ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠤᠢᠢᠯᠠᠭᠠᠵᠤ ᠤᠭ ᠰᠠᠨᠠᠭ᠎ᠠ ᠪᠠᠨ ᠦᠯᠦ ᠮᠡᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ ᠠᠷᠠᠳ ᠲᠦᠮᠡᠨ ᠳᠤ ᠬᠠᠨᠤᠮᠵᠢᠳᠠᠢ ᠰᠤᠷᠭᠠᠨ ᠬᠦᠮᠦᠵᠢᠯ ᠢ ᠡᠷᠬᠢᠯᠡᠶ᠎ᠡ  ᠵᠧᠩ ᠬᠤᠩ ᠹᠠᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠳᠤ ᠭᠤᠤᠯ ᠰᠡᠳᠦᠪᠳᠤ ᠬᠦᠮᠦᠵᠢᠯ ᠤᠨ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2019/8/7
     8 ᠰᠠᠷ᠎ᠠ ᠶᠢᠨ 6᠎ ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠵᠧᠩ ᠬᠤᠩ ᠹᠠᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠳᠤ ︽ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠤᠢᠢᠯᠠᠭᠠᠵᠤ ᠤᠭ ᠰᠠᠨᠠᠭ᠎ᠠ ᠪᠠᠨ ᠦᠯᠦ ᠮᠡᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ ᠠᠷᠠᠳ ᠲᠦᠮᠡᠨ ᠳᠤ ᠬᠠᠨᠤᠮᠵᠢᠳᠠᠢ ᠰᠤᠷᠭᠠᠨ ᠬᠦᠮᠦᠵᠢᠯ ᠢ ᠡᠷᠬᠢᠯᠡᠶ᠎ᠡ︾ ᠬᠡᠬᠦ ᠭᠤᠤᠯ ᠰᠡᠳᠦᠪ ᠢᠶᠠᠷ ᠨᠠᠮ ᠤᠨ ᠬᠡᠰᠢᠬᠦᠨ ᠺᠠᠳ᠋ᠷ ᠎ ᠲᠤ ︽ᠤᠭ ᠰᠠᠨᠠᠭ᠎ᠠ ᠪᠠᠨ ᠦᠯᠦ ᠮᠠᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠦᠪᠳᠤ ᠬᠦᠮᠦᠵᠢᠯ ᠤᠨ ᠳᠤᠰᠬᠠᠢ ᠰᠡᠳᠦᠪᠳᠤ ᠬᠦᠮᠦᠵᠢᠯ ᠤᠨ ᠨᠠᠮ ᠤᠨ ᠬᠢᠴᠢᠶᠡᠯ ᠤᠷᠤᠪᠠ᠃      ᠵᠧᠩ ᠬᠤᠩ ᠹᠠᠨ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠢᠰᠲ᠋ᠧᠮ ᠲᠠᠢ ᠡᠮᠬᠢᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠳᠤᠭᠳᠠᠭᠠᠯᠳᠠ᠂ ᠶᠡᠷᠦᠩᠬᠡᠢ ᠱᠠᠭᠠᠷᠳᠠᠯᠭ᠎ᠠ ᠪᠠ ᠦᠪᠦᠷ ᠮᠤᠩᠭᠤᠯ ᠎ ᠤᠨ ᠬᠦᠭᠵᠢᠯᠳᠡ ᠶᠢᠨ ᠳᠤᠬᠠᠢ ᠳᠤᠷᠠᠳᠤᠭᠰᠠᠨ ᠬᠦᠰᠡᠯ ᠨᠠᠶᠢᠳᠠᠯᠭ᠎ᠠ ᠶᠢᠨ ᠳᠤᠭᠤᠷᠢᠨ ᠳᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ᠂ ︽ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ︾᠎ ᠢ ᠰᠠᠶᠢᠳᠤᠷ ᠬᠢᠬᠦ᠂ ᠦᠨᠳᠦᠰᠦᠳᠡᠨ ᠤ ᠪᠦᠯᠬᠦᠮᠳᠠᠯ ᠪᠠ ᠬᠢᠯᠢ ᠬᠢᠵᠠᠭᠠᠷ ᠤᠨ ᠠᠮᠤᠷ ᠳᠤᠭᠳᠠᠭᠤᠨ ᠢ ᠪᠠᠳᠤᠳᠬᠠᠬᠤ᠂ ᠠᠷᠠᠳ ᠤᠨ ᠠᠮᠢᠳᠤᠷᠠᠯ ᠢ ᠪᠠᠳᠤᠯᠠᠬᠤ ᠪᠠ ᠨᠡᠶᠢᠬᠡᠮ ᠎ ᠤᠨ ᠦᠢᠯᠡᠰ ᠤᠨ ᠬᠦᠭᠵᠢᠯᠳᠡ ᠵᠡᠷᠬᠡ ᠳᠠᠯ᠎ᠠ ᠪᠠᠷ ᠦᠪᠡᠷ ᠤᠨ ᠰᠤᠷᠤᠯᠴᠠᠯᠭ᠎ᠠ ᠶᠢᠨ ᠲᠦᠷᠦᠭᠳᠡᠯ ᠪᠠ ᠤᠢᠢᠯᠠᠭᠠᠯᠳᠠ ᠪᠠᠨ ᠶᠠᠷᠢᠵᠠᠢ᠃      ᠵᠧᠩ ᠬᠤᠩ ᠹᠠᠨ᠂ ᠪᠦᠬᠦ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢᠨ ᠡᠯᠪᠡᠭ ᠠᠭᠤᠯᠭ᠎ᠠ ᠪᠠ ᠵᠤᠷᠢᠭ ᠰᠠᠨᠠᠭ᠎ᠠ ᠶᠢᠨ ᠮᠦᠨ ᠴᠢᠨᠠᠷ ᠢ ᠬᠦᠨᠵᠡᠬᠡᠢ ᠤᠢᠢᠯᠠᠭᠠᠵᠤ᠂ ︽ᠰᠤᠷᠭᠠᠨ ᠬᠦᠮᠦᠵᠢᠯ ᠢᠶᠠᠷ ᠡᠬᠡ ᠤᠯᠤᠰ ᠲᠠᠭᠠᠨ ᠬᠦᠴᠦ ᠪᠠᠨ ᠡᠷᠬᠦᠬᠦ︾ ᠬᠦᠰᠡᠯ ᠮᠦᠷᠦᠬᠡᠳᠦᠯ ᠢᠶᠠᠨ ᠪᠠᠳᠤᠳᠬᠠᠵᠤ᠂ ᠨᠡᠶᠢᠬᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠳᠠᠯᠠᠵᠤ᠂ ᠶᠤᠰᠤ ᠰᠤᠷᠳᠠᠬᠤᠨ ᠢᠶᠠᠷ ᠬᠦᠮᠦᠨ ᠬᠦᠮᠦᠵᠢᠬᠦᠯᠬᠦ ᠦᠨᠳᠦᠰᠦᠨ ᠡᠬᠦᠷᠬᠡ ᠶᠢ ᠨᠠᠶᠢᠳᠠᠪᠤᠷᠢᠵᠢᠭᠤᠯᠵᠤ᠂ ᠶᠤᠰᠤ ᠮᠤᠷᠠᠯ ᠤᠶᠤᠨ ᠤᠬᠠᠭᠠᠨ ᠪᠡᠶ᠎ᠠ ᠮᠠᠬᠠᠪᠤᠳ ᠭᠤᠸ᠎ᠠ ᠰᠠᠶᠢᠬᠠᠨ ᠬᠦᠳᠡᠯᠮᠦᠷᠢ ᠵᠡᠷᠬᠡ ᠪᠦᠬᠦ ᠳᠠᠯ᠎ᠠ ᠪᠠᠷ ᠬᠦᠭᠵᠢᠭᠰᠡᠨ ᠨᠡᠶᠢᠬᠡᠮ ᠵᠢᠷᠤᠮ ᠤᠨ ᠪᠦᠳᠦᠬᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠦᠮᠦᠵᠢᠬᠦᠯᠵᠦ᠂ ᠨᠠᠮ ᠤᠨ ᠰᠤᠷᠭᠠᠨ ᠬᠦᠮᠦᠵᠢᠯ ᠎ ᠤᠨ ᠠᠵᠢᠯ ᠳᠠᠬᠢ ᠪᠦᠬᠦ ᠳᠠᠯ᠎ᠠ ᠶᠢᠨ ᠤᠳᠤᠷᠢᠳᠤᠯᠭ᠎ᠠ ᠶᠢ ᠪᠦᠬᠦ ᠳᠠᠯ᠎ᠠ ᠪᠠᠷ ᠴᠢᠩᠭᠠᠳᠬᠠᠵᠤ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠷᠠᠭᠤᠯᠵᠤ᠂ ᠡᠬᠦᠷᠬᠡᠯᠡᠯ ᠢᠶᠠᠨ ᠵᠤᠷᠢᠭᠳᠠᠢ ᠡᠬᠦᠷᠬᠡᠯᠡᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠵᠤ᠂ ᠠᠷᠠᠳ ᠲᠦᠮᠡᠨ ᠳᠤ ᠬᠠᠨᠤᠮᠵᠢᠳᠠᠢ ᠰᠤᠷᠭᠠᠨ ᠬᠦᠮᠦᠵᠢᠯ ᠢ ᠠᠬᠢᠭᠤᠯᠬᠤ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号