ᠠᠵᠢᠨᠠᠢ ᠬᠦᠯᠦᠭ ᠳᠠᠪᠬᠢᠯᠳᠤᠨ᠂ ᠮᠠᠯᠴᠢᠨ ᠲᠦᠮᠡᠨ ᠳᠠᠭᠤᠯᠠᠨ ᠪᠦᠵᠢᠭᠯᠡᠵᠤ᠂ ᠤᠭ᠍ᠶᠤᠨ ᠨᠤᠭᠤᠭᠠᠨ ᠲᠠᠯ᠎ᠠ | ᠨᠤᠲᠤᠭ ᠤᠨ ᠬᠠᠯᠠᠭᠤᠮᠰᠤᠭ ᠵᠤᠴᠢᠨᠰᠠᠭ ᠦᠪᠦᠷ ᠮᠤᠩᠭᠤᠯᠴᠤᠳ ᠲᠠᠨ ᠢ ᠪᠠᠶᠠᠷᠯᠠᠨ ᠤᠭᠳᠤᠵᠤ ᠪᠠᠶᠢᠨ᠎ᠠ︕ 8 | ᠰᠠᠷ᠎ᠠ ᠶᠢᠨ 3 ᠤ ᠦᠳᠡ ᠶᠢᠨ ᠡᠮᠦᠨ᠎ᠠ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | 70 ᠵᠢᠯ ᠤᠨ ᠤᠢ ᠶᠢ ᠪᠡᠯᠭᠡᠯᠡᠬᠦ ᠰᠢᠯᠢ ᠶᠢᠨ ᠭᠤᠤᠯ ᠤᠨ ᠨᠠᠭᠠᠳᠤᠮ ᠤᠨ ᠬᠤᠷᠠᠯ ᠰᠢᠯᠢᠩᠬᠤᠳᠠ ᠳᠤ ᠡᠬᠢᠯᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠨᠠᠭᠠᠳᠤᠮ ᠤᠨ ᠬᠤᠷᠠᠯ ᠡᠬᠢᠯᠡᠭᠰᠡᠨ ᠢ ᠵᠠᠷᠯᠠᠪᠠ᠃ ᠪᠦᠬᠦ ᠤᠯᠤᠰ ᠤᠨ ᠤᠯᠤᠰ | ᠲᠦᠷᠦ ᠶᠢᠨ ᠵᠦᠪᠯᠡᠯᠭᠡᠨ ᠤ ᠬᠦᠮᠦᠨ ᠠᠮᠠ ᠡᠬᠢ ᠪᠠᠶᠠᠯᠢᠭ ᠤᠷᠴᠢᠨ ᠲᠤᠭᠤᠷᠢᠨ ᠤ ᠵᠦᠪᠯᠡᠯ ᠤᠨ ᠳᠡᠳ᠋ ᠡᠷᠬᠢᠯᠡᠭᠴᠢ | ᠷᠧᠨ ᠶᠠ ᠫᠢᠩ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠸᠠᠩ | ᠵᠦᠩ ᠾᠧ᠂ ᠴᠡᠴᠡᠭ ᠨᠠᠷ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ | ᠡᠬᠢᠯᠡᠯᠳᠡ ᠶᠢᠨ ᠶᠤᠰᠤᠯᠠᠯ ᠳᠡᠭᠡᠷ᠎ᠠ᠂ ᠦᠨᠳᠦᠰᠦᠳᠡᠨ ᠤ ᠬᠤᠪᠴᠠᠰᠤ ᠵᠠᠰᠠᠯ ᠢᠶᠠᠷ ᠢᠶᠠᠨ ᠭᠤᠶᠤᠭᠰᠠᠨ ᠲᠤᠭ | ᠬᠠᠮᠠᠭᠠᠯᠠᠬᠴᠢ ᠲᠠᠪᠤᠨ ᠤᠳᠤᠳᠤ ᠤᠯᠠᠭᠠᠨ ᠲᠤᠭ ᠢ ᠬᠠᠮᠠᠭᠠᠯᠠᠨ ᠨᠠᠭᠠᠳᠤᠮ ᠤᠨ ᠲᠠᠯᠠᠪᠠᠢ ᠳᠤ ᠠᠯᠬᠤᠨ ᠤᠷᠤᠬᠤᠶ᠎ᠠ᠂ | ᠳᠤᠮᠳᠠᠳᠤ ᠤᠯᠤᠰ ᠤᠨ ᠠᠳᠤᠭᠤᠳᠤ ᠨᠤᠲᠤᠭ ᠤᠨ ᠮᠤᠷᠢᠳᠠᠳ ᠤᠨ ᠡᠩᠨᠡᠭᠡ᠂ ᠡᠷ᠎ᠠ ᠶᠢᠨ ᠭᠤᠷᠪᠠᠨ ᠨᠠᠭᠠᠳᠤᠮ ᠤᠨ | ᠵᠢᠬᠰᠠᠭᠠᠯ᠂ ᠦᠨᠳᠦᠰᠦᠳᠡᠨ ᠤ ᠤᠨᠴᠠᠯᠢᠭᠳᠤ ᠵᠢᠬᠰᠠᠭᠠᠯ᠂ ᠬᠤᠰᠢᠭᠤ ᠰᠢᠶᠠᠨ ︵ᠬᠤᠳᠠ᠂ ᠲᠤᠭᠤᠷᠢᠭ︶ ᠤ | ᠵᠢᠬᠰᠠᠭᠠᠯ ᠪᠤᠯᠤᠨ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠵᠢᠬᠰᠠᠭᠠᠯ᠂ ᠵᠢᠭᠤᠯᠴᠢᠯᠠᠭᠰᠠᠳ ᠤᠨ | ᠵᠢᠬᠰᠠᠭᠠᠯ ᠤᠳ ᠳᠡᠰ ᠳᠠᠷᠠᠭ᠎ᠠ ᠲᠠᠢ ᠪᠠᠷ ᠲᠠᠯᠠᠪᠠᠢ ᠳᠤ ᠤᠷᠤᠵᠠᠢ᠃ ᠦᠵᠡᠬᠦᠯᠭᠡ ᠶᠢᠨ ᠲᠤᠭᠯᠠᠯᠲᠠ ᠳᠤ᠂ 2200 | ᠭᠠᠷᠤᠢ ᠬᠦᠮᠦᠨ ᠳᠠᠭᠤᠯᠠᠨ ᠪᠦᠵᠢᠭᠯᠡᠵᠤ᠂ 200 ᠭᠠᠷᠤᠢ ᠠᠬᠳᠠ ᠳᠠᠪᠬᠢᠯᠳᠤᠨ᠂ ᠬᠠᠨᠠᠭᠠᠷ ᠲᠠᠯ᠎ᠠ ᠰᠢᠯᠢ ᠶᠢᠨ | ᠭᠤᠤᠯ ᠤᠨ ᠮᠠᠬᠳᠠᠭᠠᠯ ᠲᠠᠭᠤᠤ ᠤᠷᠠᠯᠢᠭ ᠤᠨ ᠪᠦᠯᠬᠦᠮ ᠤᠨ ︽ᠮᠢᠨᠤ ᠬᠠᠶᠢᠷᠠᠲᠦ ᠳᠤᠮᠳᠠᠳᠤ ᠤᠯᠤᠰ︾ ᠬᠡᠮᠡᠬᠦ | ᠦᠰᠦᠭ ᠢ ᠢᠯᠡᠷᠡᠬᠦᠯᠬᠦ ᠲᠤᠭᠯᠠᠯᠳᠠ᠂ ︽ᠮᠠᠯᠴᠢᠨ ᠲᠦᠮᠡᠨ ᠡᠪ ᠬᠠᠮᠳᠤ ᠨᠠᠮ ᠢᠶᠠᠨ ᠮᠠᠭᠳᠠᠨ ᠳᠠᠭᠤᠯᠠᠨ᠎ᠠ︾ ᠵᠡᠷᠭᠡ | ᠳᠠᠭᠤᠤ ᠪᠦᠵᠢᠭ ᠨᠢ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠤ ᠤᠷᠮ᠎ᠠ ᠰᠡᠳᠭᠢᠯᠭᠡ ᠶᠢ ᠬᠦᠭᠵᠢᠭᠡᠵᠠᠢ᠃ 10 | ᠴᠠᠬ 30 ᠮᠢᠨᠦ᠋ᠲ ᠲᠤ᠂ ᠪᠦᠭᠦᠳᠡᠭᠡᠷ ᠢᠶᠠᠨ ᠪᠤᠰᠴᠤ ᠵᠤᠬᠰᠤᠨ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠵᠤ᠂ ᠤᠯᠤᠰ ᠤᠨ ᠲᠤᠭ ᠢ ᠮᠠᠨᠲᠤᠭᠤᠯᠪᠠ᠃ 13 ᠬᠤᠰᠢᠭᠤ | ᠰᠢᠶᠠᠨ ︵ᠬᠤᠲᠠ᠂ ᠲᠤᠭᠤᠷᠢᠬ︶ ᠤᠨ ᠭᠠᠯ ᠪᠠᠮᠪᠠᠷ ᠳᠠᠮᠵᠢᠭᠤᠯᠤᠬᠴᠢ ᠨᠠᠭᠠᠳᠤᠮ ᠤᠨ ᠬᠤᠷᠠᠯ ᠤᠨ ᠠᠷᠢᠭᠤᠨ ᠭᠠᠯ ᠢ | ᠳᠠᠮᠵᠢᠭᠤᠯᠵᠤ᠂ ᠠᠷᠢᠭᠤᠨ ᠭᠠᠯ ᠢ ᠳᠦᠷᠡᠯᠵᠢᠭᠦᠯᠦᠭᠡᠳ ᠨᠠᠭᠠᠳᠤᠮ ᠤᠨ ᠬᠤᠷᠠᠯ ᠤᠨ ᠤᠷᠤᠯᠳᠤᠭᠠᠨ ᠵᠢᠩᠬᠢᠨᠢ ᠪᠠᠷ | ᠡᠬᠢᠯᠡᠪᠡ᠃ | ᠲᠤᠰ ᠤᠳᠠᠭᠠᠨ ᠤ ᠨᠠᠭᠠᠳᠤᠮ ᠤᠨ ᠬᠤᠷᠠᠯ ᠤᠨ ᠰᠢᠷᠢᠰ ᠠᠵᠢᠯᠯᠠᠭ᠎ᠠ ᠶᠢ ᠰᠢᠯᠢ ᠶᠢᠨ ᠭᠤᠤᠯ ᠠᠶᠢᠮᠠᠬ ᠤᠨ | ᠵᠠᠬᠢᠷᠭ᠎ᠠ ᠠᠴᠠ ᠭᠤᠤᠯᠯᠠᠨ ᠡᠷᠬᠢᠯᠡᠵᠦ᠂ ᠠᠶᠢᠮᠠᠬ ᠤᠨ ᠰᠤᠶᠤᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠤᠪᠴᠢᠶ᠎ᠠ ᠵᠢᠴᠢ ᠬᠤᠯᠪᠤᠬᠳᠠᠯ ᠪᠦᠬᠦᠢ ᠬᠤᠰᠢᠭᠤ ᠰᠢᠶᠠᠨ ︵ᠬᠤᠲᠠ᠂ ᠲᠤᠭᠤᠷᠢᠬ︶ ᠠᠴᠠ ᠳᠠᠭᠠᠭᠠᠴᠢᠯᠠᠨ | ᠡᠷᠬᠢᠯᠡᠵᠦ᠂ ︽ᠬᠠᠨᠠᠭᠠᠷ ᠲᠠᠯ᠎ᠠ ᠰᠢᠯᠢ ᠶᠢᠨ ᠭᠤᠤᠯ ᠤᠨ ᠮᠠᠬᠳᠠᠭᠠᠯ ᠲᠠᠭᠤᠤ︾ ᠪᠠᠷ ᠭᠤᠤᠯ ᠰᠡᠳᠦᠪ ᠪᠤᠯᠭᠠᠵᠤ᠂ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠪᠠᠷ | ᠭᠤᠤᠯ ᠰᠢᠵᠢᠮ ᠪᠤᠯᠭᠠᠵᠤ᠂ ᠲᠠᠯ᠎ᠠ ᠨᠤᠲᠤᠬ ᠤᠨ ᠤᠨᠴᠠᠯᠢᠬ ᠲᠠᠢ ᠪᠡᠯᠭᠡᠯᠡᠬᠦ ᠠᠵᠢᠯᠯᠠᠭ᠎ᠠ ᠪᠠᠷ ᠠᠴᠢᠶᠠᠯᠠᠪᠤᠷᠢ | ᠪᠤᠯᠭᠠᠵᠤ᠂ ᠰᠢᠯᠢ ᠶᠢᠨ ᠭᠤᠤᠯ ᠠᠶᠢᠮᠠᠬ ᠤᠨ ᠡᠯ᠎ᠡ ᠭᠠᠵᠠᠷ ᠤᠨ ᠤᠯᠠᠮᠵᠢᠯᠠᠯᠲᠤ ᠰᠤᠶᠤᠯ᠂ ᠪᠠᠶᠢᠭᠠᠯᠢ ᠶᠢᠨ ᠦᠵᠡᠮᠵᠢ᠂ | ᠦᠨᠳᠦᠰᠦᠲᠡᠨ ᠤ ᠬᠤᠪᠴᠠᠰᠤ ᠵᠠᠰᠠᠯ ᠪᠠ ᠤᠨᠴᠠᠯᠢᠬ ᠠᠮᠲᠠᠲᠤ ᠢᠳᠡᠭᠡᠨ ᠢ ᠲᠦᠪᠯᠡᠷᠡᠭᠦᠯᠦᠨ ᠳᠡᠯᠭᠡᠨ ᠦᠵᠡᠭᠦᠯᠦᠨ᠎ᠡ᠃ | 8 ᠰᠠᠷ᠎ᠠ ᠶᠢᠨ 3 ᠤ ᠡᠳᠦᠷ ᠠᠴᠠ 10 ᠰᠠᠷ᠎ᠠ ᠶᠢᠨ 10 ᠤ ᠡᠳᠦᠷ ᠬᠦᠷᠲᠡᠯ᠎ᠡ᠂ ᠭᠤᠤᠯ ᠨᠠᠶᠢᠷ ᠤᠨ ᠲᠠᠯᠠᠪᠤᠷ ᠲᠤ | ᠪᠦᠬᠦ ᠤᠷᠤᠨ ᠤ ᠪᠦᠬᠡ ᠶᠢᠨ ᠤᠷᠤᠯᠳᠤᠭᠠᠨ᠂ ᠪᠦᠬᠦ ᠤᠷᠤᠨ ᠤ ᠮᠤᠩᠭᠤᠯ ᠦᠨᠳᠦᠰᠦᠲᠡᠨ ᠤ ᠤᠯᠠᠮᠵᠢᠯᠠᠯᠲᠤ ᠰᠤᠷ | ᠬᠠᠷᠪᠤᠬᠤ ᠤᠷᠤᠯᠳᠤᠭᠠᠨ᠂ 2019 ᠤᠨ ᠤ ᠦᠪᠦᠷ ᠮᠤᠩᠭᠤᠯ ᠤᠨ ᠳᠠᠭᠤᠤ ᠬᠦᠭᠵᠢᠮ ᠤᠨ ᠨᠠᠶᠢᠷ ᠵᠡᠷᠭᠡ | ᠠᠵᠢᠯᠯᠠᠭ᠎ᠠ ᠶᠠᠪᠤᠬᠳᠠᠭᠤᠯᠵᠤ᠂ ᠬᠤᠪᠢᠶᠠᠷᠢ ᠬᠤᠷᠠᠯ ᠤᠨ ᠲᠠᠯᠠᠪᠤᠷ ᠲᠤ ᠰᠤᠷ ᠬᠠᠷᠪᠤᠬᠤ᠂ ᠮᠤᠷᠢ ᠤᠷᠤᠯᠳᠤᠬᠤ᠂ | ᠰᠢᠲᠠᠷ᠎ᠠ ᠵᠡᠷᠭᠡ ᠤᠯᠠᠮᠵᠢᠯᠠᠯᠲᠤ ᠤᠷᠤᠯᠳᠤᠭᠠᠨ ᠤ ᠠᠵᠢᠯᠯᠠᠭ᠎ᠠ ᠪᠠ ᠤᠯᠠᠭᠠᠨᠮᠦ᠋ᠴᠢᠷ ᠤᠨ ᠤᠷᠠᠯᠢᠭ ᠤᠨ ᠨᠠᠶᠢᠷ᠂ ᠤᠯᠠᠨ | ᠤᠯᠤᠰ ᠤᠨ ᠲᠠᠯ᠎ᠠ ᠨᠤᠲᠤᠬ ᠤᠨ ᠮᠠᠷᠠᠽᠤᠨ ᠤ ᠤᠷᠤᠯᠳᠤᠭᠠᠨ᠂ ᠮᠤᠩᠭᠤᠯ ᠦᠨᠳᠦᠰᠦᠲᠡᠨ ᠤ ᠬᠤᠪᠴᠠᠰᠤ ᠵᠠᠰᠠᠯ ᠤᠨ | ᠤᠷᠤᠯᠳᠤᠭᠠᠨ᠂ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠤᠨ ᠦᠵᠡᠭᠦᠯᠭᠡ᠂ | ᠤᠯᠠᠭᠠᠨᠮᠦ᠋ᠴᠢᠷ ᠤᠨ ᠭᠤᠤᠯ ᠰᠡᠳᠦᠪᠲᠤ ᠭᠡᠷᠡᠯ ᠵᠢᠷᠤᠬ ᠤᠨ ᠦᠵᠡᠭᠦᠯᠭᠡ ᠵᠡᠷᠭᠡ ᠰᠢᠷᠢᠰ ᠰᠤᠶᠤᠯ ᠤᠨ ᠠᠵᠢᠯᠯᠠᠭ᠎ᠠ ᠶᠢ | ᠶᠠᠪᠤᠬᠳᠠᠭᠤᠯᠬᠤ ᠪᠤᠯᠤᠨ᠎ᠠ᠃ | |