8 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠪᠥᠬᠦ ᠣᠷᠣᠨ ᠤ 2019 ᠣᠨ ᠤ ᠳᠡᠭᠡᠷ᠎ᠡ ᠬᠠᠭᠠᠰ ᠵᠢᠯ ᠤᠨ | ᠬᠤᠳᠠᠯᠳᠤᠭᠠᠨ ᠤ ᠶᠠᠪᠤᠳᠠᠯ ᠪᠠ ᠪᠣᠭᠤᠮᠲᠠ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ | ᠬᠤᠷᠠᠯ ᠬᠢᠵᠦ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠮᠠᠨ ᠤ ᠣᠷᠣᠨ ᠤ ᠬᠤᠳᠠᠯᠳᠤᠭᠠᠨ ᠤ ᠶᠠᠪᠤᠳᠠᠯ ᠪᠠ | ᠪᠣᠭᠤᠮᠲᠠ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠪᠠᠶᠢᠳᠠᠯ ᠢ ᠨᠡᠪᠲᠡᠷᠡᠭᠦᠯᠬᠦ ᠶᠢᠨ ᠬᠠᠮᠲᠤ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠰᠤᠷᠪᠤᠯᠵᠢᠯᠠᠭᠴᠢ ᠬᠤᠷᠠᠯ ᠠᠴᠠ ᠣᠶᠢᠯᠠᠭᠠᠭᠰᠠᠨ ᠨᠢ᠂ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 3499.5 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠪᠡ᠃ ᠭᠠᠳᠠᠭᠠᠳᠤ ᠠᠷᠠᠯᠵᠢᠶᠠᠨ ᠤ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠳᠡᠭ 547.2 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 9.6% ᠨᠡᠮᠡᠭᠳᠡᠪᠡ᠃ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ | ᠬᠢᠯᠢ ᠶᠢᠨ ᠭᠠᠳᠠᠨ᠎ᠠ ᠪᠠᠯᠠ ᠣᠷᠣᠭᠤᠯᠤᠭᠰᠠᠨ ᠠᠵᠤ ᠠᠬᠤᠶᠢᠯᠠᠯ 35 ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 15 ᠨᠡᠮᠡᠭᠳᠡᠪᠡ︔ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷᠲᠦ ᠪᠡᠯᠡ ᠣᠷᠣᠭᠤᠯᠤᠯᠲᠠ 5.8 ᠳ᠋ᠦᠩᠰᠢᠭᠤᠷ | ᠳ᠋ᠣᠯᠯᠠᠷ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠶᠡᠭᠡ ᠪᠠᠷ ᠳᠡᠭᠡᠭᠰᠢᠯᠡᠵᠦ᠂ ᠠᠳᠠᠯᠢ | ᠬᠤᠭᠤᠴᠠᠭᠠᠨ ᠤ ᠬᠢ ᠠᠴᠠ 95.3% ᠨᠡᠮᠡᠭᠳᠡᠵᠡᠶ᠃ ᠪᠦᠬᠦ ᠣᠷᠣᠨ ᠳᠤ ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠣᠭᠤᠯᠤᠭᠰᠠᠨ ᠠᠵᠤ ᠠᠬᠤᠶᠢᠯᠠᠯ ᠢ 22 ᠰᠢᠨ᠎ᠡ ᠪᠠᠷ ᠪᠠᠶᠢᠭᠤᠯᠤᠨ᠂ 10.86 ᠳ᠋ᠦᠩᠰᠢᠭᠤᠷ ᠳ᠋ᠣᠯᠯᠠᠷ ᠤᠨ | ᠭᠠᠳᠠᠭᠠᠳᠤ ᠪᠡᠯᠡ ᠶᠢ ᠪᠣᠳᠠᠲᠠᠶ ᠠᠰᠢᠭᠯᠠᠵᠤ᠂ ᠠᠳᠠᠯᠢ ᠬᠤᠭᠤᠴᠠᠭᠠᠨ ᠤ ᠬᠢ ᠠᠴᠠ 11.35% ᠪᠠᠷ ᠪᠠᠭᠤᠷᠠᠪᠠ᠃ | ᠪᠥᠬᠦ ᠣᠷᠣᠨ ᠤ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠠᠷᠠᠯᠵᠢᠶᠠᠨ ᠤ ᠲᠤᠭ᠎ᠠ 187.84 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.57% ᠨᠡᠮᠡᠭᠳᠡᠪᠡ᠃ ᠪᠥᠬᠦ ᠣᠷᠣᠨ ᠤ | ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 4403.53 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠪᠡ᠃ ᠬᠢᠯᠢ ᠪᠠᠷ ᠣᠷᠣᠵᠤ ᠭᠠᠷᠤᠭᠰᠠᠨ | ᠠᠶᠠᠨᠴᠢᠳ 300.74 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% | ᠨᠡᠮᠡᠭᠳᠡᠪᠡ᠃ ᠮᠠᠨᠵᠤᠤᠷ ᠪᠣᠭᠤᠮᠲᠠ ᠪᠠᠷ ᠨᠠᠭᠠᠰᠢ ᠴᠠᠭᠠᠰᠢ ᠳᠤᠮᠳᠠᠳᠤ ᠧᠦ᠋ᠷᠣᠫᠠ ᠶᠢᠨ ᠵᠢᠱᠢᠶᠡᠨ ᠤ ᠭᠠᠯᠲᠤ ᠲᠡᠷᠭᠡ | 1011 ᠴᠤᠪᠤᠭ᠎ᠠ ᠠᠶᠠᠯᠠᠵᠤ᠂ ᠠᠳᠠᠯᠢ ᠬᠤᠭᠤᠴᠠᠭᠠᠨ ᠤ ᠬᠢ ᠠᠴᠠ 35.2% ᠨᠡᠮᠡᠭᠳᠡᠪᠡ᠃ ᠡᠷᠢᠶᠡᠨ ᠬᠤᠲᠠ | ᠪᠣᠭᠤᠮᠲᠠ ᠪᠠᠷ ᠨᠠᠭᠠᠰᠢ ᠴᠠᠭᠠᠰᠢ ᠳᠤᠮᠳᠠᠳᠤ ᠧᠦ᠋ᠷᠣᠫᠠ ᠶᠢᠨ ᠵᠢᠱᠢᠶᠡᠨ ᠤ ᠭᠠᠯᠲᠤ ᠲᠡᠷᠭᠡ 713 ᠴᠤᠪᠤᠭ᠎ᠠ | ᠠᠶᠠᠯᠠᠵᠤ᠂ ᠠᠳᠠᠯᠢ ᠬᠤᠭᠤᠴᠠᠭᠠᠨ ᠤ ᠬᠢ ᠠᠴᠠ 22.93% ᠨᠡᠮᠡᠭᠳᠡᠪᠡ᠃ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠢᠯᠡᠳᠬᠡᠭᠰᠡᠨ ᠨᠢ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠲᠠᠸᠠᠷ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠲᠤᠭ᠎ᠠ | ᠪᠦᠷᠢᠳᠬᠡᠯ ᠤᠨ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ | ᠲᠠᠸᠠᠷ ᠤᠨ ᠲᠤᠭ᠎ᠠ ᠪᠠᠷᠢᠮᠳᠠ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠪᠥᠷᠢᠨᠰᠢᠭᠦᠯᠦᠨ᠎ᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠬᠤ ᠨᠡᠮᠡᠭᠳᠡᠯ ᠢ ᠪᠠᠲᠤᠯᠠᠬᠤ ᠵᠢᠱᠢᠯᠲᠡ ᠶᠢᠨ ᠲᠣᠭᠤᠷᠢᠨ ᠳᠤ᠂ | ᠪᠣᠳᠠᠲᠤ ᠴᠣᠭᠴᠠ ᠶᠢᠨ ᠵᠢᠵᠢᠭᠯᠡᠨ ᠪᠣᠷᠣᠯᠠᠭᠤᠯᠬᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ | ᠦᠷᠭᠦᠯᠵᠢᠯᠡᠨ ᠠᠬᠢᠭᠤᠯᠵᠤ᠂ ᠪᠤᠶᠢᠵᠢᠭᠤᠯᠬᠤ ᠶᠢᠨ ᠬᠠᠮᠲᠤ ᠤᠯᠤᠰ ᠲᠤ ᠶᠠᠪᠠᠭᠠᠨ ᠵᠡᠭᠡᠯᠢ ᠶᠢᠨ ᠲᠤᠷᠰᠢᠯᠲᠠ ᠶᠢᠨ | ᠴᠡᠭ ᠭᠠᠷᠭᠠᠬᠤ ᠶᠢ ᠭᠤᠶᠤᠴᠢᠯᠠᠨ ᠮᠡᠳᠡᠭᠦᠯᠦᠨ᠎ᠡ︔ ᠮᠠᠨ ᠤ ᠣᠷᠣᠨ ᠭᠠᠳᠠᠭᠠᠳᠤ ᠪᠡᠯᠡ ᠶᠢ ᠠᠰᠢᠭᠯᠠ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ ᠨᠡᠶᠢᠲᠡᠯᠡᠬᠦ ᠶᠢ ᠠᠬᠢᠭᠤᠯᠵᠤ᠂ ᠲᠦᠷᠦᠭᠦᠤ ᠳᠥᠷᠪᠡᠨ ᠪᠦᠯᠦᠭ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ | ᠲᠠᠪᠤᠳᠤᠭᠠᠷ ᠪᠦᠯᠦᠭ ᠤᠨ ᠲᠤᠷᠰᠢᠯᠭ᠎ᠠ ᠳᠠᠭᠤᠷᠢᠶᠠᠨ ᠳᠡᠯᠭᠡᠷᠡᠭᠦᠯᠬᠦ ᠲᠥᠰᠦᠯ ᠢ ᠨᠡᠶᠢᠲᠡᠯᠡᠨ᠎ᠡ︔ ᠬᠢᠯᠢ ᠶᠢᠨ ᠭᠠᠳᠠᠨᠠᠬᠢ | ᠰᠦᠯᠵᠢᠶᠡᠨ ᠤ ᠦᠢᠯᠡᠴᠢᠯᠡᠭᠡᠨ ᠤ ᠲᠠᠪᠴᠠᠩ ᠢ ᠲᠥᠯᠥᠪᠵᠢᠭᠦᠯᠦᠨ ᠪᠠᠶᠢᠭᠤᠯᠵᠤ᠂ ᠮᠠᠨ ᠤ ᠣᠷᠣᠨ ᠤ ᠭᠠᠳᠠᠭᠠᠳᠤ ᠳᠤ | ᠪᠠᠯᠠ ᠣᠷᠣᠭᠤᠯᠬᠤ ᠴᠢᠬᠤᠯᠠ ᠲᠥᠷᠥᠯ ᠵᠦᠢᠯ ᠢ ᠤᠯᠤᠰ ᠤᠨ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠶᠢᠨ | ᠬᠠᠷᠠᠭᠠᠨ ᠳᠤ ᠣᠷᠣᠭᠤᠯᠤᠨ᠎ᠠ︔ ᠲᠡᠭᠡᠭᠡᠪᠦᠷᠢ ᠶᠢᠨ ᠬᠡᠮᠵᠢᠶ᠎ᠡ ᠶᠢ ᠵᠠᠳᠠᠯᠤᠨ ᠲᠣᠬᠢᠷᠠᠭᠤᠯᠬᠤ ᠪᠠ ᠲᠥᠰᠦᠭᠡᠯᠡᠵᠦ | ᠵᠠᠳᠠᠯᠬᠤ ᠬᠢᠷᠢ ᠲᠥᠪᠰᠢᠨ ᠢᠶᠠᠨ ᠴᠢᠩᠭᠠᠳᠬᠠᠵᠤ᠂ ᠭᠤᠤᠯᠳᠠᠯᠭ᠎ᠠ ᠲᠠᠢ ᠪᠠᠷᠠᠭ᠎ᠠ ᠲᠡᠭᠡᠭᠡᠪᠦᠷᠢ ᠶᠢᠨ ᠠᠵᠤ | ᠠᠬᠤᠶᠢᠯᠠᠯ ᠤᠨ ᠪᠣᠭᠤᠮᠲᠠ ᠪᠠᠷ ᠥᠩᠭᠡᠷᠡᠭᠦᠯᠬᠦ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠪᠣᠭᠤᠮᠲᠠ ᠪᠠᠷ | ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠠᠭᠴᠠ ᠮᠣᠳᠣ᠂ ᠷᠠᠰᠢᠶᠠᠨ ᠤ ᠲᠡᠮᠦᠷ ᠵᠠᠮ ᠤᠨ | ᠪᠣᠭᠤᠮᠲᠠ ᠶᠢᠨ ᠪᠠᠶᠢᠷᠢᠰᠢᠯ ᠢ ᠲᠣᠭᠲᠠᠭᠠᠬᠤ ᠶᠢ ᠦᠷᠭᠦᠯᠵᠢᠯᠡᠨ ᠠᠬᠢᠭᠤᠯᠵᠤ᠂ ᠴᠡᠭᠡ᠂ ᠵᠡᠭᠦᠨ ᠬᠠᠲᠠᠪᠴᠢ ᠲᠡᠮᠦᠷ | ᠵᠠᠮ ᠤᠨ ᠪᠣᠭᠤᠮᠲᠠ ᠶᠢᠨ ᠨᠡᠭᠡᠭᠡᠯᠲᠡ ᠶᠢ ᠠᠬᠢᠭᠤᠯᠤᠨ᠎ᠠ ᠭᠡᠵᠡᠢ᠃ |