ᠪᠣᠭᠤᠳᠣ ᠬᠤᠲᠠ ︽ᠬᠠᠶᠠᠭᠳᠠᠮᠠᠯ ᠪᠣᠳᠠᠰ ᠦᠭᠡᠢ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠪᠣᠯᠪᠠ
ᠨᠡᠶᠢᠲᠡᠯᠡᠭᠰᠡᠨ ᠴᠠᠭ᠄
2019/9/16
      ᠣᠶᠢᠷ᠎ᠠ ᠳᠤ᠂ ᠠᠮᠢ ᠠᠬᠤᠶ ᠣᠷᠴᠢᠨ ᠲᠣᠭᠤᠷᠢᠨ ᠤ ᠶᠠᠮᠤᠨ ︽ᠬᠠᠶᠠᠭᠳᠠᠮᠠᠯ ᠪᠣᠳᠠᠰ ᠥᠬᠡᠶ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠡᠯᠲᠡᠰ ᠤᠨ ᠬᠤᠭᠤᠷᠣᠨᠳᠣᠬᠢ ᠵᠣᠬᠢᠴᠠᠭᠤᠯᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠲᠠᠢ ᠬᠠᠮᠲᠤᠷᠠᠨ ᠪᠡᠭᠡᠵᠢᠩ ᠳᠤ ᠬᠤᠷᠠᠯ ᠬᠤᠷᠠᠯᠳᠤᠭᠤᠯᠵᠤ᠂ ᠪᠤᠭᠤᠲᠤ ᠬᠤᠲᠠ᠂ ᠲᠦᠩ ᠯᠢᠩ ᠬᠤᠲᠠ ᠶᠢᠨ ︽ᠬᠠᠶᠠᠭᠳᠠᠮᠠᠯ ᠪᠣᠳᠠᠰ ᠥᠬᠡᠶ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ ᠢ ᠵᠢᠩᠬᠢᠨᠢ ᠪᠠᠷ ᠬᠢᠨᠠᠨ ᠲᠣᠭᠲᠠᠭᠠᠪᠠ᠃      ︽ᠬᠠᠶᠠᠭᠳᠠᠮᠠᠯ ᠪᠣᠳᠠᠰ ᠥᠬᠡᠶ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠲᠤᠰᠬᠠᠶ ᠮᠡᠷᠭᠡᠵᠢᠯᠲᠡᠨ ᠤ ᠵᠥᠪᠯᠡᠯ ᠤᠨ ᠬᠠᠮᠢᠶ᠎ᠠ ᠪᠦᠬᠦᠢ ᠲᠤᠰᠬᠠᠶ ᠮᠡᠷᠭᠡᠵᠢᠯᠳᠡᠳ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠣᠭᠤᠶᠢᠯᠠᠩ ᠢ ᠪᠠᠶᠢᠭᠤᠯᠵᠣ᠂ ᠡᠯ᠎ᠡ ᠲᠤᠷᠰᠢᠯᠲᠠ ᠶᠢᠨ ᠴᠡᠭ ᠤᠨ ᠬᠤᠲᠠ ᠶᠢᠨ ᠠᠵᠢᠯ ᠤᠨ ᠠᠬᠢᠴᠠ ᠪᠠ ᠬᠡᠷᠡᠭᠵᠢᠭᠦᠯᠬᠦ ᠲᠥᠰᠦᠯ ᠤᠨ ᠠᠭᠤᠯᠭ᠎ᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠠᠷᠢᠯᠴᠠᠵᠤ ᠯᠠᠪᠯᠠᠬᠤ ᠪᠠᠷ ᠳᠠᠮᠵᠢᠨ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠳᠡᠳ ᠬᠤᠶᠠᠷ ᠲᠤᠷᠰᠢᠯᠲᠠ ᠶᠢᠨ ᠴᠡᠭ ᠤᠨ ᠬᠤᠲᠠ ᠶᠢᠨ ᠬᠡᠷᠡᠭᠵᠢᠭᠦᠯᠬᠦ ᠲᠥᠰᠦᠯ ᠢ ᠰᠠᠨᠠᠯ ᠨᠢᠬᠡᠳᠡᠢ ᠬᠢᠨᠠᠨ ᠲᠣᠭᠲᠠᠭᠠᠪᠠ᠃ ᠪᠤᠭᠤᠲᠤ ᠬᠤᠲᠠ ᠨᠢ ᠮᠠᠨ ᠤ ᠣᠷᠣᠨ ᠤ ᠴᠣᠷ ᠤᠨ ᠭᠠᠭᠴᠠ ︽ᠬᠠᠶᠠᠭᠳᠠᠮᠠᠯ ᠪᠣᠳᠠᠰ ᠥᠬᠡᠶ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠪᠣᠯᠤᠭᠰᠠᠨ ᠪᠠᠶᠢᠨ᠎ᠠ᠃      