ᠲᠤᠮᠳᠠᠳᠤ ᠢᠰᠷᠧᠯ ᠤᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭᠠᠨ ᠤ ᠬᠦᠬᠡᠬᠤᠳᠠ ᠶᠢᠨ ᠶᠠᠷᠢᠶᠠᠨ ᠤ ᠲᠠᠪᠴᠠᠩ ᠶᠠᠪᠤᠭᠳᠠᠪᠠ    ᠠᠢ ᠯᠢ ᠬᠤᠸᠠ ᠮᠠ ᠲᠧᠩ ᠤᠷᠤᠯᠴᠠᠵᠠᠢ
ᠨᠡᠶᠢᠲᠡᠯᠡᠭᠰᠡᠨ ᠴᠠᠭ᠄
2019/9/10
     9 ᠰᠠᠷ᠎ᠠ ᠶᠢᠨ 8᠎ ᠤ ᠡᠳᠦᠷ᠂ ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ ᠤ ᠨᠢᠭᠡᠨ ᠠᠭᠤᠯᠭ᠎ᠠ ᠪᠤᠯᠬᠤ 2019 ᠤᠨ ᠤ ᠲᠤᠮᠳᠠᠳᠤ — ᠢᠰᠷᠧᠯ ᠤᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭᠠᠨ ᠤ ᠬᠦᠬᠡᠬᠤᠳᠠ ᠶᠢᠨ ᠶᠠᠷᠢᠶᠠᠨ ᠤ ᠲᠠᠪᠴᠠᠩ ᠨᠢᠵᠢᠬᠢᠷ ᠶᠠᠪᠤᠭᠳᠠᠵᠠᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ ᠢᠰᠷᠧᠯ ᠤᠨ ᠲᠤᠮᠳᠠᠳᠤ ᠤᠯᠤᠰ ᠲᠤ ᠰᠠᠭᠤᠭ᠎ᠠ ᠤᠤᠯ ᠤᠨ ᠡᠯᠴᠢᠨ ᠰᠠᠶᠢᠳ᠂ ᠢᠰᠷᠧᠯ ᠤᠨ ᠠᠽᠢᠶ᠎ᠠ ᠲᠢᠪ ᠤᠨ ᠬᠤᠳᠠᠯᠳᠤᠭᠠᠨ ᠤ ᠶᠠᠪᠤᠳᠠᠯ ᠎ ᠤᠨ ᠲᠠᠷᠤᠭ᠎ᠠ ᠮᠠ ᠲᠧᠩ ᠶᠠᠷᠢᠶᠠᠨ ᠤ ᠲᠠᠪᠴᠠᠩ ᠳᠤ ᠤᠷᠤᠯᠴᠠᠵᠡᠢ᠃      ᠠᠢ ᠯᠢ ᠬᠤᠸᠠ᠂ ᠲᠤᠮᠳᠠᠳᠤ ᠢᠰᠷᠧᠯ ᠤᠨ ᠨᠦᠭᠦᠷᠯᠡᠯ ᠦᠨᠢ ᠤᠳᠠᠭᠠᠨ ᠦᠷᠭᠦᠯᠵᠢᠯᠡᠵᠦ᠂ ᠤᠢᠢᠷ᠎ᠠ ᠶᠢᠨ ᠵᠢᠯ ᠠᠴᠠ ᠲᠤᠮᠳᠠᠳᠤ ᠢᠰᠷᠧᠯ ᠬᠤᠶᠠᠷ ᠲᠠᠯ᠎ᠠ ᠶᠢᠨ ᠠᠵᠤ ᠠᠬᠤᠢ ᠠᠷᠠᠯᠵᠢᠶ᠎ᠠ ᠶᠢᠨ ᠬᠠᠷᠢᠴᠠᠭ᠎ᠠ ᠦᠳᠳᠡᠷ ᠲᠦᠷᠭᠡᠨ ᠬᠦᠭᠵᠢᠯᠳᠡ ᠶᠢᠨ ᠵᠠᠮ ᠳᠤ ᠤᠷᠤᠵᠤ᠂ ᠪᠦᠬᠦ ᠲᠠᠯ᠎ᠠ ᠶᠢᠨ᠂ ᠤᠯᠠᠨ ᠲᠡᠰ ᠲᠡᠪᠬᠤᠷᠭ᠎ᠠ᠂ ᠦᠷᠭᠡᠨ ᠬᠦᠷᠢᠶ᠎ᠠ ᠴᠠᠷᠠᠭ᠎ᠠ᠂ ᠦᠨᠳᠦᠷ ᠬᠢᠷᠢ ᠲᠦᠪᠰᠢᠨ ᠪᠦᠬᠦᠢ ᠬᠦᠭᠵᠢᠯᠳᠡ ᠶᠢᠨ ᠪᠠᠶᠢᠳᠠᠯ ᠲᠠᠢ ᠪᠤᠯᠵᠠᠢ᠃ ᠢᠰᠷᠧᠯ ᠪᠤᠯ ᠪᠦᠬᠦ ᠪᠦᠮᠪᠦᠷᠴᠡᠭ ᠎ ᠤᠨ ᠬᠤᠶᠠᠳᠤᠭᠠᠷ ᠲᠤᠮᠤ ᠰᠢᠨ᠎ᠠ  ᠶᠢ ᠡᠭᠦᠳᠬᠦ ᠲᠦᠪ ᠪᠤᠯᠤᠨ᠎ᠠ᠂ ᠰᠤᠳᠤᠯᠤᠨ ᠨᠡᠭᠡᠭᠡᠬᠦ ᠵᠠᠷᠤᠳᠠᠯ ᠤᠨ ᠤᠷᠤᠭᠤᠯᠤᠯᠳᠠ ᠶᠢᠨ ᠡᠵᠡᠯᠡᠬᠦ ᠬᠠᠷᠢᠴᠠᠯ᠂ ᠬᠦᠮᠦᠨ ᠲᠤᠮᠳᠠᠴᠢ ᠲᠤᠰᠬᠠᠢ ᠠᠰᠢᠭ ᠤᠨ ᠡᠷᠭᠡ ᠡᠷᠡᠮᠡᠯᠵᠡᠯᠡᠭᠰᠡᠨ ᠲᠤᠭ᠎ᠠ ᠶᠢᠨ ᠲᠠᠯ᠎ᠠ ᠪᠠᠷ ᠲᠡᠯᠡᠭᠡᠢ ᠶᠢᠨ ᠡᠮᠦᠨᠡᠭᠦᠷ ᠲᠤ ᠤᠷᠤᠵᠤ ᠪᠤᠢ᠃ 7000 ᠭᠠᠷᠤᠢ ᠲᠡᠭᠡᠳᠦ ᠰᠢᠨ᠎ᠠ ᠮᠡᠷᠭᠡᠵᠢᠯ ᠎ ᠤᠨ ᠺᠤᠮᠫᠠᠨᠢ ᠨᠢ ᠠᠮᠢ ᠶᠢᠨ ᠰᠢᠨᠵᠢᠯᠡᠬᠦ ᠤᠬᠠᠭᠠᠨ᠂ ᠰᠦᠯᠵᠢᠶ᠎ᠠ ᠶᠢᠨ ᠠᠮᠤᠷ ᠲᠦᠪᠰᠢᠨ᠂ ᠵᠤᠬᠢᠶᠠᠮᠠᠯ ᠤᠶᠤᠨ᠂ ᠡᠨᠧᠷᠬᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ᠂ ᠨᠠᠷᠢᠯᠢᠭ ᠭᠦᠳᠡᠭᠡ ᠠᠵᠤ ᠠᠬᠤᠢ ᠵᠡᠷᠭᠡ ᠤᠷᠦ᠋ᠢᠯᠠᠭᠰᠠᠨ ᠬᠦᠷᠢᠶ᠎ᠠ ᠴᠠᠷᠠᠭ᠎ᠠ ᠳᠤ ᠬᠤᠯᠪᠤᠭᠳᠠᠵᠤ ᠪᠤᠢ ᠭᠡᠵᠦ ᠵᠢᠭᠠᠵᠤ ᠭᠠᠷᠭᠠᠪᠠ᠃      ᠠᠢ ᠯᠢ ᠬᠤᠸᠠ᠂ ᠦᠪᠦᠷ ᠮᠤᠩᠭᠤᠯ ᠪᠤᠯ ᠲᠤᠮᠳᠠᠳᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠴᠤᠩᠬᠤᠪᠴᠢ᠂ ᠮᠦᠨ ᠴᠦ ᠲᠤᠮᠳᠠᠳᠤ ᠤᠯᠤᠰ ᠤᠨ ᠴᠢᠬᠤᠯᠠ ᠡᠨᠧᠷᠬᠢ᠂ ᠬᠢᠮᠢ ᠶᠢᠨ ᠠᠵᠤ ᠦᠢᠯᠡᠳᠪᠦᠷᠢ᠂ ᠦᠩᠭᠡᠳᠦ ᠲᠡᠮᠦᠷᠯᠢᠭ ᠪᠠ ᠰᠢᠨ᠎ᠠ ᠪᠠᠷ ᠮᠠᠨᠳᠤᠭᠰᠠᠨ ᠠᠵᠤ ᠦᠢᠯᠡᠰ ᠤᠨ ᠰᠠᠭᠤᠷᠢᠨ ᠭᠠᠵᠠᠷ ᠪᠤᠯᠤᠨ᠎ᠠ᠃ ᠦᠪᠦᠷ ᠮᠤᠩᠭᠤᠯ ᠤᠨ ᠤᠢ ᠰᠢᠭᠤᠢ᠂ ᠲᠠᠯ᠎ᠠ ᠨᠤᠳᠤᠭ᠂ ᠬᠦᠮᠦᠨ ᠲᠤᠮᠳᠠᠴᠢ ᠲᠠᠷᠢᠶᠠᠨ ᠭᠠᠵᠠᠷ ᠤᠨ ᠲᠠᠯᠠᠪᠠᠢ ᠲᠤᠰᠪᠤᠷᠢ ᠪᠦᠬᠦ ᠤᠯᠤᠰ ᠤᠨ ᠨᠢᠭᠡᠳᠦᠭᠡᠷ ᠲᠤ ᠤᠷᠤᠵᠤ᠂ ᠮᠠᠯ ᠠᠵᠤ ᠠᠬᠤᠢ ᠲᠠᠷᠢᠶᠠᠯᠠᠩ ᠤᠨ ᠲᠤᠮᠤ ᠤᠷᠤᠨ᠂ ᠪᠤᠬᠢᠷᠳᠤᠯ ᠦᠭᠡᠢ ᠡᠬᠢ ᠪᠠᠶᠠᠯᠢᠭ ᠤᠨ ᠦᠷᠭᠡᠨ ᠨᠦᠭᠡᠴᠡ ᠲᠠᠢ ᠤᠷᠤᠨ᠃ ᠪᠢᠳᠡ ᠲᠤᠮᠳᠠᠳᠤ ᠢᠰᠷᠧᠯ ᠤᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭᠠᠨ ᠤ ᠬᠦᠬᠡᠬᠤᠳᠠ ᠶᠢᠨ ᠶᠠᠷᠢᠶᠠᠨ ᠤ ᠲᠠᠪᠴᠠᠩ ᠢᠶᠠᠷ ᠲᠠᠮᠵᠢᠭᠤᠯᠤᠨ᠂ ᠠᠭᠤᠯᠵᠠᠯᠳᠠ ᠶᠢᠨ ᠦᠷ᠎ᠠ ᠪᠦᠳᠦᠭᠡᠯ ᠢ ᠨᠠᠶᠢᠳᠠᠪᠤᠷᠢᠵᠢᠭᠤᠯᠵᠦ᠂ ᠨᠦᠭᠦᠷᠯᠡᠯ ᠢᠶᠠᠨ ᠤᠯᠠᠮ ᠪᠠᠬᠢᠵᠢᠭᠦᠯᠦᠶ᠎ᠠ ᠭᠡᠵᠦ ᠴᠢᠬᠤᠯᠠᠴᠢᠯᠠᠵᠠᠢ᠃      ᠶᠠᠷᠢᠶᠠᠨ ᠤ ᠲᠠᠪᠴᠠᠩ ᠨᠢ ᠲᠤᠮᠳᠠᠳᠤ ᠢᠰᠷᠧᠯ ᠤᠨ ᠬᠠᠮᠳᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠤᠰᠤᠯᠠᠯ᠂ ᠭᠤᠤᠯ ᠵᠤᠷᠢᠯᠳᠠᠳᠤ ᠶᠠᠷᠢᠶ᠎ᠠ ᠢᠯᠡᠳᠭᠡᠯ᠂ ᠲᠤᠭᠤᠷᠠᠭ ᠰᠢᠷᠡᠭᠡᠨ ᠤ ᠬᠤᠷᠠᠯ ᠵᠡᠷᠭᠡ ᠪᠠᠶᠠᠯᠢᠭ ᠠᠭᠤᠯᠭ᠎ᠠ ᠪᠠᠷ ᠶᠠᠪᠤᠭᠳᠠᠵᠤ᠂ ᠱᠧᠨ ᠵᠧᠨ ᠤ ᠱᠧᠨ ᠢ ᠠᠰᠠᠭᠤᠨ ᠯᠠᠪᠯᠠᠭ᠎ᠠ ᠶᠢᠨ ᠺᠤᠮᠫᠠᠨᠢ᠂ ᠬᠤᠷᠢᠨᠭᠡᠷ ᠰᠢᠨ᠎ᠠ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ᠂ ᠲᠠᠷᠢᠶᠠᠯᠠᠩ ᠤᠨ ᠪᠠᠩᠭᠢ ᠶᠢᠨ ᠦᠪᠦᠷ ᠮᠤᠩᠭᠤᠯ ᠤᠨ ᠬᠤᠪᠢᠶᠠᠷᠢ ᠪᠠᠩᠭᠢ ᠨᠢ ᠢᠰᠷᠧᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠬᠦ ᠲᠦᠪ ᠲᠠᠢ ᠬᠠᠮᠳᠤᠷᠠᠨ ᠠᠵᠢᠯᠯᠠᠬᠤ ᠬᠡᠯᠡᠯᠴᠡᠭᠡᠷ ᠲᠤᠭᠳᠠᠵᠠᠢ︔ ᠢᠰᠷᠧᠯ ᠤᠨ 5 ᠠᠵᠤ ᠠᠬᠤᠢᠢᠯᠠᠯ ᠬᠢᠭᠡᠳ ᠮᠧᠩ ᠨᠢᠦ ᠪᠦᠯᠦᠭᠯᠡᠯ ᠬᠠᠮᠳᠤᠷᠠᠨ ᠠᠵᠢᠯᠯᠠᠬᠤ ᠬᠡᠯᠡᠯᠴᠡᠭᠡᠷ ᠲᠤᠭᠳᠠᠵᠠᠢ︔ ᠪᠠᠶᠠᠨᠨᠠᠭᠤᠷ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ 4 ᠠᠵᠤ ᠠᠬᠤᠢᠢᠯᠠᠯ᠂ ᠲᠠᠷᠢᠶᠠᠯᠠᠩ ᠤᠨ ᠪᠠᠩᠭᠢ ᠶᠢᠨ ᠦᠪᠦᠷ ᠮᠤᠩᠭᠤᠯ ᠳᠠᠬᠢ ᠬᠤᠪᠢᠶᠠᠷᠢ ᠪᠠᠩᠭᠢ ᠬᠢᠭᠡᠳ ᠢᠰᠷᠧᠯ ᠤᠨ ᠠᠵᠤ ᠠᠬᠤᠢᠢᠯᠠᠯ ᠲᠤᠰᠪᠦᠷᠢ ᠬᠠᠮᠳᠤᠷᠠᠨ ᠠᠵᠢᠯᠯᠠᠬᠤ ᠬᠡᠯᠡᠯᠴᠡᠭᠡᠷ ᠲᠤᠭᠳᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号