9 ᠰᠠᠷ᠎ᠠ ᠶᠢᠨ 8 ᠤ ᠡᠳᠦᠷ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠠᠷᠪᠠᠨ ᠨᠢᠭᠡᠳᠦᠭᠡᠷ | ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ | ᠴᠤᠭᠯᠠᠭᠠᠨ ᠤ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠳᠠᠷᠤᠭ᠎ᠠ ᠵᠧᠩ ᠬᠤᠩ ᠹᠡᠨ | ᠵᠧᠩᠵᠸᠤ ᠶᠢᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠰᠠᠭᠤᠭ᠎ᠠ ᠭᠠᠵᠠᠷ ᠲᠤ ᠢᠷᠡᠵᠤ᠂ | ᠰᠤᠷᠭᠠᠭᠴᠢ᠂ ᠲᠠᠮᠢᠷᠴᠢᠨ ᠪᠤᠯᠤᠨ ᠠᠵᠢᠯᠳᠠᠨ ᠢ ᠪᠤᠯᠭᠤᠭᠠᠨ ᠦᠵᠡᠭᠰᠡᠨ ᠪᠦᠭᠡᠳ ᠲᠤᠰ ᠬᠤᠭᠤᠴᠠᠭᠠᠨ ᠤ ᠴᠦᠬᠡᠨ | ᠲᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠴᠤᠭᠯᠠᠭᠠᠨ ᠳᠤ ᠰᠠᠶᠢᠳᠤᠷ ᠤᠷᠤᠯᠴᠠᠬᠤ ᠲᠤᠬᠠᠢ | ᠱᠠᠭᠠᠷᠳᠠᠯᠭ᠎ᠠ ᠳᠤᠷᠠᠳᠴᠠᠢ᠃ | ᠵᠧᠩ ᠬᠤᠩ ᠹᠡᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠡᠮᠦᠨ᠎ᠠ ᠠᠴᠠ | ᠲᠦᠯᠦᠭᠡᠯᠡᠭᠴᠢᠳ ᠤᠨ ᠪᠦᠯᠬᠦᠮ ᠢ ᠲᠤᠬᠤᠨᠢᠭᠤᠯᠵᠤ ᠪᠠᠶᠢᠬᠤ ᠪᠠᠨ ᠢᠯᠡᠳᠭᠡᠵᠤ᠂ ᠳᠡᠳᠡᠨ ᠤ ᠰᠢᠷᠭᠠᠭᠤ ᠬᠦᠴᠦ | ᠬᠦᠳᠡᠯᠮᠦᠷᠢ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠪᠦᠬᠦ ᠤᠷᠤᠯᠳᠤᠭᠠᠨ ᠳᠤ ᠤᠷᠤᠯᠴᠠᠬᠤ | ᠲᠠᠮᠢᠷᠴᠢᠳ ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ | ᠤᠷᠤᠯᠳᠤᠭᠠᠨ ᠳᠤ ᠬᠢᠨᠠᠮᠠᠭᠠᠢ ᠤᠷᠤᠯᠴᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠪᠦᠯᠬᠦᠮᠳᠡᠨ ᠬᠠᠪᠰᠤᠷᠤᠯᠴᠠᠵᠤ᠂ | ᠨᠢᠭᠳᠠ ᠬᠠᠮᠵᠢᠯᠴᠠᠨ᠂ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠠᠮᠤᠷ ᠲᠦᠪᠰᠢᠨ ᠢ ᠪᠠᠳᠤᠯᠠᠵᠤ᠂ | ᠤᠷᠤᠯᠳᠤᠭᠠᠨ ᠳᠤ ᠬᠡᠪ ᠰᠤᠷᠳᠠᠯ ᠢᠶᠠᠨ ᠢᠯᠡᠷᠡᠭᠦᠯᠵᠤ᠂ ᠤᠷᠤᠯᠳᠤᠭᠠᠨ ᠳᠤ ᠬᠢᠷᠢ ᠲᠦᠪᠰᠢᠨ ᠢᠶᠠᠨ ᠪᠠᠳᠠᠷᠠᠭᠤᠯᠵᠤ᠂ | ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠦ ᠪᠠᠷ ᠪᠦᠯᠬᠦᠮᠳᠡᠨ | ᠳᠡᠮᠡᠴᠡᠵᠤ᠂ ᠬᠠᠮᠳᠦ ᠪᠠᠷ ᠴᠡᠴᠡᠭᠯᠡᠨ ᠬᠦᠭᠵᠢᠵᠤ ᠪᠠᠶᠢᠬᠤ ᠰᠠᠶᠢᠨ ᠰᠠᠶᠢᠬᠠᠨ ᠳᠦᠷᠢ ᠳᠦᠷᠬᠦ ᠪᠤᠯᠤᠨ ᠡᠷᠡᠮᠡᠬᠡᠶᠢᠯᠡᠨ | ᠵᠢᠳᠭᠦᠵᠤ᠂ ᠲᠡᠷᠢᠭᠦᠨ ᠤ ᠬᠢ ᠪᠤᠯᠬᠤ ᠪᠠᠷ ᠲᠡᠮᠡᠴᠡᠵᠤ ᠪᠠᠶᠢᠬᠤ ᠳᠠᠪᠰᠢᠯᠳᠠ ᠶᠢᠨ ᠵᠤᠷᠢᠭ ᠰᠠᠨᠠᠭ᠎ᠠ ᠶᠢ ᠢᠯᠡᠷᠡᠭᠦᠯᠵᠤ᠂ | ᠦᠵᠡᠰᠭᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ | ᠵᠡᠭᠦᠳᠦ ᠪᠠᠨ ᠬᠠᠮᠳᠦ ᠪᠠᠷ ᠲᠡᠷᠭᠡᠯᠰᠢᠭᠦᠯᠬᠦ ᠠᠤᠭ᠎ᠠ ᠶᠡᠭᠡ ᠬᠦᠴᠦᠨ ᠢ ᠨᠢᠭᠳᠠᠷᠠᠭᠤᠯᠬᠤ ᠶᠢ ᠬᠦᠰᠡᠪᠡ᠃ | ᠤᠢᠢᠯᠠᠭᠠᠭᠰᠠᠨ ᠢᠶᠠᠷ᠂ ᠤᠳᠤᠬᠠᠨ ᠪᠤᠯᠳᠠᠯ᠎ᠠ᠂ ᠮᠠᠨ ᠤ ᠤᠷᠤᠨ ᠤ ᠴᠦᠬᠡᠨ ᠲᠤᠭᠠᠳᠤ ᠦᠨᠳᠦᠰᠦᠳᠡᠨ ᠤ | ᠤᠯᠠᠮᠵᠢᠯᠠᠯᠳᠤ ᠪᠡᠶ᠎ᠠ ᠶᠢᠨ ᠲᠠᠮᠢᠷ ᠤᠨ ᠴᠤᠭᠯᠠᠭᠠᠨ ᠳᠤ ᠤᠷᠤᠯᠴᠠᠬᠤ ᠡᠯ᠎ᠠ ᠵᠦᠢᠯ ᠤᠨ ᠠᠵᠢᠯ ᠨᠢᠭᠡᠨᠳᠡ ᠪᠡᠯᠡᠨ | ᠪᠤᠯᠵᠤ᠂ ᠲᠠᠮᠢᠷᠴᠢᠳ ᠤᠷᠤᠯᠳᠤᠭᠠᠨ ᠤ ᠲᠠᠯᠠᠪᠤᠷ ᠲᠤ ᠲᠠᠰᠬᠤ ᠴᠢᠨᠠᠷᠳᠠᠢ ᠪᠤᠯᠪᠠᠰᠤᠷᠠᠯ ᠬᠢᠵᠤ ᠡᠬᠢᠯᠡᠵᠠᠢ᠃ | ᠲᠠᠮᠢᠷᠴᠢᠳ᠂ ᠪᠢᠳᠡ ᠤᠷᠤᠯᠳᠤᠭᠠᠨ ᠤ ᠲᠠᠯᠠᠪᠤᠷ ᠲᠤ ᠭᠠᠪᠰᠢᠭᠠᠢᠢᠯᠠᠨ ᠲᠡᠮᠡᠴᠡᠵᠤ᠂ ᠰᠢᠯᠢᠳᠡᠭ ᠠᠮᠵᠢᠯᠳᠠ ᠪᠠᠷ ᠢᠶᠠᠨ | ᠦᠪᠡᠷᠳᠡᠭᠡᠨ ᠵᠠᠰᠠᠬᠤ ᠤᠷᠤᠨ ᠳᠠᠭᠠᠨ ᠦᠩᠭᠡ ᠭᠡᠷᠡᠯ ᠨᠡᠮᠡᠷᠢᠯᠡᠨ᠎ᠠ ᠭᠡᠵᠤ ᠢᠯᠡᠳᠭᠡᠵᠡᠭᠡᠵᠠᠢ᠃ |