ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠤᠨᠤᠯ ᠰᠤᠷᠤᠯᠴᠠᠬᠤ ᠭᠤᠤᠯ ᠲᠤᠭᠤᠢᠢᠯᠠᠩ 2019 ᠤᠨ ᠤ 5 ᠳ᠋ᠤᠭᠠᠷ ᠤᠳᠠᠭᠠᠨ ᠤ ᠬᠠᠮᠳᠦ ᠶᠢᠨ ᠰᠤᠷᠤᠯᠴᠠᠯᠭ᠎ᠠ ᠬᠢᠪᠠ  ᠪᠦ᠋ ᠰᠢᠶᠤᠤ ᠯᠢᠨ ᠡᠷᠬᠢᠯᠡᠵᠡᠢ
ᠨᠡᠶᠢᠲᠡᠯᠡᠭᠰᠡᠨ ᠴᠠᠭ᠄
2019/9/16
     9 ᠰᠠᠷ᠎ᠠ ᠶᠢᠨ 12᠎ ᠤᠨ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠎ ᠤᠨ ᠤᠳᠤᠷᠢᠳᠬᠤ ᠲᠤᠭᠤᠢᠢᠯᠠᠩ ᠤᠨ ᠱᠦᠵᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠤᠨᠤᠯ ᠰᠤᠷᠤᠯᠴᠠᠬᠤ ᠭᠤᠤᠯ ᠲᠤᠭᠤᠢᠢᠯᠠᠩ ᠤᠨ 2019 ᠤᠨ ᠤ 5 ᠳ᠋ᠤᠭᠠᠷ ᠤᠳᠠᠭᠠᠨ ᠤ ᠬᠠᠮᠳᠦ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠭᠠᠨᠰᠦ ᠪᠠᠷ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ 2019 ᠤᠨ ᠤ ᠨᠠᠮᠤᠷ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠎ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠤᠰᠤᠯᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠭᠠᠨᠰᠦ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠨᠢ ᠥᠪᠦᠷ ᠮᠤᠩᠭᠤᠯ ᠤᠨ ᠠᠵᠢᠯ ᠢᠶᠠᠨ ᠰᠠᠶᠢᠳᠤᠷ ᠬᠢᠬᠦ ᠳᠤ ᠴᠢᠬᠤᠯᠠ ᠶᠡᠭᠡ ᠵᠢᠯᠤᠭᠤᠳᠬᠤ ᠠᠴᠢ ᠬᠤᠯᠪᠤᠭᠳᠠᠯ ᠲᠠᠢ ᠶᠤᠮ᠃ ᠪᠢᠳᠠ ᠤᠯᠤᠰ ᠲᠦᠷᠦ ᠶᠢᠨ ᠵᠤᠬᠰᠤᠴᠠ ᠪᠠᠨ ᠦᠨᠡᠨ ᠬᠦ ᠳᠡᠭᠡᠭᠰᠢᠯᠡᠬᠦᠯᠵᠦ᠂ ᠨᠠᠷᠢᠨ ᠬᠢᠨᠠᠮᠠᠭᠠᠢ ᠰᠤᠷᠤᠯᠴᠠᠨ ᠤᠢᠢᠯᠠᠭᠠᠵᠤ᠂ ᠮᠠᠨ ᠤ ᠤᠷᠤᠨ ᠤ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠳᠦᠷ ᠠᠳᠬᠤᠬᠤ ᠬᠡᠷᠡᠭᠳᠠᠢ᠃ ᠰᠤᠶᠤᠯ ᠤᠨ ᠦᠪ ᠢᠶᠠᠨ ᠬᠠᠮᠠᠭᠠᠯᠠᠵᠤ᠂ ᠰᠤᠳᠤᠯᠬᠤ ᠪᠠ ᠠᠰᠢᠡᠡᠯᠠᠬᠤ ᠪᠠᠨ ᠴᠢᠩᠭᠠᠳᠬᠠᠵᠤ᠂ ᠬᠤᠪᠢᠰᠬᠠᠯ ᠤᠨ ᠰᠤᠶᠤᠯ ᠢ ᠰᠠᠶᠢᠳᠤᠷ ᠤᠯᠠᠮᠵᠢᠯᠠᠵᠦ᠂ ᠤᠷᠳᠤ ᠴᠠᠭᠠᠨ ᠭᠡᠷᠡᠮ ᠤᠨ ᠰᠤᠶᠤᠯ ᠤᠨ ᠦᠷᠳᠡᠭ ᠢ ᠠᠭᠤᠳᠠᠯᠬᠤ ᠪᠠ ᠲᠡᠦᠭᠡ ᠶᠢᠨ ᠲᠤᠷᠠᠰᠬᠠᠯᠳᠦ ᠵᠦᠢᠯᠡᠰ ᠤᠨ ᠦᠪ ᠢ ᠤᠯᠠᠮᠵᠢᠯᠠᠨ ᠬᠠᠮᠠᠭᠠᠯᠠᠬᠤ ᠠᠵᠢᠯ ᠢ ᠰᠠᠶᠢᠳᠤᠷ ᠬᠢᠬᠦ ᠭᠡᠷᠡᠭᠲᠡᠢ᠃ ᠮᠠᠨ ᠤ ᠤᠷᠤᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠶᠢᠨ ᠲᠤᠬᠠᠢ ᠲᠠᠨᠢᠯᠳᠠ ᠪᠠᠨ ᠬᠦᠨᠵᠡᠭᠡᠶᠢᠷᠡᠬᠦᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠭᠡᠷᠡᠭᠲᠡᠢ᠃ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢ ᠰᠠᠶᠢᠳᠤᠷ ᠠᠳᠬᠤᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠤᠰᠤᠯᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠦᠵᠡᠯ ᠰᠠᠨᠠᠭᠠᠨ ᠤ ᠲᠠᠪᠳᠠᠨ ᠪᠤᠯᠪᠠᠰᠤᠷᠠᠭᠤᠯᠤᠯᠳᠠ᠂ ᠤᠯᠤᠰ ᠲᠦᠷᠦ ᠶᠢᠨ ᠲᠠᠪᠳᠠᠨ ᠪᠤᠯᠪᠠᠰᠤᠷᠠᠭᠤᠯᠤᠯᠳᠠ᠂ ᠦᠢᠯᠡᠳᠦᠯᠭᠡ ᠶᠢᠨ ᠲᠠᠪᠳᠠᠨ ᠪᠤᠯᠪᠠᠰᠤᠷᠠᠭᠤᠯᠤᠯᠳᠠ ᠪᠠᠨ ᠡᠷᠴᠢᠮᠵᠢᠬᠦᠯᠦᠨ᠂ ᠲᠡᠮᠡᠴᠡᠯ ᠤᠨ ᠵᠤᠷᠢᠭ ᠰᠠᠨᠠᠭ᠎ᠠ ᠪᠠ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠵᠦ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠪᠡ ᠲᠦᠪᠰᠢᠨ ᠢᠶᠠᠨ ᠳᠡᠭᠡᠭᠰᠢᠯᠡᠬᠦᠯᠬᠦ ᠭᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ ᠪᠠᠰᠠ ᠲᠦᠪ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号