| ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 2019 ᠣᠨ ᠤ ᠵᠠᠰᠠᠭ ᠤᠨ ᠶᠠᠪᠤᠳᠠᠯ ᠢ | ᠢᠯᠡ ᠪᠤᠯᠭᠠᠬᠤ ᠠᠵᠢᠯ ᠤᠨ ᠭᠤᠣᠯᠳᠠᠯᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠲᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 2019 ᠣᠨ ᠤ | ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠤᠨ ᠭᠤᠣᠯᠳᠠᠯᠭ᠎ᠠ | | | 2019 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ | ᠣᠢ ᠪᠣᠯᠬᠤ ᠪᠦᠭᠡᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠵᠠᠩᠬᠢᠯᠠᠭ᠎ᠠ ᠶᠢᠨ ᠵᠢᠯ | ᠪᠣᠯᠣᠨ᠎ᠠ᠃ 2019 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠳᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ | ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠢ ᠣᠯᠠᠨ | ᠪᠠᠶᠢᠷᠢᠯᠠᠭᠤᠯᠤᠯᠲᠠ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠠᠵᠢᠯ ᠤᠨ ᠲᠤᠬᠢᠷᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽2019 ᠣᠨ ᠤ ᠵᠠᠰᠠᠭ ᠤᠨ ᠶᠠᠪᠤᠳᠠᠯ ᠢ | ᠢᠯᠡ ᠪᠣᠯᠭᠠᠬᠤ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠲᠦᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 14 ᠳ᠋ᠤᠭᠡᠷ | ᠲᠤᠭᠠᠲᠤ︶ ᠤᠨ ᠱᠠᠭᠠᠷᠳᠠᠯᠭ᠎ᠠ ᠶᠤᠰᠤᠭᠠᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠭᠤᠣᠯ ᠠᠵᠢᠯ ᠵᠢᠴᠢ ᠤᠯᠠᠨ ᠲᠥᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠵᠢᠯ ᠤᠨ ᠲᠤᠭᠤᠷᠢᠨ ᠳᠤ᠂ | ᠵᠠᠰᠠᠭ ᠤᠨ ᠶᠠᠪᠤᠳᠠᠯ ᠢ ᠢᠯᠡ ᠪᠤᠯᠭᠠᠬᠤ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠭᠤᠣᠯ ᠱᠣᠭᠤᠮ ᠪᠣᠯᠭᠠᠵᠤ᠂ | ᠲᠥᠷᠥ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠪᠠ ᠠᠩᠬᠠᠷᠤᠯ ᠲᠠᠯᠪᠢᠵᠣ ᠪᠠᠶᠢᠭ᠎ᠠ ᠠᠰᠠᠭᠤᠳᠠᠯ ᠳᠤ ᠬᠠᠷᠢᠭᠤᠯᠲᠠ | ᠥᠭᠬᠦ ᠠᠵᠢᠯ ᠢ ᠬᠦᠴᠦᠯᠡᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠮᠡᠳᠡᠭᠡ | ᠵᠠᠩᠭᠢ ᠶᠢ ᠢᠯᠡ ᠪᠤᠯᠭᠠᠬᠤ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠥᠷᠢᠮ ᠵᠢᠷᠤᠮᠵᠢᠯ ᠢ | ᠳᠡᠭᠦᠯᠳᠡᠷᠵᠢᠭᠦᠯᠦᠨ᠂ ᠢᠯᠡ ᠪᠣᠯᠭᠠᠬᠤ ᠪᠠᠷ ᠳᠠᠮᠵᠢᠨ ᠵᠢᠱᠢᠯᠲᠠ ᠶᠢ ᠲᠣᠭᠲᠠᠭᠤᠨ ᠪᠠᠶᠢᠯᠭᠠᠵᠣ᠂ | ᠨᠠᠶᠢᠳᠠᠪᠤᠷᠢᠵᠢᠭᠤᠯᠤᠯᠲᠠ ᠶᠢ ᠠᠬᠢᠭᠤᠯᠣᠨ᠂ ᠦᠢᠯᠡᠴᠢᠯᠡᠭᠡ ᠶᠢ ᠰᠢᠯᠢᠳᠡᠭᠵᠢᠭᠦᠯᠬᠦ ᠪᠠ ᠬᠢᠨᠠᠯᠲᠠ ᠶᠢ ᠴᠢᠩᠭᠠᠷᠠᠭᠤᠯᠵᠤ᠂ | ᠵᠠᠰᠠᠭ ᠤᠨ ᠤᠷᠳᠤᠨ ᠤ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠣᠨ᠂ ᠠᠷᠠᠳ ᠣᠯᠠᠨ ᠤ | ᠬᠠᠨᠤᠮᠵᠢ ᠶᠢᠨ ᠬᠡᠮᠵᠢᠶ᠎ᠡ᠂ ᠬᠦᠷᠲᠡᠬᠡᠮᠵᠢ ᠲᠠᠢ ᠪᠠᠶᠢᠬᠤ ᠲᠥᠷᠥᠭᠳᠡᠯ ᠢ ᠦᠨᠡᠨ ᠬᠦ ᠨᠡᠮᠡᠭᠳᠡᠭᠦᠯᠵᠦ᠂ ᠪᠦᠬᠦ ᠤᠷᠤᠨ ᠤ | ᠠᠵᠤ ᠠᠬᠤᠢ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠪᠦᠬᠦ ᠲᠠᠯ᠎ᠠ ᠶᠢᠨ ᠠᠮᠤᠷ ᠲᠤᠭᠲᠠᠭᠤᠨ ᠢ | ᠠᠬᠢᠭᠤᠯᠬᠤ ᠳᠤ ᠢᠳᠡᠪᠬᠢᠲᠡᠢ ᠦᠢᠯᠡᠳᠦᠯ ᠭᠠᠷᠭᠠᠨ᠎ᠠ᠃ | ᠨᠢᠭᠡ᠂ ᠵᠢᠱᠢᠯᠲᠠ ᠶᠢ ᠲᠣᠭᠲᠠᠭᠤᠨ ᠪᠠᠶᠢᠯᠭᠠᠬᠤ ᠶᠢ ᠪᠤᠳᠤᠯᠬᠢᠯᠠᠵᠤ᠂ ᠲᠥᠷᠥ ᠶᠢᠨ ᠪᠤᠳᠤᠯᠭ᠎ᠠ ᠶᠢᠨ | ᠲᠠᠶᠢᠯᠤᠮᠵᠢ ᠬᠢᠬᠦ ᠪᠠ ᠠᠩᠬᠠᠷᠤᠯ ᠲᠠᠯᠪᠢᠵᠣ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠠᠵᠢᠯ ᠢ ᠰᠠᠶᠢᠲᠤᠷ | ᠠᠳᠬᠤᠨ᠎ᠠ | ︵ᠨᠢᠭᠡ︶ ᠴᠢᠬᠤᠯᠠ ᠲᠥᠷᠥ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠳᠤ ᠭᠦᠨᠵᠡᠭᠡᠢ ᠲᠠᠶᠢᠯᠤᠮᠵᠢ ᠬᠢᠨ᠎ᠡ᠃ | 2019 ᠣᠨ ᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ | ᠲᠤᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠶᠢᠨ ᠲᠤᠭᠤᠷᠢᠨ ᠳᠤ᠂ ᠲᠣᠭᠲᠠᠭᠤᠨ ᠪᠠᠶᠢᠯᠭᠠᠬᠤ ᠪᠦᠭᠡᠳ | ᠣᠷᠤᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ | ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ | ᠪᠠᠷᠢᠮᠲᠠᠯᠠᠨ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ᠂ ᠦᠢᠯᠡᠳᠬᠦ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠦᠲᠦᠮᠵᠢᠲᠡᠢ ᠬᠠᠩᠭᠠᠯᠭ᠎ᠠ ᠶᠢ ᠨᠡᠮᠡᠭᠳᠡᠭᠦᠯᠵᠣ | ᠬᠡᠷᠡᠭᠯᠡᠭᠡ ᠶᠢᠨ ᠬᠡᠷᠩᠴᠡᠭᠡ ᠱᠠᠭᠠᠷᠳᠠᠯᠭ᠎ᠠ ᠶᠢ ᠦᠷᠭᠡᠣᠡᠭᠡᠬᠦ᠂ ᠭᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠣᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ᠂ ᠭᠤᠤᠯᠳᠠᠯᠭ᠎ᠠ ᠲᠠᠢ ᠬᠥᠷᠢᠶ᠎ᠡ ᠴᠠᠷᠠᠭᠠᠨ ᠳᠠᠬᠢ | ᠥᠭᠡᠷᠡᠴᠢᠯᠡᠯᠲᠠ ᠶᠢ ᠭᠥᠨᠵᠡᠭᠡᠶᠢᠷᠡᠭᠦᠯᠬᠦ᠂ ᠪᠥᠬᠦ ᠲᠠᠯ᠎ᠠ ᠪᠠᠷ ᠭᠠᠳᠠᠭᠠᠳᠤ ᠳᠤ ᠨᠡᠭᠡᠭᠡᠯᠲᠠ ᠬᠢᠬᠦ ᠶᠢ ᠠᠬᠢᠭᠤᠯᠬᠤ᠂ | ᠠᠷᠠᠳ ᠠᠴᠠ ᠡᠵᠡᠩᠨᠡᠭᠰᠡᠨ ᠠᠵᠤ ᠠᠬᠤᠢ ᠶᠢ ᠬᠦᠭᠵᠢᠭᠦᠯᠣᠨ ᠪᠣᠵᠠᠭᠠᠶᠢᠷᠠᠭᠤᠯᠬᠤ᠂ ᠦᠵᠡᠰᠭᠦᠯᠡᠩᠳᠦ ᠥᠪᠥᠷ | ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠪᠠ | ᠰᠠᠶᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠪᠠᠷ ᠭᠤᠣᠯᠳᠠᠯᠭ᠎ᠠ ᠪᠣᠯᠭᠠᠨ᠂ ᠬᠠᠮᠢᠶ᠎ᠠ ᠪᠦᠬᠦᠢ | ᠲᠥᠷᠥ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠢᠯᠡ ᠪᠤᠯᠭᠠᠨ ᠣᠨᠤᠪᠴᠢᠲᠠᠢ ᠪᠠᠷ | ᠳᠠᠶᠢᠯᠪᠤᠷᠢᠯᠠᠵᠤ᠂ ᠲᠥᠷᠥ ᠶᠢᠨ ᠪᠣᠳᠤᠯᠭ᠎ᠠ ᠶᠢᠨ ᠠᠭᠤᠯᠤᠭᠳᠠᠬᠤᠨ ᠨᠢ ᠢᠯᠡ ᠲᠤᠳᠤ᠂ ᠮᠡᠳᠡᠭᠡ ᠳᠣᠬᠢᠶ᠎ᠠ ᠨᠢ | ᠳᠤᠳᠤᠷᠬᠠᠢ ᠪᠠᠶᠢᠬᠤ ᠶᠢ ᠦᠨᠡᠨ ᠬᠦ ᠪᠠᠲᠤᠯᠠᠨ᠂ ᠨᠡᠶᠢᠭᠡᠮ ᠤᠨ ᠵᠢᠱᠢᠯᠲᠡ ᠶᠢ ᠲᠤᠭᠲᠠᠭᠤᠨ ᠪᠠᠶᠢᠯᠭᠠᠵᠤ ᠵᠠᠬ᠎ᠠ | ᠳᠡᠯᠭᠡᠭᠦᠷ ᠤᠨ ᠢᠲᠡᠭᠡᠯ ᠵᠣᠷᠢᠭ ᠢ ᠬᠦᠪᠴᠢᠯᠡᠨ᠎ᠡ᠃ ︽︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠥᠷᠥ ᠶᠢᠨ ᠪᠣᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠳᠤ ᠲᠠᠶᠢᠯᠤᠮᠵᠢ | ᠬᠢᠬᠦ ᠠᠵᠢᠯ ᠤᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ | ᠲᠠᠷᠬᠠᠭᠠᠭᠰᠠᠨ ﹇2017﹈ 5 ᠳ᠋ᠤᠭᠠᠷ ᠲᠤᠭᠠᠲᠤ︶ ᠵᠢᠴᠢ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ | ᠲᠥᠷᠥ ᠶᠢᠨ ᠪᠣᠳᠤᠯᠭ᠎ᠠ ᠶᠢᠨ ᠲᠠᠶᠢᠯᠤᠮᠵᠢ ᠬᠢᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ | ᠬᠡᠨ ᠲᠤᠭᠤᠷᠪᠢᠪᠠᠯ ᠲᠡᠷᠡ ᠲᠠᠶᠢᠯᠤᠮᠵᠢ ᠬᠢᠬᠦ︾ ᠵᠠᠷᠴᠢᠮ ᠶᠤᠰᠤᠭᠠᠷ᠂ ᠲᠥᠷᠥ ᠶᠢᠨ ᠪᠣᠳᠤᠯᠭ᠎ᠠ ᠶᠢᠨ ᠴᠢᠨᠠᠷᠲᠠᠢ | ᠪᠢᠴᠢᠭ ᠮᠠᠲ᠋ᠧᠷᠢᠶᠠᠯ ᠬᠢᠭᠡᠳ ᠲᠠᠶᠢᠯᠤᠮᠵᠢ ᠶᠢᠨ ᠲᠦᠰᠦᠯ᠂ ᠲᠠᠶᠢᠯᠤᠮᠵᠢ ᠶᠢᠨ ᠮᠠᠲ᠋ᠧᠷᠢᠶᠠᠯ ᠢ ᠵᠡᠷᠭᠡ ᠳᠤ ᠨᠢ ᠵᠤᠬᠢᠶᠠᠨ | ᠪᠠᠶᠢᠭᠤᠯᠣᠨ᠂ ᠵᠡᠷᠭᠡ ᠳᠤ ᠨᠢ ᠬᠢᠨᠠᠨ ᠭᠠᠷ ᠤᠨ ᠦᠰᠦᠭ ᠵᠢᠷᠤᠵᠤ᠂ ᠵᠡᠷᠭᠡ ᠳᠤ ᠨᠢ ᠪᠠᠶᠢᠷᠢᠯᠠᠭᠤᠯᠬᠤ ᠶᠢ ᠦᠨᠡᠨ ᠬᠦ | ᠭᠦᠢᠴᠡᠳᠭᠡᠬᠦ ᠬᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠨᠢ ᠦᠪᠡᠷᠳᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠤᠨ ᠢᠯᠡ ᠪᠠᠷ ᠵᠦᠪᠯᠡᠬᠦ ᠰᠡᠳᠦᠪ ᠢ ᠵᠠᠷᠴᠢᠮ | ᠳᠡᠭᠡᠷ᠎ᠡ ᠪᠠᠨ ᠲᠥᠷᠥ ᠶᠢᠨ ᠪᠤᠳᠤᠯᠭ᠎ᠠ ᠶᠢᠨ ᠵᠣᠷᠰᠢᠯᠲᠤ ᠪᠠᠶᠢᠳᠠᠯ ᠢ ᠮᠡᠳᠡᠭᠳᠡᠬᠦ ᠬᠤᠷᠠᠯ ᠢᠶᠠᠷ ᠳᠠᠮᠵᠢᠭᠤᠯᠤᠨ | ᠲᠠᠶᠢᠯᠪᠤᠷᠢᠯᠠᠵᠤ᠂ ᠠᠷᠠᠳ ᠣᠯᠠᠨ ᠪᠠ ᠵᠠᠭᠤᠴᠢᠯᠠᠭᠤᠷ ᠤᠨ ᠠᠩᠬᠠᠷᠤᠯ ᠤᠨ ᠬᠡᠮᠵᠢᠶ᠎ᠡ ᠨᠢ ᠦᠨᠳᠦᠷ ᠠᠭᠤᠯᠭ᠎ᠠ ᠶᠢ | ᠮᠦᠷᠳᠡᠨ ᠲᠠᠶᠢᠯᠤᠮᠵᠢ ᠬᠢᠵᠦ᠂ ᠰᠤᠨᠢᠨ ᠮᠡᠳᠡᠭᠡ ᠨᠡᠶᠢᠲᠡᠯᠡᠬᠦ ᠬᠤᠷᠠᠯ᠂ ᠲᠥᠷᠥ ᠶᠢᠨ ᠪᠤᠳᠤᠯᠭ᠎ᠠ ᠶᠢᠨ ᠵᠣᠷᠰᠢᠯᠲᠤ | ᠪᠠᠶᠢᠳᠠᠯ ᠢ ᠮᠡᠳᠡᠭᠳᠡᠬᠦ ᠬᠤᠷᠠᠯ ᠢᠶᠠᠷ ᠳᠠᠮᠵᠢᠭᠤᠯᠤᠨ ᠡᠷᠬᠡ ᠰᠦᠷᠲᠦ ᠨᠡᠶᠢᠲᠡᠯᠡᠯ ᠬᠢᠬᠦ ᠬᠡᠷᠡᠭᠲᠡᠢ᠃ ᠴᠢᠬᠤᠯᠠ | ᠲᠥᠷᠥ ᠶᠢᠨ ᠪᠣᠳᠤᠯᠭ᠎ᠠ ᠨᠡᠶᠢᠲᠡᠯᠡᠬᠦ᠂ ᠭᠤᠣᠯᠳᠠᠯᠭ᠎ᠠ ᠲᠠᠢ ᠠᠵᠢᠯ ᠢ ᠠᠬᠢᠭᠤᠯᠬᠤ᠂ ᠬᠦᠨᠳᠦ ᠶᠡᠭᠡ ᠬᠡᠷᠡᠭ ᠡᠭᠦᠰᠬᠦ | ᠦᠶ᠎ᠡ ᠳᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠲᠠᠨ ᠨᠢ ᠮᠡᠳᠡᠭᠡ ᠵᠠᠩᠭᠢ ᠨᠡᠶᠢᠲᠡᠯᠡᠬᠦ᠂ | ᠡᠷᠬᠡ ᠰᠦᠷᠲᠦ ᠲᠤᠬᠢᠷᠠᠭᠤᠯᠤᠯᠲᠠ ᠬᠢᠬᠦ᠂ ᠤᠬᠠᠮᠰᠠᠷ ᠠᠴᠠ ᠪᠠᠨ ᠬᠠᠷᠢᠭᠤᠴᠠᠬᠤ ᠵᠡᠷᠭᠡ ᠡᠭᠦᠷᠭᠡ ᠬᠠᠷᠢᠭᠤᠴᠠᠯᠭ᠎ᠠ ᠪᠠᠨ | ᠰᠠᠶᠢᠲᠤᠷ ᠭᠦᠢᠴᠡᠳᠭᠡᠨ᠂ ᠲᠥᠷᠥ ᠶᠢᠨ ᠪᠣᠳᠤᠯᠭ᠎ᠠ ᠳᠤ ᠲᠦᠷᠦᠭᠦᠯᠡᠨ ᠲᠠᠶᠢᠯᠤᠮᠵᠢ ᠬᠢᠵᠦ᠂ ᠵᠢᠱᠢᠯᠲᠡ ᠶᠢ | ᠰᠠᠨᠠᠭᠠᠴᠢᠯᠠᠭ᠎ᠠ ᠠᠴᠠ ᠪᠠᠨ ᠬᠦᠲᠦᠯᠦᠨ ᠵᠢᠯᠤᠭᠤᠳᠬᠤ ᠬᠡᠷᠡᠭᠲᠡᠢ᠃ | ︵ᠬᠤᠶᠠᠷ︶ ᠨᠡᠶᠢᠭᠡᠮ ᠢᠶᠠᠷ ᠢᠶᠠᠨ ᠠᠩᠬᠠᠷᠤᠯ ᠲᠠᠯᠪᠢᠵᠤ ᠪᠠᠶᠢᠭ᠎ᠠ ᠵᠦᠢᠯ ᠳᠤ ᠢᠳᠡᠪᠬᠢᠲᠡᠢ ᠬᠠᠷᠢᠭᠤᠯᠲᠠ | ᠥᠭᠭᠦᠨ᠎ᠡ᠃ ᠵᠠᠰᠠᠭ ᠤᠨ ᠤᠷᠳᠤᠨ ᠤ ᠨᠡᠶᠢᠲᠡᠯᠡᠭᠰᠡᠨ ᠦᠭᠡᠷᠡᠴᠢᠯᠡᠯᠲᠡ ᠶᠢᠨ ᠴᠢᠬᠤᠯᠠ ᠠᠷᠭ᠎ᠠ ᠬᠡᠮᠵᠢᠶ᠎ᠡ ᠪᠤᠯᠤᠨ | ᠨᠡᠶᠢᠲᠡ ᠣᠯᠠᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠭᠰᠠᠨ᠂ ᠵᠠᠭᠤᠴᠢᠯᠠᠭᠤᠷ ᠪᠤᠯᠤᠨ ᠨᠡᠶᠢᠲᠡ | ᠤᠯᠠᠨ ᠤ ᠠᠩᠬᠠᠷᠤᠯ ᠢ ᠠᠮᠠᠷᠬᠠᠨ ᠲᠠᠲᠠᠬᠤ ᠲᠥᠷᠥ ᠶᠢᠨ ᠪᠣᠳᠤᠯᠭ᠎ᠠ ᠶᠢᠨ ᠪᠢᠴᠢᠭ ᠮᠠᠲ᠋ᠧᠷᠢᠶᠠᠯ ᠳᠤ᠂ ᠲᠦᠷᠦᠭᠦᠯᠡᠨ | ᠲᠤᠭᠤᠷᠪᠢᠭᠰᠠᠨ ᠰᠠᠯᠠᠭ᠎ᠠ ᠮᠦᠴᠢᠷ ᠨᠢ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠵᠦ | ᠰᠤᠳᠤᠯᠤᠨ ᠮᠠᠭᠠᠳᠯᠠᠬᠤ ᠠᠵᠢᠯ ᠢ ᠰᠠᠶᠢᠲᠤᠷ ᠬᠢᠵᠦ᠂ ᠠᠷᠭᠠᠴᠠᠭᠠᠨ ᠰᠢᠢᠳᠪᠦᠷᠢᠯᠡᠬᠦ ᠪᠡᠯᠡᠳᠭᠡᠯ ᠲᠦᠰᠦᠯ ᠢ | ᠲᠤᠭᠲᠠᠭᠠᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠥᠭᠬᠦ ᠤᠬᠠᠮᠰᠠᠷ ᠢ ᠨᠢ ᠤᠯᠠᠮ ᠨᠢᠭᠡ | ᠠᠯᠬᠤᠮ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠥᠭᠬᠦ ᠪᠠᠷ | ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠠᠵᠢᠯ ᠤᠨ ᠴᠢᠬᠤᠯᠠ ᠭᠤᠭᠴᠤᠭ᠎ᠠ ᠪᠣᠯᠭᠠᠬᠤ ᠶᠢ | ᠪᠠᠷᠢᠮᠲᠠᠯᠠᠨ᠂ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠦᠭᠬᠦ ᠭᠤᠣᠯ ᠴᠤᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ᠂ | ᠭᠠᠶᠢᠯᠢ ᠬᠠᠰᠤᠵᠤ ᠵᠠᠷᠤᠳᠠᠯ ᠪᠠᠭᠤᠷᠠᠭᠤᠯᠬᠤ᠂ ᠮᠦᠩᠭᠦᠨ ᠭᠦᠢᠯᠭᠡᠭᠡᠨ ᠤ ᠠᠮᠤᠷ ᠲᠥᠪᠰᠢᠨ᠂ ᠠᠮᠢ ᠠᠬᠤᠢ ᠶᠢᠨ | ᠤᠷᠴᠢᠨ ᠲᠤᠭᠤᠷᠢᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠰᠤᠷᠭᠠᠨ ᠬᠦᠮᠦᠵᠢᠯ ᠤᠨ | ᠦᠭᠡᠷᠡᠴᠢᠯᠡᠯᠲᠡ᠂ ᠢᠳᠡᠬᠡᠨ ᠪᠠ ᠡᠮ ᠤᠨ ᠵᠦᠢᠯ᠂ ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠂ ᠨᠠᠰᠤᠵᠢᠯ ᠤᠨ | ᠦᠢᠯᠡᠴᠢᠯᠡᠭᠡ᠂ ᠲᠥᠪ ᠭᠤᠣᠯᠴᠢ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠠᠮᠤᠷ | ᠲᠦᠪᠰᠢᠨ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠵᠡᠷᠭᠡ ᠠᠵᠤ ᠠᠬᠤᠢ ᠨᠡᠶᠢᠭᠡᠮ ᠤᠨ ᠬᠠᠯᠠᠭᠤᠨ ᠴᠡᠭ | ᠵᠢᠴᠢ ᠵᠠᠬ᠎ᠠ ᠳᠡᠯᠭᠡᠭᠦᠷ ᠤᠨ ᠭᠤᠣᠯ ᠴᠤᠭᠴᠠ ᠪᠤᠯᠤᠨ ᠠᠷᠠᠳ ᠤᠯᠠᠨ ᠤ ᠠᠵᠢᠯ ᠬᠡᠷᠡᠭ ᠭᠦᠢᠴᠡᠳᠭᠡᠵᠣ ᠦᠢᠯᠡᠰ | ᠴᠤᠭᠴᠠᠯᠠᠬᠤ ᠶᠢᠨ ᠲᠦᠪᠡᠭᠲᠡᠢ ᠵᠦᠢᠯ ᠡᠮᠵᠢᠭᠲᠡᠢ ᠲᠠᠯ᠎ᠠ ᠳᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠰᠢᠨᠵᠢᠯᠡᠬᠦ᠂ | ᠰᠤᠳᠤᠯᠤᠨ ᠮᠠᠭᠠᠳᠯᠠᠬᠤ ᠪᠠ ᠬᠠᠷᠢᠭᠤ ᠥᠭᠬᠦ ᠶᠢ ᠴᠢᠩᠭᠠᠳᠬᠠᠵᠤ᠂ ᠡᠷᠡᠭᠡᠯᠵᠡᠭᠡ ᠮᠠᠳᠠᠭ ᠲᠠᠢ ᠠᠰᠠᠭᠤᠳᠠᠯ ᠢ ᠴᠠᠭ | ᠲᠣᠬᠠᠢ ᠳᠤ ᠨᠢ ᠰᠢᠢᠳᠪᠤᠷᠢᠯᠡᠨ᠂ ᠤᠷᠮ᠎ᠠ ᠰᠡᠳᠭᠢᠯᠭᠡ ᠶᠢ ᠨᠢ ᠰᠢᠯᠤᠭᠤᠳᠬᠠᠵᠤ ᠵᠦᠷᠢᠴᠡᠯ ᠢ ᠨᠢ ᠠᠷᠢᠯᠭᠠᠬᠤ | ᠬᠡᠷᠡᠭᠲᠡᠢ᠃ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠶᠢᠨ | ᠡᠬᠢ ᠡᠭᠦᠰᠦᠯ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠬᠠᠷᠢᠭᠤ ᠥᠭᠬᠦ ᠶᠢᠨ ᠬᠠᠨᠲᠤᠯᠭᠠᠳᠤ ᠴᠢᠨᠠᠷ ᠢ | ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠵᠦᠪ ᠤᠳᠤᠷᠢᠳᠤᠮᠵᠢ ᠶᠢ ᠪᠠᠷᠢᠮᠲᠠᠯᠠᠵᠣ᠂ ᠡᠷᠬᠡ ᠰᠦᠷᠲᠦ ᠮᠡᠳᠡᠭᠡ | ᠵᠠᠩᠭᠢ ᠶᠢ ᠴᠠᠭ ᠲᠣᠬᠠᠢ ᠳᠤ ᠨᠢ ᠨᠡᠶᠢᠲᠡᠯᠡᠨ᠎ᠡ᠃ ᠤᠬᠠᠭᠤᠯᠬᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠵᠡᠷᠭᠡ | ᠬᠠᠮᠢᠶ᠎ᠠ ᠪᠦᠬᠦᠢ ᠰᠠᠯᠠᠭ᠎ᠠ ᠮᠦᠴᠢᠷ ᠯᠦᠭᠡ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠤᠶᠢᠯᠠᠭᠠᠯᠴᠠᠨ ᠨᠡᠪᠲᠡᠷᠡᠯᠴᠡᠵᠦ᠂ | ᠴᠢᠬᠤᠯᠠ ᠶᠡᠭᠡ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠬᠠᠮᠲᠤ ᠳᠤ ᠪᠠᠨ | ᠬᠦᠷᠲᠡᠬᠦ᠂ ᠬᠤᠷᠰᠢᠵᠦ ᠬᠤᠯᠪᠤᠭᠠᠯᠠᠨ ᠬᠦᠳᠡᠯᠦᠯᠴᠡᠬᠦ ᠪᠠ ᠲᠦᠷᠭᠡᠨ ᠳᠤᠰᠬᠠᠯ ᠭᠠᠷᠭᠠᠬᠤ ᠲᠤᠭᠳᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ︵ᠭᠤᠷᠪᠠ︶ ᠲᠠᠶᠢᠯᠤᠮᠵᠢ ᠬᠢᠵᠦ ᠬᠠᠷᠢᠭᠤ ᠥᠭᠬᠦ ᠦᠷ᠎ᠡ ᠪᠦᠲᠦᠮᠵᠢ ᠶᠢ ᠴᠢᠩᠭᠠᠷᠠᠭᠤᠯᠤᠨ᠎ᠠ᠃ ᠲᠠᠶᠢᠯᠤᠮᠵᠢ | ᠬᠢᠬᠦ ᠬᠡᠯᠪᠡᠷᠢ ᠶᠢ ᠤᠯᠠᠮ ᠨᠢᠭᠡ ᠠᠯᠬᠤᠮ ᠪᠠᠶᠠᠯᠢᠬᠵᠢᠭᠤᠯᠵᠤ᠂ ᠵᠢᠷᠤᠭ ᠢᠶᠠᠷ ᠦᠭᠦᠯᠡᠬᠦᠢ᠂ ᠳᠠᠭᠤᠨ ᠳᠠᠪᠲᠠᠮᠵᠢ | ᠸᠢᠳᠢᠣ᠋᠂ ᠺᠠᠷᠲ᠋ᠤᠨ ᠵᠢᠷᠤᠭ ᠵᠡᠷᠭᠡ ᠲᠠᠶᠢᠯᠤᠮᠵᠢ ᠬᠢᠬᠦ ᠬᠡᠯᠪᠡᠷᠢ ᠶᠢᠨ ᠬᠠᠷᠢᠴᠠᠯ ᠢ ᠳᠡᠭᠡᠭᠰᠢᠯᠡᠭᠦᠯᠵᠦ᠂ ᠲᠥᠷᠥ ᠶᠢᠨ | ᠪᠤᠳᠤᠯᠭ᠎ᠠ ᠶᠢ ᠲᠣᠪᠴᠢ ᠠᠪᠰᠠᠷᠬᠠᠨ ᠢᠶᠠᠷ ᠠᠰᠠᠭᠤᠵᠤ ᠬᠠᠷᠢᠭᠤᠯᠬᠤ᠂ ᠰᠦᠯᠵᠢᠶ᠎ᠡ ᠪᠠᠷ ᠵᠠᠰᠠᠭ ᠤᠨ ᠶᠠᠪᠤᠳᠠᠯ ᠢ | ᠠᠰᠠᠭᠤᠬᠤ᠂ ᠲᠥᠷᠥ ᠶᠢᠨ ᠪᠣᠳᠣᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ᠠᠷᠭ᠎ᠠ ᠬᠡᠯᠪᠡᠷᠢ ᠶᠢ | ᠰᠦᠪᠡᠭᠴᠢᠯᠡᠨ ᠬᠡᠷᠡᠭᠯᠡᠵᠦ᠂ ᠪᠤᠰᠤᠳᠴᠢ ᠲᠤᠭ᠎ᠠ ᠪᠠᠷᠢᠮᠲᠠ᠂ ᠠᠮᠢᠳᠤᠯᠢᠭ ᠬᠡᠷᠡᠭ ᠤᠨ ᠵᠢᠱᠢᠶ᠎ᠡ ᠶᠢ ᠤᠯᠠᠨ ᠬᠡᠷᠡᠭᠯᠡᠵᠣ᠂ | ᠪᠣᠰᠤᠭ᠎ᠠ ᠴᠣᠭᠴᠠᠲᠤ᠂ ᠤᠯᠠᠨ ᠲᠠᠯᠠᠳᠤ ᠲᠠᠶᠢᠯᠤᠮᠵᠢ ᠬᠢᠵᠣ᠂ ᠤᠯᠠᠨ ᠲᠦᠮᠡᠨ ᠳᠤ ᠦᠨᠡᠨ ᠬᠦ ᠦᠵᠡᠭᠦᠯᠵᠣ | ᠣᠶᠢᠯᠠᠭᠠᠭᠤᠯᠤᠨ᠎ᠠ᠃ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠲᠥᠷᠥ ᠶᠢᠨ ᠪᠣᠳᠣᠯᠭ᠎ᠠ ᠳᠤ᠂ | ᠲᠤᠰᠬᠠᠢ ᠮᠡᠷᠭᠡᠵᠢᠯᠲᠡᠨ ᠪᠣᠯᠤᠨ ᠡᠷᠳᠡᠮᠲᠡᠳ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠂ ᠲᠠᠶᠢᠯᠤᠮᠵᠢ ᠶᠢᠨ | ᠣᠨᠣᠪᠴᠢᠲᠤ ᠴᠢᠨᠠᠷ᠂ ᠡᠷᠬᠡ ᠰᠦᠷᠲᠦ ᠴᠢᠨᠠᠷ᠂ ᠣᠶᠢᠷᠠᠲᠤᠭᠤᠯᠬᠤ ᠴᠢᠨᠠᠷ ᠢ ᠨᠢ ᠳᠡᠭᠡᠭᠰᠢᠯᠡᠭᠦᠯᠦᠨ᠎ᠡ᠃ ᠤᠯᠠᠨ | ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠣᠯᠣᠨ ᠨᠡᠶᠢᠭᠡᠮ ᠤᠨ ᠬᠠᠯᠠᠭᠤᠨ ᠴᠡᠭ ᠢ | ᠰᠠᠨᠠᠭᠠᠴᠢᠯᠠᠭ᠎ᠠ ᠠᠴᠠ ᠪᠠᠨ ᠲᠦᠷᠭᠡᠨ ᠬᠥᠲᠥᠯᠥᠨ ᠵᠢᠯᠣᠭᠤᠳᠴᠤ᠂ ᠡᠷᠬᠡ ᠰᠦᠷᠲᠦ ᠮᠡᠳᠡᠭᠡ ᠵᠠᠩᠭᠢ ᠨᠡᠶᠢᠲᠡᠯᠡᠨ᠂ | ᠮᠠᠳᠠᠭ ᠲᠠᠢ ᠠᠰᠠᠭᠤᠳᠠᠯ ᠢ ᠵᠥᠪ ᠲᠠᠯ᠎ᠠ ᠠᠴᠠ ᠬᠠᠷᠢᠭᠤᠯᠤᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠵᠣ᠂ ᠤᠯᠠᠨ ᠲᠦᠮᠡᠨ ᠳᠤ ᠣᠶᠢᠯᠠᠭᠠᠭᠤᠯᠬᠤ ᠶᠢᠨ ᠬᠠᠮᠲᠤ ᠳᠡᠳᠡᠨᠤᠰ ᠤᠨ ᠳᠡᠮᠵᠢᠯᠭᠡ ᠶᠢ ᠣᠯᠬᠤ | ᠬᠡᠷᠡᠭᠲᠡᠢ᠃ | ᠬᠤᠶᠠᠷ᠂ ᠡᠷᠬᠡ ᠶᠢᠨ ᠬᠢᠨᠠᠯᠲᠠ ᠶᠢ ᠴᠢᠩᠭᠠᠳᠬᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠤᠯᠤᠨ | ᠭᠦᠢᠴᠡᠳᠬᠡᠬᠦ ᠶᠢ ᠢᠯᠠ ᠪᠣᠯᠭᠠᠬᠤ ᠶᠢ ᠭᠦᠨᠵᠡᠭᠡᠶ ᠠᠬᠢᠭᠤᠯᠤᠨ᠎ᠠ | ︵ᠨᠢᠭᠡ︶ ᠴᠢᠬᠤᠯᠠ ᠰᠢᠢᠳᠪᠦᠷᠢᠳᠦ ᠪᠣᠳᠤᠯᠭ᠎ᠠ ᠶᠢ ᠢᠯᠡ ᠪᠣᠯᠭᠠᠬᠤ ᠶᠢ ᠠᠬᠢᠭᠤᠯᠤᠨ᠎ᠠ᠃ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠤᠷᠢᠳᠴᠢᠯᠠᠨ ᠢᠯᠠ ᠪᠣᠯᠭᠠᠬᠤ ᠶᠢ ᠤᠯᠠᠮ ᠨᠢᠭᠡ ᠠᠯᠬᠤᠮ | ᠠᠬᠢᠭᠤᠯᠵᠤ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠ ᠲᠠᠢ ᠠᠴᠠ ᠪᠤᠰᠤᠳ᠂ ᠣᠯᠠᠨ ᠨᠡᠶᠢᠲᠡ ᠶᠢᠨ | ᠠᠰᠢᠭ ᠲᠤᠰᠠ ᠪᠤᠯᠤᠨ ᠨᠡᠶᠢᠲᠡ ᠣᠯᠠᠨ ᠤ ᠡᠷᠬᠡ ᠠᠰᠢᠭ ᠲᠤ ᠬᠤᠯᠪᠣᠭᠳᠠᠭᠰᠠᠨ ᠴᠢᠬᠤᠯᠠ ᠶᠡᠭᠡ ᠵᠦᠢᠯᠡᠰ᠂ | ᠰᠢᠢᠳᠪᠦᠷᠢᠲᠦ ᠪᠣᠳᠣᠯᠭ᠎ᠠ ᠶᠢᠨ ᠲᠥᠰᠦᠯ᠂ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠵᠡᠷᠭᠡ ᠶᠢ | ᠰᠠᠨᠠᠭᠠᠴᠢᠯᠠᠭ᠎ᠠ ᠠᠴᠠ ᠪᠠᠨ ᠨᠡᠶᠢᠭᠡᠮ ᠨᠡᠶᠢᠲᠡ ᠳᠤ ᠨᠡᠶᠢᠲᠡᠯᠡᠵᠦ᠂ ᠭᠡᠷᠡᠴᠢᠯᠡᠭᠡ ᠰᠤᠨᠤᠰᠬᠤ ᠰᠠᠭᠤᠳᠠᠯ ᠤᠨ ᠬᠤᠷᠠᠯ᠂ | ᠰᠦᠯᠵᠢᠶ᠎ᠡ ᠪᠠᠷ ᠴᠤᠭᠯᠠᠭᠤᠯᠬᠤ᠂ ᠵᠥᠪᠯᠡᠯᠭᠡ ᠥᠭᠴᠦ ᠵᠥᠪᠳᠡᠯᠴᠡᠬᠦ᠂ ᠵᠠᠭᠤᠴᠢᠯᠠᠭᠤᠷ ᠢᠶᠠᠷ ᠨᠡᠪᠲᠡᠷᠡᠯᠴᠡᠬᠦ ᠵᠡᠷᠭᠡ | ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠨᠡᠶᠢᠲᠡ ᠣᠯᠠᠨ ᠤ ᠰᠠᠨᠠᠯ ᠢ ᠦᠷᠭᠡᠨ ᠢᠶᠠᠷ ᠰᠣᠨᠣᠰᠬᠤ ᠶᠢᠨ ᠬᠠᠮᠳᠤ | ᠰᠠᠨᠠᠯ ᠢ ᠬᠤᠷᠢᠶᠠᠨ ᠴᠤᠭᠯᠠᠭᠤᠯᠵᠣ᠂ ᠬᠦᠯᠢᠶᠡᠨ ᠠᠪᠤᠭᠰᠠᠨ ᠪᠠᠶᠢᠳᠠᠯ ᠢᠶᠠᠨ ᠨᠡᠶᠢᠭᠡᠮ ᠨᠡᠶᠢᠲᠡ ᠳᠤ ᠢᠯᠡ ᠪᠠᠷ | ᠨᠡᠶᠢᠲᠡᠯᠡᠬᠦ ᠬᠡᠷᠡᠭᠲᠡᠶ᠃ | ︵ᠬᠤᠶᠠᠷ︶ ᠴᠢᠬᠤᠯᠠ ᠪᠠᠶᠢᠷᠢᠯᠠᠭᠤᠯᠤᠯᠲᠠ ᠶᠢᠨ ᠬᠡᠷᠡᠭᠵᠢᠭᠦᠯᠦᠯᠲᠡ ᠶᠢ ᠢᠯᠠ ᠪᠣᠯᠭᠠᠬᠤ ᠶᠢ ᠠᠬᠢᠭᠤᠯᠤᠨ᠎ᠠ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠣᠨ ᠤ ᠭᠤᠤᠯᠳᠠᠯᠭ᠎ᠠ ᠲᠠᠢ ᠠᠵᠢᠯ᠂ ᠠᠷᠠᠳ ᠤᠨ ᠠᠮᠢᠳᠤᠷᠠᠯ ᠤᠨ | ᠪᠣᠳᠠᠲᠤ ᠲᠥᠷᠥᠯ ᠵᠦᠢᠯ ᠵᠡᠷᠭᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ | ᠲᠤᠭᠤᠷᠢᠨ ᠳᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠭᠤᠤᠯ ᠪᠣᠯᠬᠤ ᠠᠷᠭ᠎ᠠ | ᠬᠡᠮᠵᠢᠶ᠎ᠡ᠂ ᠬᠡᠷᠡᠭᠵᠢᠭᠦᠯᠬᠦ ᠠᠯᠬᠤᠮ ᠳᠠᠷᠠᠭ᠎ᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠬᠢᠨᠠᠯᠲᠠ | ᠲᠠᠯᠪᠢᠬᠤ ᠠᠷᠭ᠎ᠠ ᠵᠠᠮ ᠵᠢᠴᠢ ᠠᠵᠢᠯ ᠤᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠮᠡᠳᠡᠭᠡ ᠵᠠᠩᠭᠢ ᠶᠢ | ᠨᠡᠶᠢᠭᠡᠮ ᠨᠡᠶᠢᠲᠡ ᠳᠤ ᠢᠯᠠ ᠪᠣᠯᠭᠠᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠪᠠ ᠬᠢᠨᠠᠨ ᠪᠣᠳᠣᠵᠤ | ᠢᠯᠡᠷᠡᠭᠦᠯᠦᠭᠰᠡᠨ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ | ᠬᠠᠷᠢᠭᠤᠴᠠᠯᠭ᠎ᠠ ᠬᠡᠯᠡᠯᠴᠡᠭᠰᠡᠨ ᠪᠠᠶᠢᠳᠠᠯ ᠢ ᠢᠯᠠ ᠪᠣᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠵᠢᠭᠦᠯᠬᠦ ᠬᠦᠴᠦᠨ ᠢ ᠦᠨᠡᠨ ᠬᠦ ᠴᠢᠩᠭᠠᠳᠬᠠᠨ᠎ᠠ᠃ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠰᠢᠢᠳᠪᠦᠷᠢᠲᠦ ᠪᠣᠳᠣᠯᠭ᠎ᠠ ᠶᠢ | ᠬᠡᠷᠡᠭᠵᠢᠭᠦᠯᠦᠭᠰᠡᠨ ᠪᠠᠶᠢᠳᠠᠯ ᠢ ᠮᠥᠷᠳᠡᠵᠦ᠂ ᠰᠢᠢᠳᠪᠤᠷᠢᠲᠦ ᠪᠣᠳᠤᠯᠭ᠎ᠠ ᠶᠢᠨ ᠬᠡᠷᠡᠭᠵᠢᠭᠦᠯᠦᠯᠲᠡ ᠳᠤ ᠠᠰᠢᠭ | ᠲᠤᠰᠠ ᠲᠠᠢ ᠬᠠᠮᠢᠶ᠎ᠠ ᠪᠦᠬᠦᠢ ᠲᠠᠯ᠎ᠠ ᠪᠤᠯᠤᠨ ᠨᠡᠶᠢᠭᠡᠮ ᠨᠡᠶᠢᠲᠡ ᠶᠢᠨ ᠰᠠᠨᠠᠯ ᠰᠠᠨᠠᠭᠤᠯᠭ᠎ᠠ ᠶᠢ ᠣᠶᠢᠯᠠᠭᠠᠵᠤ᠂ | ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠢᠳᠡᠪᠬᠢᠲᠡᠶ | ᠥᠷᠨᠢᠭᠦᠯᠵᠦ᠂ ᠴᠠᠭ ᠲᠤᠬᠠᠶ ᠳᠤ ᠨᠢ ᠲᠤᠬᠢᠷᠠᠭᠤᠯᠤᠨ ᠲᠡᠭᠦᠯᠳᠡᠷᠵᠢᠭᠦᠯᠬᠦ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢ | ᠨᠡᠶᠢᠭᠡᠮ ᠨᠡᠶᠢᠲᠡ ᠳᠤ ᠢᠯᠠ ᠪᠣᠯᠭᠠᠬᠤ ᠬᠡᠷᠡᠭᠲᠡᠶ᠃ | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢ ᠶᠢ ᠢᠯᠠ ᠪᠣᠯᠭᠠᠬᠤ ᠶᠢ | ᠠᠬᠢᠭᠤᠯᠤᠨ᠎ᠠ᠃ ︽ᠬᠡᠨ ᠬᠠᠤᠯᠢ ᠬᠡᠷᠡᠭᠵᠢᠭᠦᠯᠪᠡᠯ ᠲᠡᠷᠡ ᠨᠡᠶᠢᠲᠡ ᠳᠤ ᠵᠠᠷᠯᠠᠬᠤ︾ ᠵᠠᠷᠴᠢᠮ ᠶᠣᠰᠣᠭᠠᠷ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠨᠡᠶᠢᠲᠡ ᠳᠤ ᠵᠠᠷᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠣ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠠᠤᠯᠢ ᠬᠡᠷᠡᠭᠵᠢᠭᠦᠯᠬᠦ ᠮᠡᠳᠡᠭᠡ | ᠵᠠᠩᠭᠢ ᠶᠢ ᠨᠡᠶᠢᠲᠡ ᠳᠤ ᠵᠠᠷᠯᠠᠬᠤ ᠨᠢᠭᠡᠳᠦᠯᠲᠡᠶ ᠲᠠᠪᠴᠠᠩ ᠢ ᠠᠰᠢᠭᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠭᠦᠷᠭᠡ ᠬᠠᠷᠢᠭᠤᠴᠠᠯᠭ᠎ᠠ᠂ ᠬᠠᠤᠯᠢ ᠬᠡᠷᠡᠭᠵᠢᠭᠦᠯᠬᠦ ᠦᠨᠳᠦᠰᠦᠯᠡᠯ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ᠂ | ᠬᠢᠨᠠᠯᠲᠠ ᠲᠠᠯᠪᠢᠬᠤ ᠠᠷᠭ᠎ᠠ ᠵᠠᠮ ᠪᠤᠯᠤᠨ ᠬᠠᠤᠯᠢ ᠬᠡᠷᠡᠭᠵᠢᠭᠦᠯᠦᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ | ᠲᠥᠪᠯᠡᠷᠡᠭᠦᠯᠦᠨ ᠬᠠᠤᠯᠢ ᠶᠣᠰᠣᠭᠠᠷ ᠨᠡᠶᠢᠭᠡᠮ ᠨᠡᠶᠢᠲᠡ ᠳᠤ ᠢᠯᠠ ᠪᠣᠯᠭᠠᠨ᠎ᠠ᠃ ᠤᠯᠠᠨ ᠲᠦᠮᠡᠨ ᠤ ᠰᠠᠨᠠᠯ ᠢ ᠬᠠᠷᠢᠭᠤ | ᠳᠤᠰᠬᠠᠵᠤ ᠬᠠᠷᠢᠯᠴᠠᠨ ᠬᠦᠳᠡᠯᠦᠯᠴᠡᠬᠦ ᠲᠣᠭᠲᠠᠴᠠ ᠪᠤᠯᠤᠨ ᠢᠯᠠ ᠨᠡᠶᠢᠲᠡᠯᠡᠬᠦ ᠲᠠᠪᠴᠠᠩ ᠢ ᠬᠠᠮᠢᠶᠠᠷᠴᠦ ᠬᠠᠮᠠᠭᠠᠯᠠᠬᠤ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠭᠡᠮ ᠤᠨ | ᠬᠢᠨᠠᠯᠲᠠ ᠶᠢ ᠴᠢᠩᠭᠠᠳᠬᠠᠨ᠎ᠠ᠃ | ᠭᠤᠷᠪᠠ᠂ ᠲᠥᠷᠥ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠬᠤ ᠶᠢ ᠭᠤᠣᠯᠳᠠᠭᠤᠯᠤᠨ ᠠᠩᠬᠠᠷᠴᠦ᠂ | ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠎ᠡ | ︵ᠨᠢᠭᠡ︶ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠤ ᠮᠡᠳᠡᠭᠡ ᠵᠠᠩᠭᠢ ᠶᠢ ᠢᠯᠡ | ᠪᠣᠯᠭᠠᠬᠤ ᠶᠢ ᠴᠢᠩᠭᠠᠳᠬᠠᠨ᠎ᠠ᠃ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ | ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠤᠭᠤᠷᠢᠨ ᠳᠤ᠂ ᠵᠢᠵᠢᠭ ᠪᠢᠴᠢᠯ ᠠᠵᠤ ᠠᠬᠤᠶᠢᠯᠠᠯ ᠪᠤᠯᠤᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷ ᠪᠦᠭᠡᠳ ᠦᠨᠡᠲᠡᠢ ᠠᠰᠠᠭᠤᠳᠠᠯ ᠢ | ᠲᠦᠷᠭᠡᠳᠭᠡᠨ ᠰᠢᠢᠳᠪᠦᠷᠢᠯᠡᠬᠦ ᠪᠠ ᠮᠦᠩᠭᠦᠨ ᠭᠦᠢᠯᠭᠡᠭᠡᠨ ᠤ ᠨᠡᠭᠡᠭᠡᠯᠲᠡ ᠶᠢ ᠲᠦᠷᠭᠡᠳᠭᠡᠨ ᠠᠬᠢᠭᠤᠯᠬᠤ ᠲᠠᠯ᠎ᠠ ᠳᠤ᠂ | ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠣᠬᠠᠢ ᠳᠤ ᠨᠢ ᠬᠠᠤᠯᠢ ᠶᠤᠰᠤᠭᠠᠷ ᠢᠯᠡ ᠪᠣᠯᠭᠠᠨ᠎ᠠ᠃ ᠲᠦᠢᠯ ᠤᠨ | ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢᠨ | ᠲᠤᠭᠤᠷᠢᠨ ᠳᠤ᠂ ︽ᠢᠳᠡᠵᠦ ᠡᠮᠦᠰᠬᠦ ᠳᠤ ᠪᠠᠨ ᠵᠣᠪᠠᠭ᠋ᠤ ᠦᠭᠡᠢ᠂ ᠭᠤᠷᠪᠠᠨ ᠲᠠᠯ᠎ᠠ ᠪᠠᠷ ᠪᠠᠲᠤᠯᠠᠬᠤ︾ ᠶᠢ | ᠰᠢᠢᠳᠪᠦᠷᠢᠯᠡᠬᠦ ᠳᠤ ᠲᠤᠬᠢᠶᠠᠯᠳᠤᠬᠤ ᠳᠤᠪᠤᠶᠢᠮ᠎ᠠ ᠠᠰᠠᠭᠤᠳᠠᠯ᠂ ᠲᠤᠩ ᠶᠠᠳᠠᠭᠤ ᠬᠦᠴᠢᠷᠳᠡᠯᠲᠡᠢ ᠭᠠᠵᠠᠷ ᠤᠷᠤᠨ | ᠪᠤᠯᠤᠨ ᠣᠨᠴᠠ ᠶᠠᠳᠠᠭᠤ ᠬᠦᠴᠢᠷᠳᠡᠯᠲᠡᠢ ᠣᠯᠠᠨ ᠲᠥᠮᠡᠨ ᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ | ᠶᠠᠳᠠᠭᠤ ᠶᠢ ᠳᠡᠳᠭᠦᠭᠦ ᠪᠠᠷ ᠣᠨᠳᠤᠤ ᠭᠠᠵᠠᠷ ᠨᠡᠭᠦᠯᠭᠡᠭᠰᠡᠨ ᠤ ᠳᠠᠷᠠᠭᠠᠬᠢ ᠳᠡᠳᠭᠦᠵᠦ ᠲᠤᠰᠠᠯᠠᠬᠤ ᠠᠷᠭ᠎ᠠ ᠬᠡᠮᠵᠢᠶ᠎ᠡ | ᠵᠡᠷᠭᠡ ᠲᠠᠯ᠎ᠠ ᠳᠤ ᠠᠵᠤ ᠦᠢᠯᠡᠰ᠂ ᠠᠵᠢᠯ ᠣᠯᠭᠤᠯᠲᠠ᠂ ᠠᠮᠢ ᠠᠬᠤᠢ᠂ ᠰᠤᠷᠭᠠᠨ ᠬᠦᠮᠦᠵᠢᠯ᠂ ᠡᠷᠡᠭᠦᠯ ᠮᠡᠨᠳᠦ᠂ | ᠨᠡᠶᠢᠭᠡᠮ ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ᠂ ᠶᠠᠳᠠᠭᠤ ᠶᠢ | ᠳᠡᠳᠭᠦᠭᠦ ᠲᠥᠷᠥᠯ ᠵᠦᠢᠯ᠂ ᠡᠳ᠋ ᠤᠨ ᠵᠠᠰᠠᠭ ᠤᠨ ᠶᠠᠳᠠᠭᠤ ᠶᠢ ᠳᠡᠳᠭᠦᠭᠦ ᠲᠤᠰᠬᠠᠢ ᠪᠡᠯᠡ ᠮᠦᠩᠭᠦ᠂ ᠲᠦᠢᠯ ᠤᠨ | ᠣᠨᠤᠪᠴᠢᠲᠠᠢ ᠪᠠᠷ ᠶᠠᠳᠠᠭᠤ ᠶᠢ ᠳᠡᠳᠭᠦᠭᠦ ᠵᠢᠭᠡᠯᠡᠯᠭᠡ᠂ ᠠᠵᠢᠯ ᠲᠥᠷᠥᠯ ᠢᠶᠠᠷ ᠶᠠᠳᠠᠭᠤ ᠶᠢ ᠳᠡᠳᠭᠦᠭᠦ ᠬᠠᠮᠢᠶ᠎ᠠ ᠪᠦᠬᠦᠢ | ᠡᠳ᠋ ᠤᠨ ᠵᠠᠰᠠᠭ ᠤᠨ ᠪᠡᠯᠡ ᠮᠦᠩᠭᠦ᠂ ᠪᠡᠭᠡᠵᠢᠩ ᠥᠪᠥᠷ ᠮᠤᠩᠭᠤᠯ ᠤᠨ ᠬᠤᠭᠤᠷᠤᠨᠳᠤ ᠶᠢᠨ ᠶᠠᠳᠠᠭᠤ ᠶᠢ ᠳᠡᠳᠭᠦᠭᠦ | ᠬᠠᠮᠵᠢᠯᠴᠠᠭ᠎ᠠ ᠵᠡᠷᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ | ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠤᠭᠤᠷᠢᠨ ᠳᠤ᠂ | ᠪᠤᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠥᠬᠡ ᠣᠭᠲᠠᠷᠭᠤᠢ ᠬᠥᠬᠡᠮᠳᠦᠭ ᠤᠰᠤ ᠥᠩ ᠰᠢᠮᠡᠯᠢᠭ | ᠬᠦᠷᠦᠰᠦ ᠰᠢᠷᠤᠢ ᠶᠢ ᠬᠠᠮᠠᠭᠠᠯᠠᠬᠤ ