ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠯᠲᠠ ᠪᠠᠷ᠂ ᠣᠶᠢᠷ᠎ᠠ ᠶᠢᠨ ᠡᠳᠦᠷ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 260.5 ᠳ᠋ᠦᠩᠰᠢᠭᠤᠷ | ᠲᠥᠭᠦᠷᠢᠭ ᠠᠮᠵᠢᠯᠲᠠ ᠲᠠᠢ ᠪᠠᠷ ᠲᠠᠷᠬᠠᠭᠠᠪᠠ᠃ | ᠡᠭᠦᠨ ᠳᠤ᠂ ᠡᠩ ᠤᠨ ᠵᠢᠭᠡᠯᠡᠯᠭᠡ ᠶᠢᠨ ᠲᠡᠮᠳᠡᠭᠲᠦ ᠶᠢ 111.6 ᠳ᠋ᠦᠩᠰᠢᠭᠤᠷ ᠲᠥᠭᠦᠷᠢᠭ ᠲᠠᠷᠬᠠᠭᠠᠵᠤ᠂ | ᠪᠦᠬᠦᠨ ᠢᠶᠠᠷ ᠢᠶᠠᠨ 10 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠪᠣᠯᠬᠤ ᠪᠦᠭᠡᠳ ᠬᠦᠤ ᠶᠢᠨ | ᠨᠣᠷᠮ᠎ᠠ ᠨᠢ 3.41% ᠪᠣᠯᠤᠨ᠎ᠠ︔ ᠲᠤᠰᠬᠠᠶ ᠵᠢᠭᠡᠯᠡᠯᠭᠡ ᠶᠢᠨ ᠲᠡᠮᠳᠡᠭᠲᠦ ᠶᠢ 148.9 ᠳ᠋ᠦᠩᠰᠢᠭᠤᠷ ᠲᠥᠭᠦᠷᠢᠭ | ᠰᠢᠨ᠎ᠡ ᠪᠠᠷ ᠲᠠᠷᠬᠠᠭᠠᠪᠠ᠃ ᠲᠣᠰ ᠤᠳᠠᠭᠠᠨ ᠤ ᠲᠠᠷᠬᠠᠭᠠᠯᠲᠠ ᠳᠠᠭᠤᠰᠪᠠᠯ᠂ ᠮᠠᠨ ᠤ ᠣᠷᠣᠨ ᠡᠨᠡ ᠵᠢᠯ 621.724 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢ ᠰᠢᠨ᠎ᠡ ᠪᠠᠷ ᠲᠠᠷᠬᠠᠭᠠᠵᠤ᠂ ᠪᠥᠬᠦ ᠵᠢᠯ ᠤᠨ | ᠲᠠᠷᠬᠠᠭᠠᠯᠲᠠ ᠶᠢᠨ ᠬᠡᠮᠵᠢᠶ᠎ᠡ ᠶᠢᠨ 93.19% ᠶᠢ ᠪᠡᠶᠡᠯᠡᠭᠦᠯᠦᠭᠰᠡᠨ ᠪᠠᠶᠢᠨ᠎ᠠ︔ ᠳᠠᠬᠢᠨᠲᠠ ᠪᠡᠯᠡ ᠲᠣᠬᠢᠷᠠᠭᠤᠯᠬᠤ | ᠴᠢᠨᠠᠷᠲᠠᠢ ᠵᠢᠭᠡᠯᠡᠯᠭᠡ ᠶᠢᠨ ᠲᠡᠮᠳᠡᠭᠲᠦ ᠶᠢ 210.7961 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦ ᠵᠢᠯ ᠤᠨ | ᠲᠠᠷᠬᠠᠭᠠᠯᠲᠠ ᠶᠢᠨ ᠬᠡᠮᠵᠢᠶ᠎ᠡ ᠶᠢᠨ 57.1% ᠶᠢ ᠪᠡᠶᠡᠯᠡᠭᠦᠯᠦᠭᠰᠡᠨ ᠪᠠᠶᠢᠨ᠎ᠠ᠃ |