9 ᠰᠠᠷ᠎ᠠ ᠶᠢᠨ 17 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠦᠯᠵᠢᠶᠠᠨ ᠤ | ᠠᠮᠤᠷ ᠲᠦᠪᠰᠢᠨ ᠪᠠ ᠮᠡᠳᠡᠭᠡ ᠵᠠᠩᠬᠢᠴᠢᠯᠡᠯᠳᠠ ᠶᠢᠨ ᠬᠤᠷᠢᠶᠠᠨ ᠤ ᠠᠯᠪᠠᠨ ᠬᠡᠷ ᠠᠴᠠ ᠭᠤᠤᠯᠯᠠᠨ ᠡᠷᠬᠢᠯᠡᠭᠰᠡᠨ ᠦᠪᠦᠷ | ᠮᠤᠩᠭᠤᠯ ᠤᠨ 2019 ᠣᠨ ᠤ ᠤᠯᠤᠰ ᠤᠨ ᠰᠦᠯᠵᠢᠶᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ | ᠠᠵᠢᠯᠯᠠᠭ᠎ᠠ · ᠰᠦᠯᠵᠢᠶᠠᠨ ᠤ ᠠᠮᠤᠷ ᠲᠦᠪᠰᠢᠨ ᠤ ᠮᠡᠷᠭᠡᠵᠢᠯ ᠤᠨ ᠶᠠᠷᠢᠶᠠᠨ ᠤ ᠲᠠᠪᠴᠠᠩ ᠬᠦᠬᠡᠬᠤᠳᠠ ᠶᠢᠨ ᠤᠯᠠᠨ | ᠤᠯᠤᠰ ᠤᠨ ᠬᠤᠷᠠᠯ ᠦᠵᠡᠰᠬᠦᠯᠡᠩ ᠤᠨ ᠲᠦᠪ ᠲᠤ ᠶᠠᠪᠤᠭᠳᠠᠪᠠ᠃ | ︽ᠰᠦᠯᠵᠢᠶᠠᠨ ᠤ ᠤᠷᠤᠨ ᠵᠠᠢ ᠶᠢᠨ ᠡᠨᠡ ᠬᠦ ᠲᠠᠯᠠᠪᠠᠢ ︿ᠲᠠᠶᠢᠯᠠᠯᠳᠤᠭᠠᠨ﹀ ᠢ ᠬᠡᠷᠬᠢᠨ ᠬᠢᠬᠦ ᠪᠤᠢ︾ ︽ | ᠨᠢᠭᠤᠴᠠ ᠨᠤᠮᠧᠷ ᠠᠴᠠ ᠢᠷᠡᠯᠳᠠ ᠲᠠᠢ ᠠᠮᠤᠷ ᠲᠦᠪᠰᠢᠨ ᠤ ᠦᠢᠯᠡᠴᠢᠯᠡᠭᠡ︾ ︽ᠢᠷᠡᠭᠡᠳᠤᠢ ᠶᠢᠨ ᠰᠦᠯᠵᠢᠶᠠᠨ ᠤ | ᠠᠮᠤᠷ ᠲᠦᠪᠰᠢᠨ ᠤ ᠴᠢᠳᠠᠪᠤᠷᠢᠳᠠᠨ ᠢ ᠬᠡᠷᠬᠢᠨ ᠬᠦᠮᠦᠵᠢᠬᠦᠯᠬᠦ ᠪᠤᠢ︾ ᠁ ᠶᠠᠷᠢᠶᠠᠨ ᠤ ᠲᠠᠪᠴᠠᠩ ᠳᠡᠭᠡᠷ᠎ᠡ᠂ | ᠬᠤᠧᠠ ᠸᠧᠢ ᠮᠡᠷᠭᠡᠵᠢᠯ ᠤᠨ ᠬᠢᠵᠠᠭᠠᠷᠳᠤ ᠺᠤᠮᠫᠠᠨᠢ᠂ ᠪᠡᠭᠡᠵᠢᠩ ᠤᠨ ᠱᠧᠨ ᠵᠧᠤ ᠯᠢᠦᠢ ᠮᠧᠡᠭ ᠰᠢᠨᠵᠢᠯᠡᠬᠦ ᠣᠬᠠᠭᠠᠨ | ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ᠂ ᠵᠢᠢ ᠳ᠋ᠠ ᠵᠧᠡᠭ ᠶᠤᠧᠠᠨ ᠮᠡᠳᠡᠭᠡ ᠵᠠᠩᠬᠢ ᠶᠢᠨ ᠮᠡᠷᠭᠡᠵᠢᠯ ᠤᠨ ᠬᠤᠪᠢ | ᠤᠷᠤᠭᠤᠯᠤᠭᠰᠠᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠠᠵᠤ ᠦᠢᠯᠡᠳᠪᠤᠷᠢ ᠶᠢᠨ ᠶᠡᠭᠡ ᠰᠤᠷᠭᠠᠭᠤᠯᠢ ᠶᠢᠨ | ᠰᠦᠯᠵᠢᠶᠠᠨ ᠤ ᠤᠷᠤᠨ ᠵᠠᠢ ᠶᠢᠨ ᠠᠮᠤᠷ ᠲᠦᠪᠰᠢᠨ ᠤ ᠰᠤᠳᠤᠯᠭᠠᠨ ᠤ ᠭᠠᠵᠠᠷ ᠵᠡᠷᠭᠡ ᠪᠠᠶᠢᠭᠤᠯᠭ᠎ᠠ ᠨᠢᠭᠡᠴᠢ ᠠᠴᠠ | ᠢᠷᠡᠭᠰᠡᠨ 15 ᠤᠯᠤᠰ ᠤᠨ ᠲᠤᠳᠤᠭᠠᠳᠤ ᠶᠢᠨ ᠰᠦᠯᠵᠢᠶᠠᠨ ᠤ ᠠᠮᠤᠷ ᠲᠦᠪᠰᠢᠨ ᠤ ᠬᠦᠷᠢᠶᠠᠨ ᠳᠠᠬᠢ ᠨᠡᠷᠡᠳᠤ | ᠳᠣᠰᠬᠠᠢ ᠮᠡᠷᠭᠡᠵᠢᠯᠳᠠᠨ ᠡᠷᠳᠡᠮᠳᠡᠨ ᠠᠴᠠ ᠵᠠᠩᠬᠢᠯᠠᠭ᠎ᠠ ᠶᠢᠨ ᠮᠡᠳᠡᠭᠡ ᠵᠠᠩᠬᠢ ᠶᠢᠨ ᠰᠠᠭᠤᠷᠢ ᠲᠦᠬᠦᠭᠡᠷᠦᠮᠵᠢ ᠶᠢᠨ ᠠᠮᠤᠷ | ᠲᠦᠪᠰᠢᠨ ᠢ ᠬᠠᠮᠠᠭᠠᠯᠠᠬᠤ᠂ ᠬᠤᠪᠢ ᠬᠦᠮᠦᠨ ᠤ ᠮᠡᠳᠡᠭᠡ ᠵᠠᠩᠬᠢ ᠬᠢᠬᠡᠳ ᠲᠤᠭ᠎ᠠ ᠪᠠᠷᠢᠮᠳᠠ ᠶᠢ ᠬᠠᠮᠠᠭᠠᠯᠠᠬᠤ᠂ | ᠰᠦᠯᠵᠢᠶᠠᠨ ᠤ ᠮᠡᠭᠡᠯᠡᠯ ᠳᠤ ᠴᠤᠬᠢᠯᠳᠠ ᠦᠭᠴᠤ ᠰᠡᠷᠭᠡᠶᠢᠯᠡᠬᠦ᠂ ᠢᠨᠲ᠋ᠧᠷ ᠰᠦᠯᠵᠢᠶᠠᠨ ᠤ ᠠᠮᠤᠷ ᠲᠦᠪᠰᠢᠨ ᠬᠢᠭᠡᠳ | ᠴᠡᠭᠴᠡᠯᠡᠨ ᠵᠠᠰᠠᠯᠳᠠ ᠵᠡᠷᠭᠡ ᠠᠵᠢᠯ ᠲᠦᠷᠦᠯ ᠤᠨ ᠬᠠᠯᠠᠮᠰᠢᠯ ᠠᠰᠠᠭᠤᠳᠠᠯ ᠤᠨ ᠲᠤᠭᠤᠷᠢᠨ ᠳᠤ ᠭᠤᠤᠯ ᠰᠡᠳᠤᠪᠳᠤ | ᠶᠠᠷᠢᠶ᠎ᠠ ᠢᠯᠡᠳᠭᠡᠯ ᠬᠢᠵᠤ᠂ ᠪᠣᠳᠣᠭᠰᠠᠨ ᠰᠠᠨᠠᠭᠰᠠᠨ ᠢᠶᠠᠨ ᠠᠭᠤᠵᠢᠷᠠᠳᠠᠯ᠎ᠠ ᠰᠤᠯᠢᠯᠴᠠᠪᠠ᠃ | ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠭᠤᠤᠯᠳᠠᠯᠭ᠎ᠠ ᠲᠠᠢ ᠰᠠᠯᠠᠭ᠎ᠠ ᠮᠦᠴᠢᠷ ᠪᠠ ᠨᠢᠭᠡᠴᠢ ᠶᠢᠨ | ᠰᠦᠯᠵᠢᠶᠠᠨ ᠤ ᠠᠮᠤᠷ ᠲᠦᠪᠰᠢᠨ ᠤ ᠬᠠᠮᠢᠶ᠎ᠠ ᠪᠦᠬᠦᠢ ᠭᠠᠵᠠᠷ ᠳᠠᠰᠤᠭ ᠤᠨ ᠬᠠᠷᠢᠭᠤᠴᠠᠯᠭᠠᠳᠠᠨ᠂ ᠦᠪᠡᠷᠳᠡᠭᠡᠨ | ᠵᠠᠰᠠᠬᠤ ᠤᠷᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠰᠦᠯᠵᠢᠶᠠᠨ ᠤ ᠠᠮᠤᠷ ᠲᠦᠪᠰᠢᠨ ︵ | ᠺᠣᠮᠫᠢᠦ᠋ᠲ᠋ᠧᠷ ᠤᠨ ᠳᠡᠭᠡᠳᠦ ᠰᠣᠷᠭᠠᠭᠤᠯᠢ︶ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠫᠷᠤᠹᠧᠰᠰᠤᠷ ᠵᠢᠴᠢ | ᠰᠤᠷᠤᠭᠴᠢ ᠶᠢᠨ ᠲᠦᠯᠦᠭᠡᠯᠡᠭᠴᠢ᠂ ᠡᠯ᠎ᠠ ᠰᠦᠯᠵᠢᠶᠠᠨ ᠤ ᠠᠮᠤᠷ ᠲᠦᠪᠰᠢᠨ ᠤ ᠠᠵᠣ ᠠᠬᠤᠢᠢᠯᠠᠯ ᠤᠨ ᠮᠡᠷᠭᠡᠵᠢᠯ ᠤᠨ | ᠬᠠᠷᠢᠭᠤᠴᠠᠯᠭᠠᠳᠠᠨ ᠶᠠᠷᠢᠶᠠᠨ ᠤ ᠲᠠᠪᠴᠠᠩ ᠳᠤ ᠤᠷᠤᠯᠴᠠᠵᠠᠢ᠃ |