ᠤᠯᠠᠨ ᠤᠯᠤᠰ ᠤᠨ ᠬᠢᠳᠡᠳ ᠮᠤᠩᠭᠤᠯ ᠡᠮ ᠡᠮᠨᠡᠯᠭᠡ ᠶᠢᠨ ᠠᠵᠤ ᠥᠢᠯᠡᠰ ᠤᠨ ᠬᠥᠭᠵᠢᠯᠲᠠ ᠶᠢᠨ ᠶᠠᠷᠢᠶᠠᠨ ᠎ ᠤ ᠳᠠᠪᠴᠠᠩ ᠲᠥᠩᠯᠢᠶᠤᠤ ᠬᠤᠲᠠ ᠳᠤ ᠡᠬᠢᠯᠡᠪᠡ  ᠢᠤᠢ ᠸᠧᠨ ᠮᠢᠩ ᠶ᠊ · ᠪᠤᠶᠠᠨᠵᠢᠷᠭᠠᠯ ᠯᠢ ᠵᠢᠶᠧ ᠰᠢᠶᠠᠩ ᠡᠧᠤ ᠶᠠᠩ ᠰᠢᠶᠤᠤ ᠬᠤᠢ ᠪᠠᠶᠠᠷ ᠤᠨ ᠥᠬᠡ ᠬᠡᠯᠡᠵᠡᠢ
ᠨᠡᠶᠢᠲᠡᠯᠡᠭᠰᠡᠨ ᠴᠠᠭ᠄
2019/9/10
     9 ᠰᠠᠷ᠎ᠠ ᠶᠢᠨ 8᠎ ᠤ ᠥᠳᠡ ᠶᠢᠨ ᠡᠮᠥᠨ᠎ᠡ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠥᠵᠡᠰᠭᠦᠯᠡᠩ ᠤᠨ ᠤᠯᠠᠨ ᠤᠯᠤᠰ ᠤᠨ ᠬᠢᠳᠡᠳ ᠮᠤᠩᠭᠤᠯ ᠡᠮ ᠡᠮᠨᠡᠯᠭᠡ ᠶᠢᠨ ᠠᠵᠤ ᠥᠢᠯᠡᠰ ᠤᠨ ᠬᠥᠭᠵᠢᠯᠲᠠ ᠶᠢᠨ ᠶᠠᠷᠢᠶᠠᠨ ᠤ ᠳᠠᠪᠴᠠᠩ ᠡᠬᠢᠯᠡᠬᠦ ᠶᠤᠰᠤᠯᠠᠯ ᠲᠥᠩᠯᠢᠶᠤᠤ ᠬᠤᠲᠠ ᠶᠢᠨ ᠯᠢᠶᠤᠤ ᠾᠧ ᠲᠢᠶᠠᠲᠷ ᠲᠤ ᠶᠠᠪᠤᠬᠳᠠᠪᠠ᠃      ᠤᠯᠤᠰ ᠤᠨ ᠬᠢᠳᠡᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠳᠤᠪᠴᠢᠶᠠᠨ ᠳᠠᠷᠤᠭ᠎ᠠ ᠢᠤᠢ ᠸᠧᠨ ᠮᠢᠩ᠂ ᠮᠤᠩᠭᠤᠯ ᠤᠯᠤᠰ ᠤᠨ ᠡᠷᠡᠭᠦᠯ ᠬᠠᠮᠠᠭᠠᠯᠠᠯ ᠤᠨ ᠶᠠᠮᠤᠨ ᠤ ᠡᠮᠴᠢᠯᠡᠭᠡᠨ ᠤ ᠥᠢᠯᠡᠴᠢᠯᠡᠭᠡ ᠶᠢᠨ ᠲᠤᠪᠴᠢᠶ᠎ᠠ ᠶᠢᠨ ᠲᠤᠪᠴᠢᠶᠠᠨ ᠳᠠᠷᠤᠭ᠎ᠠ ᠶ᠊ · ᠪᠤᠶᠠᠨᠵᠢᠷᠭᠠᠯ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠎ ᠤ ᠪᠠᠶᠢᠩᠭᠤ ᠶᠢᠨ ᠭᠡᠰᠢᠭᠦᠨ᠂ ᠲᠥᠩᠯᠢᠶᠤᠤ ᠬᠤᠲᠠ ᠶᠢᠨ ᠨᠠᠮ ᠤᠨ ᠬᠤᠷᠢᠶᠠᠨ ᠤ ᠱᠥᠵᠢ ᠯᠢ ᠵᠢᠶᠧ ᠰᠢᠶᠠᠩ᠂ ᠥᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠡᠧᠤ ᠶᠠᠩ ᠰᠢᠶᠤᠤ ᠬᠤᠢ ᠬᠤᠷᠠᠯ ᠳᠤ ᠤᠷᠤᠯᠴᠠᠬᠰᠠᠨ ᠪᠥᠭᠡᠳ ᠪᠠᠶᠠᠷ ᠤᠨ ᠦᠭᠡ ᠬᠡᠯᠡᠵᠡᠢ᠃      ᠤᠯᠤᠰ ᠤᠨ ᠬᠢᠳᠡᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠤᠪᠴᠢᠶ᠎ᠠ᠂ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠠᠴᠠ ᠭᠤᠤᠯᠯᠠᠨ ᠡᠷᠬᠢᠯᠡᠵᠤ᠂ ᠲᠥᠩᠯᠢᠶᠤᠤ ᠬᠤᠲᠠ ᠶᠢᠨ ᠵᠠᠰᠠᠬ ᠤᠨ ᠤᠷᠳᠤᠨ᠂ ᠥᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠥ ᠶᠢᠨ ᠵᠥᠪᠯᠡᠯ᠂ ᠥᠪᠡᠷᠳᠡᠭᠡᠨ ᠵᠠᠰᠠᠬᠤ ᠤᠷᠤᠨ ᠤ ᠢᠳᠡᠭᠡᠨ ᠤ ᠵᠥᠢᠯ ᠪᠤᠯᠤᠨ ᠡᠮ ᠤᠨ ᠵᠥᠢᠯ ᠤᠨ ᠬᠢᠨᠡᠯᠲᠠ ᠬᠠᠮᠢᠶᠠᠷᠤᠯᠳᠠ ᠶᠢᠨ ᠳᠤᠪᠴᠢᠶ᠎ᠠ᠂ ᠥᠪᠥᠷ ᠮᠤᠩᠭᠤᠯ ᠤᠨ ᠥᠨᠳᠥᠰᠥᠳᠠᠨ ᠤ ᠶᠡᠭᠡ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ ᠲᠤᠰ ᠤᠳᠠᠭ᠎ᠠ ᠶᠢᠨ ᠠᠵᠢᠯᠯᠠᠭ᠎ᠠ ᠨᠢ ︽ᠬᠢᠳᠡᠳ ᠮᠤᠩᠭᠤᠯ ᠡᠮ ᠡᠮᠨᠡᠯᠭᠡ ᠶᠢᠨ ᠠᠵᠤ ᠥᠢᠯᠡᠰ ᠤᠨ ᠤᠯᠠᠨ ᠤᠯᠤᠰ ᠤᠨ ᠰᠤᠯᠢᠯᠴᠠᠭ᠎ᠠ ᠶᠢ ᠠᠬᠢᠭᠤᠯᠵᠤ᠂ ᠪᠥᠬᠦ ᠬᠥᠮᠥᠨ ᠲᠥᠷᠥᠯᠬᠢᠳᠡᠨ ᠤ ᠡᠷᠡᠭᠦᠯ ᠮᠡᠨᠳᠥ ᠳᠤ ᠬᠥᠴᠥᠨ ᠨᠡᠮᠡᠷᠢᠯᠡᠬᠦ︾᠎ ᠪᠠᠷ ᠭᠤᠤᠯ ᠰᠡᠳᠥᠪ ᠪᠤᠯᠭᠠᠵᠤ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠬᠡᠪᠴᠢᠶ᠎ᠡ ᠨᠢ ᠶᠡᠭᠡ᠂ ᠬᠤᠯᠪᠤᠬᠳᠠᠬᠤ ᠬᠥᠷᠢᠶ᠎ᠡ ᠴᠠᠷᠠᠭ᠎ᠠ ᠥᠷᠭᠡᠨ ᠵᠡᠷᠭᠡ ᠤᠨᠴᠠᠯᠢᠬ ᠢ ᠪᠥᠷᠢᠯᠳᠥᠭᠦᠯᠵᠤ᠂ ᠳᠤᠮᠳᠠᠳᠤ᠂ ᠮᠤᠩᠭᠤᠯ᠂ ᠤᠷᠤᠰ᠂ ᠶᠠᠫᠤᠨ᠂ ᠺᠤᠷᠢᠶᠠ ᠵᠡᠷᠭᠡ 5 ᠤᠯᠤᠰ ᠤᠷᠤᠯᠴᠠᠵᠤ᠂ ᠳᠤᠮᠳᠠᠳᠤ ᠤᠯᠤᠰ᠂ ᠮᠤᠩᠭᠤᠯ ᠤᠯᠤᠰ ᠤᠨ ᠡᠮ ᠥᠢᠯᠡᠳᠪᠥᠷᠢᠯᠡᠬᠦ ᠠᠵᠤ ᠠᠬᠤᠢᠢᠯᠠᠯ᠂ ᠡᠮᠴᠢᠯᠠᠭᠡᠨ ᠤ ᠪᠠᠶᠢᠭᠤᠯᠤᠮᠵᠢ᠂ ᠡᠮ ᠤᠨ ᠮᠠᠲ᠋ᠧᠷᠢᠶᠠᠯ ᠲᠠᠷᠢᠵᠤ ᠤᠷᠭᠤᠭᠤᠯᠬᠤ ᠠᠵᠤ ᠠᠬᠤᠢᠢᠯᠠᠯ᠂ ᠴᠢᠨᠠᠬᠤ ᠡᠮ ᠡᠳ᠋ᠰᠢᠭᠦᠯᠬᠦ ᠠᠵᠤ ᠠᠬᠤᠢᠢᠯᠠᠯ᠂ ᠡᠷᠡᠭᠦᠯ ᠮᠡᠨᠳᠤ ᠶᠢᠨ ᠠᠵᠤ ᠥᠢᠯᠡᠰ ᠵᠡᠷᠭᠡ ᠬᠥᠷᠢᠶ᠎ᠡ ᠴᠠᠷᠠᠭ᠎ᠠ ᠳᠠᠬᠢ 300 ᠰᠢᠬᠠᠮ ᠨᠢᠭᠡᠴᠢ ᠥᠵᠡᠭᠦᠯᠭᠡ ᠳᠤ ᠤᠷᠤᠯᠴᠠᠬᠰᠠᠨ ᠪᠠᠶᠢᠨ᠎ᠠ᠃      ᠥᠢᠯᠠᠭᠠᠬᠰᠠᠨ ᠢᠶᠠᠷ᠂ ᠲᠤᠰ ᠶᠠᠷᠢᠶᠠᠨ ᠤ ᠳᠠᠪᠴᠠᠩ ᠨᠢ 2 ᠡᠳᠥᠷ ᠶᠠᠪᠤᠬᠳᠠᠵᠤ᠂ ᠬᠢᠳᠡᠳ ᠮᠤᠩᠭᠤᠯ ᠡᠮ ᠡᠮᠨᠡᠯᠭᠡ ᠶᠢᠨ ᠥᠵᠡᠭᠦᠯᠭᠡ ᠵᠢᠴᠢ ᠥᠪᠥᠷ ᠮᠤᠩᠭᠤᠯ ︵ᠲᠥᠩᠯᠢᠶᠤᠤ︶᠎ ᠤᠨ ᠲᠠᠪᠤᠳᠤᠭᠠᠷ ᠬᠤᠭᠤᠴᠠᠭᠠᠨ ᠤ ᠮᠤᠩᠭᠤᠯ ᠡᠮ ᠡᠮᠨᠡᠯᠭᠡ ᠶᠢᠨ ᠠᠵᠤ ᠥᠢᠯᠡᠰ ᠤᠨ ᠥᠵᠡᠰᠭᠦᠯᠡᠩ ᠪᠤᠯᠤᠨ ᠤᠯᠠᠨ ᠤᠯᠤᠰ ᠤᠨ ᠬᠢᠳᠡᠳ ᠮᠤᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠲᠥᠷᠥᠭᠦᠴᠤᠳ ᠤᠨ ᠶᠠᠷᠢᠶᠠᠨ ᠤ ᠳᠠᠪᠴᠠᠩ᠂ ᠤᠯᠠᠨ ᠤᠯᠤᠰ ᠤᠨ ᠬᠢᠳᠡᠳ ᠮᠤᠩᠭᠤᠯ ᠡᠮ ᠡᠮᠨᠡᠯᠭᠡ ᠶᠢᠨ ᠠᠵᠤ ᠥᠢᠯᠡᠰ ᠤᠨ ᠬᠥᠭᠵᠢᠯᠲᠠ ᠶᠢᠨ ᠶᠠᠷᠢᠯᠴᠠᠬᠤ ᠬᠤᠷᠠᠯ᠂ ᠵᠠᠮᠪᠠᠯᠳᠤᠷᠵᠢ ᠶᠢᠨ ︽ᠮᠤᠩᠭᠤᠯ ᠡᠮ ᠤᠨ ᠵᠢᠷᠤᠬᠳᠤ ᠲᠤᠯᠢ︾ ᠨᠤᠮ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ᠂ ᠮᠤᠩᠭᠤᠯ ᠡᠮ ᠡᠮᠨᠡᠯᠭᠡ ᠶᠢᠨ ᠠᠵᠤ ᠥᠢᠯᠡᠰ ᠤᠨ ᠲᠠᠨᠢᠯᠴᠠᠭᠤᠯᠭ᠎ᠠ ᠶᠢᠨ ᠵᠥᠪᠳᠡᠨ ᠶᠠᠷᠢᠯᠴᠠᠬᠤ ᠬᠤᠷᠠᠯ᠂ ᠳᠤᠮᠳᠠᠳᠤ ᠤᠯᠤᠰ ᠤᠨ ᠡᠮ ᠤᠨ ᠰᠤᠶᠤᠯ ᠤᠨ ᠰᠤᠳᠤᠯᠭᠠᠨ ᠤ ᠨᠡᠶᠢᠭᠡᠮᠯᠢᠭ ᠤᠨ ᠮᠤᠩᠭᠤᠯ ᠡᠮ ᠤᠨ ᠬᠤᠪᠢᠶᠠᠷᠢ ᠨᠡᠶᠢᠭᠡᠮᠯᠢᠭ ᠢ ᠪᠠᠶᠢᠭᠤᠯᠬᠤ ᠵᠡᠷᠭᠡ ᠠᠵᠢᠯᠯᠠᠭᠠᠨ ᠢᠶᠠᠷ ᠪᠥᠷᠢᠯᠳᠤᠪᠡ᠃      ᠲᠤᠰ ᠤᠳᠠᠭ᠎ᠠ ᠶᠢᠨ ᠶᠠᠷᠢᠶᠠᠨ ᠤ ᠳᠠᠪᠴᠠᠩ ᠤᠨ ᠥᠵᠡᠭᠦᠯᠭᠡ ᠨᠢ ᠲᠥᠩᠯᠢᠶᠤᠤ ᠬᠤᠲᠠ ᠶᠢᠨ ᠤᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠤᠨ ᠠᠭᠤᠳᠠᠮ ᠲᠠᠯᠠᠪᠠᠢ ᠳᠤ ᠶᠠᠪᠤᠬᠳᠠᠵᠤ᠂ ᠭᠤᠤᠯᠳᠠᠭᠤ ᠳᠤᠮᠳᠠᠳᠤ ᠤᠯᠤᠰ ᠤᠨ ᠮᠤᠩᠭᠤᠯ ᠡᠮ ᠡᠮᠨᠡᠯᠭᠡ ᠶᠢᠨ ᠬᠤᠲᠠ ᠶᠢᠨ ᠥᠵᠡᠭᠦᠯᠭᠡ᠂ ᠬᠢᠳᠡᠳ ᠮᠤᠩᠭᠤᠯ ᠡᠮᠨᠡᠯᠭᠡ ᠶᠢᠨ ᠥᠢᠯᠡᠰ ᠤᠨ ᠬᠥᠭᠵᠢᠯᠲᠠ ᠶᠢᠨ ᠥᠷ᠎ᠡ ᠪᠥᠲᠥᠮᠵᠢ ᠶᠢᠨ ᠥᠵᠡᠭᠦᠯᠭᠡ᠂ ᠤᠯᠠᠨ ᠤᠯᠤᠰ ᠤᠨ ᠮᠤᠩᠭᠤᠯ ᠡᠮ ᠡᠮᠨᠡᠯᠭᠡ ᠶᠢᠨ ᠬᠠᠮᠵᠢᠯᠴᠠᠭᠠᠨ ᠤ ᠥᠷ᠎ᠡ ᠪᠥᠲᠥᠭᠡᠯ ᠤᠨ ᠥᠵᠡᠭᠦᠯᠭᠡ᠂ ᠥᠪᠥᠷ ᠮᠤᠩᠭᠤᠯ ᠤᠨ ᠤᠤᠷ ᠡᠮ ᠤᠨ ᠮᠠᠲ᠋ᠧᠷᠢᠶᠠᠯ ᠤᠨ ᠡᠬᠢ ᠪᠠᠶᠠᠯᠢᠬ ᠵᠢᠴᠢ ᠳᠡᠭᠦᠨ ᠤ ᠬᠡᠪ ᠥᠯᠢᠭᠡᠷ ᠤᠨ ᠥᠵᠡᠭᠦᠯᠭᠡ᠂ ᠮᠤᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠭᠡᠨ ᠎ ᠤ ᠥᠷ᠎ᠡ ᠪᠥᠲᠥᠭᠡᠯ ᠤᠨ ᠥᠵᠡᠭᠦᠯᠭᠡ᠂ ᠮᠤᠩᠭᠤᠯ ᠡᠮᠨᠡᠯᠭᠡ ᠶᠢᠨ ᠤᠨᠴᠠᠯᠢᠬᠳᠤ ᠵᠠᠰᠠᠯ᠂ ᠡᠷᠡᠭᠦᠯᠵᠢᠯ ᠤᠨ ᠤᠷ᠎ᠠ ᠮᠡᠷᠭᠡᠵᠢᠯ ᠤᠨ ᠠᠬᠤᠢ ᠲᠠᠯᠠᠪᠠᠢ ᠶᠢᠨ ᠥᠵᠡᠭᠦᠯᠭᠡ᠂ ᠮᠤᠩᠭᠤᠯ ᠡᠮ ᠤᠨ ᠠᠵᠤ ᠥᠢᠯᠡᠳᠪᠥᠷᠢ ᠶᠢᠨ ᠥᠢᠯᠡᠳᠪᠥᠷᠢᠯᠡᠭᠰᠡᠨ ᠡᠮ᠂ ᠡᠮ ᠤᠨ ᠮᠠᠲ᠋ᠧᠷᠢᠶᠠᠯ ᠤᠨ ᠥᠵᠡᠭᠦᠯᠭᠡ ᠵᠡᠷᠭᠡ 7 ᠬᠡᠰᠡᠭ ᠢᠶᠠᠷ ᠪᠥᠷᠢᠯᠳᠥᠵᠠᠢ᠃      ᠲᠤᠰ ᠤᠳᠠᠭ᠎ᠠ ᠶᠢᠨ ᠶᠠᠷᠢᠶᠠᠨ ᠤ ᠳᠠᠪᠴᠠᠩ ᠨᠢ ᠲᠥᠩᠯᠢᠶᠤᠤ ᠬᠤᠲᠠ ᠶᠢᠨ ︽ᠳᠤᠮᠳᠠᠳᠤ ᠤᠯᠤᠰ ᠤᠨ ᠮᠤᠩᠭᠤᠯ ᠡᠮ ᠡᠮᠨᠡᠯᠭᠡ ᠶᠢᠨ ᠬᠤᠲᠠ︾᠎ ᠶᠢᠨ ᠠᠯᠳᠠᠷᠰᠢᠯ ᠪᠤᠯᠤᠨ ᠨᠥᠯᠥᠭᠡᠯᠡᠯ ᠢ ᠳᠡᠭᠡᠭᠰᠢᠯᠡᠭᠦᠯᠥᠨ᠂ ᠳᠤᠮᠳᠠᠳᠤ ᠮᠤᠩᠭᠤᠯ ᠬᠤᠶᠠᠷ ᠲᠠᠯ᠎ᠠ ᠶᠢᠨ ᠬᠢᠳᠡᠳ ᠮᠤᠩᠭᠤᠯ ᠡᠮ ᠡᠮᠨᠡᠯᠭᠡ ᠶᠢᠨ ᠬᠥᠷᠢᠶ᠎ᠡ ᠴᠠᠷᠠᠭ᠎ᠠ ᠳᠠᠬᠢ ᠤᠯᠠᠨ ᠤᠯᠤᠰ ᠤᠨ ᠰᠤᠯᠢᠯᠴᠠᠭ᠎ᠠ ᠬᠢᠭᠡᠳ ᠬᠠᠮᠳᠤᠷᠠᠯᠴᠠᠭ᠎ᠠ ᠶᠢ ᠤᠯᠠᠮ ᠨᠢᠭᠡ ᠠᠯᠬᠤᠮ ᠠᠬᠢᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号