9 ᠰᠠᠷ᠎ᠠ ᠶᠢᠨ 12 ᠤᠨ ᠡᠳᠤᠷ᠂ ᠤᠯᠤᠰ ᠤᠨ ᠠᠭᠠᠷ ᠤᠨ ᠠᠶᠠᠯᠠᠯ ᠤᠨ ᠺᠤᠮᠫᠠᠨᠢ ᠶᠢᠨ ᠬᠦᠬᠡᠬᠤᠳᠠ — | ᠤᠯᠠᠭᠠᠨᠪᠠᠭᠠᠳᠤᠷ — ᠬᠦᠬᠡᠬᠤᠳᠠ ᠬᠦᠷᠬᠦ ᠠᠶᠠᠯᠠᠯ ᠤᠨ ᠱᠤᠭᠤᠮ ᠡᠬᠢᠯᠡᠬᠦ ᠶᠤᠰᠤᠯᠠᠯ ᠬᠦᠬᠡᠬᠤᠳᠠ ᠶᠢᠨ ᠴᠠᠭᠠᠨ | ᠰᠤᠪᠤᠷᠭ᠎ᠠ ᠨᠢᠰᠬᠡᠯ ᠤᠨ ᠪᠠᠭᠤᠳᠠᠯ ᠳᠤ ᠶᠠᠪᠤᠬᠳᠠᠪᠠ᠃ | ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠡᠳ᠋ ᠡᠷᠬᠢᠯᠡᠭᠴᠢ ᠸᠠᠩ ᠪᠦᠸᠧ ᠶᠤᠰᠤᠯᠠᠯ ᠳᠤ ᠤᠷᠤᠯᠴᠠᠵᠤ᠂ ᠦᠪᠡᠷᠳᠡᠬᠡᠨ ᠵᠠᠰᠠᠬᠤ ᠤᠷᠤᠨ ᠤ ᠲᠡᠳ᠋ | ᠲᠡᠷᠢᠬᠦᠯᠡᠭᠴᠢ ᠠᠢ ᠯᠢ ᠬᠤᠸᠠ ᠠᠶᠠᠯᠠᠯ ᠡᠬᠢᠯᠡᠭᠰᠡᠨ ᠢ ᠨᠠᠶᠢᠳᠠᠯᠠᠵᠠᠢ᠃ | ᠤᠯᠤᠰ ᠤᠨ ᠠᠭᠠᠷ ᠤᠨ ᠠᠶᠠᠯᠠᠯ ᠤᠨ ᠺᠤᠮᠫᠠᠨᠢ ᠶᠢᠨ ᠬᠦᠬᠡᠬᠤᠳᠠ ᠠᠴᠠ ᠤᠯᠠᠭᠠᠨᠪᠠᠭᠠᠳᠤᠷ ᠲᠤ ᠬᠦᠷᠬᠦ | ᠠᠶᠠᠯᠠᠯ ᠤᠨ ᠱᠤᠭᠤᠮ ᠢ ᠨᠡᠬᠡᠬᠡᠭᠰᠡᠨ ᠵᠤᠷᠢᠯᠳᠠ ᠨᠢ ᠬᠦᠬᠡᠬᠤᠳᠠ ᠶᠢᠨ ︽ᠨᠢᠬᠡ ᠪᠦᠰᠠ ᠨᠢᠬᠡ ᠵᠠᠮ︾ ᠪᠤᠯᠤᠨ | ᠳᠤᠮᠳᠠᠳᠤ ᠤᠷᠤᠰ ᠮᠤᠩᠭᠤᠯ ᠤᠨ ᠠᠵᠤ ᠠᠬᠤᠢ ᠶᠢᠨ ᠬᠤᠩᠬᠢᠯ ᠤᠨ ᠪᠦᠳᠤᠬᠡᠨ ᠪᠠᠶᠢᠭᠤᠯᠤᠯᠳᠠ ᠳᠠᠬᠢ ᠴᠢᠬᠤᠯᠠ | ᠵᠠᠩᠬᠢᠯᠠᠭ᠎ᠠ ᠶᠢᠨ ᠴᠡᠭ ᠪᠤᠯᠤᠨ ᠤᠮᠠᠷᠠᠰᠢ ᠨᠡᠬᠡᠬᠡᠬᠦ ᠬᠤᠰᠢᠭᠤᠴᠢ ᠬᠤᠳᠠ ᠶᠢᠨ ᠲᠠᠪᠠᠭᠤᠯᠢᠬ ᠢ ᠴᠢᠨᠠᠬᠰᠢᠳᠠ | ᠪᠠᠳᠠᠷᠠᠭᠤᠯᠵᠤ᠂ ᠮᠠᠨ ᠤ ᠤᠷᠤᠨ ᠤ ᠠᠷᠠᠳ ᠤᠯᠠᠨ ᠳᠤ ᠶᠠᠪᠤᠵᠤ ᠰᠠᠭᠤᠬᠤ ᠭᠡᠷᠡᠭᠴᠡᠭᠡ ᠶᠢ ᠬᠠᠩᠭᠠᠵᠤ᠂ ᠳᠤᠮᠳᠠᠳᠤ | ᠮᠤᠩᠭᠤᠯ ᠬᠤᠶᠠᠷ ᠤᠯᠤᠰ ᠤᠨ ᠬᠤᠭᠤᠷᠤᠨᠳᠤᠬᠢ ᠠᠵᠤ ᠠᠬᠤᠢ ᠠᠷᠠᠯᠵᠢᠶᠠᠨ ᠤ ᠶᠠᠪᠤᠯᠴᠠᠭ᠎ᠠ᠂ ᠰᠤᠶᠤᠯ ᠤᠨ | ᠰᠤᠯᠢᠯᠴᠠᠭ᠎ᠠ ᠪᠤᠯᠤᠨ ᠵᠢᠭᠤᠯᠴᠢᠯᠠᠯ ᠤᠨ ᠬᠠᠮᠳᠤᠷᠠᠯᠴᠠᠭ᠎ᠠ ᠶᠢ ᠲᠠᠰᠤᠷᠠᠯᠳᠠ ᠦᠬᠡᠢ ᠬᠦᠨᠵᠡᠬᠡᠶᠢᠷᠡᠬᠦᠯᠵᠤ᠂ ᠠᠷᠠᠳ ᠤᠨ | ᠠᠭᠤᠰᠤᠯᠴᠠᠯ ᠤᠯᠤᠯᠴᠠᠭ᠎ᠠ ᠶᠢ ᠨᠡᠩ ᠰᠠᠶᠢᠨ ᠠᠬᠢᠭᠤᠯᠬᠤ ᠶᠢᠨ ᠲᠦᠯᠦᠭᠡ ᠶᠤᠮ᠃ | ᠤᠢᠢᠯᠠᠭᠠᠬᠰᠠᠨ ᠢᠶᠠᠷ᠂ ᠲᠤᠰ ᠠᠭᠠᠷ ᠤᠨ ᠠᠶᠠᠯᠠᠯ ᠤᠨ ᠱᠤᠭᠤᠮ ᠢᠶᠠᠷ ᠭᠠᠷᠠᠬ ᠲᠤ ᠬᠤᠶᠠᠷ ᠡᠬᠡᠯᠵᠢ ᠶᠢᠨ | ᠨᠢᠰᠬᠡᠯ ᠨᠢᠰᠴᠤ᠂ ᠭᠠᠷᠠᠬ ᠤᠨ ᠲᠦᠷᠪᠡᠨ᠂ ᠭᠠᠷᠠᠬ ᠤᠨ ᠡᠳᠤᠷ CA753/754 ᠨᠤᠮᠧᠷᠳᠦ 157 | ᠰᠠᠭᠤᠳᠠᠯ ᠲᠠᠢ ᠨᠢᠰᠬᠡᠯ ᠨᠢᠰᠤᠨ᠎ᠠ᠃ ᠬᠦᠬᠡᠬᠤᠳᠠ ᠠᠴᠠ 9᠄ 30 ᠮᠢᠨᠦ᠋ᠲ ᠲᠤ ᠨᠢᠰᠴᠤ᠂ ᠤᠯᠠᠭᠠᠨᠪᠠᠭᠠᠳᠤᠷ ᠠᠴᠠ | 12᠄ 30 ᠮᠢᠨᠦ᠋ᠲ ᠲᠤ ᠨᠢᠰᠴᠤ᠂ ᠪᠠᠷᠤᠬ 1 ᠴᠠᠬ 50 ᠮᠢᠨᠦ᠋ᠲ ᠨᠢᠰᠤᠨ᠎ᠠ᠃ |