ᠪᠦᠬᠦ ᠣᠷᠣᠨ ᠤ ᠠᠩᠬᠠᠳᠠᠭᠴᠢ ETC ᠡᠬᠦᠳᠡ ᠶᠢ ᠤᠷᠤᠭᠰᠢᠲᠠᠶ ᠤᠭᠰᠠᠷᠠᠪᠠ
ᠨᠡᠶᠢᠲᠡᠯᠡᠭᠰᠡᠨ ᠴᠠᠭ᠄
2019/8/9
     ᠣᠶᠢᠷ᠎ᠠ ᠳᠤ᠂ ᠪᠥᠬᠦ ᠣᠷᠣᠨ ᠤ ᠠᠩᠬᠠᠳᠠᠭᠴᠢ ETC ᠡᠭᠦᠳᠡ ᠶᠢ G10 ᠰᠦᠢ ᠹᠧᠨ ᠾᠧ ᠮᠠᠨᠵᠤᠤᠷ ᠎ ᠲᠠᠬᠢ ᠳᠡᠭᠡᠳᠣ ᠬᠤᠷᠳᠣᠴᠠᠳᠣ ᠵᠠᠰᠠᠮᠠᠯ ᠵᠠᠮ ᠤᠨ ᠥᠪᠥᠷ ᠮᠣᠩᠭᠤᠯ ᠬᠠᠷᠠᠮᠥ᠋ᠷᠡᠨ ᠤ ᠵᠠᠭᠠᠭ ᠲᠤ ᠤᠷᠤᠭᠰᠢᠲᠠᠶ ᠤᠭᠰᠠᠷᠠᠭᠰᠠᠨ ᠪᠠᠶᠢᠨ᠎ᠠ᠂ ᠡᠨᠡ ᠨᠢ ᠮᠠᠨ ᠤ ᠣᠷᠣᠨ ᠳᠡᠭᠡᠳᠣ ᠬᠤᠷᠳᠣᠴᠠᠳᠣ ᠵᠠᠰᠠᠮᠠᠯ ᠵᠠᠮ ᠤᠨ ᠮᠤᠵᠢ ᠶᠢᠨ ᠵᠠᠭᠠᠭ ᠤᠨ ᠰᠦᠢᠳᠬᠡᠯ ᠬᠤᠷᠢᠶᠠᠬᠤ ᠥᠷᠲᠡᠭᠡ ᠶᠢ ᠵᠢᠩᠬᠢᠨᠢ ᠪᠠᠷ ᠬᠦᠴᠦᠨ ᠥᠬᠡᠶ ᠪᠣᠯᠭᠠᠭᠰᠠᠨ ᠢ ᠬᠠᠷᠠᠭᠤᠯᠵᠣ ᠪᠠᠶᠢᠬᠤ ᠪᠦᠬᠡᠳ ᠡᠨᠡ ᠵᠢᠯ ᠤᠨ ᠡᠴᠦᠰ ᠪᠣᠯᠬᠤ ᠳᠤ᠂ ᠪᠦᠬᠦ ᠣᠷᠣᠨ ᠤ ᠳᠡᠭᠡᠳᠣ ᠬᠤᠷᠳᠣᠴᠠᠳᠣ ᠵᠠᠰᠠᠮᠠᠯ ᠵᠠᠮ ᠤᠨ ᠮᠤᠵᠢ ᠶᠢᠨ ᠵᠠᠭᠠᠭ ᠤᠨ ᠰᠦᠢᠳᠬᠡᠯ ᠬᠤᠷᠢᠶᠠᠬᠤ ᠥᠷᠲᠡᠭᠡ ᠶᠢ ᠪᠦᠬᠦᠨ ᠢ ᠬᠦᠴᠦᠨ ᠥᠬᠡᠶ ᠪᠣᠯᠭᠠᠵᠣ᠂ ᠪᠥᠬᠦ ᠤᠯᠤᠰ ᠤᠨ ETC ᠰᠢᠰᠲ᠋ᠧᠮ ᠲᠠᠢ ᠰᠦᠯᠵᠢᠶ᠎ᠡ ᠬᠤᠯᠪᠣᠬᠤ ᠶᠢ ᠪᠡᠶᠡᠯᠡᠭᠦᠯᠦᠨ᠎ᠡ ᠭᠡᠳᠡᠭ ᠢ ᠬᠠᠷᠠᠭᠤᠯᠵᠤ ᠪᠠᠶᠢᠨ᠎ᠠ᠃      ᠲᠣᠰ ᠤᠳᠠᠭᠠᠨ ᠤ ᠠᠵᠢᠯ ᠳᠤ 375 ᠵᠣᠷᠪᠣᠰ ETC ᠲᠤᠰᠬᠠᠶ ᠲᠡᠷᠭᠡᠨ ᠵᠠᠮ ᠢ ᠳᠡᠰ ᠳᠡᠪᠰᠢᠭᠦᠯᠦᠨ ᠥᠭᠡᠷᠡᠴᠢᠯᠡᠵᠦ᠂ 593 ᠵᠣᠷᠪᠣᠰ MTC ᠲᠡᠷᠭᠡᠨ ᠵᠠᠮ ᠢ ETC ᠲᠤᠰᠬᠠᠶ ᠲᠡᠷᠭᠡᠨ ᠵᠠᠮ ᠪᠣᠯᠭᠠᠵᠣ᠂ 673 ᠵᠣᠷᠪᠣᠰ MTC ᠲᠡᠷᠭᠡᠨ ᠵᠠᠮ ᠢ ᠬᠤᠯᠢᠮᠠᠭ ᠲᠡᠷᠭᠡᠨ ᠵᠠᠮ ᠪᠣᠯᠭᠠᠨ ᠦᠬᠡᠷᠡᠴᠢᠯᠡᠭᠰᠡᠨ ᠤ ᠬᠠᠮᠳᠣ᠂ ᠰᠢᠨ᠎ᠡ ᠪᠠᠷ 259 ᠡᠭᠦᠳ᠋ᠨ ᠶᠢᠨ ᠰᠢᠰᠲ᠋ᠧᠮ ᠢ ᠣᠭᠰᠠᠷᠠᠭᠰᠠᠨ ᠪᠠᠶᠢᠨ᠎ᠠ᠃      ᠣᠳᠣᠬᠠᠨ ᠪᠣᠯᠲᠠᠯ᠎ᠠ᠂ ᠮᠠᠨ ᠤ ᠣᠷᠣᠨ ETC᠎ ᠶᠢ ᠨᠡᠶᠢᠲᠡ 90.6 ᠲᠦᠮᠡᠨ ᠬᠡᠷᠡᠭᠯᠡᠭᠴᠢ ᠳᠤ ᠳᠠᠷᠬᠠᠭᠠᠵᠣ᠂ ᠪᠦᠬᠦ ᠣᠷᠣᠨ ᠳᠤ 500 ᠭᠠᠷᠤᠶ ᠲᠦᠮᠡᠨ ᠲᠡᠷᠭᠡ ᠦᠩᠬᠡᠷᠡᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号