ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠥᠪᠦᠷ ᠮᠤᠩᠭᠤᠯ ᠤᠨ ᠪᠡᠶ᠎ᠠ ᠶᠢᠨ ᠲᠠᠮᠢᠷ ᠤᠨ ᠲᠦᠯᠦᠭᠡᠯᠡᠭᠴᠢᠳ ᠤᠨ ᠪᠦᠯᠬᠦᠮ ᠤᠨ ᠬᠤᠷᠠᠯ ᠬᠤᠷᠠᠯᠳᠤᠪᠠ ᠵᠧᠩ ᠬᠤᠩ ᠹᠠᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/8/9
     8 ᠰᠠᠷ᠎ᠠ ᠶᠢᠨ 8᠎ ᠤ ᠡᠳᠦᠷ᠂ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠥᠪᠦᠷ ᠮᠤᠩᠭᠤᠯ ᠤᠨ ᠪᠡᠶ᠎ᠠ ᠶᠢᠨ ᠲᠠᠮᠢᠷ ᠤᠨ ᠲᠦᠯᠦᠭᠡᠯᠡᠭᠴᠢᠳ ᠤᠨ ᠪᠦᠯᠬᠦᠮ ᠎ ᠤᠨ ᠬᠤᠷᠠᠯ ᠲᠠᠶᠢᠶᠤᠸᠠᠨ ᠳᠤ ᠬᠤᠷᠠᠯᠳᠤᠪᠠ᠃      ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠥᠪᠦᠷ ᠮᠤᠩᠭᠤᠯ ᠤᠨ ᠪᠡᠶ᠎ᠠ ᠶᠢᠨ ᠲᠠᠮᠢᠷ ᠤᠨ ᠲᠦᠯᠦᠭᠡᠯᠡᠭᠴᠢᠳ ᠤᠨ ᠪᠦᠯᠬᠦᠮ ᠤᠨ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠵᠧᠩ ᠬᠤᠩ ᠹᠠᠨ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃      ᠬᠤᠷᠠᠯ ᠠᠴᠠ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠵᠤᠬᠢᠶᠠᠨ ᠪᠠᠶᠢᠭᠤᠯᠬᠤ ᠺᠤᠮᠢᠰ ᠤᠨ ᠬᠤᠶᠠᠳᠤᠭᠠᠷ ᠤᠳᠠᠭᠠᠨ ᠤ ᠬᠤᠷᠠᠯ ᠵᠢᠴᠢ ᠲᠦᠯᠦᠭᠡᠯᠡᠭᠴᠢᠳ ᠤᠨ ᠪᠦᠯᠬᠦᠮ ᠤᠨ ᠳᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠳᠠᠮᠵᠢᠭᠤᠯᠵᠦ᠂ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠥᠪᠦᠷ ᠮᠤᠩᠭᠤᠯ ᠎ ᠤᠨ ᠪᠡᠶ᠎ᠠ ᠶᠢᠨ ᠲᠠᠮᠢᠷ ᠤᠨ ᠲᠦᠯᠦᠭᠡᠯᠡᠭᠴᠢᠳ ᠤᠨ ᠪᠦᠯᠬᠦᠮ ᠤᠨ ᠤᠷᠤᠯᠳᠤᠭᠠᠨ ᠳᠤ ᠪᠡᠯᠡᠳᠭᠡᠵᠦ ᠤᠷᠤᠯᠴᠠᠭᠰᠠᠨ ᠪᠠᠶᠢᠳᠠᠯ ᠤᠨ ᠲᠤᠬᠠᠢ ᠮᠡᠳᠡᠬᠦᠯᠦᠯᠳᠠ ᠶᠢ ᠰᠤᠨᠤᠰᠪᠠ᠃ ᠥᠪᠦᠷ ᠮᠤᠩᠭᠤᠯ ᠤᠨ ᠪᠡᠶ᠎ᠠ ᠶᠢᠨ ᠲᠠᠮᠢᠷ ᠤᠨ ᠲᠦᠯᠦᠭᠡᠯᠡᠭᠴᠢᠳ ᠤᠨ ᠪᠦᠯᠬᠦᠮ ᠤᠨ ᠰᠢᠢᠳᠪᠤᠷᠢᠳᠦ ᠤᠷᠤᠯᠳᠤᠭᠠᠨ ᠳᠤ ᠤᠷᠤᠯᠴᠠᠭᠰᠠᠨ ᠲᠠᠮᠢᠷᠴᠢᠨ 942 ᠬᠦᠮᠦᠨ ᠪᠠᠶᠢᠵᠦ᠂ ᠤᠳᠤ ᠪᠤᠯᠬᠤ ᠳᠤ ᠨᠡᠶᠢᠳᠡ 34 ᠠᠯᠳᠠᠨ ᠮᠧᠳᠠᠯ᠂ 34 ᠮᠦᠩᠬᠦᠨ ᠮᠧᠳᠠᠯ᠂ 50 ᠬᠦᠷᠡᠯ ᠮᠧᠳᠠᠯ ᠤᠯᠤᠭᠠᠳ ᠪᠤᠢ᠃      ᠵᠧᠩ ᠬᠤᠩ ᠹᠠᠨ᠂ ᠦᠪᠤᠷ ᠮᠤᠩᠭᠤᠯ ᠤᠨ ᠪᠠᠶ᠎ᠠ ᠶᠢᠨ ᠲᠠᠮᠢᠷ ᠤᠨ ᠲᠦᠯᠤᠬᠡᠯᠡᠭᠴᠢᠳ ᠤᠨ ᠪᠦᠯᠬᠦᠮ ᠤᠨ ᠪᠦᠬᠦ ᠪᠦᠷᠢᠯᠳᠤᠬᠦᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠬᠤ ᠭᠡᠷᠡᠭᠳᠠᠢ︔ ᠤᠷᠤᠯᠳᠤᠭᠠᠨ ᠤ ᠶᠠᠪᠤᠳᠠᠯ᠂ ᠲᠠᠮᠢᠷ ᠤᠨ ᠴᠤᠬᠯᠠᠭᠠᠨ ᠤ ᠡᠯ᠎ᠠ ᠵᠦᠢᠯ ᠤᠨ ᠲᠤᠭᠳᠠᠭᠠᠯ ᠢ ᠴᠢᠩᠭ᠎ᠠ ᠵᠢᠷᠤᠮᠯᠠᠵᠤ᠂ ᠰᠠᠬᠢᠯᠭ᠎ᠠ ᠪᠠᠳᠤ ᠶᠢᠨ ᠤᠯᠠᠭᠠᠨ ᠱᠤᠭᠤᠮ ᠢ ᠰᠠᠬᠢᠬᠤ ᠭᠡᠷᠡᠭᠳᠠᠢ︔ ᠪᠠᠶ᠎ᠠ ᠶᠢᠨ ᠲᠠᠮᠢᠷ ᠤᠨ ᠵᠤᠷᠢᠬ ᠰᠠᠨᠠᠭ᠎ᠠ ᠶᠢ ᠪᠠᠳᠠᠷᠠᠭᠤᠯᠵᠤ᠂ ᠤᠷᠤᠯᠳᠤᠭᠠᠨ ᠤ ᠮᠡᠷᠬᠡᠵᠢᠯ ᠴᠢᠳᠠᠪᠤᠷᠢ ᠪᠤᠯᠤᠨ ᠲᠦᠪᠰᠢᠨ ᠢᠶᠠᠨ ᠴᠢᠷᠮᠠᠶᠢᠨ ᠲᠡᠭᠡᠭᠰᠢᠯᠡᠬᠦᠯᠬᠦ ᠭᠡᠷᠡᠭᠳᠠᠢᠢ︔ ᠱᠠᠨ ᠰᠢ ᠮᠤᠵᠢ ᠶᠢᠨ ᠲᠠᠮᠢᠷ ᠤᠨ ᠴᠤᠬᠯᠠᠭᠠᠨ ᠡᠷᠬᠢᠯᠡᠭᠰᠡᠨ ᠲᠤᠷᠰᠢᠯᠭ᠎ᠠ ᠶᠢ ᠰᠤᠷᠤᠯᠴᠠᠨ ᠲᠤᠯᠢᠯᠠᠵᠤ᠂ ᠠᠷᠪᠠᠨ ᠲᠦᠷᠪᠡᠳᠤᠬᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠯᠠᠷᠢᠯ ᠤᠨ ᠲᠠᠮᠢᠷ ᠎ ᠤᠨ ᠴᠤᠬᠯᠠᠭᠠᠨ ᠢ ᠰᠠᠶᠢᠳᠤᠷ ᠡᠷᠬᠢᠯᠡᠭᠦ ᠪᠠᠷ ᠴᠢᠷᠮᠠᠶᠢᠬᠤ ᠭᠡᠷᠡᠭᠳᠠᠢ ᠬᠡᠵᠤ ᠵᠢᠭᠠᠵᠤ ᠭᠠᠷᠭᠠᠪᠠ᠃      ᠵᠧᠩ ᠬᠤᠩ ᠹᠠᠨ᠂ ᠲᠦᠯᠤᠬᠡᠯᠡᠭᠴᠢᠳ ᠤᠨ ᠪᠦᠯᠬᠦᠮ ᠤᠨ ᠪᠦᠬᠦ ᠬᠡᠰᠢᠬᠦᠳ ᠡᠷᠡᠯᠭᠡᠭᠯᠠᠨ ᠲᠡᠮᠡᠴᠡᠵᠤ᠂ ᠪᠡᠶ᠎ᠠ ᠎ ᠶᠢᠨ ᠲᠠᠮᠢᠷ ᠤᠨ ᠬᠦᠳᠡᠯᠬᠡᠬᠡᠨ ᠤ ᠬᠢᠷᠢ ᠪᠦᠳᠤᠮᠵᠢ ᠪᠤᠯᠤᠨ ᠤᠶᠤᠨ ᠤ ᠪᠤᠯᠪᠠᠰᠤᠨ ᠤ ᠬᠤᠤᠰ ᠬᠤᠷᠢᠶᠠᠯᠳᠠ ᠤᠯᠬᠤ ᠪᠠᠷ ᠴᠢᠷᠮᠠᠶᠢᠬᠤ ᠭᠡᠷᠡᠭᠳᠠᠢ ᠬᠡᠵᠤ ᠴᠢᠬᠤᠯᠠᠴᠢᠯᠠᠪᠠ᠃ ᠲᠤᠰ ᠡᠳᠤᠷ᠂ ᠵᠧᠩ ᠬᠤᠩ ᠹᠠᠨ ᠪᠠᠰᠠ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠲᠠᠮᠢᠷ ᠤᠨ ᠴᠤᠭᠯᠠᠭᠠᠨ ᠤ ᠲᠠᠮᠢᠷᠴᠢᠳ ᠤᠨ ᠲᠤᠰᠬᠤᠨ ᠳᠤ ᠬᠦᠷᠴᠤ ᠮᠠᠨ ᠤ ᠤᠷᠤᠨ ᠤ ᠲᠠᠮᠢᠷᠴᠢᠨ᠂ ᠰᠤᠷᠭᠠᠬᠴᠢ ᠪᠤᠯᠤᠨ ᠠᠵᠢᠯᠳᠠᠨ ᠢ ᠲᠤᠬᠤᠨᠢᠭᠤᠯᠪᠠ᠃ ᠵᠧᠩ ᠬᠤᠩ ᠹᠠᠨ ᠨᠠᠷ ᠲᠠᠮᠢᠷᠴᠢᠳ ᠤᠨ ᠨᠡᠶᠢᠳᠠ ᠶᠢᠨ ᠤᠷᠤᠨ ᠰᠠᠭᠤᠴᠠ᠂ ᠬᠤᠭᠤᠯᠠᠨ ᠬᠡᠷ ᠢᠶᠠᠷ ᠲᠤᠭᠤᠷᠢᠨ ᠦᠵᠡᠵᠤ᠂ ᠲᠠᠮᠢᠷᠴᠢᠳ ᠎ ᠤᠨ ᠠᠮᠢᠳᠤᠷᠠᠯ ᠪᠤᠯᠪᠠᠰᠤᠷᠠᠯ ᠤᠨ ᠪᠠᠶᠢᠳᠠᠯ ᠢ ᠠᠰᠠᠭᠤᠨ ᠰᠤᠷᠠᠵᠤ᠂ ᠰᠠᠨᠠᠭ᠎ᠠ ᠰᠡᠳᠬᠢᠯ ᠢᠶᠠᠨ ᠠᠭᠤᠵᠢᠭᠤ ᠲᠠᠯᠪᠢᠵᠤ᠂ ᠰᠠᠶᠢᠨ ᠬᠢᠷᠢ ᠪᠦᠳᠤᠮᠵᠢ ᠤᠯᠬᠤ ᠪᠠᠷ ᠴᠢᠷᠮᠠᠶᠢᠬᠤ ᠶᠢᠨ ᠲᠠᠭᠠᠤ ᠦᠪᠤᠷ ᠮᠤᠩᠭᠤᠯ ᠤᠨ ᠲᠠᠮᠢᠷᠴᠢᠨ ᠤ ᠰᠠᠶᠢᠨ ᠰᠠᠶᠢᠬᠠᠨ ᠳᠦᠷᠢ ᠲᠦᠷᠭᠦ ᠶᠢ ᠢᠯᠡᠷᠡᠭᠦᠯᠭᠦ ᠬᠡᠷᠡᠭᠳᠡᠢ ᠭᠡᠵᠤ ᠵᠤᠷᠢᠬᠵᠢᠭᠤᠯᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号