8 ᠰᠠᠷ᠎ᠠ ᠶᠢᠨ 8 ᠤ ᠤᠷᠤᠢ᠂ ᠥᠪᠡᠷᠳᠡᠭᠡᠨ ᠵᠠᠰᠠᠬᠤ ᠤᠷᠤᠨ ᠤ ᠰᠤᠷᠭᠠᠨ ᠬᠥᠮᠥᠵᠢᠯ ᠤᠨ ᠲᠢᠩᠭᠢᠮ᠂ | ᠥᠪᠡᠷᠳᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ᠂ ᠥᠪᠡᠷᠳᠡᠭᠡᠨ ᠵᠠᠰᠠᠬᠤ ᠤᠷᠤᠨ ᠤ ᠡᠪ ᠬᠠᠮᠳᠤ | ᠵᠠᠯᠠᠭᠤᠴᠤᠳ ᠤᠨ ᠡᠪᠯᠡᠯ ᠤᠨ ᠬᠤᠷᠢᠶ᠎ᠠ ᠬᠠᠮᠳᠤᠷᠠᠨ ᠭᠤᠤᠯᠯᠠᠨ ᠡᠷᠬᠢᠯᠡᠭᠰᠡᠨ ᠥᠪᠡᠷᠳᠡᠭᠡᠨ ᠵᠠᠰᠠᠬᠤ ᠤᠷᠤᠨ ᠤ | ᠠᠷᠪᠠᠨ ᠨᠢᠬᠡᠳᠤᠭᠡᠷ ᠬᠤᠭᠤᠴᠠᠭᠠᠨ ᠤ ᠤᠶᠤᠳᠠᠳ ᠤᠨ ᠪᠠᠶ᠎ᠠ ᠶᠢᠨ ᠲᠠᠮᠢᠷ ᠤᠨ ᠴᠤᠬᠯᠠᠭᠠᠨ ᠤ ᠡᠬᠢᠯᠠᠯᠳᠠ ᠶᠢᠨ | ᠶᠤᠰᠤᠯᠠᠯ ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠪᠡᠶ᠎ᠠ ᠶᠢᠨ ᠲᠠᠮᠢᠷ ᠤᠨ ᠤᠷᠳᠤᠨ ᠳᠤ ᠶᠠᠪᠤᠬᠳᠠᠵᠠᠢ᠃ | ᠲᠤᠰ ᠤᠳᠠᠭ᠎ᠠ ᠶᠢᠨ ᠪᠡᠶ᠎ᠡ ᠶᠢᠨ ᠲᠠᠮᠢᠷ ᠤᠨ ᠴᠤᠬᠯᠠᠭᠠᠨ ᠳᠤ ᠪᠥᠬᠦ ᠤᠷᠤᠨ ᠤ 51 ᠶᠡᠭᠡ ᠲᠡᠭᠡᠳᠤ | ᠰᠤᠷᠭᠠᠭᠤᠯᠢ ᠶᠢᠨ ᠲᠥᠮᠡ ᠭᠠᠷᠤᠢ ᠪᠠᠭᠰᠢ ᠰᠤᠷᠤᠬᠴᠢᠳ 216 ᠠᠳᠠᠯᠢ ᠪᠤᠰᠤ ᠲᠥᠷᠥᠯ ᠤᠨ ᠤᠷᠤᠯᠳᠤᠭᠠᠨ ᠳᠤ | ᠤᠷ᠎ᠠ ᠴᠢᠳᠠᠯ ᠢᠶᠠᠨ ᠮᠥᠴᠡᠭᠡᠷᠭᠡᠬᠦ ᠪᠤᠯᠤᠨ᠎ᠠ᠃ ᠲᠤᠰ ᠤᠳᠠᠭ᠎ᠠ ᠶᠢᠨ ᠴᠤᠬᠯᠠᠭᠠᠨ ᠠᠴᠠ ᠡᠬᠢᠯᠠᠨ ᠫᠢᠡᠭᠫᠠᠨᠭ᠌ ᠪᠥᠮᠪᠦᠭᠡ᠂ | ᠥᠳᠤᠨ ᠪᠥᠮᠪᠦᠭᠡ᠂ ᠨᠢᠳᠤᠷᠭᠠᠨ ᠡᠷᠳᠡᠮ᠂ ᠭᠤᠸᠠᠵᠢᠯ ᠤᠨ ᠲᠠᠮᠢᠷ ᠤᠨ ᠤᠷᠤᠯᠳᠤᠭᠠᠨ ᠵᠡᠷᠭᠡ 4 ᠵᠦᠢᠯ ᠤᠨ | ᠲᠠᠮᠢᠷ ᠤᠨ ᠬᠥᠳᠡᠯᠭᠡᠭᠡᠨ ᠢ ᠤᠶᠤᠳᠠᠳ ᠤᠨ ᠪᠠᠶ᠎ᠠ ᠶᠢᠨ ᠲᠠᠮᠢᠷ ᠤᠨ ᠴᠤᠬᠯᠠᠭᠠᠨ ᠤ ᠤᠷᠤᠯᠳᠤᠭᠠᠨ ᠤ ᠲᠥᠷᠥᠯ | ᠪᠤᠯᠭᠠᠨ ᠤᠷᠤᠯᠳᠤᠭᠤᠯᠪᠠ᠃ ᠤᠳᠤᠬᠠᠨ ᠪᠤᠯᠳᠠᠯ᠎ᠠ᠂ ᠲᠤᠰ ᠬᠤᠭᠤᠴᠠᠭᠠᠨ ᠤ ᠪᠠᠶ᠎ᠠ ᠶᠢᠨ ᠲᠡᠮᠢᠷ ᠤᠨ ᠴᠤᠬᠯᠠᠭᠠᠨ ᠤ | ᠫᠢᠡᠭᠫᠠᠨᠭ᠌ ᠪᠥᠮᠪᠦᠭᠡ᠂ ᠠᠯᠠᠭᠠᠳᠠᠬᠤ ᠪᠥᠮᠪᠦᠭᠡ᠂ ᠥᠳᠤᠨ ᠪᠥᠮᠪᠦᠭᠡ᠂ ᠭᠤᠸᠠᠵᠢᠯ ᠤᠨ ᠲᠠᠮᠢᠷ᠂ ᠨᠢᠳᠤᠷᠭᠠᠨ ᠡᠷᠳᠡᠮ᠂ | ᠲᠤᠤᠷ ᠪᠥᠮᠪᠦᠭᠡ᠂ ᠰᠠᠬᠰᠤᠨ ᠪᠥᠮᠪᠦᠭᠡ᠂ ᠬᠥᠯ ᠪᠥᠮᠪᠦᠭᠡ᠂ ᠪᠥᠭᠡ ᠵᠡᠷᠭᠡ 9 ᠲᠤᠮᠤ ᠲᠥᠷᠥᠯ ᠤᠨ ᠤᠷᠤᠯᠳᠤᠭᠠᠨ | ᠨᠢᠬᠡᠨᠳᠠ ᠠᠮᠵᠢᠯᠳᠠᠳᠠᠢ ᠤᠷᠤᠯᠳᠤᠨ ᠲᠠᠭᠤᠰᠴᠤ᠂ 8 ᠰᠠᠷ᠎ᠠ ᠶᠢᠨ 9 — 13 ᠤ ᠡᠳᠤᠷ ᠪᠤᠯᠳᠠᠯ᠎ᠠ ᠲᠤᠰ | ᠬᠤᠭᠤᠴᠠᠭᠠᠨ ᠤ ᠪᠡᠶ᠎ᠡ ᠶᠢᠨ ᠲᠡᠮᠢᠷ ᠤᠨ ᠴᠤᠬᠯᠠᠭᠠᠨ ᠤ ᠬᠥᠨᠳᠤ ᠬᠥᠡᠭᠭᠡᠨ ᠤ ᠲᠠᠮᠢᠷ ᠤᠨ ᠤᠷᠤᠯᠳᠤᠭᠠᠨ ᠥᠪᠥᠷ | ᠮᠤᠩᠭᠤᠯ ᠤᠨ ᠶᠡᠭᠡ ᠰᠤᠷᠭᠠᠭᠤᠯᠢ ᠳᠤ ᠶᠠᠪᠤᠬᠳᠠᠬᠤ ᠪᠤᠯᠤᠨ᠎ᠠ᠃ |