2019 ᠣᠨ ᠤ ᠮᠠᠨ ᠤ ᠤᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ | 6 ᠰᠠᠷ᠎ᠠ ᠶᠢᠨ 25 ᠤ ᠡᠳᠦᠷ ᠴᠡᠷᠢᠭ ᠤᠨ ᠶᠠᠪᠤᠳᠠᠯ᠂ ᠳᠤᠳᠤᠭᠠᠳᠤ ᠶᠢ ᠬᠠᠮᠠᠭᠠᠯᠠᠬᠤ ᠰᠤᠷᠭᠠᠭᠤᠯᠢ ᠶᠢᠨ ᠰᠠᠨᠠᠮᠵᠢᠳᠤ | ᠡᠷᠡᠮᠡᠯᠵᠡᠯ ᠳᠠᠭᠯᠠᠬᠤ ᠠᠴᠠ ᠡᠬᠢᠯᠡᠵᠦ᠂ 8 ᠰᠠᠷ᠎ᠠ ᠶᠢᠨ 1 ᠤ ᠡᠳᠦᠷ ᠪᠦᠬᠦᠨ ᠢᠶᠠᠷ ᠢᠶᠠᠨ ᠳᠠᠭᠤᠰᠪᠠ᠃ ᠣᠷᠣᠨ ᠤ | ᠳᠤᠳᠤᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠮᠠᠨ ᠤ ᠤᠷᠤᠨ ᠠᠴᠠ ᠨᠡᠶᠢᠲᠡ 186890 ᠰᠢᠨ᠎ᠡ ᠰᠤᠷᠤᠭᠴᠢ | ︵︽3 + 2︾ ᠶᠢᠨ ᠰᠤᠷᠭᠠᠭᠤᠯᠢ ᠳᠤ ᠡᠯᠰᠡᠭᠰᠡᠨ 10285 ᠬᠥᠮᠦᠨ ᠢ ᠪᠠᠭᠲᠠᠭᠠᠨ᠎ᠠ︶ ᠡᠯᠰᠡᠵᠦ᠂ ᠡᠭᠦᠨ ᠳᠤ | ᠵᠢᠩᠬᠢᠨᠢ ᠠᠩᠭᠢ ᠶᠢᠨ ᠰᠤᠷᠭᠠᠭᠤᠯᠢ 95367 ᠬᠥᠮᠦᠨ᠂ ᠳᠡᠭᠡᠲᠦ ᠵᠡᠷᠭᠡ ᠶᠢᠨ ᠠᠵᠢᠯ ᠮᠡᠷᠭᠡᠵᠢᠯ ︵ᠲᠤᠰᠬᠠᠶ | ᠮᠡᠷᠭᠡᠵᠢᠯ︶ ᠤᠨ ᠰᠤᠷᠭᠠᠭᠤᠯᠢ 91523 ᠬᠥᠮᠦᠨ︔ ᠣᠷᠣᠨ ᠤ ᠳᠣᠲᠣᠷᠠᠬᠢ ᠶᠡᠭᠡ ᠳᠡᠭᠡᠲᠦ ᠰᠤᠷᠭᠠᠭᠤᠯᠢ | 127465 ᠬᠥᠮᠦᠨ᠂ ᠣᠷᠣᠨ ᠤ ᠭᠠᠳᠠᠨᠠᠬᠢ ᠶᠡᠭᠡ ᠳᠡᠭᠡᠲᠦ ᠰᠤᠷᠭᠠᠭᠤᠯᠢ 59425 ᠬᠥᠮᠦᠨ ᠡᠯᠰᠡᠵᠡᠢ᠃ | ᠰᠢᠯᠭᠠᠭᠤᠯᠤᠭᠴᠢ ᠶᠢᠨ ᠰᠦᠯᠵᠢᠶᠡᠨ ᠳᠤ ᠡᠷᠡᠮᠡᠯᠵᠡᠯ ᠳᠠᠭᠯᠠᠬᠤ ᠶᠢ ᠵᠢᠯᠣᠭᠤᠳᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ | ᠤᠢᠢᠷ᠎ᠠ ᠶᠢᠨ 3 ᠵᠢᠯ ᠤᠨ ᠲᠤᠭ᠎ᠠ ᠪᠠᠷᠢᠮᠲᠠ ᠶᠢ ᠡᠮᠬᠢᠯᠡᠨ ᠨᠡᠶᠢᠳᠬᠡᠬᠦ ᠪᠠᠷ ᠳᠠᠮᠵᠢᠨ᠂ ᠰᠢᠯᠭᠠᠭᠤᠯᠤᠭᠴᠢ ᠳᠤ | ᠪᠡᠶ᠎ᠠ ᠳᠤᠨᠢ ᠳᠤᠬᠢᠷᠠᠭᠤᠯᠤᠨ 20 ᠶᠡᠭᠡ ᠳᠡᠭᠡᠲᠦ ᠰᠤᠷᠭᠠᠭᠤᠯᠢ ᠳᠠᠨᠢᠯᠴᠠᠭᠤᠯᠤᠨ ᠦᠭᠴᠦ᠂ ᠰᠢᠯᠭᠠᠭᠤᠯᠤᠭᠴᠢ ᠶᠢᠨ | ᠡᠷᠡᠮᠡᠯᠵᠡᠯ ᠳᠠᠭᠯᠠᠬᠤ ᠦᠶ᠎ᠡ ᠶᠢᠨ ᠳᠤᠯᠭᠠᠮᠳᠠᠭᠰᠠᠨ ᠪᠠᠶᠢᠳᠠᠯ ᠢ ᠰᠢᠢᠳᠪᠦᠷᠢᠯᠡᠵᠡᠢ᠃ ᠥᠪᠡᠷᠲᠡᠭᠡᠨ ᠵᠠᠰᠠᠬᠤ | ᠣᠷᠣᠨ ᠠᠴᠠ ᠪᠥᠬᠦ ᠣᠷᠣᠨ ᠤ ᠡᠯ᠎ᠡ ᠠᠶᠢᠮᠠᠭ ᠬᠤᠲᠠ ᠪᠠ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ | ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠵᠢᠭᠠᠨ ᠵᠢᠯᠣᠭᠤᠳᠬᠤ ᠪᠠᠭᠰᠢ ᠳᠤ ᠪᠤᠯᠪᠠᠰᠤᠷᠠᠯ ᠬᠦᠷᠳᠡᠬᠡᠵᠦ᠂ 700 ᠭᠠᠷᠤᠶ ᠬᠥᠮᠦᠨ ᠳᠤ ᠪᠤᠯᠪᠠᠰᠤᠷᠠᠯ ᠬᠦᠷᠳᠡᠬᠡᠪᠡ᠃ | ᠤᠯᠤᠰ ᠤᠨ ᠨᠢᠬᠡᠳᠦᠯᠳᠡᠢ ᠰᠢᠯᠭᠠᠯᠳᠠ ᠳᠠᠭᠤᠰᠤᠭᠰᠠᠨ ᠤ ᠳᠠᠷᠠᠭ᠎ᠠ᠂ ᠡᠯ᠎ᠡ ᠭᠠᠵᠠᠷ ᠤᠨ ᠡᠯ᠎ᠡ ᠦᠨᠳᠦᠷ ᠵᠡᠷᠬᠡ ᠶᠢᠨ | ᠳᠤᠮᠳᠠᠳᠤ ᠰᠤᠷᠭᠠᠭᠤᠯᠢ ᠠᠴᠠ ᠰᠢᠯᠭᠠᠭᠤᠯᠤᠭᠴᠢ ᠪᠠ ᠭᠡᠷ ᠤᠨ ᠠᠬᠠᠮᠠᠳ ᠲᠤ ᠲᠦᠭᠡᠮᠡᠯ ᠬᠠᠷᠠᠭᠠᠯᠵᠠᠯ ᠤᠨ ᠮᠠᠶ᠋ᠢᠭ | ᠤᠨ᠂ ᠪᠦᠬᠦᠨ ᠢ ᠬᠠᠮᠤᠷᠤᠭᠰᠠᠨ ᠡᠷᠡᠮᠡᠯᠵᠡᠯ ᠳᠠᠭᠯᠠᠬᠤ ᠪᠤᠯᠪᠠᠰᠤᠷᠠᠯ ᠬᠦᠷᠳᠡᠬᠡᠪᠡ᠃ ᠰᠦᠯᠵᠢᠶᠡᠨ ᠳᠡᠭᠡᠷ᠎ᠡ ᠡᠷᠡᠮᠡᠯᠵᠡᠯ | ᠳᠠᠭᠯᠠᠬᠤ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠲᠥᠪ ︽ᠰᠦᠯᠵᠢᠶᠡᠨ ᠳᠤ ᠡᠷᠡᠮᠡᠯᠵᠡᠯ ᠳᠠᠭᠯᠠᠬᠤ ᠸᠢᠳᠢᠣ᠋ ᠶᠢᠨ ᠪᠤᠯᠪᠠᠰᠤᠷᠠᠯ ᠤᠨ ᠵᠢᠭᠠᠬᠤ | ᠮᠠᠲ᠋ᠧᠷᠢᠶᠠᠯ︾ ᠢ ᠬᠠᠩᠭᠠᠵᠤ᠂ ᠪᠥᠬᠦ ᠣᠷᠣᠨ ᠤ ᠬᠡᠪᠴᠢᠶᠡᠨ ᠳᠤ ᠰᠦᠯᠵᠢᠶᠡᠨ ᠳᠡᠭᠡᠷ᠎ᠡ ᠡᠷᠡᠮᠡᠯᠵᠡᠯ ᠳᠠᠭᠯᠠᠬᠤ | ᠰᠣᠷᠢᠯᠲᠠ ᠶᠢ ᠵᠣᠬᠢᠶᠠᠨ ᠪᠠᠶᠢᠭᠤᠯᠵᠤ᠂ ᠰᠢᠯᠭᠠᠭᠤᠯᠤᠭᠴᠢ ᠳᠤ ᠰᠦᠯᠵᠢᠶᠡᠨ ᠳᠡᠭᠡᠷ᠎ᠡ ᠡᠷᠡᠮᠡᠯᠵᠡᠯ ᠳᠠᠭᠯᠠᠬᠤ ᠰᠢᠰᠲ᠋ᠧᠮ | ᠤᠨ ᠠᠵᠢᠯᠯᠠᠭ᠎ᠠ ᠪᠠ ᠳᠡᠰ ᠳᠠᠷᠠᠭᠠᠯᠠᠯ ᠢ ᠤᠢᠢᠯᠠᠭᠠᠭᠤᠯᠪᠠ᠃ |