ᠎ᠡ ᠶᠢᠨ ᠮᠠᠯ ᠠᠵᠤ | ᠠᠬᠤᠢ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠶ ᠠᠬᠢᠭᠤᠯᠵᠤ᠂ ᠥᠪᠥᠷ ᠮᠣᠩᠭᠤᠯ ᠤᠨ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠣᠯᠤᠨ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ ᠢ ᠨᠡᠮᠡᠭᠳᠡᠭᠦᠯᠪᠡ᠃ |