ᠲᠤᠰᠬᠠᠶ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠪᠤᠭᠤᠲᠤ ᠬᠤᠲᠠ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠣᠷᠢᠯᠡᠯ ᠪᠠ ᠠᠮᠢᠳᠤᠷᠠᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢᠨ ᠬᠠᠮᠲᠤ᠂ ᠠᠵᠤ ᠦᠢᠯᠡᠳᠪᠣᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠤᠪᠣᠷ ᠰᠢᠷᠣᠶ ᠶᠢᠨ ᠬᠦᠳᠡᠷ ᠤᠨ ᠰᠢᠭᠠᠷᠤ ᠶᠢ ᠬᠦᠷᠢᠶᠡᠯᠡᠭᠰᠡᠨ ᠬᠤᠲᠠ ᠬᠢᠭᠡᠳ ᠡᠬᠢ ᠪᠠᠶᠠᠯᠢᠭ ᠤᠨ ᠬᠡᠯᠪᠡᠷᠢ ᠶᠢᠨ ᠬᠦᠨᠳᠦ ᠠᠵᠤ ᠦᠢᠯᠡᠳᠪᠣᠷᠢ ᠶᠢᠨ ᠬᠤᠲᠠ ᠶᠢᠨ ᠪᠣᠬᠢᠷᠲᠤᠯ ᠥᠬᠡᠶ ᠳᠡᠰ ᠳᠡᠪᠰᠢᠬᠦᠯᠦᠨ ᠬᠦᠭᠵᠢᠬᠦᠯᠬᠦ ᠯᠦᠭᠡ ᠶᠢᠨ ᠵᠥᠷᠢᠴᠡᠯ ᠢ ᠰᠢᠢᠳᠪᠦᠷᠢᠯᠡᠬᠦ ᠪᠠᠷ ᠭᠤᠤᠯ ᠪᠣᠯᠭᠠᠵᠤ᠂ ᠬᠠᠮᠢᠶᠠᠷᠤᠯᠲᠠ ᠶᠢᠨ ᠳᠦᠷᠢᠮ᠂ ᠮᠡᠷᠭᠡᠵᠢᠯ ᠤᠨ ᠪᠠᠷᠢᠮᠵᠢᠶ᠎ᠠ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠠᠵᠤ ᠦᠢᠯᠡᠳᠪᠣᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠵᠤ ᠰᠢᠢᠳᠪᠣᠷᠢᠯᠡᠬᠦ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠥᠬᠡᠶ ᠪᠠᠶᠢᠬᠤ ᠵᠠᠭᠪᠤᠷ ᠢ ᠰᠦᠪᠡᠭᠴᠢᠯᠡᠭᠰᠡᠨ ᠶᠠᠪᠣᠳᠠᠯ ᠨᠢ ᠪᠤᠰᠤᠳ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠦᠷᠭᠦᠯᠵᠢᠯᠡᠨ ᠬᠥᠭᠵᠢᠬᠦ ᠳᠤ ᠴᠢᠬᠤᠯᠠ ᠲᠣᠯᠢᠯᠠᠬᠤ ᠠᠴᠢ ᠬᠤᠯᠪᠣᠭᠳᠠᠯ ᠲᠠᠢ ᠶᠤᠮ᠃      ᠣᠳᠣᠬᠠᠨ ᠪᠣᠯᠲᠠᠯ᠎ᠠ᠂ ᠨᠢᠭᠡᠨᠲᠡ ᠪᠡᠭᠡᠵᠢᠩ ᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠲᠢᠶᠠᠨᠵᠢᠨ ᠤ ᠵᠦᠩ ᠰᠢᠨ ᠠᠮᠢ ᠠᠬᠤᠢ ᠶᠢᠨ ᠬᠤᠲᠠ᠂ ᠴᠦᠩᠴᠢᠩ ᠬᠤᠳᠠ᠂ ᠱᠸᠠᠵᠧᠨ ᠬᠤᠳᠠ᠂ ᠰᠠᠨᠶᠠ ᠬᠤᠲᠠ᠂ ᠰᠢᠶᠦ᠋ᠩ ᠠᠨ ᠰᠢᠨ᠎ᠡ ᠲᠣᠭᠤᠷᠢᠭ᠂ ᠪᠤᠭᠤᠲᠤ ᠬᠤᠲᠠ ᠵᠡᠷᠭᠡ 13 ︽ᠬᠠᠶᠠᠭᠳᠠᠮᠠᠯ ᠪᠣᠳᠠᠰ ᠦᠭᠡᠢ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ ᠢ ᠬᠢᠨᠠᠨ ᠪᠠᠲᠤᠯᠠᠪᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号