ᠣᠶᠢᠷ᠎ᠠ ᠳᠤ ᠤᠯᠠᠭᠠᠨᠬᠦᠦ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠬᠤᠷᠠᠯ | ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠡᠬᠢᠯᠡᠨ ᠤᠯᠠᠭᠠᠨᠬᠦᠦ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ | ᠬᠢᠨ ︽ᠤᠯᠠᠭᠠᠨᠬᠦᠦ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠱᠠᠩᠨᠠᠨ ᠬᠥᠬᠢᠭᠦᠯᠬᠦ ᠬᠡᠪᠴᠢᠶ᠎ᠡ ᠪᠠᠨ | ᠤᠯᠠᠮ ᠨᠢᠭᠡ ᠠᠯᠬᠤᠮ ᠥᠷᠭᠡᠳᠬᠡᠵᠦ᠂ ᠱᠠᠩᠨᠠᠨ ᠬᠥᠬᠢᠭᠦᠯᠬᠦ ᠬᠡᠪᠴᠢᠶ᠎ᠡ ᠪᠠᠨ ᠥᠩᠭᠡᠷᠡᠭᠰᠡᠨ ᠤ 2 ᠶᠡᠭᠡ ᠳᠡᠭᠡᠳᠦ | ᠰᠤᠷᠭᠠᠭᠤᠯᠢ ᠪᠠᠶᠢᠭᠰᠠᠨ ᠠᠴᠠ ᠨᠢ 17 ᠪᠣᠯᠲᠠᠯ᠎ᠠ ᠥᠷᠭᠡᠳᠬᠡᠪᠡ᠃ | ᠣᠶᠢᠯᠠᠭᠠᠭᠰᠠᠨ ᠢᠶᠠᠷ᠂ ᠤᠯᠠᠭᠠᠨᠬᠦᠦ ᠶᠢᠨ ᠰᠠᠭᠤᠷᠢ ᠮᠥᠩᠭᠦᠨ ᠤ ᠨᠡᠶᠢᠭᠡᠮᠯᠢᠭ 2008 ᠣᠨ ᠠᠴᠠ ᠡᠬᠢᠯᠡᠨ | ᠥᠪᠥᠷ ᠮᠣᠩᠭᠤᠯ ᠤᠨ ᠶᠡᠭᠡ ᠰᠤᠷᠭᠠᠭᠤᠯᠢ ᠪᠣᠯᠤᠨ ᠬᠦᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠳᠤ | ︽ᠤᠯᠠᠭᠠᠨᠬᠦᠦ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ︾ ᠪᠠᠶᠢᠭᠤᠯᠵᠤ᠂ ᠭᠤᠤᠯᠳᠠᠭᠤ ᠮᠣᠷᠠᠯ ᠰᠤᠷᠤᠯᠭ᠎ᠠ | ᠬᠤᠤᠰᠯᠠᠭᠰᠠᠨ ᠰᠤᠷᠤᠭᠴᠢᠳ ᠲᠤ ᠱᠠᠩᠨᠠᠯ ᠣᠯᠭᠤᠵᠤ᠂ ᠣᠳᠣ ᠪᠣᠯᠲᠠᠯ᠎ᠠ ᠨᠢᠭᠡᠨᠲᠡ 770 ᠰᠤᠷᠤᠭᠴᠢ ᠶᠢ | ᠱᠠᠩᠨᠠᠵᠠᠶ᠃ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠬᠥᠮᠦᠨ ᠢ ᠬᠥᠮᠦᠵᠢᠭᠦᠯᠬᠦ ᠴᠢᠬᠤᠯᠠ ᠦᠶᠯᠡᠳᠦᠯ ᠢ | ᠦᠷᠭᠦᠯᠵᠢᠯᠡᠨ ᠪᠠᠳᠠᠷᠠᠭᠤᠯᠬᠤ ᠶᠢᠨ ᠲᠥᠯᠥᠭᠡ᠂ ᠤᠯᠠᠭᠠᠨᠬᠦᠦ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ | ᠡᠷᠬᠢᠯᠡᠭᠴᠢᠳ ᠤᠨ ᠬᠤᠷᠠᠯ ᠠᠴᠠ ᠡᠨᠡ ᠵᠢᠯ ᠠᠴᠠ ᠡᠬᠢᠯᠡᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠶᠯᠡᠳᠪᠦᠷᠢ ᠶᠢᠨ | ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠪᠤᠭᠤᠲᠤ ᠶᠢᠨ | ᠡᠮᠨᠡᠯᠭᠡ ᠶᠢᠨ ᠳᠡᠭᠡᠳᠦ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ᠂ ᠤᠯᠠᠭᠠᠨᠬᠠᠳᠠ ᠳᠡᠭᠡᠳᠦ | ᠰᠤᠷᠭᠠᠭᠤᠯᠢ᠂ ᠬᠥᠯᠥᠨ ᠪᠣᠶᠢᠷ ᠳᠡᠭᠡᠳᠦ ᠰᠤᠷᠭᠠᠭᠤᠯᠢ᠂ ᠵᠢᠨᠢᠩ ᠪᠠᠭᠰᠢ ᠶᠢᠨ ᠳᠡᠭᠡᠳᠦ ᠰᠤᠷᠭᠠᠭᠤᠯᠢ᠂ ᠪᠣᠷᠣᠲᠣᠬᠤᠶ | ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ᠂ ᠣᠷᠳᠣᠰ ᠤᠨ ᠬᠡᠷᠡᠭᠯᠡᠭᠡᠨ ᠤ | ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 15 ᠳᠡᠭᠡᠳᠦ ᠰᠤᠷᠭᠠᠭᠤᠯᠢ ᠳᠤ ︽ᠤᠯᠠᠭᠠᠨᠬᠦᠦ ᠶᠢᠨ ᠰᠤᠷᠤᠯᠭ᠎ᠠ ᠶᠢᠨ | ᠱᠠᠩᠨᠠᠯ ᠤᠨ ᠮᠥᠩᠭᠦ︾ ᠨᠡᠮᠡᠵᠦ ᠪᠠᠶᠢᠭᠤᠯᠬᠤ ᠪᠠᠷ ᠲᠣᠭᠲᠠᠵᠠᠢ᠃ |