ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠢᠳᠡᠭᠡᠨ ᠤ ᠵᠦᠢᠯ ᠤᠨ ᠬᠢᠨᠠᠯᠲᠠ ᠲᠠᠯᠪᠢᠯᠲᠠ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ 96.77%᠎ ᠳᠤ ᠬᠦᠷᠪᠡ
ᠨᠡᠶᠢᠲᠡᠯᠡᠭᠰᠡᠨ ᠴᠠᠭ᠄
2019/9/17
     ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠳᠤ ᠢᠳᠡᠭᠡᠨ ᠤ ᠵᠦᠢᠯ ᠤᠨ ᠬᠢᠨᠠᠯᠲᠠ ᠲᠠᠯᠪᠢᠯᠲᠠ ᠰᠤᠭᠤᠴᠢᠨ ᠪᠠᠶᠢᠴᠠᠭᠠᠯᠲᠠ ᠶᠢ 7979 ᠪᠦᠯᠦᠭ ᠤᠳᠠᠭ᠎ᠠ ᠪᠡᠶᠡᠯᠡᠭᠦᠯᠵᠦ᠂ ᠬᠢᠷᠢ ᠲᠡᠩᠴᠡᠭᠰᠡᠨ ᠨᠣᠷᠮ᠎ᠠ ᠨᠢ 96.77%᠎ ᠳᠤ ᠬᠦᠷᠴᠦ᠂ ᠬᠢᠷᠢ ᠲᠡᠩᠴᠡᠭᠰᠡᠨ ᠥᠬᠡᠶ ᠨᠣᠷᠮ᠎ᠠ ᠨᠢ 3.23% ᠪᠣᠯᠪᠠ᠂ ᠡᠭᠦᠨ ᠳᠤ᠂ ᠬᠢᠷᠢ ᠲᠡᠩᠴᠡᠭᠰᠡᠨ ᠥᠬᠡᠶ ᠨᠣᠷᠮ᠎ᠠ ᠨᠢ ᠨᠡᠯᠢᠶᠡᠳ ᠥᠨᠳᠥᠷ ᠢᠳᠡᠭᠡᠨ ᠤ ᠵᠦᠢᠯ ᠳᠤ ᠴᠠᠷᠳᠠᠭᠤᠯ ᠵᠢᠴᠢ ᠴᠠᠷᠳᠠᠭᠤᠯ ᠤᠨ ᠪᠦᠲᠦᠭᠡᠭᠳᠡᠬᠦᠨ᠂ ᠵᠥᠭᠡᠢ ᠶᠢᠨ ᠪᠠᠯ᠂ ᠬᠤᠭᠤᠯᠠᠨ ᠭᠡᠷ ᠤᠨ ᠢᠳᠡᠭᠡᠨ ᠵᠡᠷᠭᠡ ᠪᠣᠶ᠃ ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠴᠠᠭᠠᠨ ᠢᠳᠡᠭᠡᠨ ᠪᠠ ᠤᠯᠠᠭᠠᠨ ᠢᠳᠡᠭᠡᠨ ᠤ ᠬᠢᠷᠢ ᠲᠡᠩᠴᠡᠭᠰᠡᠨ ᠨᠣᠷᠮ᠎ᠠ ᠨᠡᠯᠢᠶᠡᠳ ᠥᠨᠳᠥᠷ ᠪᠠᠶᠢᠵᠤ᠂ ᠬᠢᠷᠢ ᠲᠡᠩᠴᠡᠭᠰᠡᠨ ᠨᠣᠷᠮ᠎ᠠ ᠨᠢ ᠲᠣᠰ ᠲᠣᠰ 100% ᠪᠠ 98.87%᠎ ᠳᠤ ᠬᠦᠷᠴᠡᠢ᠃ ᠣᠯᠠᠨ ᠨᠡᠶᠢᠲᠡ ᠶᠢᠨ ᠬᠡᠷᠡᠭᠯᠡᠭᠡᠨ ᠤ ᠬᠡᠮᠵᠢᠶ᠎ᠡ ᠶᠡᠭᠡ ᠠᠮᠤ ᠪᠤᠳᠠᠭᠠᠨ ᠤ ᠪᠣᠯᠪᠠᠰᠤᠷᠠᠭᠤᠯᠤᠯᠲᠠ ᠶᠢᠨ ᠪᠦᠲᠦᠭᠡᠭᠳᠡᠬᠦᠨ ᠪᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠨᠣᠷᠮ᠎ᠠ ᠨᠡᠯᠢᠶᠡᠳ ᠥᠨᠳᠥᠷ ᠪᠠᠶᠢᠵᠤ᠂ ᠬᠢᠷᠢ ᠲᠡᠩᠴᠡᠭᠰᠡᠨ ᠨᠣᠷᠮ᠎ᠠ ᠨᠢ ᠲᠤᠰ ᠲᠤᠰ 99.43% ᠪᠠ 99.51%᠎ ᠳᠤ ᠬᠦᠷᠴᠡᠢ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠦᠬᠡᠷ ᠬᠤᠨᠢᠨ ᠮᠢᠬᠠᠨ ᠤ ᠬᠢᠷᠢ ᠲᠡᠩᠴᠡᠭᠰᠡᠨ ᠨᠣᠷᠮ᠎ᠠ ᠨᠢ ᠴᠥᠮ 100%᠎ ᠳᠤ ᠬᠦᠷᠪᠡ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠰᠤᠭᠤᠴᠢᠨ ᠪᠠᠶᠢᠴᠠᠭᠠᠬᠤ ᠶᠢ ᠨᠢᠭᠡᠳᠦᠯᠲᠡᠶ ᠲᠥᠯᠥᠪᠯᠡᠬᠦ ᠴᠢᠨᠠᠷ ᠢ ᠴᠢᠩᠭᠠᠷᠠᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠲᠠᠷᠢᠶᠠᠯᠠᠩ ᠮᠠᠯ ᠤᠨ ᠡᠮ ᠤᠨ ᠦᠯᠡᠳᠡᠭᠳᠡᠯ᠂ ᠬᠦᠨᠳᠦ ᠲᠡᠮᠦᠷᠯᠢᠭ᠂ ᠢᠳᠡᠭᠡᠨ ᠤ ᠨᠡᠮᠡᠯᠲᠡ ᠡᠳ᠋ ᠢ ᠳᠤᠷ᠎ᠠ ᠪᠠᠷ ᠬᠡᠷᠡᠭᠯᠡᠬᠦ ᠵᠡᠷᠭᠡ ᠢᠳᠡᠭᠡᠨ ᠤ ᠠᠮᠤᠷ ᠲᠦᠪᠰᠢᠨ ᠤ ᠭᠤᠤᠯ ᠪᠣᠯᠬᠤ ᠲᠥᠷᠥᠯ ᠵᠦᠢᠯ ᠢᠶᠠᠷ ᠦᠷᠭᠦᠯᠵᠢᠯᠡᠨ ᠭᠤᠤᠯᠳᠠᠯᠭ᠎ᠠ ᠪᠣᠯᠭᠠᠨ᠎ᠠ︔ ᠬᠢᠷᠢ ᠲᠡᠩᠴᠡᠭᠰᠡᠨ ᠦᠭᠡᠢ ᠪᠦᠲᠦᠭᠡᠭᠳᠡᠬᠦᠨ ᠢ ᠬᠢᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠰᠤᠳᠤᠯᠤᠯᠲᠠ ᠬᠢᠵᠦ ᠰᠦᠪᠡᠭᠴᠢᠯᠡᠨ᠂ ᠢᠳᠡᠭᠡᠨ ᠤ ᠠᠮᠤᠷ ᠲᠥᠪᠰᠢᠨ ᠤ ᠳᠠᠯᠳᠠ ᠭᠡᠮ ᠢ ᠠᠷᠢᠯᠭᠠᠨ᠎ᠠ︔ ᠰᠤᠭᠤᠴᠢᠨ ᠪᠠᠶᠢᠴᠠᠭᠠᠬᠤ ᠮᠡᠳᠡᠭᠡ ᠵᠠᠩᠭᠢ ᠶᠢ ᠢᠯᠠ ᠨᠡᠶᠢᠲᠡᠯᠡᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠣᠯᠠᠨ ᠲᠦᠮᠡᠨ ᠤ ᠣᠷᠣᠯᠴᠠᠬᠤ ᠪᠠ ᠬᠢᠨᠠᠯᠲᠠ ᠲᠠᠯᠪᠢᠬᠤ ᠶᠢ ᠬᠦᠯᠢᠶᠡᠨ᠎ᠡ︔ ᠡᠭᠦᠨ ᠤ ᠬᠠᠮᠲᠤ ᠮᠡᠳᠡᠭᠡ ᠵᠠᠩᠭᠢ ᠶᠢᠨ ᠰᠣᠯᠢᠯᠴᠠᠭ᠎ᠠ ᠰᠡᠷᠡᠮᠵᠢᠯᠡᠭᠦᠯᠦᠯ ᠢ ᠴᠢᠩᠭᠠᠳᠬᠠᠵᠤ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢᠶᠠᠨ ᠬᠡᠷᠡᠭᠯᠡᠯᠲᠡ ᠳᠤ ᠭᠦᠨᠵᠡᠭᠡᠶᠢᠷᠡᠭᠦᠯᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠴᠢᠷᠮᠠᠶᠢᠨ ᠰᠡᠷᠭᠡᠶᠢᠯᠡᠨ ᠠᠷᠢᠯᠭᠠᠵᠤ᠂ ᠡᠭᠦᠨ ᠤ ᠤᠯᠠᠮ ᠢᠶᠠᠷ ᠥᠷᠭᠡᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠤᠨ ᠲᠠᠭᠠᠰᠢᠶᠠᠯ ᠤᠨ ᠬᠡᠮᠵᠢᠶ᠎ᠡ ᠶᠢ ᠳᠡᠭᠡᠭᠰᠢᠯᠡᠭᠦᠯᠬᠦ ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号