ᠪᠦ᠋ ᠰᠢᠶᠤᠤ ᠯᠢᠨ᠄ ᠮᠠᠨ ᠤ ᠣᠯᠣᠰ ᠤᠨ ᠣᠮᠠᠷᠠᠲᠣ ᠶᠢᠨ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠰᠠᠶᠢᠲᠣᠷ ᠰᠠᠬᠢᠨ ᠬᠠᠮᠠᠭᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2019/9/16
     ᠶᠡᠭᠡ ᠬᠢᠩᠭᠠᠨ ᠲᠠᠪᠠᠭ᠎ᠠ ᠶᠢᠨ ᠰᠢᠭᠤᠢᠢᠳᠦ ᠤᠷᠤᠨ ᠨᠠᠮᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠤᠷᠤᠬᠤ ᠠᠴᠠ ᠡᠮᠦᠨᠡᠬᠡᠨ᠂ 9 ᠰᠠᠷ᠎ᠠ ᠶᠢᠨ 13᠎ ᠠᠴᠠ 14᠎ ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠦᠯᠦᠨ ᠪᠤᠶᠢᠷ ᠬᠤᠳᠠ ᠳᠤ ᠬᠦᠨᠵᠡᠭᠡᠶᠢᠷᠡᠨ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠦ᠂ ᠲᠦᠢᠮᠡᠷ ᠢ ᠰᠡᠷᠭᠡᠶᠢᠯᠡᠬᠦ ᠡᠮᠦᠨ᠎ᠠ ᠹᠷᠤᠨᠲ ᠢ ᠪᠠᠳᠤ ᠰᠠᠬᠢᠵᠦ ᠪᠠᠶᠢᠭ᠎ᠠ ᠤᠢ ᠰᠢᠭᠤᠢ ᠶᠢᠨ ᠬᠠᠮᠠᠭᠠᠯᠠᠬᠴᠢ ᠶᠢ ᠲᠤᠬᠤᠨᠢᠭᠤᠯᠪᠠ᠃ ᠲᠡᠷᠡ᠂ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠮᠠᠨ ᠤ ᠤᠯᠤᠰ ᠤᠨ ᠤᠮᠠᠷᠠᠳᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠳᠤᠷ ᠰᠠᠬᠢᠨ ᠬᠠᠮᠠᠭᠠᠯᠠᠬᠤ ᠭᠡᠷᠡᠭᠲᠡᠢ ᠭᠡᠵᠦ ᠴᠢᠬᠤᠯᠠᠴᠢᠯᠠᠵᠠᠢ᠃      ᠭᠡᠭᠡᠨ ᠭᠤᠤᠯ ᠬᠤᠳᠠ ᠶᠢᠨ ᠠᠭᠠᠷ ᠤᠨ ᠠᠶᠠᠯᠠᠯ ᠤᠨ ᠤᠢ ᠰᠢᠭᠤᠢ ᠶᠢ ᠬᠠᠮᠠᠭᠠᠯᠠᠬᠤ ᠦᠷᠳᠡᠭᠡ ᠪᠠ ᠮᠤᠷᠢᠳᠠᠭ᠎ᠠ ᠶᠢᠨ ᠤᠢ ᠰᠢᠭᠤᠢ ᠶᠢᠨ ᠲᠤᠪᠴᠢᠶᠠᠨ ᠤ 128 ᠳ᠋ᠤᠭᠠᠷ ᠬᠠᠮᠢᠶᠠᠷᠤᠨ ᠬᠠᠮᠠᠭᠠᠯᠠᠬᠤ ᠭᠠᠳᠠᠨ᠎ᠠ ᠦᠷᠳᠡᠭᠡ ᠳᠤ᠂ ᠪᠦ᠋ ᠰᠢᠶᠤᠤ ᠯᠢᠨ ᠭᠠᠯ ᠲᠦᠢᠮᠡᠷ ᠢ ᠰᠡᠷᠭᠡᠶᠢᠯᠡᠨ ᠤᠨᠳᠠᠷᠠᠭᠠᠬᠤ ᠲᠤᠨᠤᠭ ᠲᠦᠬᠦᠭᠡᠷᠦᠮᠵᠢ ᠶᠢ ᠨᠠᠷᠢᠨ ᠪᠠᠶᠢᠴᠠᠭᠠᠵᠦ᠂ ᠭᠠᠯ ᠲᠦᠢᠮᠡᠷ ᠢ ᠤᠨᠳᠠᠷᠠᠭᠠᠬᠤ ᠰᠤᠷᠢᠯᠳᠠ ᠶᠢ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠪᠡ᠃ ᠲᠡᠷᠡ ᠪᠠᠰᠠ ᠭᠠᠯ ᠲᠦᠢᠮᠡᠷ ᠢ ᠰᠡᠷᠭᠡᠶᠢᠯᠡᠨ ᠤᠨᠳᠠᠷᠠᠭᠠᠬᠤ ᠠᠩᠬᠢ ᠶᠢᠨ ᠭᠡᠰᠢᠬᠦᠳ ᠤᠨ ᠢᠳᠡᠵᠦ ᠤᠤᠭᠤᠬᠤ ᠤᠨᠳᠠᠵᠤ ᠠᠮᠠᠷᠠᠬᠤ ᠨᠦᠬᠦᠴᠡᠯ᠂ ᠡᠳᠦᠷ ᠳᠤᠳᠤᠮ ᠤᠨ ᠪᠤᠯᠪᠠᠰᠤᠷᠠᠯ᠂ ᠨᠠᠰᠤᠨ ᠤ ᠪᠦᠳᠦᠴᠡ ᠵᠡᠷᠭᠡ ᠪᠠᠶᠢᠳᠠᠯ ᠢ ᠬᠦᠨᠵᠡᠭᠡᠢ ᠤᠢᠢᠯᠠᠭᠠᠨ᠂ ᠲᠡᠳᠡᠨ ᠳᠤ ᠨᠠᠢᠮᠠᠨ ᠰᠠᠷ᠎ᠠ ᠶᠢᠨ ᠳᠡᠷᠭᠡᠯ ᠪᠠᠶᠠᠷ ᠤᠨ ᠰᠠᠶᠢᠨ ᠰᠠᠶᠢᠬᠠᠨ ᠵᠦᠩᠨᠡᠯ ᠳᠡᠪᠰᠢᠭᠦᠯᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠳᠡᠳᠡᠨ ᠳᠤ ᠰᠠᠶᠢᠨ ᠰᠠᠶᠢᠬᠠᠨ ᠠᠵᠢᠯ ᠠᠮᠢᠳᠤᠷᠠᠯ ᠤᠨ ᠤᠷᠴᠢᠨ ᠬᠠᠩᠭᠠᠵᠦ ᠦᠭᠬᠦᠭᠡᠷᠡᠢ ᠭᠡᠵᠦ ᠵᠠᠬᠢᠪᠠ᠃ ᠪᠦ᠋ ᠰᠢᠶᠤᠤ ᠯᠢᠨ᠂ ᠶᠡᠭᠡ ᠬᠢᠩᠭᠠᠨ ᠲᠠᠪᠠᠭ᠎ᠠ ᠶᠢᠨ ᠰᠢᠭᠤᠢᠢᠳᠦ ᠤᠷᠤᠨ ᠪᠤᠯ ᠮᠠᠨ ᠤ ᠤᠯᠤᠰ ᠤᠨ ᠤᠮᠠᠷᠠᠳᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠬᠤᠯᠠ ᠪᠦᠷᠢᠯᠳᠦᠬᠦᠨ ᠭᠡᠰᠡᠭ ᠮᠦᠨ᠂ ᠡᠯ᠎ᠠ ᠭᠠᠵᠠᠷ ᠤᠷᠤᠨ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠡᠷᠴᠢᠮ ᠢᠶᠠᠨ ᠢᠮᠠᠬᠳᠠ ᠴᠢᠩᠭ᠎ᠠ ᠡᠷᠴᠢᠮᠯᠡᠵᠦ᠂ ᠳᠡᠭᠡᠳᠦ ᠭᠡᠮᠵᠢᠶᠠᠨ ᠤ ᠰᠡᠷᠡᠮᠵᠢ ᠲᠠᠢ ᠪᠠᠶᠢᠬᠤ ᠪᠠᠨ ᠪᠠᠳᠤᠯᠠᠬᠤ ᠭᠡᠷᠡᠭᠲᠡᠢ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠦ᠂ ᠡᠯ᠎ᠠ ᠱᠠᠳᠤᠨ ᠤ ᠵᠠᠰᠠᠭ ᠤᠨ ᠤᠷᠳᠤᠨ ᠤ ᠵᠠᠰᠠᠬ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠱᠠᠳᠤ ᠳᠠᠷᠠᠭᠠᠯᠠᠨ ᠵᠦᠢᠯ ᠳᠠᠷᠠᠭᠠᠯᠠᠨ ᠬᠠᠷᠢᠭᠤᠴᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠲᠡᠢ᠃ ᠭᠠᠯ ᠲᠦᠢᠮᠡᠷ ᠢ ᠰᠡᠷᠭᠡᠶᠢᠯᠡᠨ ᠤᠨᠳᠠᠷᠠᠭᠠᠬᠤ ᠲᠤᠰᠬᠠᠢ ᠮᠡᠷᠭᠡᠵᠢᠯ ᠤᠨ ᠡᠩᠨᠡᠭᠡ ᠪᠠᠨ ᠴᠢᠨᠠᠬᠰᠢᠳᠠ ᠰᠠᠶᠢᠳᠤᠷ ᠪᠠᠶᠢᠭᠤᠯᠤᠨ ᠪᠤᠵᠠᠭᠠᠢᠢᠷᠠᠭᠤᠯᠵᠤ᠂ ᠡᠳᠦᠷ ᠳᠤᠳᠤᠮ ᠤᠨ ᠪᠤᠯᠪᠠᠰᠤᠷᠠᠯ ᠢᠶᠠᠨ ᠴᠢᠩᠭᠠᠳᠬᠠᠬᠤ ᠭᠡᠷᠡᠭᠲᠡᠢ᠃ ᠭᠡᠮ ᠰᠤᠭᠤᠭ ᠢ ᠰᠢᠭᠰᠢᠨ ᠪᠠᠶᠢᠴᠠᠭᠠᠬᠤ᠂ ᠲᠤᠰᠬᠠᠢ ᠴᠡᠭᠴᠡᠯᠡᠨ ᠵᠠᠰᠠᠬᠤ᠂ ᠬᠠᠤᠯᠢ ᠭᠡᠷᠡᠭᠵᠢᠬᠦᠯᠬᠦ ᠬᠢᠨᠡᠯᠳᠠ ᠬᠠᠮᠢᠶᠠᠷᠤᠯᠳᠠ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠪᠠ ᠤᠬᠠᠭᠤᠯᠤᠨ ᠬᠦᠮᠦᠵᠢᠬᠦᠯᠬᠦ ᠶᠢ ᠪᠠᠶᠢᠩᠭᠤᠵᠢᠭᠤᠯᠬᠤ ᠠᠵᠢᠯ ᠤᠨ ᠲᠤᠭᠳᠠᠴᠠ ᠶᠢ ᠨᠠᠶᠢᠳᠠᠪᠤᠷᠢᠵᠢᠭᠤᠯᠵᠦ᠂ ᠵᠤᠷᠢᠭᠤᠳᠠ ᠶᠢᠨ ᠭᠠᠯ ᠲᠦᠢᠮᠡᠷ ᠤᠨ ᠠᠶᠤᠯ ᠭᠠᠷᠬᠤ ᠶᠢ ᠪᠦᠳᠦᠮᠵᠢᠳᠠᠢ ᠬᠤᠷᠢᠬᠯᠠᠬᠤ ᠭᠡᠷᠡᠭᠲᠡᠢ᠃ ᠭᠠᠯ ᠲᠦᠢᠮᠡᠷ ᠢ ᠰᠡᠷᠭᠡᠶᠢᠯᠡᠨ ᠤᠨᠳᠠᠷᠠᠭᠠᠬᠤ ᠲᠤᠨᠤᠭ ᠲᠦᠬᠦᠭᠡᠷᠤᠮᠵᠢ ᠶᠢ ᠲᠦᠬᠦᠷᠵᠢᠬᠦᠯᠬᠦ ᠪᠠ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠵᠦ᠂ ᠪᠠᠶᠢᠩᠭᠤ ᠪᠠᠶᠢᠴᠠᠭᠠᠨ᠂ ᠠᠷᠠᠴᠢᠯᠠᠵᠦ᠂ ᠰᠢᠨᠡᠳᠭᠡᠬᠦ ᠭᠡᠷᠡᠭᠲᠡᠢ᠃ ᠮᠡᠳᠡᠭᠡ ᠵᠠᠩᠬᠢᠵᠢᠯᠳᠠ ᠵᠡᠷᠭᠡ ᠤᠳᠤ ᠦᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠳᠠᠢ ᠠᠰᠢᠬᠯᠠᠵᠦ᠂ ᠭᠠᠯ ᠲᠦᠢᠮᠡᠷ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠ ᠭᠠᠯ ᠲᠦᠢᠮᠡᠷ ᠢ ᠰᠡᠷᠭᠡᠶᠢᠯᠡᠨ ᠤᠨᠳᠠᠷᠠᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠬᠦᠯᠬᠦ ᠭᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号