ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠠᠴᠠ ᠣᠶᠢᠯᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠨᠠᠢᠳᠠᠪᠤᠷᠢᠵᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ | ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ | ᠡᠬᠢᠯᠡᠭᠦᠯᠦᠭᠰᠡᠨ ᠨᠣᠷᠮ᠎ᠠ 71% ᠳᠤ ᠬᠦᠷᠴᠡᠶ᠃ | ᠥᠷᠭᠡᠨ ᠣᠯᠠᠨ ᠮᠠᠯᠴᠢᠨ ᠲᠠᠷᠢᠶᠠᠴᠢᠨ ᠤ ᠠᠮᠤᠷ ᠲᠦᠪᠰᠢᠨ ᠣᠷᠣᠰᠢᠨ ᠰᠠᠭᠤᠬᠤ ᠵᠡᠭᠦᠳᠦ ᠶᠢ ᠡᠷᠲᠡᠬᠡᠨ | ᠲᠡᠷᠭᠡᠯᠰᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠲᠣᠭᠤᠷᠢᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ᠨᠤᠷᠠᠬᠤ ᠠᠶᠤᠯᠲᠠᠶ ᠭᠡᠷ ᠪᠠᠶᠢᠰᠢᠩ ᠢ ᠬᠢᠨᠠᠨ ᠲᠣᠭᠲᠠᠭᠠᠬᠤ᠂ | ᠲᠤᠰᠠᠯᠠᠭᠤᠯᠤᠭᠴᠢᠳ ᠢ ᠮᠠᠭᠠᠳᠯᠠᠨ ᠲᠣᠭᠲᠠᠭᠠᠬᠤ᠂ ᠪᠡᠯᠡ ᠮᠥᠩᠭᠦ ᠶᠢᠨ ᠨᠥᠬᠦᠪᠥᠷᠢ ᠥᠭᠬᠦ᠂ ᠪᠠᠷᠢᠯᠭ᠎ᠠ ᠶᠢ ᠰᠢᠯᠭᠠᠨ | ᠠᠪᠬᠤ᠂ ᠳᠠᠩᠰᠠ ᠡᠪᠬᠡᠮᠡᠯ ᠢ ᠬᠠᠮᠢᠶᠠᠷᠬᠤ ᠠᠵᠢᠯ ᠢ ᠲᠦᠢᠯ ᠤᠨ ᠣᠨᠣᠪᠴᠢᠲᠠᠢ ᠪᠠᠶᠢᠯᠭᠠᠬᠤ ᠶᠢ ᠥᠨᠡᠨ ᠬᠦ | ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠡᠨᠡᠬᠦ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠴᠠᠭ ᠲᠤᠬᠠᠶ ᠳᠤ ᠨᠢ ᠬᠤᠭᠤᠴᠠᠭ᠎ᠠ ᠶᠣᠰᠣᠭᠠᠷ ᠨᠢ | ᠴᠢᠨᠠᠷᠵᠢᠭᠤᠨ ᠪᠡᠶᠡᠯᠡᠭᠦᠯᠬᠦ ᠶᠢ ᠦᠨᠡᠨᠬᠦ ᠪᠠᠲᠤᠯᠠᠵᠤ ᠪᠠᠶᠢᠨ᠎ᠠ᠃ 2019 ᠣᠨ ᠤ ᠮᠠᠯᠵᠢᠬᠤ ᠲᠠᠷᠢᠶᠠᠯᠠᠬᠤ ᠣᠷᠣᠨ ᠤ | ᠥᠭᠡᠷᠡᠴᠢᠯᠡᠨ ᠰᠢᠨᠡᠳᠬᠡᠬᠦ ᠡᠭᠦᠷᠭᠡ ᠨᠢ 18002 ᠡᠷᠦᠬᠡ ᠪᠠᠶᠢᠵᠤ᠂ ᠡᠭᠦᠨ ᠳᠤ᠂ ᠳᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠶ ᠡᠷᠦᠬᠡ 3655 ᠪᠠᠶᠢᠨ᠎ᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠯᠵᠢᠬᠤ | ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠨᠢᠭᠡᠨᠲᠡ | 12779 