ᠯᠢ ᠵᠢᠶ ᠾᠧᠩ᠄ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠥ ᠬᠠᠤᠯᠢ ᠪᠠᠷ ᠣᠷᠣᠨ ᠢᠶᠠᠨ ᠵᠠᠰᠠᠬᠤ ᠪᠠ ᠳᠦᠷᠢᠮ ᠢᠶᠠᠷ ᠨᠠᠮ ᠢ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2019/9/17
     9 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠢᠢᠯᠠᠩ 2019 ᠣᠨ ᠤ ᠶᠢᠰᠦᠳᠦᠬᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠬᠠᠤᠯᠢ ᠪᠠᠷ ᠤᠯᠤᠰ ᠢᠶᠠᠨ ᠵᠠᠰᠠᠬᠤ ᠪᠠ ᠪᠠᠶᠢᠭᠤᠯᠤᠯ ᠢᠶᠠᠷ ᠨᠠᠮ ᠢ ᠵᠠᠰᠠᠬᠤ᠂ ᠳᠦᠷᠢᠮ ᠢᠶᠠᠷ ᠨᠠᠮ ᠢ ᠵᠠᠰᠠᠬᠤ ᠲᠤᠬᠠᠶ ᠴᠢᠬᠤᠯᠠ ᠥᠭᠦᠯᠡᠯᠲᠡ ᠪᠤᠯᠤᠨ 8 ᠰᠠᠷ᠎ᠠ ᠶᠢᠨ 30᠎ ᠤ ᠡᠳᠦᠷ ᠤᠨ ᠲᠥᠪ ᠤᠨ ᠤᠯᠤᠰ ᠲᠥᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠰᠤᠷᠤᠯᠴᠠᠠ ᠳᠤᠭᠤᠰᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶ ᠾᠧᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ ᠡᠮᠦᠨ᠎ᠡ᠂ ᠣᠨᠣᠯ ᠰᠤᠷᠤᠯᠴᠠᠬᠤ ᠭᠤᠤᠯ ᠳᠤᠭᠤᠢᠢᠯᠠᠩ ᠤᠨ ᠪᠦᠷᠢᠯᠳᠦᠬᠦᠨ ᠨᠡᠷ ᠰᠤᠷᠤᠯᠴᠠᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ ᠦᠪᠡᠷ ᠢᠶᠠᠨ ᠰᠤᠷᠤᠯᠴᠠᠵᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠶ ᠰᠡᠳᠬᠢᠨ ᠪᠣᠳᠣᠯᠬᠢᠯᠠᠵᠤ᠂ ᠣᠯᠤᠯᠲᠠ ᠲᠥᠷᠥᠭᠳᠡᠯ ᠢᠶᠠᠨ ᠨᠠᠷᠢᠨ ᠬᠢᠨᠠᠮᠠᠭᠠᠶ ᠪᠢᠴᠢᠵᠠᠢ᠃ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠯᠢᠨ ᠱᠣᠣ ᠴᠦᠨ᠂ ᠮᠠ ᠰᠢᠤᠸᠠᠢ ᠵᠢᠶᠦ᠋ᠨ᠂ ᠯᠢᠦ ᠴᠢ ᠹᠠᠨ᠂ ᠪᠠᠶ ᠢᠦᠶ ᠭᠠᠩ᠂ ᠶᠠᠩ ᠸᠧᠶ ᠳ᠋ᠦᠩ ᠨᠠᠮ ᠤᠨ ᠳᠣᠲᠣᠭᠠᠳᠤ ᠶᠢᠨ ᠭᠤᠤᠯᠳᠠᠯᠭ᠎ᠠ ᠪᠤᠯᠬᠤ ᠬᠠᠤᠯᠢ ᠳᠤᠬᠳᠠᠭᠠᠯ ᠢ ᠳᠠᠭᠠᠭᠤᠯᠤᠨ ᠰᠤᠷᠤᠯᠴᠠᠵᠤ᠂ ᠪᠦ᠋ ᠰᠢᠶᠣᠤ ᠯᠢᠨ᠂ ᠯᠢ ᠰᠢᠤ ᠯᠢᠩ᠂ ᠸᠠᠩ ᠯᠢ ᠰᠢᠶᠠ᠂ ᠯᠢ ᠵᠢᠶᠧ ᠰᠢᠶᠠᠩ᠂ ᠵᠠᠩ ᠱᠣᠣ ᠴᠦᠨ᠂ ᠠᠶ ᠯᠢ ᠬᠤᠸᠠ᠂ ᠳ᠋ᠤᠸᠠᠨ ᡁᠢ ᠴᠢᠶᠠᠩ᠂ ᠡᠸᠤ ᠶᠠᠩ ᠰᠢᠶᠣᠤ ᠬᠤᠢ ᠰᠤᠳᠤᠯᠤᠨ ᠶᠠᠷᠢᠯᠴᠠᠬᠤ ᠦᠭᠡ ᠬᠡᠯᠡᠪᠡ᠃      ᠯᠢ ᠵᠢᠶ ᠾᠧᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠪᠣᠯᠤᠨ ᠤᠯᠤᠰ ᠤᠨ ᠢᠷᠡᠭᠡᠳᠦᠶ ᠬᠤᠪᠢ ᠵᠠᠶᠠᠭ᠎ᠠ᠂ ᠥᠨᠢ ᠤᠳᠠᠭᠠᠨ ᠤ ᠠᠮᠤᠷ ᠳᠤᠬᠳᠠᠭᠤᠨ ᠲᠠᠢ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠬᠠᠤᠯᠢᠵᠢᠯ ᠤᠨ ᠪᠠᠶᠢᠷᠢ ᠳᠤᠭᠳᠠᠭᠠᠯᠳᠠ ᠬᠢᠵᠦ᠂ ᠬᠠᠤᠯᠢᠵᠢᠯ ᠢ ᠪᠠᠶᠢᠷᠢᠰᠢᠭᠤᠯᠤᠨ᠂ ᠬᠠᠤᠯᠢᠵᠢᠯ ᠢ ᠴᠢᠩᠭ᠎ᠠ ᠬᠡᠷᠡᠭᠵᠢᠭᠦᠯᠵᠦ᠂ ᠬᠠᠤᠯᠢᠵᠢᠯ ᠤᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠠᠬᠢ ᠨᠠᠮ ᠤᠨ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠤᠨ ᠪᠦᠲᠦᠭᠡᠨ ᠪᠠᠶᠢᠭᠤᠯᠤᠯᠲᠠ ᠳᠤ ᠲᠡᠦᠬᠡᠲᠦ ᠴᠢᠨᠠᠷᠲᠠᠶ ᠠᠮᠵᠢᠯᠲᠠ ᠣᠯᠬᠤ ᠶᠢ ᠠᠬᠢᠭᠤᠯᠪᠠ᠃ ᠶᠡᠷᠦᠩᠬᠡᠶ ᠱᠦᠵᠢ ᠰᠢ ᠶᠢᠨ ᠫᠢᠩ ᠬᠠᠤᠯᠢ ᠪᠠᠷ ᠤᠯᠤᠰ ᠢᠶᠠᠨ ᠵᠠᠰᠠᠬᠤ ᠪᠠ ᠪᠠᠶᠢᠭᠤᠯᠤᠯ ᠢᠶᠠᠷ ᠨᠠᠮ ᠢ ᠵᠠᠰᠠᠬᠤ᠂ ᠳᠦᠷᠢᠮ ᠢᠶᠠᠷ ᠨᠠᠮ ᠢ ᠵᠠᠰᠠᠬᠤ ᠶᠢᠨ ᠲᠣᠭᠤᠷᠢᠨ ᠳᠤ ᠠᠯᠢ ᠣᠯᠠᠨ ᠴᠢᠬᠤᠯᠠ ᠥᠭᠦᠯᠡᠯᠲᠡ ᠬᠢᠵᠦ᠂ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠰᠢᠨ᠎ᠡ ᠴᠠᠭ ᠦᠶ᠎ᠠ ᠳᠤ ᠬᠠᠤᠯᠢ ᠪᠠᠷ ᠤᠯᠤᠰ ᠢᠶᠠᠨ ᠵᠠᠰᠠᠬᠤ ᠪᠠ ᠲᠦᠷᠢᠮ ᠢᠶᠠᠷ ᠨᠠᠮ ᠢ ᠵᠠᠰᠠᠬᠤ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠣᠷᠢᠳᠣ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠨ᠂ ᠬᠠᠤᠯᠢ ᠪᠠᠷ ᠣᠷᠣᠨ ᠢᠶᠠᠨ ᠵᠠᠰᠠᠬᠤ ᠪᠠ ᠳᠦᠷᠢᠮ ᠢᠶᠠᠷ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠳᠡᠭᠡᠳᠤ ᠬᠡᠮᠵᠢᠶᠡᠨ ᠤ ᠤᠬᠠᠮᠰᠠᠷ ᠢᠶᠠᠷ ᠯᠠᠪᠳᠠᠭᠤᠨ ᠪᠠᠲᠤᠲᠠᠶ ᠡᠷᠴᠢᠮᠳᠠᠢ ᠰᠠᠶᠢᠲᠤᠷ ᠬᠢᠬᠦ ᠬᠡᠷᠡᠭᠲᠡᠶ ᠬᠡᠵᠥ ᠵᠢᠭᠠᠵᠥ ᠭᠠᠷᠭᠠᠵᠠᠢ᠃      ᠯᠢ ᠵᠢᠶ ᠾᠧᠩ᠂ ᠬᠠᠤᠯᠢ ᠪᠠᠷ ᠤᠯᠤᠰ ᠢᠶᠠᠨ ᠵᠠᠰᠠᠬᠤ ᠦᠨᠳᠦᠰᠦᠨ ᠪᠣᠳᠣᠯᠭ᠎ᠠ ᠪᠣᠯᠤᠨ ᠬᠠᠤᠯᠢ ᠪᠠᠷ ᠲᠥᠷᠥ ᠪᠠᠷᠢᠬᠤ ᠦᠨᠳᠦᠰᠦᠨ ᠠᠷᠭ᠎ᠠ ᠬᠡᠯᠪᠡᠷᠢ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ᠬᠠᠤᠯᠢᠵᠢᠯ ᠤᠨ ᠠᠷᠭ᠎ᠠ ᠪᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠨ᠂ ᠬᠠᠤᠯᠢᠵᠢᠯ ᠤᠨ ᠰᠡᠳᠬᠢᠬᠦᠶ ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠠᠰᠠᠭᠤᠳᠠᠯ ᠢ ᠦᠵᠡᠬᠦ᠂ ᠰᠢᠢᠳᠪᠣᠷᠢᠳᠣ ᠪᠣᠳᠣᠯᠭ᠎ᠠ ᠲᠣᠭᠲᠠᠭᠠᠬᠤ ᠪᠠ ᠠᠵᠢᠯ ᠶᠠᠪᠤᠳᠠᠯ ᠬᠢᠬᠦ ᠳᠡᠭᠡᠨ ᠴᠢᠳᠠᠮᠠᠭᠠᠶ ᠪᠠᠶᠢᠵᠤ᠂ ᠬᠠᠤᠯᠢᠵᠢᠯ ᠤᠨ ᠠᠵᠢᠯ ᠤᠨ ᠣᠶᠢᠯᠠᠭᠠᠭᠳᠠᠬᠤᠨ ᠤ ᠰᠢᠨ᠎ᠡ ᠶᠢ ᠡᠭᠦᠳᠬᠦ᠂ ᠲᠣᠭᠲᠠᠴᠠ ᠶᠢᠨ ᠰᠢᠨ᠎ᠡ ᠶᠢ ᠡᠭᠦᠳᠬᠦ᠂ ᠠᠷᠭ᠎ᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠥᠬᠡᠶ ᠠᠬᠢᠭᠤᠯᠵᠤ᠂ ᠬᠠᠤᠯᠢᠵᠢᠯ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠂ ᠬᠥᠭᠵᠢᠯᠲᠡ ᠶᠢ ᠠᠬᠢᠭᠤᠯᠵᠥ᠂ ᠵᠦᠷᠢᠴᠡᠯ ᠢ ᠠᠷᠢᠯᠭᠠᠨ᠂ ᠲᠣᠭᠲᠠᠭᠤᠨ ᠢ ᠬᠠᠮᠠᠭᠠᠯᠠᠵᠥ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠶ ᠬᠡᠵᠥ ᠴᠢᠬᠤᠯᠠᠴᠢᠯᠠᠪᠠ᠃      ᠯᠢ ᠵᠢᠶ ᠾᠧᠩ᠂ ᠨᠠᠮ ᠤᠨ ᠳᠣᠲᠣᠭᠠᠳᠤ ᠶᠢᠨ ᠬᠠᠤᠯᠢ ᠳᠤᠭᠳᠠᠭᠠᠯ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠤᠯᠤᠰ ᠢᠶᠠᠨ ᠵᠠᠰᠠᠬᠤ ᠪᠠ ᠳᠦᠷᠢᠮ ᠢᠶᠠᠷ ᠨᠠᠮ ᠢ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠳᠣᠲᠣᠭᠠᠳᠤ ᠶᠢᠨ ᠬᠠᠤᠯᠢ ᠳᠤᠭᠳᠠᠭᠠᠯ ᠳᠦᠷᠢᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠤᠯᠤᠰ ᠲᠥᠷᠦ ᠶᠢᠨ ᠵᠢᠯᠤᠭᠤᠳᠤᠮᠵᠢ ᠶᠢ ᠳᠣᠪᠤᠶᠢᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠢ ᠨᠢᠬᠳᠠ ᠤᠶᠠᠯᠳᠤᠭᠤᠯᠤᠨ ᠤᠯᠤᠰ ᠲᠥᠷᠦ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠳᠦᠷᠢᠮ ᠲᠣᠭᠲᠠᠭᠠᠬᠤ᠂ ᠠᠷᠠᠳᠴᠢᠯᠠᠯ ᠢᠶᠠᠷ ᠳᠦᠷᠢᠮ ᠲᠣᠭᠲᠠᠭᠠᠬᠤ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠨ᠂ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠪᠠ ᠲᠠᠶᠢᠯᠪᠤᠷᠢᠯᠠᠬᠤ ᠶᠢ ᠵᠡᠷᠭᠡ ᠪᠠᠷ ᠠᠳᠬᠤᠬᠤ ᠶᠢ ᠪᠡᠶᠡᠯᠡᠭᠦᠯᠵᠦ᠂ ᠳᠦᠷᠢᠮ ᠲᠣᠭᠲᠠᠭᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠳᠣᠲᠣᠭᠠᠳᠤ ᠶᠢᠨ ᠬᠠᠤᠯᠢ ᠳᠤᠭᠳᠠᠭᠠᠯ ᠢ ᠬᠡᠷᠡᠭᠵᠢᠭᠦᠯᠬᠦ ᠤᠯᠤᠰ ᠲᠥᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠦᠨᠡᠨ ᠬᠦ ᠠᠳᠬᠤᠨ ᠦᠨᠡᠨ ᠬᠦ ᠬᠠᠮᠢᠶᠠᠷᠴᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠪᠡᠶ᠎ᠡ ᠪᠠᠨ ᠱᠠᠭᠠᠷᠳᠠᠬᠤ ᠤᠬᠠᠮᠰᠠᠷ᠂ ᠬᠡᠪ ᠳᠠᠭᠤᠷᠢᠶᠠᠯ ᠦᠵᠡᠬᠦᠯᠬᠦ ᠤᠬᠠᠮᠰᠠᠷ᠂ ᠦᠯᠢᠭᠡᠷ ᠳᠠᠭᠤᠷᠢᠶᠠᠯ ᠪᠣᠯᠬᠤ ᠤᠬᠠᠮᠰᠠᠷ ᠢᠶᠠᠨ ᠴᠢᠩᠭᠠᠳᠬᠠᠵᠤ᠂ ᠲᠦᠷᠦᠭᠦᠯᠡᠨ ᠳᠦᠷᠢᠮ ᠢ ᠬᠦᠨᠳᠦᠳᠬᠡᠵᠥ᠂ ᠳᠦᠷᠢᠮ ᠢ ᠰᠤᠷᠤᠯᠴᠠᠨ᠂ ᠳᠦᠷᠢᠮ ᠢ ᠰᠠᠬᠢᠵᠥ᠂ ᠳᠦᠷᠢᠮ ᠢ ᠬᠡᠷᠡᠭᠵᠢᠬᠦᠯᠵᠥ᠂ ᠪᠠᠶᠢᠭᠤᠯᠤᠯ ᠢᠶᠠᠷ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠤᠨ ᠳᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号