︽︿ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠵᠢᠭᠰᠠᠭᠠᠯᠲᠠ ᠠᠴᠠ ᠭᠠᠷᠭᠠᠬᠤ ᠲᠣᠭᠲᠠᠴᠠ ᠶᠢ | ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ ﹇2018﹈ | 11 ᠳ᠋ᠤᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠤᠰᠢᠭᠤ ᠰᠢᠶᠠᠨ ︵ᠬᠤᠲᠠ᠂ | ᠲᠣᠭᠤᠷᠢᠭ︶ ᠭᠤᠶᠤᠴᠢᠯᠠᠬᠤ᠂ ᠠᠶᠢᠮᠠᠭ ᠬᠤᠲᠠ ᠠᠩᠬ᠎ᠠ ᠬᠢᠨᠠᠬᠤ᠂ ᠭᠤᠷᠪᠠᠳᠠᠬᠢ ᠡᠲᠡᠭᠡᠳ ᠲᠤᠰᠬᠠᠢᠢᠯᠠᠨ ᠦᠨᠡᠯᠡᠨ | ᠵᠢᠱᠢᠬᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠵᠢᠴᠢ ᠨᠢᠭᠡᠴᠢ | ᠦᠨᠡᠯᠡᠬᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠭᠦᠬᠦ ᠨᠡᠭᠡᠭᠡᠯᠲᠡ ᠶᠢᠨ ᠤᠳᠤᠷᠢᠳᠬᠤ ᠳᠤᠭᠤᠶᠢᠯᠠᠩ | ᠰᠤᠳᠤᠯᠬᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠠᠷ ᠨᠡᠶᠢᠲᠡ ᠳᠤ | ᠵᠠᠷᠯᠠᠬᠤ ᠪᠠ ᠬᠠᠷᠭᠤᠭᠤᠯᠤᠨ ᠪᠠᠶᠢᠴᠠᠭᠠᠵᠦ ᠰᠢᠢᠳᠪᠦᠷᠢᠯᠡᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠵᠤ᠂ ᠦᠴᠦᠸᠠᠨ | ᠰᠢᠶᠠᠨ᠂ ᠷᠠᠰᠢᠶᠠᠨ ᠬᠤᠲᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ | ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠠᠷᠠᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ | ᠨᠢᠩᠴᠧᠩ ᠰᠢᠶᠠᠨ᠂ ᠰᠦᠨᠢᠳ ᠪᠠᠷᠠᠭᠤᠨ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠵᠡᠷᠭᠡ | ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 10 ᠬᠤᠰᠢᠭᠤ ᠰᠢᠶᠠᠨ ︵ᠬᠤᠲᠠ︶ ᠪᠣᠯᠣᠨ ᠴᠢᠩ ᠱᠦᠢ ᠾᠧ | ᠰᠢᠶᠠᠨ᠂ ᠭᠦᠶᠠᠩ ᠰᠢᠶᠠᠨ᠂ ᠵᠠᠯᠠᠨ ᠠᠶᠢᠯ ᠬᠤᠲᠠ᠂ ᠠᠷᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ | ᠡᠸᠡᠩᠭᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠵᠠᠷᠤᠳ ᠬᠤᠰᠢᠭᠤ᠂ ᠺᠠᠶᠢᠯᠦ ᠰᠢᠶᠠᠨ᠂ ᠰᠦᠩᠱᠠᠨ | ᠲᠣᠭᠤᠷᠢᠭ᠂ ᠬᠡᠰᠢᠭᠲᠡᠨ ᠬᠤᠰᠢᠭᠤ᠂ ᠳᠤᠯᠤᠨ ᠨᠠᠭᠤᠷ ᠰᠢᠶᠠᠨ᠂ ᠯᠢᠶᠠᠩᠴᠸᠡᠩ ᠰᠢᠶᠠᠨ᠂ ᠤᠷᠠᠳ ᠤᠨ ᠡᠮᠦᠨᠡᠲᠦ | ᠬᠤᠰᠢᠭᠤ ᠵᠡᠷᠭᠡ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ 13 ᠬᠤᠰᠢᠭᠤ ᠰᠢᠶᠠᠨ | ︵ᠬᠤᠲᠠ᠂ ᠲᠣᠭᠤᠷᠢᠭ︶ ᠨᠢ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠵᠢᠭᠰᠠᠭᠠᠯᠲᠠ ᠠᠴᠠ ᠭᠠᠷᠭᠠᠬᠤ | ᠭᠦᠢᠴᠡᠳᠬᠡᠯ ᠲᠣᠭᠠᠨ ᠤ ᠪᠠᠷᠢᠮᠵᠢᠶ᠎ᠠ ᠳᠤ ᠬᠦᠷᠦᠭᠰᠡᠨ ᠪᠣᠯᠬᠤᠷ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ | ᠵᠢᠭᠰᠠᠭᠠᠯᠲᠠ ᠠᠴᠠ ᠭᠠᠷᠬᠤ ᠨᠥᠬᠦᠴᠡᠯ ᠳᠤ ᠨᠡᠶᠢᠴᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠰᠤᠳᠤᠯᠤᠭᠠᠳ ᠳᠡᠭᠡᠷ᠎ᠡ ᠳᠤᠷᠠᠳᠤᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠢ | ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠵᠢᠭᠰᠠᠭᠠᠯᠲᠠ ᠠᠴᠠ ᠭᠠᠷᠭᠠᠬᠤ ᠶᠢ ᠵᠥᠪᠰᠢᠶᠡᠷᠡᠪᠡ᠃ | ᠣᠨᠴᠠᠭᠠᠶᠢᠯᠠᠨ ᠵᠠᠷᠯᠠᠨ ᠨᠡᠶᠢᠲᠡᠯᠡᠪᠡ᠃ | 2019 ᠣᠨ ᠤ 4 ᠳ᠋ᠤᠭᠡᠷ ᠰᠠᠷ᠎ᠠ ᠶᠢᠨ 18 ᠤ ᠡᠳᠦᠷ |