ᠡᠷᠦᠬᠡ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ 71% ᠳᠤ ᠬᠦᠷᠴᠦ᠂ ᠡᠭᠦᠨ ᠳᠤ ᠳᠠᠩᠰᠠ | ᠪᠠ ᠺᠠᠷᠲ ᠲᠠᠢ ᠶᠠᠳᠠᠭᠤ ᠬᠦᠴᠢᠷᠳᠡᠯᠲᠡᠶ 3486 ᠡᠷᠦᠬᠡ ᠶᠢᠨ ᠠᠵᠢᠯ ᠢ ᠡᠬᠢᠯᠡᠭᠦᠯᠵᠦ᠂ ᠠᠵᠢᠯ ᠡᠬᠢᠯᠡᠭᠦᠯᠦᠭᠰᠡᠨ | ᠨᠣᠷᠮ᠎ᠠ 95.4% ᠳᠤ ᠬᠦᠷᠴᠡᠶ᠃ | ᠡᠨᠡ ᠵᠢᠯ ᠠᠴᠠ ᠨᠠᠭᠠᠰᠢ᠂ ᠮᠠᠨ ᠤ ᠣᠷᠣᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢᠶᠠᠨ | ᠲᠠᠰᠤᠷᠠᠯᠲᠠ ᠥᠬᠡᠶ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠬᠦ ᠠᠴᠠ ᠭᠠᠳᠠᠨ᠎ᠠ ᠪᠠᠰᠠ ᠬᠤᠲᠠ ᠪᠠᠯᠭᠠᠰᠤ ᠶᠢᠨ | ᠳᠥᠭᠦᠮ ᠪᠥᠲᠥᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠣᠯᠭᠤᠬᠤ ᠠᠵᠢᠯ ᠢ ᠢᠳᠡᠪᠬᠢᠲᠡᠢ ᠠᠬᠢᠭᠤᠯᠪᠠ᠃ 2019 | ᠣᠨ ᠳᠤ ᠪᠥᠬᠦ ᠣᠷᠣᠨ ᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ | ᠡᠭᠦᠷᠭᠡ ᠶᠢ 5.29 ᠲᠦᠮᠡᠨ ᠢᠵᠢ ᠪᠠᠭᠤᠯᠭᠠᠵᠤ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ | 32103 ᠢᠵᠢ ᠪᠠᠷᠢᠯᠭ᠎ᠠ ᠶᠢᠨ ᠠᠵᠢᠯ ᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ 60.7% ᠳᠤ ᠬᠦᠷᠪᠡ︔ | 23210 ᠢᠵᠢ ᠪᠠᠷᠢᠯᠭ᠎ᠠ ᠶᠢ ᠦᠨᠳᠦᠰᠦᠨ ᠳᠤ ᠪᠠᠨ ᠪᠠᠶᠢᠭᠤᠯᠵᠤ᠂ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 85. | 2% ᠲᠤ ᠬᠦᠷᠪᠡ᠃ 2019 ᠣᠨ ᠳᠤ ᠪᠥᠬᠦ ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ | ᠪᠠᠲᠤᠯᠠᠭ᠎ᠠ ᠶᠢᠨ ᠭᠡᠷ ᠪᠦᠯᠢ ᠳᠤ ᠲᠦᠷᠢᠶᠡᠰᠦᠨ ᠨᠥᠬᠦᠪᠥᠷᠢ ᠣᠯᠭᠤᠬᠤ ᠡᠭᠦᠷᠭᠡ 3.67 ᠲᠦᠮᠡᠨ ᠡᠷᠦᠬᠡ ᠪᠠᠶᠢᠵᠤ᠂ | 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 18591 ᠡᠷᠦᠬᠡ ᠳᠤ ᠲᠦᠷᠢᠶᠡᠰᠦᠨ ᠨᠥᠬᠦᠪᠥᠷᠢ ᠣᠯᠭᠤᠵᠤ᠂ | ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ ᠨᠢ 50.7% ᠪᠣᠯᠵᠠᠢ᠃ |