ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ
ᠨᠡᠶᠢᠲᠡᠯᠡᠭᠰᠡᠨ ᠴᠠᠭ᠄
2019/9/17
     9 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠡᠨᠡ ᠵᠢᠯ ᠠᠴᠠ ᠨᠠᠭᠠᠰᠢ ᠪᠦᠬᠦ ᠣᠷᠣᠨ ᠤ ᠡᠯ᠎ᠡ ᠱᠠᠲᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠣᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠦᠨᠡᠯᠡᠯᠲᠡ ᠳᠤ ᠤᠷᠤᠯᠴᠠᠬᠤ ᠨᠣᠷᠮ᠎ᠠ ᠶᠡᠭᠡ ᠪᠠᠷ ᠳᠡᠭᠡᠭᠰᠢᠯᠡᠨ᠂ ᠵᠠᠬᠢᠳᠠᠯ ᠰᠤᠷᠪᠤᠯᠵᠢᠯᠠᠯ ᠤᠨ ᠠᠵᠢᠯ ᠢᠯᠡᠳᠲᠡ ᠠᠮᠵᠢᠯᠳᠠ ᠪᠦᠲᠦᠮᠵᠢ ᠣᠯᠪᠠ᠃ ᠵᠠᠬᠢᠳᠠᠯ ᠰᠤᠷᠪᠤᠯᠵᠢᠯᠠᠯ ᠤᠨ ᠤᠴᠢᠷ ᠶᠠᠪᠤᠳᠠᠯ ᠣᠯᠠᠨ ᠲᠦᠮᠡᠨ ᠎ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠰᠢᠰᠲ᠋ᠧᠮ ᠤᠨ ᠢᠶᠠᠨ ᠵᠠᠬᠢᠳᠠᠯ ᠰᠤᠷᠪᠤᠯᠵᠢᠯᠠᠯ ᠤᠨ ᠠᠵᠢᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠠᠵᠢᠯ ᠤᠨ ᠬᠤᠪᠢᠶᠠᠷᠢᠯᠠᠯ ᠶᠤᠰᠤᠭᠠᠷ ᠡᠷᠬᠡ ᠲᠤᠰᠢᠶᠠᠯ ᠤᠨ ᠢᠶᠠᠨ ᠬᠡᠪᠴᠢᠶᠡᠨ ᠲᠤᠳᠤᠷᠠᠬᠢ ᠵᠠᠬᠢᠳᠠᠯ ᠰᠤᠷᠪᠤᠯᠵᠢᠯᠠᠯ ᠤᠨ ᠠᠵᠢᠯ ᠢ ᠤᠳᠤᠷᠢᠳᠬᠤ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠎ ᠤᠨ ᠲᠣᠪᠴᠢᠶ᠎ᠠ ᠵᠠᠬᠢᠳᠠᠯ ᠰᠤᠷᠪᠤᠯᠵᠢᠯᠠᠯ ᠤᠨ ᠬᠡᠷᠡᠭ ᠢ ᠴᠠᠭ ᠲᠤᠬᠠᠶ ᠳᠤᠨᠢ ᠵᠠᠳᠠᠯᠤᠨ ᠰᠤᠳᠤᠯᠵᠤ᠂ ᠢᠯᠠᠩᠭᠤᠶ᠎ᠠ ᠤᠷᠲᠤ ᠬᠤᠭᠤᠴᠠᠭ᠎ᠠ ᠪᠠᠷ ᠰᠢᠢᠳᠪᠦᠷᠢᠯᠡᠵᠦ ᠲᠡᠶᠢᠯᠦᠬᠡᠳᠤᠢ ᠵᠠᠬᠢᠳᠠᠯ ᠰᠤᠷᠪᠤᠯᠵᠢᠯᠠᠯ ᠤᠨ ᠤᠴᠢᠷ ᠶᠠᠪᠤᠳᠠᠯ ᠳᠤ ᠪᠠᠶᠢᠩᠭᠤ ᠶᠢᠨ ᠴᠢᠨᠠᠷᠳᠠᠢ ᠵᠠᠳᠠᠯᠤᠯᠲᠠ ᠬᠢᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶ ᠳᠤ ᠨᠠᠶᠢᠳᠠᠪᠤᠷᠢᠵᠢᠭᠤᠯᠤᠭᠰᠠᠨ ᠦᠭᠡᠢ ᠶᠢ ᠨᠢ ᠪᠦᠬᠦ ᠣᠷᠣᠨ ᠳᠤ ᠵᠠᠷᠯᠠᠨ ᠮᠡᠳᠡᠭᠳᠡᠬᠦ ᠶᠢᠨ ᠬᠠᠮᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠦᠭᠬᠦ ᠬᠡᠷᠡᠭᠲᠡᠶ᠃ ᠡᠯ᠎ᠡ ᠬᠤᠯᠪᠤᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠰᠢᠯᠢᠳᠡᠭ ᠬᠦᠴᠦᠨ ᠢᠶᠠᠨ ᠵᠣᠬᠢᠶᠠᠨ ᠪᠠᠶᠢᠭᠤᠯᠵᠤ᠂ ᠵᠠᠬᠢᠳᠠᠯ ᠰᠤᠷᠪᠤᠯᠵᠢᠯᠠᠯ ᠤᠨ ᠳᠣᠪᠤᠶᠢᠮ᠎ᠠ ᠠᠰᠠᠭᠤᠳᠠᠯ ᠢ ᠲᠤᠰᠬᠠᠢ ᠰᠡᠳᠦᠪ ᠢᠶᠠᠷ ᠰᠤᠳᠤᠯᠤᠨ ᠲᠥᠷᠥᠯ ᠬᠤᠪᠢᠶᠠᠨ ᠰᠢᠢᠳᠪᠦᠷᠢᠯᠡᠵᠦ᠂ ᠣᠯᠠᠨ ᠲᠦᠮᠡᠨ ᠤ ᠵᠦᠶ ᠶᠤᠰᠤᠨ ᠤ᠂ ᠬᠠᠤᠯᠢ ᠳᠤ ᠨᠡᠶᠢᠴᠡᠬᠦ ᠬᠦᠰᠡᠯ ᠱᠠᠭᠠᠷᠳᠠᠯᠭ᠎ᠠ ᠶᠢ ᠵᠣᠷᠢᠭ ᠰᠢᠭᠤᠳᠤᠨ ᠬᠦᠴᠦ ᠲᠠᠯᠪᠢᠨ ᠰᠢᠢᠳᠪᠦᠷᠢᠯᠡᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠎ ᠶᠢ ᠪᠡᠯᠭᠡᠯᠡᠬᠦ ᠳᠤ ᠡᠶ᠎ᠡ ᠵᠣᠬᠢᠴᠠᠩᠭᠤᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠤᠭᠤᠷᠢᠨ ᠢ ᠪᠤᠢ ᠪᠣᠯᠭᠠᠬᠤ ᠬᠡᠷᠡᠭᠲᠡᠶ ᠬᠡᠵᠥ ᠵᠢᠭᠠᠵᠥ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号