ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2019/8/6
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠮᠠᠭᠠᠳᠯᠠᠨ ᠲᠣᠭᠲᠠᠭᠠᠬᠤ ᠵᠢᠴᠢ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠮᠠᠭᠠᠳᠯᠠᠨ ᠲᠣᠭᠲᠠᠭᠠᠬᠤ ᠵᠢᠴᠢ ᠬᠠᠮᠢᠶᠠᠷᠬᠤ ᠲᠠᠯ᠎ᠠ ᠪᠠᠷ ᠰᠢᠨ᠎ᠡ ᠲᠣᠭᠲᠠᠭᠠᠯ ᠲᠠᠢ ᠪᠣᠯᠪᠠ᠃      ︽ᠬᠠᠮᠢᠶᠠᠷᠤᠯᠲᠠ ᠶᠢᠨ ᠠᠷᠭ᠎ᠠ︾᠎ ᠳᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠡᠷᠬᠡᠪᠰᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ᠂ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠵᠢᠴᠢ ᠬᠤᠯᠪᠣᠭᠳᠠᠯ ᠪᠦᠬᠦᠢ ᠦᠨᠡᠮᠯᠡᠯ ᠣᠯᠬᠤ ᠶᠢᠨ ᠬᠠᠮᠲᠤ ᠠᠰᠢᠭ ᠬᠤᠨᠵᠢᠪᠤᠷᠢᠲᠤ ᠪᠤᠰᠤ ᠬᠠᠤᠯᠢ ᠶᠢᠨ ᠡᠷᠬᠡᠲᠡᠨ ᠢᠶᠠᠷ ᠬᠠᠤᠯᠢ ᠶᠣᠰᠣᠭᠠᠷ ᠳᠠᠩᠰᠠᠯᠠᠭᠤᠯᠬᠤ ᠬᠡᠷᠡᠭᠲᠡᠶ᠃ ᠱᠠᠭᠠᠷᠳᠠᠯᠭ᠎ᠠ ᠶᠣᠰᠣᠭᠠᠷ᠂ ᠬᠡᠤᠬᠡᠳ ᠤᠨ ᠴᠡᠴᠡᠷᠯᠢᠭ ᠡᠷᠬᠢᠯᠡᠬᠦ ᠨᠥᠬᠦᠴᠡᠯ ᠢ ᠡᠷᠬᠡᠪᠰᠢ ᠲᠣᠰ ᠵᠢᠯ ᠤᠨ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠪᠠᠶᠢᠭᠤᠯᠬᠤ ᠶᠢ ᠬᠢᠨᠠᠨ ᠵᠥᠪᠰᠢᠶᠡᠷᠡᠬᠦ ᠪᠠᠷᠢᠮᠵᠢᠶ᠎ᠠ ᠳᠤ ᠬᠦᠷᠦᠭᠦᠯᠵᠦ᠂ ᠵᠠᠷᠴᠢᠮ ᠳᠡᠭᠡᠷ᠎ᠡ ᠪᠠᠨ ᠬᠤᠲᠠ ᠶᠢᠨ ᠲᠣᠭᠤᠷᠢᠭ ᠪᠣᠯᠤᠨ ᠬᠤᠰᠢᠭᠤ ᠰᠢᠶᠠᠨ ᠤ ᠪᠠᠶᠢᠭ᠎ᠠ ᠭᠠᠵᠠᠷ ᠲᠤ ᠡᠷᠬᠢᠯᠡᠬᠦ ᠬᠡᠤᠬᠡᠳ ᠤᠨ ᠴᠡᠴᠡᠷᠯᠢᠭ ᠤᠨ ᠬᠡᠪᠴᠢᠶ᠎ᠡ ᠶᠢ 6 ᠠᠩᠭᠢ ︵120 ᠬᠥᠮᠦᠨ︶᠂ ᠰᠤᠮᠤ ᠰᠢᠶᠠᠩ ᠪᠠᠯᠭᠠᠰᠤ ᠵᠢᠴᠢ ᠲᠡᠭᠦᠨ ᠠᠴᠠ ᠳᠣᠷᠣᠭᠰᠢᠬᠢ ᠵᠠᠰᠠᠭ ᠵᠠᠬᠢᠷᠭᠠᠨ ᠤ ᠣᠷᠣᠨ ᠳᠤ ᠡᠷᠬᠢᠯᠡᠬᠦ ᠬᠡᠤᠬᠡᠳ ᠤᠨ ᠴᠡᠴᠡᠷᠯᠢᠭ ᠢ 3 ᠠᠩᠭᠢ ︵60 ᠬᠥᠮᠦᠨ︶᠎ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠥᠮᠴᠢᠯᠡᠬᠦ ᠡᠷᠬᠡ ᠶᠢ ᠲᠣᠳᠣᠷᠬᠠᠶ ᠪᠠᠶᠢᠯᠭᠠᠵᠤ᠂ ᠥᠪᠡᠷ ᠤᠨ ᠭᠡᠷ ᠭᠠᠵᠠᠷ ᠬᠥᠷᠥᠩᠭᠡ ᠲᠠᠢ ᠪᠠᠶᠢᠵᠤ ᠬᠡᠤᠬᠡᠳ ᠤᠨ ᠴᠡᠴᠡᠷᠯᠢᠭ ᠡᠷᠬᠢᠯᠡᠬᠦ ᠳᠤ ᠬᠠᠮᠢᠶ᠎ᠠ ᠪᠦᠬᠦᠢ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ ᠲᠠᠢ ᠪᠠᠶᠢᠬᠤ ᠬᠡᠷᠡᠭᠲᠡᠢ᠂ ᠭᠡᠷ ᠪᠠᠶᠢᠰᠢᠩ ᠲᠦᠷᠢᠶᠡᠰᠦᠯᠡᠨ ᠬᠡᠤᠬᠡᠳ ᠤᠨ ᠴᠡᠴᠡᠷᠯᠢᠭ ᠡᠷᠬᠢᠯᠡᠬᠦ ᠳᠤ ᠡᠷᠬᠡᠪᠰᠢ 5 ᠵᠢᠯ ᠠᠴᠠ ᠳᠡᠭᠡᠭᠰᠢ ︵ᠭᠡᠷ᠎ᠡ ᠶᠢᠨ ᠬᠤᠭᠤᠴᠠᠭ᠎ᠠ ᠳᠦᠭᠦᠷᠲᠡᠯ᠎ᠡ 3 ᠵᠢᠯ ᠠᠴᠠ ᠳᠤᠲᠠᠭᠤ ᠦᠭᠡᠢ ᠪᠠᠶᠢᠬᠤ︶ ᠭᠡᠷ ᠪᠠᠶᠢᠰᠢᠩ ᠲᠦᠷᠢᠶᠡᠰᠦᠯᠡᠨ ᠬᠡᠷᠡᠭᠯᠡᠬᠦ ᠭᠡᠷ᠎ᠡ ᠲᠠᠢ ᠪᠠᠶᠢᠬᠤ ᠬᠡᠷᠡᠭᠲᠡᠶ ᠪᠥᠭᠡᠳ ᠲᠦᠷᠢᠶᠡᠰᠦᠯᠡᠭᠦᠯᠬᠦ ᠲᠠᠯ᠎ᠠ ᠶᠢᠨ ᠥᠮᠴᠢᠯᠡᠬᠦ ᠡᠷᠬᠡ ᠳᠤ ᠮᠠᠷᠭᠤᠯᠳᠤᠭᠠᠨ ᠣᠷᠣᠰᠢᠬᠤ ᠦᠭᠡᠢ ᠪᠠᠶᠢᠬᠤ ᠬᠡᠷᠡᠭᠲᠡᠢ᠃ ᠪᠠᠭᠰᠢ ᠠᠵᠢᠯᠲᠠᠨ ᠠᠵᠢᠯᠴᠢᠨ ᠤ ᠲᠤᠭ᠎ᠠ ᠶᠢ ᠲᠣᠬᠢᠷᠠᠭᠤᠯᠬᠤ ᠳᠤ ᠪᠠᠨ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠲᠠᠢ ᠠᠳᠠᠯᠢ ᠲᠡᠰ ᠤᠨ ᠪᠠᠷᠢᠮᠵᠢᠶ᠎ᠠ ᠳᠤ ᠬᠦᠷᠦᠭᠦᠯᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠯᠢᠩ ᠣᠯᠭᠤᠮᠵᠢ ᠪᠣᠯᠤᠨ ᠨᠡᠶᠢᠭᠡᠮ ᠤᠨ ᠳᠠᠭᠠᠳᠬᠠᠯ ᠢ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃      ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠵᠢᠯ ᠪᠦᠷᠢ ᠨᠢᠭᠡ ᠤᠳᠠᠭ᠎ᠠ ᠮᠠᠭᠠᠳᠯᠠᠨ ᠲᠣᠭᠲᠠᠭᠠᠵᠤ᠂ ᠮᠠᠭᠠᠳᠯᠠᠨ ᠲᠣᠭᠲᠠᠭᠠᠭᠰᠠᠨ ᠤ ᠳᠠᠷᠠᠭᠠᠬᠢ ᠬᠦᠴᠦᠨ ᠲᠠᠢ ᠬᠤᠭᠤᠴᠠᠭ᠎ᠠ ᠨᠢ 3 ᠵᠢᠯ ᠪᠣᠯᠤᠨ᠎ᠠ᠃ ᠨᠥᠬᠦᠴᠡᠯ ᠪᠦᠬᠦᠢ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠨᠢ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠤᠨ ᠶᠣᠰᠣᠭᠠᠷ ᠰᠠᠭᠤᠵᠤ ᠪᠠᠶᠢᠭ᠎ᠠ ᠬᠤᠰᠢᠭᠤ ᠰᠢᠶᠠᠨ ︵ᠲᠣᠭᠤᠷᠢᠭ︶᠎ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠢᠴᠢᠭᠯᠡᠭᠰᠡᠨ ᠭᠤᠶᠤᠴᠢᠯᠠᠯ ᠭᠠᠷᠭᠠᠬᠤ ᠬᠡᠷᠡᠭᠲᠡᠶ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢᠶᠠᠷ ᠦᠨᠡᠯᠡᠭᠳᠡᠭᠰᠡᠨ ᠪᠠᠶᠢᠪᠠᠯ᠂ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠪᠠᠯᠠ ᠮᠥᠩᠭᠦ ᠪᠠᠷ ᠭᠤᠤᠯᠳᠠᠯᠭ᠎ᠠ ᠲᠠᠢ ᠨᠥᠬᠦᠪᠥᠷᠢ ᠥᠭᠭᠦᠨ᠎ᠡ᠃ ᠬᠤᠰᠢᠭᠤ ᠰᠢᠶᠠᠨ ︵ᠲᠣᠭᠤᠷᠢᠭ︶᠎ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠲᠤᠰᠠᠯᠠᠮᠵᠢ ᠶᠢᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠳᠤ ᠵᠢᠯ ᠪᠦᠷᠢ ᠲᠤᠰᠬᠠᠶ ᠬᠢᠨᠠᠯᠲᠠ ᠪᠠᠶᠢᠴᠠᠭᠠᠯᠲᠠ ᠬᠢᠬᠦ ᠬᠡᠷᠡᠭᠲᠡᠶ᠃ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠤᠰᠠᠯᠠᠮᠵᠢ ᠶᠢ ᠬᠦᠷᠲᠡᠵᠦ ᠪᠠᠶᠢᠭ᠎ᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠨᠢ ᠬᠡᠦᠭᠡᠳ ᠤᠨ ᠴᠡᠴᠡᠷᠯᠢᠭ ᠲᠤ ᠣᠷᠣᠬᠤ ᠲᠠᠢ ᠬᠤᠯᠪᠣᠭᠳᠠᠭᠤᠯᠤᠭᠰᠠᠨ ᠳᠡᠮᠵᠢᠯᠭᠡ ᠶᠢᠨ ᠰᠦᠢᠳᠬᠡᠯ ᠪᠤᠶᠤ ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ ᠵᠡᠷᠭᠡ ᠰᠦᠢᠳᠬᠡᠯ ᠬᠤᠷᠢᠶᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠤᠷᠢᠶᠠᠵᠤ ᠪᠣᠯᠬᠤ ᠦᠭᠡᠢ᠂ ᠣᠨᠴᠠ ᠴᠢᠳᠠᠪᠤᠷᠢᠲᠠᠨ ᠤ ᠠᠩᠭᠢ᠂ ᠳᠤᠷ᠎ᠠ ᠰᠣᠨᠢᠷᠬᠠᠯ ᠤᠨ ᠠᠩᠭᠢ ᠵᠡᠷᠭᠡ ᠬᠡᠯᠪᠡᠷᠢ ᠪᠠᠷ ᠭᠡᠷ ᠤᠨ ᠠᠬᠠᠮᠠᠳ ᠠᠴᠠ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠴᠠᠭᠠᠵᠠᠯᠠᠨ᠎ᠠ ᠭᠡᠵᠡᠢ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号