9 ᠳ᠋ᠦ᠋ᠭᠡᠷ ᠰᠠᠷ᠎ᠠ ᠶᠢᠨ 17 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠰᠢᠯᠢ ᠶᠢᠨ ᠭᠤᠤᠯ ᠠᠶᠢᠮᠠᠭ ᠤᠨ ᠲᠤᠰᠬᠠᠶ ᠲᠠᠯᠠᠪᠠᠢ ᠶᠢᠨ | ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠶᠠᠪᠤᠭᠳᠠᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ | ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠠᠷᠢᠭᠤᠴᠠᠯᠭᠠᠲᠠᠨ ᠨᠥᠬᠦᠳ 70 ᠵᠢᠯ ᠤᠨ | ᠲᠤᠷᠰᠢ ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢᠯᠢ ᠶᠢᠨ ᠭᠤᠤᠯ | ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ᠂ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ | ᠲᠠᠯ᠎ᠠ ᠶᠢᠨ ᠪᠠᠶᠢᠳᠠᠯ ᠢ ᠨᠡᠶᠢᠲᠡᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠰᠢᠯᠢ ᠶᠢᠨ ᠭᠤᠤᠯ ᠠᠶᠢᠮᠠᠭ | ᠶᠡᠬᠡᠳᠡ ᠬᠤᠪᠢᠷᠠᠯᠲᠠ ᠭᠠᠷᠪᠠ᠃ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠶᠡᠬᠡᠪᠡᠷ ᠳᠡᠭᠡᠭᠰᠢᠯᠡᠵᠦ᠂ | 2018 ᠣᠨ ᠳᠤ ᠪᠥᠬᠦ ᠠᠶᠢᠮᠠᠭ ᠤᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 813.9 | ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠶᠢᠨ ᠬᠢ ᠠᠴᠠ 3844 | ᠳᠠᠬᠢᠨ ᠨᠡᠮᠡᠭᠳᠡᠪᠡ᠃ ᠬᠤᠲᠠ ᠬᠥᠳᠡᠭᠡ ᠶᠢᠨ ᠳᠦᠷᠢ ᠲᠥᠷᠬᠦ ᠡᠳᠦᠷ ᠠᠴᠠ ᠡᠳᠦᠷ ᠰᠢᠨᠡᠴᠢᠯᠡᠭᠳᠡᠵᠦ᠂ ᠪᠦᠬᠦ | ᠠᠶᠢᠮᠠᠭ ᠤᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠤᠲᠠ ᠪᠠᠯᠭᠠᠰᠤᠴᠢᠯᠠᠯᠲᠠ ᠶᠢᠨ ᠨᠤᠷᠮ᠎ᠠ ᠨᠢ 65. | 74% ᠪᠣᠯᠤᠨ ᠳᠡᠭᠡᠭᠰᠢᠯᠡᠵᠦ᠂ ᠲᠡᠮᠦᠷ ᠵᠠᠮ ᠤᠨ ᠲᠡᠭᠡᠭᠡᠪᠦᠷᠢ ᠡᠵᠡᠩᠨᠡᠯᠲᠡ ᠶᠢᠨ ᠶᠡᠷᠦᠩᠬᠡᠢ ᠵᠠᠮ ᠤᠨ ᠤᠷᠲᠤ ᠨᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ᠃ ᠠᠷᠠᠳ ᠤᠨ ᠠᠮᠢᠳᠤᠷᠠᠯ | ᠡᠳᠦᠷ ᠠᠴᠠ ᠡᠳᠦᠷ ᠰᠠᠶᠢᠵᠢᠷᠠᠵᠤ᠂ 2018 ᠣᠨ ᠳᠤ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 38299 ᠲᠥᠭᠦᠷᠢᠭ᠂ | 15525 ᠲᠥᠭᠦᠷᠢᠭ ᠲᠤ ᠬᠦᠷᠴᠦ᠂ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠶᠢᠨ ᠬᠢ ᠠᠴᠠ ᠲᠣᠰ ᠲᠣᠰ | 140 ᠳᠠᠬᠢᠨ᠂ 110 ᠳᠠᠬᠢᠨ ᠨᠡᠮᠡᠭᠳᠡᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠢᠮᠠᠭᠲᠠ | ᠬᠥᠭᠵᠢᠯᠲᠡ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠬᠦ | ᠲᠠᠯ᠎ᠠ ᠪᠠᠷ ᠲᠤᠭᠤᠰᠢᠯᠠᠭᠤᠯᠤᠨ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠳᠠᠪᠠᠭᠤᠯᠢᠭ ᠢ | ᠬᠦᠴᠦᠯᠡᠨ ᠪᠤᠶᠢᠵᠢᠭᠤᠯᠵᠠᠶ᠃ ᠪᠣᠬᠢᠷᠲᠤᠯ ᠦᠭᠡᠢ ᠬᠥᠭᠵᠢᠯᠲᠡ ᠶᠢᠨ ᠳᠠᠪᠠᠭᠤᠯᠢᠭ ᠢ ᠦᠷᠭᠦᠯᠵᠢᠯᠡᠨ ᠵᠤᠵᠠᠭᠠᠳᠬᠠᠵᠤ᠂ | ᠠᠮᠢ ᠠᠬᠤᠢ ᠶᠢᠨ ᠪᠣᠯᠪᠠᠰᠤᠨ ᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠨ᠂ ᠠᠮᠢ ᠠᠬᠤᠶ ᠶᠢ | ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢ ᠬᠦᠴᠦᠯᠡᠨ ᠰᠦᠪᠡᠭᠴᠢᠯᠡᠵᠦ᠂ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠪᠡ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠵᠠᠭᠤᠴᠢᠯᠠᠭᠤᠷ ᠤᠨ ᠰᠤᠷᠪᠤᠯᠵᠢᠯᠠᠭᠴᠢᠳ ᠮᠠᠯ ᠠᠵᠤ | ᠠᠬᠤᠢ ᠶᠢᠨ ᠬᠥᠭᠵᠢᠯᠲᠡ᠂ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠲᠠᠯ᠎ᠠ | ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠤᠨ ᠪᠦᠲᠦᠭᠡᠨ | ᠪᠠᠶᠢᠭᠤᠯᠤᠯᠲᠠ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠵᠡᠷᠭᠡ ᠠᠰᠠᠭᠤᠳᠠᠯ ᠤᠨ ᠲᠣᠭᠤᠷᠢᠨ ᠳᠤ | ᠠᠰᠠᠭᠤᠯᠲᠠ ᠳᠤᠷᠠᠳᠪᠠ᠃ | |