ᠰᠤᠷᠪᠤᠯᠵᠢᠯᠠᠬᠴᠢ ᠦᠪᠡᠷᠳᠡᠬᠡᠨ ᠵᠠᠰᠠᠬᠤ ᠤᠷᠤᠨ ᠤ ᠴᠡᠷᠢᠭ ᠤᠨ ᠠᠯᠪᠠᠨ ᠠᠴᠠ ᠬᠠᠯᠠᠬᠳᠠᠬᠰᠠᠳ ᠤᠨ | ᠶᠠᠪᠤᠳᠠᠯ ᠤᠨ ᠲᠢᠩᠬᠢᠮ ᠠᠴᠠ ᠤᠢᠢᠯᠠᠭᠠᠬᠰᠠᠨ ᠢᠶᠠᠷ᠂ ᠲᠦᠷᠦᠭᠦᠬᠡᠨ ᠬᠤᠷᠠᠯᠳᠤᠬᠰᠠᠨ ᠪᠦᠬᠦ ᠤᠯᠤᠰ ᠤᠨ ᠴᠡᠷᠢᠭ ᠤᠨ | ᠠᠯᠪᠠᠨ ᠠᠴᠠ ᠬᠠᠯᠠᠬᠳᠠᠬᠰᠠᠳ ᠤᠨ ᠠᠵᠢᠯ ᠤᠨ ᠬᠤᠷᠠᠯ ᠲᠡᠭᠡᠷ᠎ᠡ᠂ ᠮᠠᠨ ᠤ ᠤᠷᠤᠨ ᠤ ᠯᠢ ᠸᠧᠨ ᠫᠦ᠋᠂ ᠮᠧᠩ ᠶᠢᠨ | ᠰᠢᠶᠠ᠂ ᠯᠢ ᠯᠢᠶᠠᠨ ᠱᠦᠨ᠂ ᠵᠧᠩ ᠯᠦ᠂ ᠬᠠᠰᠪᠠᠳᠤ᠂ ᠵᠠᠩ ᠲᠢᠩ ᠲᠤᠤ᠂ ᠵᠠᠩ ᠶᠦᠩ ᠹᠦ᠋ ᠵᠡᠷᠬᠡ 7 ᠬᠦᠮᠦᠨ᠂ | ᠪᠤᠭᠤᠳᠤ ᠬᠤᠳᠠ ᠶᠢᠨ ᠴᠡᠷᠢᠭ ᠤᠨ ᠠᠯᠪᠠᠨ ᠠᠴᠠ ᠬᠠᠯᠠᠬᠳᠠᠬᠰᠠᠳ ᠤᠨ ᠶᠠᠪᠤᠳᠠᠯ ᠤᠨ ᠲᠤᠪᠴᠢᠶ᠎ᠠ᠂ ᠬᠢᠩᠭᠠᠨ | ᠠᠶᠢᠮᠠᠬ ᠤᠨ ᠢᠷᠠᠭᠤ ᠠᠯᠳᠠᠷᠳᠤ ᠬᠦᠷᠢᠶᠡᠯᠡᠩ ᠵᠡᠷᠬᠡ 2 ᠬᠠᠮᠳᠤ ᠨᠢᠬᠡᠴᠢ᠂ ᠲᠦᠩᠯᠢᠶᠤᠤ ᠬᠤᠳᠠ ᠶᠢᠨ ᠴᠡᠷᠢᠭ ᠤᠨ | ᠠᠯᠪᠠᠨ ᠠᠴᠠ ᠬᠠᠯᠠᠬᠳᠠᠬᠰᠠᠳ ᠤᠨ ᠶᠠᠪᠤᠳᠠᠯ ᠤᠨ ᠲᠤᠪᠴᠢᠶ᠎ᠠ ᠶᠢᠨ ᠴᠢ ᠰᠢᠶᠠᠩ ᠮᠢᠩ ᠲᠤᠰᠪᠤᠷᠢ ᠪᠦᠬᠦ ᠤᠯᠤᠰ ᠤᠨ | ᠵᠢᠱᠢᠶᠡᠴᠢ ᠴᠡᠷᠢᠭ ᠤᠨ ᠠᠯᠪᠠᠨ ᠠᠴᠠ ᠬᠠᠯᠠᠬᠳᠠᠬᠰᠠᠳ᠂ ᠪᠦᠬᠦ ᠤᠯᠤᠰ ᠤᠨ ᠴᠡᠷᠢᠭ ᠤᠨ ᠠᠯᠪᠠᠨ ᠠᠴᠠ | ᠬᠠᠯᠠᠬᠳᠠᠬᠰᠠᠳ ᠤᠨ ᠠᠵᠢᠯ ᠤᠨ ᠵᠢᠱᠢᠶᠡᠴᠢ ᠪᠠᠶᠢᠭᠤᠯᠭ᠎ᠠ ᠨᠢᠬᠡᠴᠢ ᠪᠤᠯᠤᠨ ᠪᠦᠬᠦ ᠤᠯᠤᠰ ᠤᠨ ᠴᠡᠷᠢᠭ ᠤᠨ | ᠠᠯᠪᠠᠨ ᠠᠴᠠ ᠬᠠᠯᠠᠬᠳᠠᠬᠰᠠᠳ ᠤᠨ ᠠᠵᠢᠯ ᠤᠨ ᠵᠢᠱᠢᠶᠡᠴᠢ ᠬᠤᠪᠢ ᠬᠦᠮᠦᠨ ᠤ ᠢᠷᠠᠭᠤ ᠠᠯᠳᠠᠷ ᠤᠨ ᠴᠤᠯᠠ ᠶᠢ | ᠬᠦᠷᠳᠡᠭᠰᠨᠨ ᠤ ᠬᠠᠮᠳᠤ ᠬᠦᠬᠢᠬᠦᠯᠦᠭᠳᠡᠨ ᠰᠠᠶᠢᠰᠢᠶᠠᠭᠳᠠᠵᠠᠢ᠃ | ᠤᠢᠢᠯᠠᠭᠠᠬᠰᠠᠨ ᠢᠶᠠᠷ᠂ ᠡᠨᠡ ᠤᠳᠠᠭ᠎ᠠ ᠶᠢᠨ ᠬᠦᠬᠢᠭᠦᠯᠦᠭᠳᠡᠨ ᠰᠠᠶᠢᠰᠢᠶᠠᠭᠳᠠᠭᠰᠠᠨ ᠬᠤᠪᠢ ᠬᠦᠮᠦᠨ ᠪᠤᠯᠤᠨ | ᠬᠠᠮᠳᠤ ᠨᠢᠬᠡᠴᠢ ᠪᠤᠯ ᠪᠦᠬᠦ ᠤᠷᠤᠨ ᠤ ᠡᠯ᠎ᠡ ᠭᠠᠵᠠᠷ ᠠᠴᠠ ᠴᠤᠯᠭᠤᠷᠠᠨ ᠭᠠᠷᠣᠭᠰᠠᠨ ᠴᠡᠷᠢᠭ ᠤᠨ ᠠᠯᠪᠠᠨ ᠠᠴᠠ | ᠬᠠᠯᠠᠬᠳᠠᠬᠰᠠᠳ᠂ ᠴᠡᠷᠢᠭ ᠤᠨ ᠠᠯᠪᠠᠨ ᠠᠴᠠ ᠬᠠᠯᠠᠬᠳᠠᠬᠰᠠᠳ ᠤᠨ ᠠᠵᠢᠯ ᠤᠨ ᠪᠠᠶᠢᠭᠤᠯᠭ᠎ᠠ ᠨᠢᠬᠡᠴᠢ ᠪᠤᠯᠤᠨ | ᠬᠤᠪᠢ ᠬᠦᠮᠦᠨ ᠤ ᠰᠢᠯᠢᠳᠡᠭ ᠨᠡᠶᠢᠳᠡᠯᠢᠭ ᠵᠢᠱᠢᠶ᠎ᠠ ᠪᠤᠯᠤᠨ᠎ᠠ᠃ ᠤᠢᠢᠷ᠎ᠠ ᠶᠢᠨ ᠵᠢᠯ ᠠᠴᠠ ᠨᠠᠭᠠᠰᠢ᠂ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠴᠡᠷᠢᠭ ᠤᠨ ᠠᠯᠪᠠᠨ ᠠᠴᠠ ᠬᠠᠯᠠᠬᠳᠠᠬᠰᠠᠳ ᠤᠨ | ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠡᠷᠢᠭ ᠤᠨ ᠠᠯᠪᠠᠨ ᠠᠴᠠ ᠬᠠᠯᠠᠬᠳᠠᠬᠰᠠᠳ ᠢ ᠬᠤᠪᠤᠷ | ᠨᠠᠨᠳᠢᠨ ᠴᠢᠳᠠᠪᠤᠷᠢᠳᠠᠨ ᠪᠤᠯᠭᠠᠵᠤ᠂ ᠴᠡᠷᠢᠭ ᠤᠨ ᠠᠯᠪᠠᠨ ᠠᠴᠠ ᠬᠠᠯᠠᠬᠳᠠᠬᠰᠠᠳ ᠢ ︽ᠴᠡᠷᠢᠭ ᠠᠴᠠ ᠬᠠᠯᠠᠭᠳᠠᠭᠰᠠᠨ | ᠴᠤ ᠦᠩᠬᠡ ᠭᠠᠯᠪᠢᠷ ᠢᠶᠠᠨ ᠠᠯᠳᠠᠬᠤ ᠦᠬᠡᠢ︾᠂ ︽ᠴᠡᠷᠢᠭ ᠠᠴᠠ ᠬᠠᠯᠠᠭᠳᠠᠭᠰᠠᠨ ᠴᠤ ᠵᠤᠷᠢᠬ ᠮᠢᠳᠠᠷᠠᠬᠤ ᠦᠬᠡᠢ︾ | ᠪᠠᠶᠢᠬᠤ ᠶᠢ ᠵᠤᠷᠢᠬᠵᠢᠭᠤᠯᠵᠤ᠂ ᠲᠠᠯ᠎ᠠ ᠨᠤᠳᠤᠬ ᠲᠤ ᠦᠨᠳᠦᠰᠦᠯᠡᠨ᠂ ᠢᠳᠡᠪᠬᠢᠳᠡᠢ ᠪᠠᠷ ᠭᠠᠪᠢᠶ᠎ᠠ ᠵᠢᠳᠬᠦᠯ | ᠭᠠᠷᠭᠠᠬᠤ ᠶᠢ ᠵᠤᠷᠢᠬᠵᠢᠭᠤᠯᠵᠠᠢ᠃ ᠪᠦᠬᠦ ᠤᠷᠤᠨ ᠤ ᠴᠡᠷᠢᠭ ᠤᠨ ᠠᠯᠪᠠᠨ ᠠᠴᠠ ᠬᠠᠯᠠᠬᠳᠠᠬᠰᠠᠳ ᠤᠨ ᠶᠠᠪᠤᠳᠠᠯ ᠤᠨ | ᠰᠠᠯᠠᠭ᠎ᠠ ᠮᠦᠴᠢᠷ ᠡᠯ᠎ᠡ ᠵᠦᠢᠯ ᠤᠨ ᠠᠵᠢᠯ ᠢᠶᠠᠨ ᠰᠠᠶᠢᠳᠤᠷ ᠬᠢᠵᠦ᠂ ᠪᠦᠬᠦ ᠨᠡᠶᠢᠬᠡᠮ ᠳᠤ ᠴᠡᠷᠢᠭ ᠤᠨ ᠠᠯᠪᠠᠨ ᠠᠴᠠ | ᠬᠠᠯᠠᠬᠳᠠᠬᠰᠠᠳ ᠢ ᠬᠦᠨᠳᠦᠯᠡᠨ ᠬᠠᠯᠠᠮᠵᠢᠯᠠᠬᠤ ᠦᠳᠬᠡᠨ ᠵᠣᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠴᠡᠷᠢᠭ | ᠤᠨ ᠠᠯᠪᠠᠨ ᠠᠴᠠ ᠬᠠᠯᠠᠬᠳᠠᠬᠰᠠᠳ ᠤᠨ ᠠᠵᠢᠯ ᠬᠢᠵᠦ ᠦᠢᠯᠡᠰ ᠪᠤᠰᠬᠠᠬᠤ ᠳᠤ ᠰᠠᠶᠢᠨ ᠰᠠᠶᠢᠬᠠᠨ ᠤᠷᠴᠢᠨ | ᠨᠦᠬᠦᠴᠡᠯ ᠡᠭᠦᠳᠦᠨ ᠥᠭᠴᠡᠢ᠃ |