2019 ᠤᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠰᠠᠶᠢᠲᠤᠷ ᠬᠢᠬᠦ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2019/8/7
                            ᠥᠪᠥᠷ ᠵᠠᠰᠠᠭ ᠠᠯᠪᠠᠨ ᠥᠰᠥᠭ ﹇2019﹈ 32 ᠳ᠋ᠤᠭᠠᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠢ ᠳᠤ᠄      ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠪᠣᠯ ᠥᠪᠡᠷᠲᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠵᠣᠬᠢᠶᠠᠨ ᠪᠠᠶᠢᠭᠤᠯᠤᠨ ᠦᠷᠨᠢᠭᠦᠯᠦᠭᠰᠡᠨ ᠨᠢᠬᠡᠨ ᠤᠷᠲᠤ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠴᠤᠨᠨᠯᠠᠭᠤᠯᠵᠦ ᠬᠠᠨᠳᠢᠪᠯᠠᠬᠤ ᠠᠵᠢᠯᠯᠠᠭ᠎ᠠ᠂ ᠶᠠᠳᠠᠭᠤ ᠭᠦᠴᠢᠷᠳᠡᠯᠳᠡᠢ ᠤᠯᠠᠨ ᠲᠦᠮᠡᠨ ᠢ ᠠᠩᠬᠠᠷᠤᠨ ᠬᠠᠯᠠᠮᠵᠢᠯᠠᠵᠦ᠂ ᠲᠦᠢᠯ ᠤᠨ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠳᠤ ᠭᠦᠴᠦᠨ ᠨᠡᠮᠡᠷᠢᠯᠡᠬᠦ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠠ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ︽ᠬᠠᠷᠠᠭ᠎ᠠ ᠤᠷᠤᠭᠤᠯᠬᠤ ᠠᠶᠠᠯᠠᠯ︾᠎ ᠤᠨ ᠪᠡᠯᠡ ᠮᠦᠩᠭᠦᠨ ᠤ ᠲᠠᠯ᠎ᠠ ᠪᠠᠷ ᠬᠢ ᠴᠢᠬᠤᠯᠠ ᠪᠠᠳᠤᠯᠠᠭ᠎ᠠ ᠪᠤᠯᠤᠨ᠎ᠠ᠃ ᠤᠷᠴᠢᠮ ᠤᠨ ᠵᠢᠯ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ᠂ ᠡᠯ᠎ᠡ ᠨᠢᠬᠡᠴᠢ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠳᠦ ᠬᠥᠮᠥᠰ ᠤᠨ ᠭᠦᠴᠦᠳᠡᠢ ᠲᠡᠮᠵᠢᠯᠬᠡ ᠪᠠ ᠢᠳᠡᠪᠬᠢᠲᠡᠢ ᠣᠷᠣᠯᠴᠠᠯᠭ᠎ᠠ ᠳᠣᠣᠷ᠎ᠠ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠪᠠ᠃ 2018 ᠤᠨ ᠳᠤ᠂ ᠪᠦᠬᠦ ᠣᠷᠣᠨ ᠤ ᠡᠯ᠎ᠡ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠳᠤ 8971.51 ᠲᠦᠮᠡᠨ ᠲᠦᠬᠦᠷᠢᠭ ᠤᠨ ᠪᠡᠯᠡ ᠮᠥᠩᠭᠦ ᠣᠷᠣᠭᠤᠯᠵᠤ᠂ ᠬᠠᠶᠢᠷ᠎ᠠ ᠬᠠᠯᠠᠮᠵᠢᠯᠠᠯ ᠬᠦᠷᠲᠡᠭᠡᠬᠦ᠂ ᠶᠠᠳᠠᠭᠤ ᠬᠦᠴᠢᠷᠳᠡᠯᠲᠡᠢ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ᠂ ᠶᠠᠳᠠᠭᠤ ᠬᠦᠴᠢᠷᠳᠡᠯᠲᠡᠶ ᠴᠠᠭᠠᠨ ᠬᠠᠷᠠᠩ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠮᠡᠰᠡ ᠵᠠᠰᠠᠯ ᠬᠢᠬᠦ ︽ᠬᠠᠷᠠᠭ᠎ᠠ ᠣᠷᠣᠭᠤᠯᠬᠤ ᠠᠶᠠᠯᠠᠯ︾᠂ ᠲᠦᠭᠡᠮᠡᠯ ᠬᠠᠶᠢᠷ᠎ᠠ ᠶᠢᠨ ᠭᠡᠷ ᠣᠷᠣᠨ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠬᠤ ᠭᠠᠵᠠᠷ ︵ᠴᠡᠭ︶ ᠵᠡᠷᠭᠡ ᠭᠦᠮᠦᠯᠢᠭ ᠢᠶᠠᠷ ᠠᠪᠤᠷᠠᠨ ᠲᠤᠰᠠᠯᠠᠬᠤ ᠲᠦᠷᠦᠯ ᠵᠦᠢᠯ ᠪᠣᠯᠣᠨ ᠠᠪᠤᠷᠠᠨ ᠲᠤᠰᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠡᠯ᠎ᠡ ᠲᠦᠷᠦᠯ ᠤᠨ ᠣᠨᠴᠠ ᠬᠦᠴᠢᠷᠳᠡᠯᠲᠡᠶ ᠤᠯᠠᠨ ᠲᠦᠮᠡᠨ ᠢ 110.47 ᠲᠦᠮᠡᠨ ᠬᠥᠮᠦᠨ ︵ᠤᠳᠠᠭ᠎ᠠ︶ ᠠᠪᠤᠷᠠᠨ ᠲᠤᠰᠠᠯᠠᠵᠤ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤ ᠭᠦᠴᠦᠨ ᠨᠡᠮᠡᠷᠢᠯᠡᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠣᠯᠣᠨ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠯ᠎ᠠ ᠪᠠᠷ ᠢᠳᠡᠪᠬᠢᠳᠡᠢ ᠦᠢᠯᠡᠳᠦᠯ ᠦᠵᠡᠭᠦᠯᠦᠭᠰᠡᠨ ᠪᠠᠶᠢᠨ᠎ᠠ᠃ 2019 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄      ᠨᠢᠭᠡ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠦᠷᠨᠢᠭᠦᠯᠬᠦ ᠬᠡᠷᠡᠭᠲᠡᠢ      2019 ᠤᠨ ᠤ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ᠂ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠬᠤᠲᠠ ᠪᠠᠯᠭᠠᠰᠤᠨ ᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ︔ ᠨᠡᠶᠢᠬᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ︽ᠬᠠᠷᠠᠭ᠎ᠠ ᠣᠷᠤᠭᠤᠯᠬᠤ ᠠᠶᠠᠯᠠᠯ︾ ᠪᠠ ᠵᠠᠯᠠᠭᠤ ᠪᠠᠭᠠᠴᠤᠳ ᠤᠨ ᠨᠢᠳᠦᠨ ᠤ ᠡᠷᠡᠭᠦᠯ ᠮᠡᠨᠳᠦ ᠶᠢ ᠬᠠᠯᠠᠮᠵᠢᠯᠠᠬᠤ ᠨᠢᠲᠦ ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠦᠨ᠎ᠡ︔ ᠨᠡᠶᠢᠳᠡ ᠶᠢᠨ ᠠᠰᠠᠷᠠᠮᠵᠢ ᠪᠤᠯᠤᠨ ᠨᠢᠭᠦᠯᠡᠰᠦᠩᠬᠦᠢ ᠶᠢᠨ ᠠᠵᠢᠯ ᠦᠢᠯᠡᠰ ᠢ ᠭᠦᠭᠵᠢᠬᠦᠯᠦᠨ᠎ᠠ ᠭᠡᠵᠦ ᠳᠤᠷᠠᠳᠪᠠ᠃ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠤᠷᠳᠤ ᠬᠤᠭᠤᠴᠠᠭᠠᠨ ᠤ ᠪᠦᠳᠦᠮᠵᠢᠳᠡᠢ ᠲᠤᠨᠨᠳᠠᠴᠠ ᠶᠢ ᠪᠠᠬᠢᠵᠢᠬᠦᠯᠵᠦ᠂ ᠨᠡᠶᠢᠳᠡ ᠶᠢᠨ ᠠᠰᠠᠷᠠᠮᠵᠢ ᠶᠢᠨ ᠲᠡᠪᠴᠡᠩ ᠪᠠᠶᠢᠭᠤᠯᠬᠤ ᠨᠢ ᠨᠡᠶᠢᠬᠡᠮ ᠤᠨ ᠭᠦᠴᠦᠨ ᠢ ᠦᠷᠬᠡᠨ ᠢᠶᠠᠷ ᠲᠠᠶᠢᠴᠢᠯᠠᠵᠦ᠂ ᠨᠡᠶᠢᠬᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠳᠤ ᠬᠠᠮᠳᠤ ᠪᠠᠷ ᠤᠷᠤᠯᠴᠠᠨ᠂ ᠶᠠᠳᠠᠭᠤ ᠭᠦᠴᠢᠷᠳᠡᠯᠳᠡᠢ ᠤᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠰᠶᠢᠳᠪᠦᠷᠢᠯᠡᠬᠦ ᠳᠤ ᠴᠢᠬᠤᠯᠠ ᠠᠴᠢ ᠬᠤᠯᠪᠤᠨᠨᠳᠠᠯ ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ ᠨᠦᠭᠦᠳ ᠦᠵᠡᠯ ᠰᠠᠨᠠᠭᠠᠨ ᠤ ᠲᠠᠨᠢᠯᠲᠠ ᠪᠣᠯᠣᠨ ᠠᠵᠢᠯᠯᠠᠭᠠᠨ ᠤ ᠤᠬᠠᠮᠰᠠᠷ ᠢᠶᠠᠨ ᠤᠯᠠᠮ ᠨᠢᠬᠡ ᠠᠯᠬᠤᠮ ᠳᠡᠭᠡᠭᠰᠢᠯᠡᠭᠦᠯᠵᠦ᠂ 2019 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠰᠠᠶᠢᠲᠤᠷ ᠦᠷᠨᠢᠭᠦᠯᠬᠦ ᠬᠡᠷᠡᠭᠲᠡᠢ᠃      ᠬᠤᠶᠠᠷ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠴᠤᠭᠯᠠᠭᠤᠯᠵᠤ ᠬᠠᠨᠳᠢᠪᠯᠠᠭᠰᠠᠨ ᠪᠡᠯᠡ ᠮᠥᠩᠭᠦ ᠶᠢ ᠦᠨᠡᠨ ᠬᠦ ᠰᠠᠶᠢᠲᠤᠷ ᠬᠠᠮᠢᠶᠠᠷᠤᠨ ᠬᠡᠷᠡᠭᠯᠡᠬᠦ ᠬᠡᠷᠡᠭᠲᠡᠢ      ᠡᠯ᠎ᠡ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠴᠤᠭᠯᠠᠭᠤᠯᠵᠤ ᠬᠠᠨᠳᠢᠪᠯᠠᠭᠰᠠᠨ ᠪᠡᠯᠡ ᠮᠥᠩᠭᠦ ᠶᠢ ᠦᠨᠡᠨ ᠬᠦ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠲᠣᠬᠢᠷᠠᠭᠤᠯᠤᠨ ᠬᠡᠷᠡᠭᠯᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ 20%᠎ ᠶᠢᠨ ᠪᠡᠯᠡ ᠮᠥᠩᠭᠦ ᠶᠢ ᠭᠠᠮᠰᠢᠭ ᠲᠤ ᠪᠡᠯᠡᠳᠬᠡᠬᠦ ᠬᠠᠳᠠᠭᠠᠯᠠᠮᠵᠢ ᠶᠢᠨ ᠮᠥᠩᠭᠦ ᠳᠤ ᠬᠡᠷᠡᠭᠯᠡᠨ᠂ 30%᠎ ᠶᠢᠨ ᠪᠡᠯᠡ ᠮᠥᠩᠭᠦ ᠶᠢ ᠤᠤᠯ ᠤᠨ ᠪᠠᠶᠢᠨᠨᠰᠠᠨ ᠬᠥᠮᠦᠯᠢᠭ ᠢᠶᠠᠷ ᠠᠪᠤᠷᠠᠨ ᠲᠤᠰᠠᠯᠠᠬᠤ ᠨᠡᠷᠡᠳᠦ ᠲᠦᠷᠦᠯ ᠲᠡᠮᠳᠡᠭᠳᠦ ᠶᠢᠨ ᠲᠦᠷᠦᠯ ᠵᠦᠢᠯ ᠢ ᠪᠠᠬᠢᠵᠢᠬᠦᠯᠬᠦ ᠳᠤ ᠬᠡᠷᠡᠭᠯᠡᠵᠦ᠂ 50%᠎ ᠶᠢᠨ ᠪᠡᠯᠡ ᠮᠥᠩᠭᠦ ᠶᠢ ᠪᠦᠭᠦ ᠤᠷᠤᠨ ᠠᠴᠠ ᠨᠢᠬᠡᠳᠦᠯᠳᠡᠢ ᠪᠠᠶᠢᠷᠢᠯᠠᠭᠤᠯᠤᠨᠨᠰᠠᠨ ᠭᠦᠮᠦᠯᠢᠭ ᠨᠡᠶᠢᠳᠡ ᠶᠢᠨ ᠠᠰᠠᠷᠠᠮᠵᠢ ᠶᠢᠨ ᠲᠥᠷᠥᠯ ᠵᠦᠢᠯ ᠳᠤ ᠬᠡᠷᠡᠭᠯᠡᠬᠦ ᠬᠡᠷᠡᠭᠳᠡᠢ᠃ ᠲᠤᠬᠠᠢ ᠶᠢᠨ ᠵᠢᠯ ᠳᠤ ᠭᠦᠯᠢᠶᠡᠵᠦ ᠠᠪᠤᠨᠨᠰᠠᠨ ᠴᠤᠭᠯᠠᠭᠤᠯᠵᠤ ᠬᠠᠨᠳᠢᠪᠯᠠᠭᠰᠠᠨ ᠵᠣᠭᠤᠰ ᠤᠨ ᠲᠤᠭ᠎ᠠ ᠨᠢ 75 ᠲᠦᠮᠡᠨ ᠲᠦᠭᠦᠷᠢᠭ ᠠᠴᠠ ᠬᠡᠳᠦᠷᠡᠭᠰᠡᠨ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠨᠢ ᠪᠡᠯᠡ ᠮᠦᠩᠭᠦᠨ ᠤ ᠵᠠᠷᠤᠯᠭ᠎ᠠ ᠶᠢᠨ ᠪᠦᠳᠦᠴᠡ ᠳᠤ ᠪᠠᠨ ᠲᠤᠬᠢᠷᠠᠭᠤᠯᠤᠯᠳᠠ ᠬᠢᠵᠦ ᠪᠤᠯᠤᠨ᠎ᠠ᠂ ᠲᠤᠬᠠᠶᠢᠯᠠᠪᠠᠯ 30%᠎ ᠶᠢᠨ ᠪᠡᠯᠡ ᠮᠦᠩᠬᠦ ᠶᠢ ᠪᠦᠭᠦ ᠤᠷᠤᠨ ᠠᠴᠠ ᠨᠢᠬᠡᠳᠦᠯᠳᠡᠢ ᠪᠠᠶᠢᠷᠢᠯᠠᠭᠤᠯᠤᠨᠨᠰᠠᠨ ᠭᠦᠮᠦᠯᠢᠭ ᠨᠡᠶᠢᠳᠡ ᠶᠢᠨ ᠠᠰᠠᠷᠠᠮᠵᠢ ᠶᠢᠨ ᠲᠦᠷᠦᠯ ᠵᠦᠢᠯ ᠳᠤ ᠬᠡᠷᠡᠭᠯᠡᠵᠦ᠂ 50%᠎ ᠶᠢᠨ ᠪᠡᠯᠡ ᠮᠦᠩᠭᠦ ᠶᠢ ᠤᠤᠯ ᠤᠨ ᠪᠠᠶᠢᠬᠰᠠᠨ ᠭᠦᠮᠦᠯᠢᠭ ᠢᠶᠠᠷ ᠠᠪᠤᠷᠠᠨ ᠲᠤᠰᠠᠯᠠᠬᠤ ᠨᠡᠷᠡᠳᠦ ᠲᠦᠷᠦᠯ ᠲᠡᠮᠳᠡᠭᠳᠦ ᠶᠢᠨ ᠲᠦᠷᠦᠯ ᠵᠦᠢᠯ ᠢ ᠪᠠᠬᠢᠵᠢᠬᠦᠯᠬᠦ ᠳᠤ ᠬᠡᠷᠡᠭᠯᠡᠨ᠎ᠡ᠃ ᠨᠡᠶᠢᠲᠡ ᠳᠤ ᠢᠳᠡᠬᠡᠬᠦᠯᠬᠦ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠲᠤᠨᠨᠳᠠᠭᠠᠯ ᠢ ᠴᠢᠩᠳᠠ ᠵᠢᠷᠤᠮᠯᠠᠨ ᠪᠠᠶᠢᠵᠦ ᠴᠤᠭᠯᠠᠭᠤᠯᠵᠤ ᠬᠠᠨᠳᠢᠪᠯᠠᠭᠰᠠᠨ ᠵᠣᠭᠤᠰ ᠢ ᠬᠦᠯᠢᠶᠡᠨ ᠠᠪᠴᠤ᠂ ᠬᠠᠮᠢᠶᠠᠷᠬᠤ ᠪᠠ ᠬᠡᠷᠡᠭᠯᠡᠬᠦ ᠬᠡᠷᠡᠭᠳᠡᠢ᠃ ᠳᠣᠲᠣᠭᠠᠳᠤ ᠳᠠᠬᠢ ᠪᠡᠶ᠎ᠡ ᠪᠠᠨ ᠱᠠᠭᠠᠷᠳᠠᠬᠤ ᠲᠣᠭᠲᠠᠴᠠ ᠶᠢ ᠴᠢᠩᠭᠠᠳᠬᠠᠵᠤ᠂ ᠠᠵᠢᠯ ᠢᠶᠠᠨ ᠢᠯᠡ ᠲᠣᠳᠣ ᠪᠠᠶᠢᠯᠭᠠᠬᠤ ᠬᠡᠮᠵᠢᠶ᠎ᠡ ᠪᠠᠨ ᠨᠡᠮᠡᠭᠳᠡᠭᠦᠯᠦᠨ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠧᠯᠸᠢᠰ᠂ ᠰᠣᠨᠢᠨ᠂ ᠰᠦᠯᠵᠢᠶ᠎ᠡ ᠵᠡᠷᠭᠡ ᠵᠠᠭᠤᠴᠢᠯᠠᠭᠤᠷ ᠳᠡᠭᠡᠷ᠎ᠡ ᠴᠤᠭᠯᠠᠭᠤᠯᠵᠤ ᠬᠠᠨᠳᠢᠪᠯᠠᠭᠰᠠᠨ ᠵᠣᠭᠤᠰ ᠤᠳ ᠢ ᠬᠦᠯᠢᠶᠡᠨ ᠠᠪᠴᠤ ᠬᠡᠷᠡᠭᠯᠡᠭᠰᠡᠨ ᠪᠠᠶᠢᠳᠠᠯ ᠢᠶᠠᠨ ᠴᠠᠭ ᠲᠣᠬᠠᠢ ᠳᠤ ᠨᠢ ᠨᠡᠶᠢᠲᠡᠯᠡᠵᠦ᠂ ᠬᠠᠨᠳᠢᠪ ᠡᠷᠭᠦᠭᠰᠡᠳ ᠢ ᠰᠠᠨᠠᠭ᠎ᠠ ᠠᠮᠤᠷ ᠪᠠᠶᠢᠯᠭᠠᠵᠦ᠂ ᠬᠠᠨᠳᠢᠪ ᠭᠦᠷᠳᠡᠭᠰᠡᠳ ᠢ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠢ᠃ ᠪᠡᠯᠡ ᠮᠥᠩᠭᠦ ᠴᠤᠭᠯᠠᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠯᠠᠬᠤ ᠠᠷᠭ᠎ᠠ ᠳᠤ ᠪᠠᠨ ᠢᠳᠡᠪᠬᠢᠲᠡᠢ ᠪᠠᠷ ᠰᠢᠨ᠎ᠡ ᠶᠢ ᠡᠭᠦᠳᠴᠦ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢᠶᠠᠨ ᠥᠷᠭᠡᠳᠬᠡᠨ᠂ ᠪᠡᠯᠡ ᠮᠦᠩᠭᠦ ᠴᠤᠭᠯᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠲᠠᠶᠢᠴᠢᠯᠠᠨ ᠤᠯᠠᠨ ᠵᠦᠢᠯ ᠤᠨ ᠬᠡᠯᠪᠡᠷᠢ ᠪᠠᠷ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠲᠤ ᠣᠷᠣᠯᠴᠠᠭᠤᠯᠵᠤ᠂ ᠬᠠᠮᠤᠭ ᠠᠴᠠ ᠠᠪᠤᠷᠠᠨ ᠲᠤᠰᠠᠯᠠᠭᠤᠯᠬᠤ ᠬᠡᠷᠡᠭᠴᠡᠭᠡ ᠲᠠᠢ ᠬᠦᠴᠢᠷᠳᠡᠯᠲᠡᠶ ᠤᠯᠠᠨ ᠲᠦᠮᠡᠨ ᠢ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠨ᠂ ᠪᠤᠶᠠᠨ ᠢᠪᠡᠭᠡᠯ ᠤᠨ ᠵᠣᠭᠤᠰ ᠢ ᠰᠠᠶᠢᠲᠤᠷ ᠬᠡᠷᠡᠭᠯᠡᠵᠦ᠂ ᠰᠠᠶᠢᠨ ᠶᠠᠪᠤᠳᠠᠯ ᠢ ᠰᠠᠶᠢᠲᠤᠷ ᠪᠦᠲᠦᠭᠡᠵᠦ᠂ ᠨᠡᠶᠢᠭᠡᠮ ᠤᠨ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠬᠢᠨᠠᠨ ᠪᠤᠳᠤᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠪᠤᠶᠠᠨ ᠢᠪᠡᠬᠡᠯ ᠤᠨ ᠵᠣᠭᠤᠰ ᠢ ᠬᠦᠯᠢᠶᠡᠨ ᠠᠪᠴᠤ ᠬᠠᠮᠢᠶᠠᠷᠬᠤ ᠪᠠ ᠬᠡᠷᠡᠭᠯᠡᠵᠦ ᠪᠠᠶᠢᠭ᠎ᠠ ᠪᠠᠶᠢᠳᠠᠯ ᠳᠤ ᠲᠤᠰᠬᠠᠶ ᠬᠢᠨᠠᠨ ᠪᠣᠳᠣᠯᠲᠠ ᠬᠢᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢᠨ ᠨᠡᠶᠢᠲᠡ ᠳᠤ ᠢᠳᠡᠬᠡᠬᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃      ᠭᠤᠷᠪᠠ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠤᠬᠠᠭᠤᠯᠬᠤ ᠠᠵᠢᠯ ᠢ ᠴᠢᠩᠭᠠᠳᠬᠠᠬᠤ ᠬᠡᠷᠡᠭᠲᠡᠢ      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ ᠨᠦᠭᠦᠳ ᠬᠥᠮᠥᠨ ᠪᠦᠬᠦᠨ ᠨᠡᠶᠢᠲᠡ ᠶᠢᠨ ᠠᠰᠠᠷᠠᠮᠵᠢ ᠳᠤ ᠣᠷᠣᠯᠴᠠᠬᠤ᠂ ᠪᠦᠬᠦ ᠨᠡᠶᠢᠭᠡᠮ ᠳᠤ ᠬᠥᠮᠥᠨ ᠪᠦᠬᠦᠨ ᠢᠪᠡᠭᠡᠯ ᠬᠠᠶᠢᠷ᠎ᠠ ᠪᠠᠨ ᠬᠠᠨᠳᠢᠪᠯᠠᠬᠤ ᠨᠡᠶᠢᠲᠡ ᠶᠢᠨ ᠠᠰᠠᠷᠠᠮᠵᠢ ᠶᠢᠨ ᠣᠨᠣᠯᠵᠢᠬᠤᠨ ᠢ ᠰᠠᠨᠠᠭᠠᠴᠢᠯᠠᠨ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠳᠤ ᠴᠤᠯᠭᠤᠷᠬᠠᠰᠠᠨ ᠲᠡᠷᠢᠭᠦᠨ ᠤ ᠨᠢᠬᠡᠴᠢ ᠪᠣᠯᠤᠨ ᠬᠤᠪᠢ ᠬᠥᠮᠦᠨ ᠢ ᠶᠡᠭᠡ ᠪᠠᠷ ᠤᠬᠠᠭᠤᠯᠤᠨ ᠮᠡᠳᠡᠭᠡᠯᠡᠵᠦ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠬᠥᠲᠥᠯᠥᠨ ᠵᠢᠯᠣᠭᠤᠳᠬᠤ ᠬᠡᠷᠡᠭᠲᠡᠢ᠃ ᠠᠭᠤᠯᠭ᠎ᠠ ᠪᠠᠷ ᠡᠯᠪᠡᠭ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠰᠢᠷᠢᠰ ᠤᠬᠠᠭᠤᠯᠬᠤ ᠠᠵᠢᠯᠯᠠᠭ᠎ᠠ ᠶᠢ ᠨᠢᠮᠪᠠᠢ ᠤᠬᠠᠭᠠᠯᠠᠨ ᠲᠥᠯᠥᠪᠯᠡᠵᠦ ᠲᠥᠪᠯᠡᠷᠡᠭᠦᠯᠦᠨ ᠵᠣᠬᠢᠶᠠᠨ ᠪᠠᠶᠢᠭᠤᠯᠵᠦ ᠦᠷᠨᠢᠬᠦᠯᠦᠨ᠂ ᠢᠪᠡᠭᠡᠯ ᠬᠠᠶᠢᠷ᠎ᠠ ᠪᠠᠨ ᠬᠠᠨᠳᠢᠪᠯᠠᠬᠤ ᠠᠵᠢᠯᠯᠠᠭ᠎ᠠ ᠶᠢ ᠮᠠᠭᠲᠠᠨ ᠰᠠᠶᠢᠰᠢᠶᠠᠵᠦ᠂ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠤ ᠣᠷᠣᠯᠴᠠᠬᠤ ᠤᠷᠮ᠎ᠠ ᠶᠢ ᠭᠦᠭᠵᠢᠬᠡᠨ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠨᠡᠷᠡᠲᠦ ᠲᠥᠷᠥᠯ ᠲᠡᠮᠳᠡᠭᠲᠦ ᠶᠢᠨ ᠬᠢᠯᠠᠰ ᠴᠡᠭ ᠪᠣᠯᠭᠠᠬᠤ ᠬᠡᠷᠡᠭᠲᠡᠢ᠃ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠬᠦᠢ ᠶᠢᠨ ᠠᠵᠢᠯᠯᠠᠭ᠎ᠠ ᠶᠢ ᠤᠬᠠᠭᠤᠯᠬᠤ ᠪᠣᠯᠣᠨ ᠲᠡᠮᠵᠢᠬᠦ ᠡᠷᠴᠢᠮ ᠢᠶᠠᠨ ᠨᠡᠮᠡᠭᠳᠡᠭᠦᠯᠬᠦ ᠶᠢᠨ ᠬᠠᠮᠲᠤ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ ᠬᠠᠮᠢᠶ᠎ᠠ ᠪᠦᠬᠦᠢ ᠵᠠᠷᠤᠳᠠᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠰᠤᠵᠤ ᠬᠡᠯᠲᠦᠷᠢᠭᠦᠯᠬᠦ ᠬᠡᠷᠡᠭᠲᠡᠢ᠃      2019 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾᠎ ᠤᠨ ᠠᠵᠢᠯᠯᠠᠭ᠎ᠠ ᠨᠢ 9 ᠳ᠋ᠤᠭᠡᠷ ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠃ ᠨᠢᠬᠡᠳᠦᠯᠳᠡᠢ ᠪᠠᠶᠢᠷᠢᠯᠠᠭᠤᠯᠵᠦ᠂ ᠱᠠᠳᠤ ᠬᠤᠪᠢᠶᠠᠨ ᠵᠤᠬᠢᠶᠠᠨ ᠪᠠᠶᠢᠭᠤᠯᠵᠦ ᠬᠡᠷᠡᠭᠵᠢᠬᠦᠯᠬᠦ᠂ ᠱᠠᠳᠤ ᠬᠤᠪᠢᠶᠠᠨ ᠬᠠᠮᠢᠶᠠᠷᠬᠤ ᠵᠠᠷᠴᠢᠮ ᠶᠤᠰᠤᠭᠠᠷ᠂ ︽ᠲᠦᠬᠡᠮᠡᠯ ᠬᠠᠶᠢᠷ᠎ᠠ ᠶᠢᠨ ᠨᠢᠬᠡ ᠡᠳᠦᠷ ᠤᠨ ᠬᠠᠨᠳᠢᠪᠯᠠᠯ︾᠎ ᠤᠨ ᠪᠤᠶᠠᠨ ᠢᠪᠡᠭᠡᠯ ᠤᠨ ᠵᠣᠭᠤᠰ ᠢ ᠲᠤᠰ ᠪᠦᠷᠢ ᠲᠤᠰ ᠱᠠᠳᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠳᠤ ᠲᠤᠰᠢᠶᠠᠵᠦ ᠨᠢᠬᠡᠳᠦᠯᠳᠡᠢ ᠲᠦᠯᠦᠪᠯᠡᠨ ᠲᠤᠬᠢᠷᠠᠭᠤᠯᠵᠦ ᠬᠡᠷᠡᠭᠯᠡᠬᠦᠯᠦᠨ᠂ ᠡᠯ᠎ᠡ ᠰᠠᠯᠠᠭ᠎ᠠ ᠮᠦᠴᠢᠷ᠂ ᠡᠯ᠎ᠡ ᠨᠢᠬᠡᠴᠢ ᠨᠢ ᠲᠠᠰᠤᠯᠤᠨ ᠦᠯᠡᠳᠡᠬᠡᠵᠦ ᠪᠤᠯᠬᠤ ᠦᠬᠡᠢ᠃      ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠨᠢᠬᠡᠴᠢ ᠨᠢ ᠴᠤᠨᠨᠯᠠᠭᠤᠯᠵᠦ ᠬᠠᠨᠳᠢᠪᠯᠠᠭᠰᠠᠨ ᠵᠣᠭᠤᠰ ᠢᠶᠠᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ︵ᠬᠦᠬᠡᠬᠤᠲᠠ ᠶᠢᠨ ᠶᠢᠨ ᠴᠢᠶᠤᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠥᠷᠪᠡᠳᠦᠭᠡᠷ ᠵᠠᠮ ᠤᠨ ᠪᠠᠷᠠᠭᠤᠨ ᠬᠡᠰᠡᠭ︶᠎ ᠲᠤ ᠰᠢᠭᠤᠳ ᠲᠤᠰᠢᠶᠠᠨ᠎ᠠ᠂ ᠬᠠᠷᠢᠯᠴᠠᠬᠤ ᠬᠥᠮᠦᠨ᠄ ᠨᠢᠶᠧ ᠰᠢᠶᠣᠣ ᠰᠢᠤᠸᠠᠢ᠂ ᠯᠢᠦ ᠵᠢᠶᠠᠨ ᠵᠦᠩ᠂ ᠬᠠᠷᠢᠯᠴᠠᠬᠤ ᠤᠲᠠᠰᠤ᠄ 4501204᠂ 4926205᠃ ᠳᠠᠩᠰᠠᠨ ᠡᠷᠦᠬᠡ ᠨᠡᠭᠡᠭᠡᠭᠰᠡᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠳᠠᠩᠰᠠᠨ ᠡᠷᠦᠬᠡ ᠨᠡᠭᠡᠭᠡᠭᠰᠡᠨ ᠪᠠᠩᠬᠢ᠄ ᠲᠤᠮᠳᠠᠳᠤ ᠤᠯᠤᠰ ᠤᠨ ᠭᠤᠸᠠᠩ ᠳ᠋ᠠ ᠪᠠᠩᠬᠢ ᠶᠢᠨ ᠭᠦᠬᠡᠬᠤᠳᠠ ᠵᠤᠤ ᠤᠳᠠ ᠵᠠᠮ ᠤᠨ ᠰᠠᠯᠪᠤᠷᠢ ᠪᠠᠩᠬᠢ᠂ ᠳᠠᠩᠰᠠᠨ ᠡᠷᠦᠬᠡ ᠶᠢᠨ ᠨᠣᠮᠧᠷ᠄ 50180188000049318᠃      ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠬᠠᠷᠢᠶ᠎ᠠ ᠰᠠᠯᠠᠭ᠎ᠠ ᠮᠥᠴᠢᠷ ᠪᠣᠯᠣᠨ ᠨᠢᠬᠡᠴᠢ ᠨᠦᠭᠦᠳ ᠴᠤᠨᠨᠯᠠᠭᠤᠯᠵᠦ ᠬᠠᠨᠳᠢᠪᠯᠠᠭᠰᠠᠨ ᠵᠣᠭᠤᠰ ᠢᠶᠠᠨ ᠲᠣᠬᠠᠢ ᠶᠢᠨ ᠭᠠᠵᠠᠷ ᠤᠨ ᠲᠤᠰ ᠱᠠᠳᠤᠨ ᠤ ᠪᠠᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠰᠢᠭᠤᠳ ᠲᠤᠰᠢᠶᠠᠨ᠎ᠠ᠃                                       ︵ᠲᠤᠰ ᠪᠢᠴᠢᠭ ᠮᠠᠲ᠋ᠧᠷᠢᠶᠠᠯ ᠢ ᠢᠯᠡ ᠨᠠᠶᠢᠳᠠᠯᠠᠨ᠎ᠠ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号