ᠳᠡᠭᠡᠳᠣ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠥᠷᠭᠡᠳᠬᠡᠨ ᠡᠯᠰᠡᠬᠦ ᠰᠦᠯᠵᠢᠶᠡᠨ ᠳᠡᠭᠡᠷ᠎ᠡ ᠡᠷᠡᠮᠡᠯᠵᠡᠯ ᠮᠡᠳᠡᠬᠦᠯᠬᠦ ᠠᠵᠢᠯᠯᠠᠭ᠎ᠠ 7᠎ ᠤ ᠡᠳᠦᠷ ᠠᠴᠠ ᠡᠬᠢᠯᠡᠨ ᠶᠠᠪᠣᠭᠳᠠᠨ᠎ᠠ
ᠨᠡᠶᠢᠲᠡᠯᠡᠭᠰᠡᠨ ᠴᠠᠭ᠄
2019/8/6
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠎ ᠠᠴᠠ ᠣᠶᠢᠯᠠᠭᠠᠭᠰᠠᠨ ᠢᠶᠠᠷ᠂ 2019 ᠣᠨ ᠤ ᠳᠡᠭᠡᠳᠣ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠥᠷᠭᠡᠳᠬᠡᠨ ᠡᠯᠰᠡᠬᠦ ᠨᠢᠭᠡᠳᠦᠭᠡᠷ ᠤᠳᠠᠭᠠᠨ ᠤ ᠰᠦᠯᠵᠢᠶᠡᠨ ᠳᠡᠭᠡᠷ᠎ᠡ ᠡᠷᠡᠮᠡᠯᠵᠡᠯ ᠮᠡᠳᠡᠭᠦᠯᠬᠦ ᠠᠵᠢᠯ 8 ᠳ᠋ᠣᠭᠠᠷ ᠰᠠᠷ᠎ᠠ ᠶᠢᠨ 7᠎ ᠤ ᠡᠳᠦᠷ ᠠᠴᠠ ᠡᠬᠢᠯᠡᠨ᠎ᠡ᠃ ᠰᠢᠯᠭᠠᠭᠤᠯᠤᠭᠴᠢ ᠡᠷᠬᠡᠪᠰᠢ ᠰᠦᠯᠵᠢᠶᠡᠨ ᠳᠡᠭᠡᠷ᠎ᠡ ᠳᠡᠭᠡᠳᠣ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠦᠷᠬᠡᠳᠬᠡᠨ ᠡᠯᠰᠡᠬᠦ ᠲᠤᠰᠬᠠᠶ ᠨᠡᠷ᠎ᠡ ᠮᠡᠳᠡᠭᠦᠯᠬᠦ ᠠᠵᠢᠯ ᠢ ᠪᠡᠶᠡᠯᠡᠭᠦᠯᠬᠦ ᠪᠥᠭᠡᠳ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠣᠮᠵᠢ ᠶᠢᠨ ᠲᠤᠬᠠᠶ ᠶᠢᠨ ᠲᠠᠯᠠᠪᠤᠷ ᠲᠤ ᠬᠦᠷᠴᠦ ᠨᠤᠲᠠᠯᠠᠭᠤᠯᠬᠤ ᠬᠡᠷᠡᠭᠲᠡᠶ᠃      ᠪᠣᠳᠠᠲᠠᠶ ᠴᠠᠭ ᠨᠢ᠂ 8 ᠳ᠋ᠣᠭᠠᠷ ᠰᠠᠷ᠎ᠠ ᠶᠢᠨ 7᠎ ᠤ ᠡᠳᠦᠷ ᠤᠨ 9 : 00᠎ ᠠᠴᠠ ᠡᠬᠢᠯᠡᠨ ᠡᠷᠡᠮᠡᠯᠵᠡᠯ ᠢᠶᠠᠨ  ᠮᠡᠳᠡᠬᠦᠯᠵᠤ᠂ 8 ᠳ᠋ᠣᠭᠠᠷ ᠰᠠᠷ᠎ᠠ ᠶᠢᠨ 9᠎ ᠤ ᠡᠳᠦᠷ ᠤᠨ 17 : 00᠎ ᠲᠤ ᠮᠡᠳᠡᠭᠦᠯᠵᠤ ᠳᠠᠭᠤᠰᠬᠠᠨ᠎ᠠ᠃ ᠰᠢᠯᠭᠠᠭᠤᠯᠤᠭᠴᠢ ︽2019 ᠤᠨ ᠤ ᠳᠡᠭᠡᠳᠣ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠥᠷᠭᠡᠳᠬᠡᠨ ᠡᠯᠰᠡᠬᠦ ᠲᠤᠰᠬᠠᠶ ᠪᠤᠯᠤᠩ︾᠎ ᠠᠴᠠ ᠳᠡᠭᠡᠳᠣ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠥᠷᠭᠡᠳᠬᠡᠨ ᠡᠯᠰᠡᠬᠦ ᠳᠡᠭᠡᠳᠣ ᠰᠤᠷᠭᠠᠭᠤᠯᠢ ᠵᠢᠴᠢ ᠲᠤᠰᠬᠠᠶ ᠮᠡᠷᠭᠡᠵᠢᠯ ᠤᠨ ᠭᠠᠷᠴᠠᠭ ᠢ ᠪᠠᠶᠢᠴᠠᠭᠠᠨ ᠯᠠᠪᠯᠠᠬᠤ ᠶᠢᠨ ᠬᠠᠮᠲᠤ ᠨᠡᠷ᠎ᠡ ᠮᠡᠳᠡᠭᠦᠯᠬᠦ ᠭᠡᠵᠤ ᠪᠠᠶᠢᠭ᠎ᠠ ᠳᠡᠭᠡᠳᠣ ᠰᠤᠷᠭᠠᠭᠤᠯᠢ ᠪᠠ ᠲᠤᠰᠬᠠᠶ ᠮᠡᠷᠭᠡᠵᠢᠯ ᠤᠨ ᠣᠷᠣᠯᠠᠬᠤ ᠳ᠋ᠤᠭᠠᠷ ᠢ ᠰᠠᠶᠢᠲᠤᠷ ᠲᠡᠮᠳᠡᠭᠯᠡᠵᠦ ᠠᠪᠤᠨ᠎ᠠ᠃ ᠰᠢᠯᠭᠠᠭᠤᠯᠤᠭᠴᠢ ᠵᠥᠪᠬᠡᠨ ᠨᠢᠭᠡ ᠯᠡ ᠶᠡᠭᠡ ᠳᠡᠭᠡᠳᠣ ᠰᠤᠷᠭᠠᠭᠤᠯᠢ ᠳᠤ ᠡᠷᠡᠮᠡᠯᠵᠡᠯ ᠮᠡᠳᠡᠬᠦᠯᠵᠤ ᠪᠤᠯᠬᠤ ᠪᠦᠬᠡᠳ ᠬᠠᠮᠤᠭ ᠤᠨ ᠠᠷᠪᠢᠨ ᠳᠤ ᠪᠠᠨ 3 ᠲᠤᠰᠬᠠᠶ ᠮᠡᠷᠭᠡᠵᠢᠯ ᠳᠤ ᠡᠷᠡᠮᠡᠯᠵᠡᠯ ᠮᠡᠳᠡᠬᠦᠯᠵᠤ ᠪᠣᠯᠤᠨ᠎ᠠ᠃ ᠰᠢᠯᠭᠠᠭᠤᠯᠤᠭᠴᠢ ᠡᠷᠡᠮᠡᠯᠵᠠᠯ ᠮᠡᠳᠡᠬᠦᠯᠬᠦ ᠰᠢᠰᠲ᠋ᠧᠮ ᠳᠤ ᠭᠠᠷᠣᠭᠰᠠᠨ ᠤ ᠳᠠᠷᠠᠭ᠎ᠠ᠂ ︽ᠰᠢᠨ᠎ᠡ ᠡᠷᠡᠮᠡᠯᠵᠡᠯ ᠲᠠᠭᠯᠠᠬᠤ︾ ᠴᠢᠳᠠᠮᠵᠢ ᠶᠢ ᠰᠣᠩᠭᠤᠵᠤ᠂ ᠨᠡᠷ᠎ᠡ ᠮᠡᠳᠡᠭᠦᠯᠬᠦ ᠳᠡᠭᠡᠳᠣ ᠰᠤᠷᠭᠠᠭᠤᠯᠢ ᠪᠠ ᠬᠠᠷᠠᠭᠠᠯᠵᠠᠭᠰᠠᠨ ᠲᠤᠰᠬᠠᠶ ᠮᠡᠷᠭᠡᠵᠢᠯ ᠤᠨ ᠣᠷᠣᠯᠠᠬᠤ ᠨᠣᠮᠧᠷ ᠢ ᠲᠠᠭᠯᠠᠵᠤ ᠠᠩᠬ᠎ᠠ ᠣᠳᠠᠭᠠᠨ ᠤ ᠰᠢᠨ᠎ᠡ ᠡᠷᠡᠮᠡᠯᠵᠡᠯ ᠮᠡᠳᠡᠬᠦᠯᠬᠦ ᠠᠵᠢᠯ ᠢ ᠪᠡᠶᠡᠯᠡᠬᠦᠯᠤᠨ᠎ᠠ᠃ ᠳᠠᠭᠯᠠᠵᠤ ᠣᠷᠣᠭᠤᠯᠤᠭᠰᠠᠨ ᠤ ᠳᠠᠷᠠᠭ᠎ᠠ ᠰᠢᠯᠭᠠᠭᠤᠯᠤᠭᠴᠢ ᠳᠠᠷᠤᠶ ︽ᠡᠷᠡᠮᠡᠯᠵᠡᠯ ᠳᠤ ᠵᠠᠰᠠᠪᠤᠷᠢ ᠣᠷᠣᠭᠤᠯᠬᠤ︾ ᠪᠤᠶᠤ ︽ᠡᠷᠡᠮᠡᠯᠵᠡᠯ ᠢ ᠬᠠᠰᠣᠬᠤ︾ ᠴᠢᠳᠠᠮᠵᠢ ᠶᠢ ᠰᠣᠩᠭᠤᠵᠤ᠂ ᠬᠠᠷᠠᠭᠠᠯᠵᠠᠭᠰᠠᠨ ᠡᠷᠡᠮᠡᠯᠵᠡᠯ ᠳᠤ ᠵᠠᠰᠠᠪᠤᠷᠢ ᠣᠷᠣᠭᠤᠯᠬᠤ ᠪᠤᠶᠤ ᠬᠠᠰᠣᠬᠤ ᠠᠵᠢᠯᠯᠠᠭ᠎ᠠ ᠬᠢᠵᠦ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠎ ᠠᠴᠠ ᠰᠢᠯᠭᠠᠭᠤᠯᠤᠭᠴᠢ ᠳᠤ ᠰᠠᠨᠠᠭᠠᠣᠯᠬᠤ ᠨᠢ᠂ ᠡᠷᠡᠮᠡᠯᠵᠡᠯ ᠮᠡᠳᠡᠬᠦᠯᠬᠦ ᠬᠤᠭᠤᠴᠠᠭᠠᠨ ᠳᠤ ᠰᠢᠯᠭᠠᠭᠤᠯᠤᠭᠴᠢ ︽2019 ᠤᠨ ᠤ ᠳᠡᠭᠡᠳᠣ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠲᠤᠰᠬᠠᠶ ᠪᠤᠯᠤᠩ︾᠎ ᠳᠤ ᠨᠡᠶᠢᠳᠡᠯᠡᠭᠰᠡᠨ ᠬᠠᠮᠢᠶ᠎ᠠ ᠪᠦᠬᠦᠢ ᠮᠡᠳᠡᠭᠡ ᠵᠠᠩᠭᠢ ᠶᠢ ᠰᠠᠶᠢᠳᠣᠷ ᠠᠩᠬᠠᠷᠬᠤ ᠬᠡᠷᠡᠭᠲᠡᠶ︔ ᠲᠤᠰᠬᠠᠶ ᠪᠤᠯᠤᠩ ᠳᠤ ᠨᠡᠶᠢᠳᠡᠯᠡᠭᠰᠡᠨ ᠮᠡᠳᠡᠭᠡ ᠵᠠᠩᠭᠢ ᠪᠦᠬᠦᠨ ᠢ ᠰᠢᠯᠭᠠᠭᠤᠯᠤᠭᠴᠢ ᠳᠤ ᠨᠢᠭᠡᠨᠲᠡ ᠮᠡᠳᠡᠭᠳᠡᠭᠰᠡᠨ ᠢᠶᠠᠷ ᠲᠣᠭᠠᠴᠠᠨ᠎ᠠ᠃ ᠰᠢᠯᠭᠠᠭᠤᠯᠤᠭᠴᠢ ᠡᠷᠬᠡᠪᠰᠢ ᠲᠣᠭᠲᠠᠭᠰᠠᠨ ᠴᠠᠭ ᠤᠨ ᠳᠣᠲᠣᠷ᠎ᠠ ᠡᠷᠡᠮᠡᠯᠵᠡᠯ ᠮᠡᠳᠡᠬᠦᠯᠬᠦ ᠬᠡᠷᠡᠭᠲᠡᠶ᠂ ᠲᠣᠭᠲᠠᠭᠰᠠᠨ ᠬᠤᠭᠤᠴᠠᠭᠠᠨ ᠳᠤ ᠮᠡᠳᠡᠭᠦᠯᠦᠭᠰᠡᠨ ᠦᠬᠡᠢ ᠶᠢ ᠨᠢ ᠰᠢᠯᠭᠠᠭᠤᠯᠤᠭᠴᠢ ᠰᠠᠶᠢᠨ ᠳᠤᠷ᠎ᠠ ᠠᠴᠠ ᠪᠠᠨ ᠲᠣᠰ ᠤᠳᠠᠭᠠᠨ ᠤ ᠡᠷᠡᠮᠡᠯᠵᠡᠯ ᠮᠡᠳᠡᠬᠦᠯᠬᠦ ᠡᠷᠬᠡ ᠪᠠᠨ ᠲᠠᠶᠠᠭᠳᠠᠭᠰᠠᠨ ᠢᠶᠠᠷ ᠦᠵᠡᠨ᠎ᠡ᠃ ᠡᠷᠡᠮᠡᠯᠵᠡᠯ ᠮᠡᠳᠡᠬᠦᠯᠵᠤ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠳᠡᠭᠡᠳᠣ ᠰᠤᠷᠭᠠᠭᠤᠯᠢ ᠨᠤᠭᠤᠳ ᠬᠤᠯᠪᠣᠭᠳᠠᠯ ᠪᠦᠬᠦᠢ ᠲᠣᠭᠲᠠᠭᠠᠯ ᠵᠢᠴᠢ ᠲᠣᠰ ᠰᠤᠷᠭᠠᠭᠤᠯᠢ ᠶᠢᠨ ᠳᠡᠭᠡᠳᠣ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠥᠷᠭᠡᠳᠬᠡᠨ ᠡᠯᠰᠡᠬᠦ ᠲᠥᠰᠦᠯ ᠤᠨ ᠶᠣᠰᠣᠭᠠᠷ ᠬᠠᠷᠠᠭᠠᠯᠵᠠᠭᠰᠠᠨ ᠰᠢᠯᠭᠠᠯᠲᠠ ᠪᠤᠶᠤ ᠰᠣᠷᠢᠯᠳᠠ ᠪᠠᠷ ᠳᠠᠮᠵᠢᠨ ᠰᠢᠯᠢᠳᠡᠭ ᠢ ᠨᠢ ᠰᠣᠩᠭᠤᠵᠤ ᠡᠯᠰᠡᠨ᠎ᠡ᠂ ᠡᠯᠰᠡᠭᠳᠡᠭᠰᠡᠨ ᠥᠬᠡᠶ ᠰᠢᠯᠭᠠᠭᠤᠯᠤᠭᠴᠢ ᠳᠡᠭᠡᠳᠣ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠥᠷᠭᠡᠳᠬᠡᠨ ᠡᠯᠰᠡᠬᠦ ᠬᠤᠶᠠᠳᠤᠭᠠᠷ ᠤᠳᠠᠭᠠᠨ ᠤ ᠡᠷᠡᠮᠡᠯᠵᠡᠯ ᠮᠡᠳᠡᠬᠦᠯᠬᠦ ᠠᠵᠢᠯᠯᠠᠭ᠎ᠠ ᠳᠤ ᠣᠷᠣᠯᠴᠠᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号