ᠬᠠᠨ ᠵᠧᠩ᠄ ᠰᠢᠨᠵᠢᠯᠡᠬᠦ ᠤᠬᠠᠭᠠᠨᠴᠢ ᠵᠤᠷᠢᠭ ᠰᠠᠨᠠᠭ᠎ᠠ ᠰᠢᠨ᠎ᠡ ᠶᠢ ᠡᠬᠦᠳᠬᠦ ᠵᠤᠷᠢᠭ ᠰᠠᠨᠠᠭ᠎ᠠ ᠪᠤᠳᠠᠳᠠᠢ ᠠᠵᠢᠯᠯᠠᠬᠤ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠥ ᠡᠯᠡᠰᠦᠷᠬᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠶᠢ ᠦᠷᠬᠦᠯᠵᠢᠯᠡᠨ ᠠᠬᠢᠭᠤᠯᠬᠤ ᠬᠦᠴᠦᠷᠬᠡᠭ ᠶᠡᠭᠡ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2019/8/29
     8 ᠰᠠᠷ᠎ᠠ ᠶᠢᠨ 26᠎ ᠠᠴᠠ 27᠎ ᠤ ᠡᠳᠤᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠡᠨ ᠤ ᠲᠡᠳ᠋ ᠶᠡᠷᠤᠩᠬᠡᠢ ᠰᠠᠶᠢᠳ ᠬᠠᠨ ᠵᠧᠩ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠳᠤ ᠬᠦᠷᠴᠦ᠂ ᠬᠦᠪᠴᠢ ᠶᠢᠨ ᠡᠯᠡᠰᠦ ᠶᠢᠨ ᠡᠯᠡᠰᠦᠷᠬᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠪᠤᠯᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠡ ᠬᠢᠪᠡ᠃ ᠲᠡᠷᠡ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠬᠡᠢ ᠪᠠᠷ ᠬᠦᠭᠵᠢᠬᠦᠯᠬᠦ ᠶᠢ ᠪᠠᠷᠢᠮᠳᠠᠯᠠᠨ᠂ ᠭᠠᠵᠠᠷ ᠰᠢᠷᠤᠢ ᠶᠢᠨ ᠡᠯᠡᠰᠦᠷᠭᠡᠭᠵᠢᠯ ᠴᠦᠯᠯᠡᠷᠬᠡᠭᠵᠢᠯ ᠢ ᠰᠡᠷᠬᠡᠶᠢᠯᠡᠨ ᠵᠠᠰᠠᠬᠤ ᠠᠵᠢᠯ ᠢ ᠴᠢᠩᠭᠠᠳᠬᠠᠵᠥ᠂ ᠠᠮᠢ ᠠᠬᠤᠢ ᠤᠷᠴᠢᠨ ᠲᠤᠭᠤᠷᠢᠨ ᠢ ᠰᠠᠶᠢᠳᠤᠷ ᠬᠠᠮᠠᠭᠠᠯᠠᠨ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠭᠴᠠᠯᠠᠬᠤ ᠬᠡᠷᠡᠭᠳᠡᠢ ᠬᠡᠵᠥ ᠴᠢᠬᠤᠯᠠᠴᠢᠯᠠᠪᠠ᠃
     ᠬᠠᠨ ᠵᠧᠩ ᠬᠦᠪᠴᠢ ᠶᠢᠨ ᠡᠯᠡᠰᠦ ᠶᠢᠨ ᠦᠷᠦᠴᠡᠨ ᠳᠤ ᠪᠠᠶᠢᠭ᠎ᠠ ᠡᠯᠡᠰᠦᠨ ᠤᠷᠬᠢᠯ ᠨᠤᠭᠤᠭᠠᠨ ᠵᠢᠯᠠᠭ᠎ᠠ ᠳᠤ ᠬᠦᠷᠴᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠷᠭ᠎ᠠ ᠪᠠᠷᠢᠯ ᠢᠶᠠᠷ ᠡᠯᠡᠰᠦ ᠶᠢ ᠵᠠᠰᠠᠬᠰᠠᠠ ᠦᠷ᠎ᠡ ᠪᠦᠳᠦᠬᠡᠯ ᠢ ᠪᠠᠶᠢᠴᠠᠭᠠᠨ ᠦᠵᠡᠪᠡ︔ ᠠᠮᠤᠭᠤᠯᠠᠩ ᠰᠢᠬᠢᠷ ᠡᠪᠡᠰᠦ ᠶᠢᠨ ᠠᠵᠥ ᠦᠢᠯᠡᠰ ᠤᠨ ᠵᠢᠱᠢᠶ᠎ᠠ ᠦᠵᠡᠬᠦᠯᠬᠦ ᠬᠦᠷᠢᠶᠡᠯᠡᠩ ᠳᠤ ᠬᠦᠷᠴᠦ᠂ ᠤᠳᠤ ᠦᠶ᠎ᠡ ᠶᠢᠨ ᠠᠷᠪᠢᠳᠠᠢ ᠤᠰᠤᠯᠠᠯᠳᠠ ᠶᠢᠨ ᠲᠠᠷᠢᠶᠠᠯᠠᠩ ᠪᠤᠯᠤᠨ ᠤᠨᠴᠠᠯᠢᠭᠳᠤ ᠠᠵᠥ ᠦᠢᠯᠡᠰ ᠢᠶᠠᠷ ᠡᠯᠡᠰᠦ ᠶᠢ ᠵᠠᠰᠠᠵᠥ ᠶᠠᠳᠠᠭᠤ ᠶᠢ ᠲᠡᠳᠬᠦᠭᠰᠡᠡ ᠪᠠᠶᠢᠳᠠᠯ ᠢ ᠪᠠᠶᠢᠴᠠᠭᠠᠨ ᠰᠤᠳᠤᠯᠪᠠ︔ ᠬᠦᠪᠴᠢ ᠶᠢᠨ ᠡᠯᠡᠰᠦ ᠶᠢᠨ ᠠᠮᠢ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠪ ᠲᠤ ᠬᠦᠷᠴᠦ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠪᠤᠯᠤᠨ ᠡᠯᠡᠰᠦᠨ ᠴᠦᠯ ᠤᠨ ᠤᠷᠭᠤᠮᠠᠯ ᠤᠨ ᠡᠬᠢ ᠪᠠᠶᠠᠯᠢᠭ ᠤᠨ ᠪᠠᠶᠢᠳᠠᠯ ᠢ ᠤᠢᠢᠯᠠᠭᠠᠵᠥ᠂ ᠡᠯᠡᠰᠦᠨ ᠴᠦᠯ ᠤᠨ ᠠᠮᠢ ᠠᠬᠤᠢ ᠶᠢᠨ ᠲᠤᠮᠤ ᠳ᠋ᠠᠶᠢᠲ᠋ᠠ ᠶᠢᠨ ᠦᠢᠯᠡᠴᠢᠯᠡᠬᠡᠨ ᠤ ᠲᠠᠪᠴᠠᠩ ᠢ ᠪᠠᠶᠢᠴᠠᠭᠠᠨ ᠦᠵᠡᠪᠡ︔ ᠨᠠᠷᠠᠰᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠮᠤᠳᠤ ᠲᠠᠷᠢᠬᠤ ᠲᠤᠭᠤᠷᠢᠭ ᠲᠤ ᠮᠡᠷᠭᠡᠵᠢᠯ ᠤᠨ ᠰᠢᠨ᠎ᠡ ᠡᠬᠦᠳᠦᠯᠳᠡ ᠪᠠᠷ ᠮᠤᠳᠤ ᠲᠠᠷᠢᠵᠥ ᠡᠯᠡᠰᠦ ᠶᠢ ᠵᠠᠰᠠᠬᠤ ᠠᠵᠢᠯ ᠦᠷᠨᠢᠬᠦᠯᠵᠥ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠪᠠ︔ ᠬᠦᠪᠴᠢ ᠶᠢᠨ ᠲᠤᠤᠷᠠᠢ ᠲᠠᠷᠢᠬᠤ ᠶᠢ ᠪᠠᠶᠡᠳᠡᠨ ᠤᠢᠢᠯᠠᠭᠠᠬᠤ ᠲᠤᠭᠤᠷᠢᠭ ᠲᠤ ᠬᠦᠷᠴᠦ᠂ ᠲᠤᠤᠷᠠᠢ ᠶᠢᠨ ᠮᠤᠳᠤ ᠶᠢ ᠰᠢᠯᠵᠢᠬᠦᠯᠥᠨ ᠰᠠᠭᠤᠯᠭᠠᠭᠰᠠᠠ ᠤ ᠲᠠᠷᠠᠭᠠᠬᠢ ᠤᠷᠭᠤᠴᠠ᠂ ᠮᠡᠷᠭᠡᠵᠢᠯ ᠲᠤᠷᠰᠢᠯᠭ᠎ᠠ ᠵᠢᠴᠢ ᠢᠨᠲ᠋ᠧᠷ ᠰᠦᠯᠵᠢᠶᠡᠨ ᠤ ᠮᠤᠳᠤ ᠲᠠᠷᠢᠬᠤ ᠲᠠᠪᠴᠠᠩ ᠤᠨ ᠰᠢᠨ᠎ᠡ ᠶᠢ ᠡᠬᠦᠳᠦᠨ ᠬᠡᠷᠡᠭᠯᠡᠵᠥ ᠪᠠᠶᠢᠭ᠎ᠠ ᠪᠠᠶᠢᠳᠠᠯ ᠢ ᠯᠠᠪᠯᠠᠨ ᠠᠰᠠᠭᠤᠪᠠ︔ ᠲᠠᠯᠠᠳ ᠬᠤᠰᠢᠭᠤᠨ ᠤ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠬᠡᠷᠡᠭᠯᠡᠯᠳᠡ ᠶᠢᠨ ᠬᠤᠰᠢᠭᠤᠴᠢ ᠰᠠᠭᠤᠷᠢᠨ ᠳᠤ᠂ ᠡᠯᠡᠰᠦ ᠮᠠᠩᠬᠠᠨ ᠤ ᠬᠡᠷᠡᠯᠴᠢ ᠴᠡᠨᠡᠭ ᠤᠨ ᠠᠵᠥ ᠦᠢᠯᠡᠰ᠂ ᠡᠯᠡᠰᠦ ᠮᠠᠩᠬᠠᠨ ᠤ ᠠᠮᠢ ᠠᠬᠤᠢ ᠶᠢᠨ ᠵᠠᠰᠠᠯᠳᠠ ᠶᠢ ᠠᠭᠤᠰᠤᠯᠴᠠᠭᠤᠯᠤᠨ ᠬᠦᠭᠵᠢᠬᠦᠯᠵᠥ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠪᠠ᠃ ᠬᠠᠨ ᠵᠧᠩ ᠪᠠᠰᠠ ᠬᠦᠪᠴᠢ ᠶᠢᠨ ᠢ ᠯᠢ ᠮᠠᠯᠴᠢᠳ ᠤᠨ ᠰᠢᠨ᠎ᠡ ᠲᠤᠰᠬᠤᠨ ᠳᠤ ᠬᠦᠷᠴᠦ᠂ ᠮᠠᠯᠴᠢᠨ ᠤ ᠬᠡᠷ ᠲᠤ ᠤᠷᠤᠵᠥ᠂ ᠦᠢᠯᠡᠳᠪᠤᠷᠢᠯᠡᠯ ᠠᠮᠢᠳᠤᠷᠠᠯ ᠤᠨ ᠬᠤᠪᠢᠷᠡᠯᠳᠡ᠂ ᠤᠷᠴᠢᠨ ᠲᠤᠭᠤᠷᠢᠨ ᠤ ᠰᠠᠶᠢᠵᠢᠷᠡᠯᠳᠡ᠂ ᠬᠡᠤᠬᠡᠳ ᠤᠨ ᠰᠤᠷᠭᠠᠭᠤᠯᠢ ᠳᠤ ᠰᠠᠭᠤᠵᠤ ᠪᠠᠶᠢᠬᠤ᠂ ᠵᠢᠭᠤᠯᠴᠢᠯᠠᠯ ᠢ ᠬᠦᠭᠵᠢᠬᠦᠯᠵᠥ ᠪᠠᠶᠢᠬᠤ ᠵᠡᠷᠬᠡ ᠪᠠᠶᠢᠳᠠᠯ ᠢ ᠤᠢᠢᠯᠠᠭᠠᠵᠥ᠂ ᠲᠤᠰᠬᠤᠨ ᠤ ᠠᠷᠠᠳ ᠤᠨ ᠶᠠᠪᠤᠳᠠᠯ ᠵᠦᠪᠯᠡᠬᠦ ᠲᠢᠩᠬᠢᠮ ᠳᠤ ᠲᠤᠰᠬᠠᠢ ᠰᠡᠳᠤᠪᠳᠤ ᠶᠠᠷᠢᠯᠴᠠᠬᠤ ᠬᠤᠷᠡᠯ ᠬᠤᠷᠡᠯᠳᠤᠭᠤᠯᠵᠥ᠂ ᠲᠤᠰᠬᠠᠢ ᠮᠡᠷᠬᠡᠵᠢᠯᠳᠡᠨ᠂ ᠠᠵᠥ ᠠᠬᠤᠢᠢᠯᠠᠯ᠂ ᠺᠠᠳ᠋ᠷ ᠪᠤᠯᠤᠨ ᠤᠯᠠᠨ ᠲᠦᠮᠡᠨ ᠤ ᠲᠦᠯᠥᠬᠡᠯᠡᠭᠴᠢ ᠶᠢᠨ ᠡᠯᠡᠰᠦᠷᠬᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠤᠨᠤᠰᠪᠠ᠃
     ᠬᠠᠨ ᠵᠧᠩ᠂ ᠬᠦᠪᠴᠢ ᠶᠢᠨ ᠡᠯᠡᠰᠦ ᠵᠠᠰᠠᠭᠴᠢᠳ 30 ᠭᠠᠷᠤᠢ ᠵᠢᠯ ᠤᠨ ᠬᠠᠳᠠᠭᠤᠵᠢᠯᠳᠠᠢ ᠲᠡᠮᠡᠴᠡᠯ ᠢᠶᠠᠷ ᠲᠠᠮᠵᠢᠨ ᠡᠯᠡᠰᠦᠷᠬᠡᠭᠵᠢᠯ ᠢ ᠰᠡᠷᠬᠡᠶᠢᠯᠡᠨ ᠵᠠᠰᠠᠬᠤ ᠲᠠᠯ᠎ᠠ ᠪᠠᠷ ᠶᠡᠷᠤ ᠪᠤᠰᠤ ᠶᠢᠨ ᠠᠮᠵᠢᠯᠳᠡ ᠤᠯᠪᠠ᠃ ᠬᠦᠪᠴᠢ ᠶᠢᠨ ᠠᠮᠵᠢᠯᠳᠠ ᠲᠠᠢ ᠲᠤᠷᠰᠢᠯᠭ᠎ᠠ ᠶᠢ ᠲᠡᠯᠭᠡᠷᠡᠬᠦᠯᠵᠥ᠂ ᠰᠢᠨᠵᠢᠯᠡᠬᠦ ᠤᠬᠠᠭᠠᠨᠴᠢ ᠵᠤᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠪᠤᠯᠤᠨ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ ᠪᠤᠰᠤᠳᠴᠢ ᠵᠢᠮ᠎ᠡ ᠶᠤᠰᠤ ᠶᠢ ᠬᠦᠨᠳᠦᠳᠬᠡᠨ᠂ ᠦᠨᠡᠨ ᠢ ᠪᠠᠷᠢᠮᠳᠠᠯᠠᠵᠥ᠂ ᠭᠠᠵᠠᠷ ᠤᠷᠤᠨ ᠤ ᠪᠤᠳᠠᠳᠤ ᠪᠠᠶᠢᠳᠠᠯ ᠳᠤᠨᠢ ᠲᠤᠬᠢᠷᠠᠭᠤᠯᠤᠨ᠂ ᠠᠮᠢ ᠠᠬᠤᠢ ᠶᠢᠨ ᠵᠠᠰᠠᠯᠳᠠ ᠳᠤ ᠪᠤᠳᠠᠳᠠᠢ ᠦᠷ᠎ᠡ ᠪᠦᠳᠦᠮᠵᠢ ᠤᠯᠬᠤ ᠶᠢ ᠦᠨᠡᠨ ᠬᠦ ᠪᠠᠳᠤᠯᠠᠬᠤ ᠬᠡᠷᠡᠭᠳᠡᠢ᠃ ᠰᠢᠨ᠎ᠡ ᠶᠢ ᠡᠬᠦᠳᠬᠦ ᠵᠤᠷᠢᠭ ᠰᠠᠨᠠᠭ᠎ᠠ ᠶᠢ ᠪᠠᠳᠠᠷᠠᠭᠤᠯᠤᠨ᠂ ᠰᠢᠨᠵᠢᠯᠡᠬᠦ ᠤᠬᠠᠭᠠᠨ ᠰᠤᠳᠤᠯᠭᠠᠨ ᠤ ᠤᠷᠤᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠥ᠂ ᠤᠯᠠᠨ ᠤᠯᠤᠰ ᠤᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠂ ᠠᠮᠢ ᠠᠬᠤᠢ ᠶᠢᠨ ᠵᠠᠰᠠᠯᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠳᠡᠢ᠃ ᠪᠤᠳᠠᠳᠠᠢ ᠠᠵᠢᠯᠯᠠᠬᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠬᠠᠷᠢᠭᠤᠴᠠᠯᠭ᠎ᠠ ᠡᠬᠦᠷᠬᠡᠯᠡᠯ ᠢ ᠴᠢᠩᠭᠠᠳᠬᠠᠵᠤ᠂ ᠬᠦᠰᠡᠯᠡᠩ᠂ ᠬᠠᠶᠢᠷ᠎ᠠ ᠰᠡᠳᠬᠢᠯᠬᠡ ᠪᠠ ᠬᠠᠷᠢᠭᠤᠴᠠᠯᠭ᠎ᠠ ᠡᠪᠤᠷᠯᠡᠨ ᠠᠮᠢ ᠠᠬᠤᠢ ᠤᠷᠴᠢᠨ ᠲᠤᠭᠤᠷᠢᠨ ᠤ ᠵᠠᠰᠠᠯᠳᠠ ᠶᠢᠨ ᠠᠵᠢᠯ ᠳᠤ ᠤᠷᠤᠯᠴᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠬᠠᠨ ᠵᠧᠩ᠂ ᠨᠡᠩ ᠬᠦᠴᠦᠷᠬᠡᠭ ᠶᠡᠭᠡ ᠬᠠᠮᠳᠤᠷᠠᠯ ᠬᠦᠴᠦᠨ ᠢ ᠪᠦᠷᠢᠯᠳᠦᠬᠦᠯᠵᠥ᠂ ᠡᠯᠡᠰᠦᠷᠬᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠪᠠ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠡᠯ᠎ᠡ ᠵᠦᠢᠯ ᠤᠨ ᠠᠵᠢᠯ ᠢ ᠦᠷᠬᠦᠯᠵᠢᠯᠡᠨ ᠠᠬᠢᠭᠤᠯᠬᠤ ᠬᠡᠷᠡᠭᠳᠡᠢ᠃ ᠡᠯ᠎ᠡ ᠱᠠᠳᠤᠨ ᠤ ᠵᠠᠰᠠᠭ ᠤᠨ ᠤᠷᠳᠤᠨ ᠭᠤᠤᠯᠯᠠᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠥ᠂ ᠡᠳ᠋ ᠤᠨ ᠵᠠᠰᠠᠭ᠂ ᠮᠥᠩᠬᠦᠨ ᠬᠦᠢᠯᠬᠡᠬᠡᠨ ᠵᠡᠷᠬᠡ ᠲᠦᠷᠦ ᠶᠢᠨ ᠪᠤᠳᠤᠯᠭ᠎ᠠ ᠶᠢ ᠪᠦᠷᠢᠨᠰᠢᠬᠦᠯᠤᠨ᠂ ᠡᠯ᠎ᠡ ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠳᠤ ᠤᠷᠤᠯᠴᠠᠬᠤ ᠶᠢ ᠲᠡᠮᠵᠢᠨ ᠵᠤᠷᠢᠬᠵᠢᠭᠤᠯᠵᠥ᠂ ᠠᠵᠥ ᠠᠬᠤᠢᠢᠯᠠᠯ ᠢ ᠬᠠᠪᠰᠤᠷᠴᠦ ᠪᠠᠶᠢᠭᠠᠳ ᠪᠤᠳᠠᠳᠠᠢ ᠬᠦᠴᠢᠷᠳᠡᠯ ᠢ ᠨᠢ ᠰᠢᠢᠳᠪᠤᠷᠢᠯᠡᠵᠥ ᠦᠭᠬᠦ ᠬᠡᠷᠡᠭᠳᠡᠢ᠃ ᠠᠮᠢ ᠠᠬᠤᠢ ᠶᠢᠨ ᠬᠦᠢᠴᠡᠳᠬᠡᠬᠦ ᠲᠤᠭ᠎ᠠ ᠶᠢᠨ ᠰᠢᠰᠲ᠋ᠧᠮ ᠢ ᠪᠠᠶᠢᠭᠤᠯᠵᠥ᠂ ᠦᠨᠳᠦᠰᠦᠨ ᠪᠠᠶᠢᠳᠠᠯ ᠢ ᠲᠤᠳᠤᠷᠬᠠᠢ ᠤᠢᠢᠯᠠᠭᠠᠨ᠂ ᠡᠯᠡᠰᠦᠷᠬᠡᠭᠵᠢᠯ ᠢ ᠰᠡᠷᠬᠡᠶᠢᠯᠡᠨ ᠡᠯᠡᠰᠦ ᠶᠢ ᠵᠠᠰᠠᠬᠤ ᠲᠦᠰᠦᠯ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠥ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠤᠨ ᠦᠷ᠎ᠡ ᠪᠦᠳᠦᠮᠵᠢ ᠪᠠᠷ ᠡᠯᠡᠰᠦ ᠶᠢ ᠵᠠᠰᠠᠬᠤ ᠠᠵᠢᠯ ᠤᠨ ᠦᠷ᠎ᠡ ᠪᠦᠳᠦᠮᠵᠢ ᠶᠢ ᠢᠯᠡᠷᠡᠬᠦᠯᠬᠦ ᠬᠡᠷᠡᠭᠳᠡᠢ᠃ ᠪᠦᠬᠦ ᠠᠷᠠᠳ ᠢᠶᠠᠷ ᠢᠶᠠᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠳᠤ ᠤᠷᠤᠯᠴᠠᠬᠤ ᠡᠷᠴᠢᠮ ᠢ ᠴᠢᠩᠭᠠᠷᠠᠭᠤᠯᠵᠥ᠂ ᠠᠮᠢ ᠠᠬᠤᠢ ᠶᠢᠨ ᠵᠠᠰᠠᠯᠳᠠ ᠪᠠᠷ ᠠᠷᠠᠳ ᠤᠯᠠᠨ ᠳᠤ ᠨᠡᠩ ᠤᠯᠠᠨ ᠠᠰᠢᠬ ᠬᠦᠷᠳᠡᠬᠡᠨ᠂ ᠬᠦᠮᠥᠨ ᠬᠢᠬᠡᠳ ᠡᠬᠡ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠶᠢ ᠪᠡᠶᠡᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号