|
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠲᠦᠷᠭᠡᠳᠬᠡᠨ ᠬᠥᠭᠵᠢᠭᠦᠯᠬᠦ ᠶᠢ | ᠵᠣᠷᠢᠬᠵᠢᠭᠤᠯᠬᠤ ᠪᠠ ᠳᠡᠮᠵᠢᠬᠦ ᠲᠣᠭᠲᠠᠭᠠᠯ ᠤᠳ︾ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ |
|
|
ᠨᠡᠶᠢᠲᠡᠯᠡᠭᠰᠡᠨ ᠴᠠᠭ᠄
2019/9/11
|
ᠥᠪᠥᠷ ᠵᠠᠰᠠᠭ ᠥᠰᠥᠭ ﹇2019﹈ 30 ᠳ᠋ᠤᠭᠠᠷ ᠲᠤᠭᠠᠳᠤ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢ ᠲᠦᠷᠭᠡᠳᠬᠡᠨ ᠬᠥᠭᠵᠢᠭᠦᠯᠬᠦ ᠶᠢ ᠵᠣᠷᠢᠬᠵᠢᠭᠤᠯᠬᠤ ᠪᠠ ᠳᠡᠮᠵᠢᠬᠦ ᠲᠣᠭᠲᠠᠭᠠᠯ ᠤᠳ︾ ︵ᠥᠪᠥᠷ ᠵᠠᠰᠠᠭ ᠲᠠᠷᠬᠠᠭᠠᠭᠰᠠᠨ ﹇2016﹈ 80 ᠳ᠋ᠤᠭᠠᠷ ᠲᠣᠭᠠᠲᠤ᠂ ᠳᠣᠷᠣᠭᠰᠢ ︽ᠲᠣᠭᠲᠠᠭᠠᠯ ᠤᠳ︾ ᠭᠡᠵᠦ ᠲᠣᠪᠴᠢᠯᠠᠨ᠎ᠠ︶ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ ᠲᠣᠭᠲᠠᠭᠠᠪᠠ᠂ ᠡᠳᠦᠭᠡ ᠬᠤᠯᠪᠣᠭᠳᠠᠯ ᠪᠦᠬᠦᠢ ᠵᠦᠢᠯ ᠤᠳ ᠢ ᠳᠣᠤᠷᠠᠬᠢ ᠮᠡᠲᠦ ᠮᠡᠳᠡᠭᠳᠡᠪᠡ᠃ ᠨᠢᠭᠡ᠂ ︽ᠲᠣᠭᠲᠠᠭᠠᠯ ᠤᠳ︾ ᠲᠠᠬᠢ ︽︵ᠲᠠᠪᠢ︶ ᠵᠢᠵᠢᠭ ᠪᠢᠴᠢᠯ ᠠᠵᠤ ᠠᠬᠤᠶᠢᠯᠠᠯ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ᠂ ᠰᠣᠶᠣᠯ ᠤᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ᠂ ᠵᠡᠮᠳᠡᠭᠴᠦᠳ ᠤᠨ ᠠᠵᠢᠯ ᠣᠯᠬᠤ ᠪᠠᠲᠤᠯᠠᠭ᠎ᠠ ᠶᠢᠨ ᠮᠥᠩᠭᠦ ᠵᠡᠷᠭᠡ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠵᠢᠴᠢ ᠴᠠᠭ ᠠᠭᠤᠷ᠂ ᠲᠡᠤᠬᠡ ᠶᠢᠨ ᠳᠤᠷᠠᠰᠬᠠᠯᠲᠤ ᠵᠦᠢᠯ᠂ ᠨᠣᠭᠤᠭᠠᠷᠠᠭᠤᠯᠤᠯᠲᠠ᠂ ᠭᠠᠯ ᠰᠡᠷᠭᠡᠶᠢᠯᠡᠵᠦ ᠤᠨᠲᠠᠷᠠᠭᠠᠬᠤ᠂ ᠭᠠᠵᠠᠷ ᠬᠥᠳᠡᠯᠦᠯᠲᠡ᠂ ᠶᠠᠰᠤ ᠴᠢᠨᠠᠷ ᠤᠨ ᠪᠠᠶᠢᠴᠠᠭᠠᠯᠲᠠ ᠵᠡᠷᠭᠡ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠠᠴᠠ ᠬᠡᠯᠲᠦᠷᠢᠭᠦᠯᠦᠨ᠎ᠡ᠃ ᠡᠵᠡᠩᠨᠡᠯᠲᠡ ᠦᠢᠯᠡᠴᠢᠯᠡᠭᠡᠨ ᠤ ᠴᠢᠨᠠᠷᠲᠠᠶ ᠰᠦᠢᠳᠭᠡᠯ ᠬᠤᠷᠢᠶᠠᠬᠤ ᠪᠠᠷᠢᠮᠵᠢᠶ᠎ᠠ ᠳᠤ ᠳᠤᠤᠷᠠᠳᠤ ᠬᠢᠵᠠᠭᠠᠷ ᠲᠠᠢ ᠪᠠᠶᠢᠪᠠᠯ᠂ ᠴᠥᠮ ᠳᠣᠣᠷᠠᠳᠤ ᠬᠢᠵᠠᠭᠠᠷ ᠢᠶᠠᠷ ᠬᠤᠷᠢᠶᠠᠵᠤ᠂ ᠪᠠᠷᠢᠮᠵᠢᠶ᠎ᠠ ᠶᠢ ᠳᠡᠭᠡᠭᠰᠢᠯᠡᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠠᠷᠢᠮᠵᠢᠶ᠎ᠠ ᠶᠢ ᠳᠡᠭᠡᠭᠰᠢᠯᠡᠭᠦᠯᠵᠦ ᠳᠤᠷ᠎ᠠ ᠪᠠᠷ ᠢᠶᠠᠨ ᠰᠦᠢᠳᠭᠡᠯ ᠬᠤᠷᠢᠶᠠᠬᠤ ᠶᠢ ᠴᠢᠩᠭ᠎ᠠ ᠬᠤᠷᠢᠭᠯᠠᠨ᠎ᠠ᠃︾ ᠭᠡᠰᠡᠨ ᠢ ︽︵ᠲᠠᠪᠢ︶ ᠰᠦᠢᠳᠭᠡᠯ ᠬᠤᠷᠢᠶᠠᠬᠤ ᠠᠴᠠ ᠬᠡᠯᠲᠦᠷᠢᠭᠦᠯᠬᠦ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ᠂ ᠰᠣᠶᠣᠯ ᠤᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ᠂ ᠵᠡᠮᠳᠡᠭᠴᠦᠳ ᠤᠨ ᠠᠵᠢᠯ ᠣᠯᠬᠤ ᠪᠠᠲᠤᠯᠠᠭ᠎ᠠ ᠶᠢᠨ ᠮᠥᠩᠭᠦ ᠵᠢᠴᠢ ᠥᠪᠡᠷᠲᠡᠭᠡᠨ ᠵᠠᠰᠠᠬᠤ ᠤᠷᠤᠨ ᠤ ᠲᠤᠭᠲᠠᠭᠠᠭᠰᠠᠨ ᠴᠠᠭ ᠠᠭᠤᠷ᠂ ᠲᠡᠤᠬᠡ ᠶᠢᠨ ᠳᠤᠷᠠᠰᠬᠠᠯᠲᠤ ᠵᠦᠢᠯ᠂ ᠨᠣᠭᠤᠭᠠᠷᠠᠭᠤᠯᠤᠯᠲᠠ᠂ ᠭᠠᠯ ᠰᠡᠷᠭᠡᠶᠢᠯᠡᠵᠦ ᠤᠨᠲᠠᠷᠠᠭᠠᠬᠤ᠂ ᠭᠠᠵᠠᠷ ᠬᠥᠳᠡᠯᠦᠯᠲᠡ᠂ ᠶᠠᠰᠤ ᠴᠢᠨᠠᠷ ᠤᠨ ᠪᠠᠶᠢᠴᠠᠭᠠᠯᠲᠠ ᠵᠡᠷᠭᠡ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠠᠴᠠ ᠬᠡᠯᠲᠦᠷᠢᠭᠦᠯᠦᠨ᠎ᠡ᠃ ᠡᠵᠡᠩᠨᠡᠯᠲᠡ ᠦᠢᠯᠡᠴᠢᠯᠡᠭᠡᠨ ᠤ ᠴᠢᠨᠠᠷᠲᠠᠶ ᠰᠦᠢᠳᠭᠡᠯ ᠬᠤᠷᠢᠶᠠᠬᠤ ᠪᠠᠷᠢᠮᠵᠢᠶ᠎ᠠ ᠳᠤ ᠳᠤᠤᠷᠠᠳᠤ ᠬᠢᠵᠠᠭᠠᠷ ᠲᠠᠢ ᠪᠠᠶᠢᠪᠠᠯ᠂ ᠴᠥᠮ ᠳᠣᠣᠷᠠᠳᠤ ᠬᠢᠵᠠᠭᠠᠷ ᠢᠶᠠᠷ ᠬᠤᠷᠢᠶᠠᠵᠤ᠂ ᠪᠠᠷᠢᠮᠵᠢᠶ᠎ᠠ ᠶᠢ ᠨᠢ ᠳᠡᠭᠡᠭᠰᠢᠯᠡᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠠᠷᠢᠮᠵᠢᠶ᠎ᠠ ᠶᠢ ᠳᠡᠭᠡᠭᠰᠢᠯᠡᠭᠦᠯᠵᠦ ᠪᠠᠶᠢᠭᠠᠳ ᠳᠤᠷ᠎ᠠ ᠪᠠᠷ ᠢᠶᠠᠨ ᠰᠦᠢᠳᠭᠡᠯ ᠬᠤᠷᠢᠶᠠᠬᠤ ᠶᠢ ᠴᠢᠩᠭ᠎ᠠ ᠬᠤᠷᠢᠭᠯᠠᠨ᠎ᠠ︾ ᠭᠡᠵᠦ ᠵᠠᠰᠠᠪᠤᠷᠢ ᠤᠷᠤᠭᠤᠯᠣᠨ᠎ᠠ᠃ ᠬᠤᠶᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠤ ᠠᠰᠠᠭᠤᠳᠠᠯ ᠲᠤᠯᠭᠠᠷᠠᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|