ᠠᠢ ᠯᠢ ᠬᠤᠸᠠ ᠬᠦᠯᠦᠨ ᠪᠤᠶᠢᠷ ᠲᠤ ᠭᠤᠤᠯ ᠮᠦᠷᠡᠨ ᠤ ᠪᠠᠶᠢᠴᠠᠭᠠᠨ ᠰᠤᠳᠤᠯᠤᠯᠳᠠ ᠦᠷᠨᠢᠭᠦᠯᠬᠦ ᠳᠡᠭᠡᠨ ᠴᠢᠬᠤᠯᠠᠴᠢᠯᠠᠭᠰᠠᠨ ᠨᠢ ᠭᠤᠤᠯ ᠮᠦᠷᠡᠨ ᠨᠠᠭᠤᠷ ᠴᠦᠬᠦᠷᠦᠮ ᠤᠨ ᠬᠠᠮᠠᠭᠠᠯᠠᠯᠳᠠ ᠶᠢᠨ ᠬᠠᠮᠳᠤᠷᠠᠯ ᠬᠦᠴᠦᠨ ᠢ ᠪᠦᠷᠢᠯᠳᠦᠭᠦᠯᠵᠤ ᠭᠤᠤᠯ ᠮᠦᠷᠡᠨ ᠨᠠᠭᠤᠷ ᠴᠦᠬᠦᠷᠤᠮ ᠤᠨ ᠬᠠᠮᠢᠶᠠᠷᠤᠯᠳᠠ ᠬᠠᠮᠠᠭᠠᠯᠠᠯᠳᠠ ᠶᠢᠨ ᠰᠢᠨ᠎ᠠ ᠪᠠᠶᠢᠳᠠᠯ ᠢ ᠡᠭᠦᠳᠬᠦ ᠬᠡᠷᠡᠭᠳᠠᠢ
ᠨᠡᠶᠢᠲᠡᠯᠡᠭᠰᠡᠨ ᠴᠠᠭ᠄
2019/8/5
     8 ᠰᠠᠷ᠎ᠠ ᠶᠢᠨ 1᠎ ᠤ ᠡᠳᠦᠷ ᠠᠴᠠ 2᠎ ᠤᠨ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠡᠷᠭᠦᠨ᠎ᠠ ᠭᠤᠤᠯ ᠤᠨ ᠦᠪᠡᠷᠳᠡᠭᠡᠨ ᠵᠠᠰᠠᠬᠤ ᠤᠷᠤᠨ ᠤ ᠳᠡᠰ ᠤᠨ ᠭᠤᠤᠯ ᠮᠦᠷᠡᠨ ᠤ ᠳᠠᠷᠤᠭ᠎ᠠ ᠠᠢ ᠯᠢ ᠬᠤᠸᠠ ᠡᠷᠭᠦᠨ᠎ᠠ ᠬᠤᠳᠠ ᠳᠤ ᠭᠦᠨᠵᠡᠭᠡᠶᠢᠷᠡᠨ ᠭᠤᠤᠯ ᠮᠦᠷᠡᠨ ᠤ ᠪᠠᠶᠢᠴᠠᠭᠠᠨ ᠰᠤᠳᠤᠯᠤᠯᠳᠠ ᠬᠢᠭᠰᠡᠨ ᠪᠦᠭᠡᠳ ᠬᠠᠶᠢᠯᠠᠷ ᠲᠤᠭᠤᠷᠢᠭ ᠲᠤ ᠭᠤᠤᠯ ᠮᠦᠷᠡᠨ ᠤ ᠳᠠᠷᠤᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ᠃      ᠠᠢ ᠯᠢ ᠬᠤᠸᠠ ᠨᠠᠷ ᠡᠷᠭᠦᠨ᠎ᠠ ᠭᠤᠤᠯ ᠤᠨ ᠭᠤᠯᠳᠤᠷᠢᠯ ᠤᠨ ᠲᠤᠬᠠᠢ ᠶᠢᠨ ᠭᠠᠵᠠᠷ ᠢᠶᠠᠷ ᠲᠤᠭᠤᠷᠢᠨ ᠪᠠᠶᠢᠴᠠᠭᠠᠵᠤ᠂ ᠭᠤᠯᠳᠤᠷᠢᠯ᠂ ᠪᠤᠭᠤᠮᠳᠠ ᠶᠢᠨ ᠬᠠᠮᠢᠶᠠᠷᠤᠯᠳᠠ ᠵᠢᠴᠢ ᠡᠷᠭᠦᠨ᠎ᠠ ᠭᠤᠤᠯ ᠤᠨ ᠬᠠᠮᠢᠶᠠᠷᠤᠯᠳᠠ ᠬᠠᠮᠠᠭᠠᠯᠠᠯᠳᠠ ᠶᠢᠨ ᠪᠠᠶᠢᠳᠠᠯ ᠢ ᠤᠢᠢᠯᠠᠭᠠᠵᠤ᠂ ᠬᠤᠯᠪᠤᠭᠳᠠᠯ ᠪᠦᠬᠦᠢ ᠬᠠᠷᠢᠭᠤᠴᠠᠯᠭᠠᠳᠠᠨ ᠲᠠᠢ ᠰᠠᠨᠠᠯ ᠢᠶᠠᠨ ᠭᠦᠨᠵᠡᠭᠡᠢ ᠰᠤᠯᠢᠯᠴᠠᠵᠤ᠂ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠠᠢ᠃      ᠠᠢ ᠯᠢ ᠬᠤᠸᠠ᠂ ᠬᠦᠯᠦᠨ ᠪᠤᠶᠢᠷ ᠤᠨ ᠠᠮᠢ ᠠᠬᠤᠢ ᠶᠢᠨ ᠪᠠᠶᠢᠷᠢ ᠰᠠᠭᠤᠷᠢ ᠴᠢᠬᠤᠯᠠ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠭᠦᠯᠵᠦ᠂ ᠭᠤᠤᠯ ᠮᠦᠷᠡᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠴᠢᠬᠤᠯᠠ ᠶᠡᠭᠡ ᠠᠴᠢ ᠬᠤᠯᠪᠤᠬᠳᠠᠯ ᠢ ᠭᠦᠨᠵᠡᠭᠡᠢ ᠲᠠᠨᠢᠬᠤ ᠬᠡᠷᠡᠭᠲᠡᠢ᠃ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠡᠯ᠎ᠡ ᠲᠦᠷᠦᠯ ᠤᠨ ᠠᠵᠢᠯ ᠢ ᠲᠤᠭᠤᠰᠢᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ᠂ ᠬᠠᠷᠠᠯᠲᠠ ᠪᠠ ᠡᠭᠦᠷᠭᠡ ᠶᠢ ᠤᠨᠤᠪᠴᠢᠲᠡᠢ ᠡᠵᠡᠮᠳᠡᠵᠦ᠂ ᠭᠤᠤᠯ ᠨᠠᠭᠤᠷ ᠢ ᠵᠠᠭᠠᠬᠯᠠᠬᠤ᠂ ᠡᠷᠬᠢ ᠳᠠᠭᠠᠤ ᠤᠷᠤᠨ ᠤ ᠬᠠᠮᠠᠭᠠᠯᠠᠯᠲᠠ ᠠᠰᠢᠬᠯᠠᠯᠲᠠ ᠲᠦᠯᠦᠪᠵᠢᠭᠦᠯᠭᠡ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠳᠤᠷ ᠠᠳᠬᠤᠵᠤ᠂ ᠭᠤᠤᠯ ᠮᠦᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠲᠤᠬᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠤᠤᠯ ᠨᠠᠭᠤᠷ ᠤᠨ ︽ᠳᠦᠷᠪᠡᠨ ᠳᠤᠷ᠎ᠠ ᠪᠠᠷ︾᠎ ᠢ ᠬᠢᠵᠠᠭᠠᠷᠯᠠᠬᠤ᠂ ᠭᠤᠤᠯ ᠳᠤ ᠤᠷᠤᠬᠤ ᠪᠤᠬᠢᠷᠳᠤᠯ ᠢ ᠭᠠᠳᠠᠬᠰᠢᠯᠠᠭᠤᠯᠬᠤ ᠠᠮᠠᠰᠠᠷ ᠢ ᠬᠢᠨᠠᠨ ᠬᠠᠮᠢᠶᠠᠷᠬᠤ᠂ ᠭᠠᠵᠠᠷ ᠳᠤᠤᠷᠠᠬᠢ ᠤᠰᠤ ᠶᠢ ᠬᠡᠳᠦ ᠲᠠᠲᠠᠬᠰᠠᠨ ᠤᠷᠤᠨ ᠤ ᠵᠠᠰᠠᠯᠲᠠ᠂ ᠬᠦᠳᠡᠭᠡ ᠠᠵᠤ ᠠᠬᠤᠢ ᠶᠢᠨ ᠪᠤᠬᠢᠷᠳᠤᠯ ᠤᠨ ᠰᠡᠷᠭᠡᠶᠢᠯᠡᠨ ᠵᠠᠰᠠᠯᠲᠠ ᠵᠡᠷᠭᠡ ᠭᠤᠤᠯᠳᠠᠯᠭ᠎ᠠ ᠲᠠᠢ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠭᠤᠤᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠨᠡᠶᠢᠯᠡᠯ ᠬᠦᠴᠦᠨ ᠢ ᠪᠦᠷᠢᠯᠳᠦᠭᠦᠯᠵᠦ᠂ ᠬᠠᠷᠢᠭᠤᠴᠠᠯᠭ᠎ᠠ ᠶᠢ ᠲᠤᠭᠤᠰᠢᠲᠠᠢ ᠨᠠᠶᠢᠳᠠᠪᠤᠷᠢᠵᠢᠭᠤᠯᠬᠤ᠂ ᠰᠠᠯᠠᠭ᠎ᠠ ᠮᠦᠴᠢᠷ ᠲᠤᠭᠤᠰᠢᠲᠠᠢ ᠬᠦᠳᠡᠯᠦᠯᠴᠡᠬᠦ᠂ ᠤᠬᠠᠭᠤᠯᠭ᠎ᠠ ᠪᠠᠷ ᠲᠤᠭᠤᠰᠢᠲᠠᠢ ᠬᠢᠨᠠᠯᠲᠠ ᠲᠠᠯᠪᠢᠬᠤ ᠶᠢ ᠪᠡᠶᠡᠯᠡᠭᠦᠯᠵᠦ᠂ ᠭᠤᠤᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号