ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠠᠴᠠ ᠯᠢᠦ ᠱᠤᠤ ᠬᠤᠸᠠ ᠨᠦᠬᠦᠷ ᠲᠤ ︽ᠤᠮᠠᠷᠠᠳᠦ ᠬᠢᠯᠢ ᠶᠢᠨ ᠦᠯᠢᠭᠡᠷ ᠲᠠᠭᠤᠷᠢᠶᠠᠯ︾ ᠢᠷᠠᠭᠤ ᠠᠯᠲᠠᠷ ᠤᠨ ᠴᠤᠯᠠ ᠶᠢ ᠨᠡᠭᠡᠮᠵᠢᠯᠡᠨ ᠤᠯᠭᠤᠪᠠ ᠪᠦ᠋ ᠰᠢᠶᠤᠤ ᠯᠢᠨ ᠤᠮᠠᠷᠠᠳᠦ ᠬᠢᠯᠢ ᠶᠢᠨ ᠦᠯᠢᠭᠡᠷ ᠲᠠᠭᠤᠷᠢᠶᠠᠯ ᠤᠨ ᠦᠨᠡᠮᠯᠡᠯ ᠪᠠ ᠱᠠᠩᠨᠠᠯ ᠤᠨ ᠳᠡᠮᠳᠡᠭ ᠢ ᠤᠯᠭᠤᠵᠠᠢ
ᠨᠡᠶᠢᠲᠡᠯᠡᠭᠰᠡᠨ ᠴᠠᠭ᠄
2019/9/11
     9 ᠰᠠᠷ᠎ᠠ ᠶᠢᠨ 10᠎ ᠤ ᠤᠷᠤᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠬᠦᠬᠡᠬᠤᠳᠠ ᠳᠤ ᠥᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠤ ᠤᠤᠯ ᠤᠨ ᠲᠡᠷᠢᠬᠦᠨ ᠰᠤᠷᠪᠤᠯᠵᠢᠯᠠᠬᠴᠢ ᠯᠢᠦ ᠱᠤᠤ ᠬᠤᠸᠠ ᠨᠦᠬᠦᠷ ᠤᠨ ᠲᠡᠷᠢᠬᠦᠨ ᠤ ᠦᠢᠯᠡ ᠠᠵᠢᠯᠯᠠᠭ᠎ᠠ ᠶᠢ ᠨᠡᠶᠢᠳᠡᠯᠡᠬᠦ ᠬᠤᠷᠠᠯ ᠬᠤᠷᠠᠯᠳᠤᠭᠤᠯᠵᠦ᠂ ᠲᠡᠬᠦᠨ ᠳᠤ ︽ᠤᠮᠠᠷᠠᠳᠦ ᠬᠢᠯᠢ ᠶᠢᠨ ᠦᠯᠢᠭᠡᠷ ᠲᠠᠭᠤᠷᠢᠶᠠᠯ︾ ᠢᠷᠠᠭᠤ ᠠᠯᠳᠠᠷ ᠤᠨ ᠴᠤᠯᠠ ᠶᠢ ᠨᠡᠭᠡᠮᠵᠢᠯᠡᠨ ᠤᠯᠭᠤᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠮᠠᠷᠠᠳᠦ ᠬᠢᠯᠢ ᠶᠢᠨ ᠦᠯᠢᠭᠡᠷ ᠲᠠᠭᠤᠷᠢᠶᠠᠯ ᠤᠨ ᠦᠨᠡᠮᠯᠡᠯ ᠪᠠ ᠱᠠᠩᠨᠠᠯ ᠤᠨ ᠳᠡᠮᠳᠡᠭ ᠢ ᠤᠯᠭᠤᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠭᠡᠯᠳᠡᠰ ᠤᠨ ᠳᠠᠷᠤᠭ᠎ᠠ ᠪᠠᠢ ᠢᠤᠢ ᠭᠠᠩ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠵᠧᠩ ᠬᠤᠩ ᠹᠠᠨ ᠨᠡᠶᠢᠳᠡᠯᠡᠬᠦ ᠬᠤᠷᠠᠯ ᠳᠤ ᠤᠷᠤᠯᠴᠠᠵᠠᠢ᠃
     ᠨᠡᠶᠢᠳᠡᠯᠡᠬᠦ ᠬᠤᠷᠠᠯ ᠤᠨ ᠠᠬᠤᠢ ᠲᠠᠯᠠᠪᠠᠢ ᠳᠤ᠂ ᠯᠢᠦ ᠱᠤᠤ ᠬᠤᠸᠠ ᠨᠦᠬᠦᠷ ᠤᠨ ᠲᠡᠷᠢᠬᠦᠨ ᠤ ᠦᠢᠯᠡ ᠠᠵᠢᠯᠯᠠᠭ᠎ᠠ ᠶᠢᠨ ᠤᠬᠤᠷ ᠹᠢᠯᠢᠮ ᠢ ᠲᠠᠯᠪᠢᠵᠦ᠂ ᠲᠡᠬᠦᠨ ᠤ ᠰᠤᠩᠭᠤᠳᠠᠭ ᠪᠦᠳᠦᠭᠡᠯ ᠪᠠ ᠲᠡᠬᠦᠨ ᠢ ᠲᠤᠷᠠᠰᠬᠠᠬᠰᠠᠨ ᠵᠤᠬᠢᠶᠠᠯ ︽ᠡᠷᠡᠮᠡᠭᠡᠶᠢᠯᠡᠨ ᠲᠡᠮᠡᠴᠡᠭᠴᠢᠳ ᠲᠡᠭᠡᠨ ᠬᠦᠨᠳᠦᠳᠭᠡᠯ ᠲᠡᠪᠰᠢᠬᠦᠯᠦᠶ᠎ᠠ︾᠎ ᠶᠢ ᠤᠶᠠᠩᠭᠠᠯᠠᠨ ᠤᠩᠰᠢᠪᠠ᠃ ᠯᠢᠦ ᠱᠤᠤ ᠬᠤᠸᠠ ᠨᠦᠬᠦᠷ ᠤᠨ ᠰᠤᠷᠪᠤᠯᠵᠢᠯᠠᠭᠰᠠᠨ ᠬᠦᠮᠦᠰ᠂ ᠬᠠᠮᠳᠤ ᠠᠵᠢᠯᠯᠠᠭᠰᠠᠳ᠂ ᠰᠠᠶᠢᠨ ᠨᠠᠶᠢᠵᠠ᠂ ᠰᠠᠳᠤᠨ ᠲᠦᠷᠦᠯ ᠨᠠᠷ ᠠᠵᠢᠯ᠂ ᠠᠮᠢᠳᠤᠷᠠᠯ ᠵᠡᠷᠭᠡ ᠲᠠᠯ᠎ᠠ ᠪᠠᠷ ᠲᠡᠬᠦᠨ ᠤ ᠰᠡᠳᠬᠢᠯ ᠬᠦᠳᠡᠯᠭᠡᠮ᠎ᠠ ᠦᠯᠢᠭᠡᠷ ᠢ ᠡᠷᠬᠢᠴᠡᠬᠦᠯᠦᠨ ᠶᠠᠷᠢᠪᠠ᠃ ᠦᠨᠡᠲᠦ ᠨᠠᠨᠳᠢᠨ ᠭᠡᠷᠡᠯ ᠵᠢᠷᠤᠭ ᠤᠳ᠂ ᠰᠡᠳᠬᠢᠯᠭᠡ ᠪᠢᠯᠬᠠᠭᠰᠠᠨ ᠢᠷᠠᠭᠤ ᠤᠩᠰᠢᠯᠭ᠎ᠠ᠂ ᠡᠯᠢᠭᠡ ᠵᠢᠷᠦᠬᠡᠨ ᠠᠴᠠ ᠨᠢ ᠤᠨᠳᠤᠷᠤᠭᠰᠠᠨ ᠦᠨᠡᠨ ᠰᠡᠳᠬᠢᠯ ᠤᠨ ᠲᠤᠭᠠᠴᠢᠯᠲᠠ ᠨᠢ ᠯᠢᠦ ᠱᠤᠤ ᠬᠤᠸᠠ ᠨᠦᠬᠦᠷ ᠤᠨ ᠠᠵᠢᠯ ᠳᠤᠮᠳᠠ ᠪᠠᠨ ᠤᠬ ᠰᠠᠨᠠᠭ᠎ᠠ ᠪᠠᠨ ᠰᠠᠬᠢᠵᠦ᠂ ᠲᠡᠮᠡᠴᠡᠯ ᠳᠤᠮᠳᠠ ᠪᠠᠨ ᠡᠬᠦᠷᠭᠡ ᠬᠠᠷᠢᠭᠤᠴᠠᠯᠭ᠎ᠠ ᠪᠠᠨ ᠵᠤᠷᠢᠬᠳᠠᠢ ᠡᠬᠦᠷᠭᠡᠯᠡᠭᠰᠡᠨ ᠵᠤᠷᠢᠭ ᠰᠠᠨᠠᠭ᠎ᠠ ᠶᠢ ᠲᠤᠰᠬᠠᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠢ ᠶᠡᠭᠡᠳᠠ ᠲᠤᠬᠳᠤᠯᠤᠭᠤᠯᠤᠭᠰᠠᠨ ᠪᠠᠶᠢᠨ᠎ᠠ᠃ ᠨᠡᠶᠢᠳᠡᠯᠡᠬᠦ ᠬᠤᠷᠠᠯ ᠨᠢ ᠯᠢᠦ ᠱᠤᠤ ᠬᠤᠸᠠ ᠨᠦᠬᠦᠷ ᠤᠨ ᠵᠤᠬᠢᠶᠠᠭᠰᠠᠨ ᠳᠠᠭᠤᠤ ᠎ ᠶᠢᠨ ᠦᠭᠡ ︽ᠥᠪᠦᠷ ᠮᠤᠩᠭᠤᠯ ᠢᠶᠠᠨ ᠤᠶᠠᠩᠭᠠᠯᠠᠨ ᠲᠠᠭᠤᠯᠠᠶ᠎ᠠ︾ ᠭᠡᠬᠦ ᠲᠠᠭᠤᠤ ᠶᠢᠨ ᠳᠤᠮᠳᠠ ᠦᠨᠳᠦᠷᠯᠡᠵᠡᠢ᠃      ᠯᠢᠦ ᠱᠤᠤ ᠬᠤᠸᠠ ᠨᠦᠬᠦᠷ 1953 ᠤᠨ ᠤ 1 ᠰᠠᠷ᠎ᠠ ᠳᠤ ᠲᠦᠷᠦᠵᠡᠢ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠭᠡᠰᠢᠬᠦᠨ᠂ ᠤᠷᠢᠳ ᠬᠤᠵᠢᠳ ᠦᠪᠡᠷᠲᠡᠭᠡᠨ ᠵᠠᠰᠠᠬᠤ ᠤᠷᠤᠨ ᠤ ᠠᠷᠪᠡᠨ ᠰᠤᠳᠤᠨ ᠰᠤᠷᠪᠤᠯᠵᠢᠯᠠᠬᠴᠢ᠂ ᠦᠪᠡᠷᠲᠡᠭᠡᠨ ᠵᠠᠰᠠᠬᠤ ᠤᠷᠤᠨ ᠤ ᠬᠦᠳᠡᠯᠮᠦᠷᠢ ᠶᠢᠨ ᠵᠢᠱᠢᠶᠡᠴᠢ᠂ ᠦᠪᠡᠷᠲᠡᠭᠡᠨ ᠵᠠᠰᠠᠬᠤ ᠤᠷᠤᠨ ᠎ ᠤ ᠭᠠᠷᠮᠠᠭᠠᠢ ᠴᠢᠳᠠᠪᠤᠷᠢᠳᠠᠨ᠂ ᠪᠦᠬᠦ ᠤᠯᠤᠰ ᠤᠨ ᠵᠠᠭᠤᠨ ᠰᠤᠳᠤᠨ ᠰᠤᠨᠢᠨ ᠮᠡᠳᠡᠭᠡᠨ ᠤ ᠠᠵᠢᠯᠳᠠᠨ ᠵᠡᠷᠭᠡ ᠢᠷᠠᠭᠤ ᠠᠯᠳᠠᠷ ᠢ ᠬᠦᠷᠳᠡᠵᠦ ᠦᠩᠭᠡᠷᠡᠪᠡ᠂ ᠲᠡᠷᠡ ᠪᠤᠯ ᠥᠪᠦᠷ ᠮᠤᠩᠭᠤᠯ ᠤᠨ ᠤᠳᠬ᠎ᠠ ᠵᠤᠬᠢᠶᠠᠯ ᠤᠨ ︽ᠰᠤᠯᠤᠩᠭ᠎ᠠ︾ ᠱᠠᠩᠨᠠᠯ ᠪᠠ ᠲᠤᠯᠤᠳᠤᠭᠠᠷ ᠬᠤᠭᠤᠴᠠᠭᠠᠨ ᠤ ᠹᠠᠨ ᠴᠠᠩ ᠵᠢᠶᠠᠩ ᠰᠤᠨᠢᠨ ᠮᠡᠳᠡᠭᠡᠨ ᠤ ᠱᠠᠩᠨᠠᠯ ᠢ ᠬᠦᠷᠳᠡᠭᠴᠢ᠂ ᠲᠦᠷᠦ ᠶᠢᠨ ᠶᠠᠪᠤᠳᠠᠯ ᠤᠨ ᠬᠤᠷᠢᠶᠠᠨ ᠤ ᠤᠨᠴᠠᠭᠠᠢ ᠨᠦᠬᠦᠪᠦᠷᠢ ᠬᠦᠷᠳᠡᠭᠴᠢ ᠮᠦᠨ᠃ 2019 ᠤᠨ ᠤ 1 ᠰᠠᠷ᠎ᠠ ᠶᠢᠨ 24᠎ ᠤ ᠡᠳᠦᠷ᠂ ᠡᠪᠡᠳᠴᠢᠯᠡᠭᠡᠳ ᠡᠮᠨᠡᠬᠦᠯᠦᠭᠰᠡᠨ ᠪᠤᠯᠪᠠᠴᠦ ᠢᠯᠠᠷᠢ ᠪᠤᠯᠤᠭᠰᠠᠨ ᠦᠭᠡᠢ ᠨᠠᠰᠤ ᠪᠠᠷᠠᠵᠠᠢ᠃ ᠲᠡᠷᠡ ᠪᠠᠷ ᠤᠷᠳᠤ ᠬᠤᠭᠤᠴᠠᠭᠠᠨ ᠤ ᠲᠤᠷᠰᠢ ᠰᠤᠨᠢᠨ ᠮᠡᠳᠡᠭᠡᠨ ᠤ ᠹᠷᠤᠨᠲ ᠲᠤ ᠠᠵᠢᠯᠯᠠᠵᠦ᠂ 40 ᠭᠠᠷᠤᠢ ᠵᠢᠯ ᠤᠨ ᠲᠤᠷᠰᠢ ᠲᠠᠯ᠎ᠠ ᠨᠤᠳᠤᠭ ᠲᠤ ᠦᠨᠳᠦᠰᠦᠯᠡᠨ᠂ ᠬᠢᠯᠢ ᠬᠢᠵᠠᠭᠠᠷ ᠢᠶᠠᠷ ᠬᠦᠷᠴᠦ᠂ ᠤᠬ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠬᠦᠯ ᠤᠨ ᠬᠦᠴᠦᠨ ᠢᠶᠠᠷ ᠢᠶᠠᠨ ᠲᠠᠯ᠎ᠠ ᠨᠤᠳᠤᠭ ᠢ ᠭᠡᠮᠵᠢᠵᠦ᠂ ᠭᠢᠷᠠᠬᠠᠢ ᠬᠠᠷᠠᠴᠠ ᠪᠠᠷ ᠢᠶᠠᠨ ᠦᠯᠢᠭᠡᠷ ᠢ ᠢᠯᠡᠷᠡᠬᠦᠯᠦᠨ᠂ ᠰᠡᠴᠡᠨ ᠤᠬᠠᠭᠠᠨ ᠢᠶᠠᠷ ᠢᠶᠠᠨ ᠰᠤᠶᠤᠯ ᠢ ᠤᠯᠠᠮᠵᠢᠯᠠᠵᠦ᠂ ᠦᠵᠦᠭ ᠪᠢᠷ ᠢᠶᠠᠷ ᠢᠶᠠᠨ ᠠᠮᠵᠢᠯᠳᠠ ᠶᠢ ᠪᠢᠴᠢᠭᠯᠡᠵᠦ᠂ ᠮᠢᠩᠭ᠎ᠠ ᠭᠠᠷᠤᠢ ᠮᠡᠳᠡᠭᠡ᠂ ᠴᠢᠮᠡᠭᠡᠯᠡᠯ᠂ ᠰᠢᠬᠦᠮᠵᠢ ᠪᠢᠴᠢᠵᠦ᠂ ᠵᠠᠭᠤ ᠰᠢᠬᠠᠮ ᠪᠦᠳᠦᠭᠡᠯ ᠨᠢ ᠪᠦᠬᠦ ᠤᠯᠤᠰ᠂ ᠦᠪᠡᠷᠲᠡᠭᠡᠨ ᠵᠠᠰᠠᠬᠤ ᠤᠷᠤᠨ᠂ ᠰᠤᠨᠢᠨ ᠤ ᠬᠤᠷᠢᠶ᠎ᠠ ᠪᠠ ᠠᠵᠢᠯ ᠲᠦᠷᠦᠯ ᠤᠨ ᠰᠠᠶᠢᠨ ᠰᠤᠨᠢᠨ ᠮᠡᠳᠡᠭᠡᠨ ᠤ ᠱᠠᠩᠨᠠᠯ ᠢ ᠬᠦᠷᠳᠡᠵᠦ᠂ ᠮᠠᠰᠢ ᠤᠯᠠᠨ ᠴᠢᠬᠤᠯᠠ ᠶᠡᠭᠡ ᠮᠡᠳᠡᠭᠡᠯᠡᠯ ᠤᠨ ᠡᠬᠦᠷᠭᠡ ᠶᠢ ᠲᠡᠬᠦᠰ ᠠᠮᠵᠢᠯᠳᠠ ᠲᠠᠢ ᠪᠡᠶᠡᠯᠡᠬᠦᠯᠪᠠ᠃ ᠲᠡᠷᠡ ᠪᠤᠯ ᠰᠤᠨᠢᠨ ᠮᠡᠳᠡᠭᠡᠨ ᠤ ᠹᠷᠤᠨᠲ ᠎ ᠤᠨ ︽ᠦᠨᠳᠦᠰᠦᠨ ᠱᠠᠳᠤᠨ ᠳᠤ ᠬᠦᠨᠵᠡᠭᠡᠶᠢᠷᠡᠵᠦ ᠠᠵᠢᠯ ᠤᠨ ᠰᠤᠷᠳᠠᠯ ᠵᠤᠬᠢᠶᠠᠯ ᠤᠨ ᠰᠤᠷᠳᠠᠯ ᠢᠶᠠᠨ ᠰᠠᠶᠢᠵᠢᠷᠠᠭᠤᠯᠤᠭᠰᠠᠠ︾ ᠦᠯᠢᠭᠡᠷ ᠲᠠᠭᠤᠷᠢᠶᠠᠯ᠂ ︽ᠭᠤᠤᠯ ᠬᠦᠭ ᠠᠶᠠᠰ ᠢ ᠴᠢᠪᠬᠠᠲᠠᠵᠤ᠂ ᠢᠳᠡᠪᠬᠢ ᠬᠦᠴᠦᠨ ᠢ ᠮᠠᠬᠳᠠᠨ ᠳᠠᠭᠤᠯᠠᠭᠰᠠᠠ︾ ᠭᠠᠷᠮᠠᠭᠠᠢ ᠲᠦᠯᠦᠭᠡᠯᠡᠭᠴᠢ ᠮᠦᠨ᠂ ᠲᠡᠬᠦᠨ ᠤ ᠪᠡᠶ᠎ᠠ ᠳᠡᠭᠡᠷ᠎ᠠ ᠰᠤᠨᠢᠨ ᠮᠡᠳᠡᠭᠡᠨ ᠤ ᠬᠦᠮᠦᠰ ᠤᠨ ᠦᠨᠡᠨ ᠶᠤᠰᠤ ᠶᠢ ᠬᠦᠭᠡᠭᠡᠴᠡᠯᠳᠦᠵᠦ᠂ ᠠᠵᠢᠯ ᠦᠢᠯᠡᠰ ᠢᠶᠠᠨ ᠳᠡᠭᠡᠳᠦᠯᠡᠨ ᠰᠢᠷᠭᠠᠭᠤ ᠬᠠᠳᠠᠭᠤᠵᠢᠯᠳᠠᠢ ᠠᠵᠢᠯᠯᠠᠵᠦ᠂ ᠴᠤᠴᠠᠰᠢ ᠦᠭᠡᠢ ᠤᠷᠤᠬᠰᠢᠯᠠᠬᠤ ᠡᠷᠬᠢᠮ ᠳᠡᠭᠡᠳᠦ ᠵᠤᠷᠢᠭ ᠰᠠᠨᠠᠭ᠎ᠠ ᠶᠢ ᠢᠯᠡᠷᠡᠬᠦᠯᠦᠭᠰᠡᠨ ᠶᠤᠮ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠠᠴᠠ ᠪᠦᠬᠦ ᠤᠷᠤᠨ ᠤ ᠦᠷᠭᠡᠨ ᠤᠯᠠᠨ ᠺᠠᠳ᠋ᠷ ᠤᠯᠠᠨ ᠲᠦᠮᠡᠨ᠂ ᠢᠯᠠᠩᠭᠤᠶ᠎ᠠ ᠦᠷᠭᠡᠨ ᠤᠯᠠᠨ ᠰᠤᠨᠢᠨ ᠮᠡᠳᠡᠭᠡᠨ ᠤ ᠠᠵᠢᠯᠳᠠᠳ ᠢ ᠯᠢᠦ ᠱᠤᠤ ᠬᠤᠸᠠ ᠨᠦᠬᠦᠷ ᠰᠢᠭ ᠢᠶᠠᠷ ︽ᠲᠤᠬ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠬᠳᠠᠷᠠᠭᠤᠯᠬᠤ᠂ ᠰᠢᠨ᠎ᠠ ᠬᠦᠮᠦᠨ ᠢ ᠬᠦᠮᠦᠵᠢᠬᠦᠯᠬᠦ᠂ ᠰᠤᠶᠤᠯ ᠢ ᠴᠡᠴᠡᠭᠯᠡᠬᠦᠯᠬᠦ᠂ ᠲᠦᠷᠢ ᠲᠦᠷᠬᠦ ᠶᠢ ᠱᠤᠭᠤᠬᠤ︾ ᠡᠬᠦᠷᠭᠡ ᠬᠠᠷᠢᠭᠤᠴᠠᠯᠭ᠎ᠠ ᠶᠢᠨ ᠨᠢᠭᠳᠠ ᠲᠤᠭᠤᠷᠢᠨ ᠳᠤ᠂ ᠤᠬ ᠰᠠᠨᠠᠭ᠎ᠠ ᠪᠠᠨ ᠪᠠᠳᠤ ᠰᠠᠬᠢᠵᠦ᠂ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠬᠦᠯᠬᠦ ᠪᠠᠷ ᠦᠨᠳᠦᠰᠦ ᠪᠤᠯᠭᠠᠵᠦ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠴᠢᠩᠭᠠᠷᠠᠭᠤᠯᠬᠤ ᠪᠠᠷ ᠵᠠᠩᠬᠢᠯᠠᠭ᠎ᠠ ᠪᠤᠯᠭᠠᠵᠦ᠂ ᠵᠤᠷᠢᠭᠲᠠᠢ ᠪᠠᠷ ᠰᠢᠨ᠎ᠠ ᠶᠢ ᠡᠬᠦᠳᠦᠨ ᠪᠦᠳᠦᠭᠡᠬᠦ ᠪᠠᠷ ᠴᠢᠬᠤᠯᠠ ᠵᠦᠢᠯ ᠪᠤᠯᠭᠠᠨ᠂ ᠰᠢᠯᠢᠳᠡᠭ ᠰᠤᠷᠳᠠᠯ ᠢ ᠪᠤᠶᠢᠵᠢᠭᠤᠯᠬᠤ ᠪᠠᠷ ᠰᠠᠭᠤᠷᠢ ᠪᠤᠯᠭᠠᠵᠦ᠂ ᠤᠬᠠᠮᠰᠠᠷ ᠠᠴᠠ ᠪᠠᠨ ︽ᠦᠨᠳᠦᠰᠦᠨ ᠱᠠᠳᠤᠨ ᠳᠤ ᠬᠦᠨᠵᠡᠭᠡᠶᠢᠷᠡᠵᠦ ᠠᠵᠢᠯ ᠤᠨ ᠰᠤᠷᠳᠠᠯ ᠵᠤᠬᠢᠶᠠᠯ ᠤᠨ ᠰᠤᠷᠳᠠᠯ ᠢᠶᠠᠨ ᠰᠠᠶᠢᠵᠢᠷᠠᠭᠤᠯᠬᠤ︾᠎ ᠶᠢᠨ ᠦᠯᠢᠭᠡᠷ ᠳᠠᠭᠤᠷᠢᠶᠠᠯ ᠪᠤᠯᠵᠦ᠂ ︽ᠲᠦᠷᠪᠡᠨ ᠴᠢᠳᠠᠪᠤᠷᠢ︾᠎ ᠶᠢᠨ ᠶᠡᠷᠦᠩᠭᠡᠢ ᠱᠠᠭᠠᠷᠳᠠᠯᠭ᠎ᠠ ᠶᠢ ᠦᠢᠯᠡᠳᠦᠯᠭᠡᠵᠢᠬᠦᠯᠬᠦ ᠦᠯᠢᠭᠡᠷ ᠳᠠᠭᠤᠷᠢᠶᠠᠯ ᠪᠤᠯᠵᠦ᠂ ᠪᠦᠬᠦ ᠤᠷᠤᠨ ᠤ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠤᠨ ᠰᠢᠨ᠎ᠠ ᠲᠦᠷᠰᠦ ᠪᠠᠶᠢᠳᠠᠯ ᠢ ᠨᠡᠭᠡᠭᠡᠨ ᠡᠬᠦᠳᠴᠦ᠂ ᠦᠵᠡᠰᠬᠦᠯᠡᠩᠳᠦ ᠰᠠᠶᠢᠬᠠᠨ ᠥᠪᠦᠷ ᠮᠤᠩᠭᠤᠯ ᠢᠶᠠᠨ ᠪᠦᠳᠦᠭᠡᠨ ᠪᠠᠶᠢᠭᠤᠯᠵᠦ᠂ ᠠᠭᠤᠤ ᠶᠡᠭᠡ ᠳᠤᠮᠳᠠᠳᠤ ᠶᠢᠨ ᠵᠡᠬᠦᠳᠦ ᠪᠠᠨ ᠬᠠᠮᠳᠤ ᠪᠠᠷ ᠳᠡᠷᠭᠡᠯᠰᠢᠬᠦᠯᠬᠦ ᠶᠢᠨ ᠲᠦᠯᠦᠭᠡ ᠨᠡᠩ ᠶᠡᠭᠡ ᠬᠤᠪᠢ ᠨᠡᠮᠡᠷᠢ ᠦᠵᠡᠬᠦᠯᠳᠦᠭᠡᠢ ᠭᠡᠵᠦ ᠤᠷᠢᠶᠠᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号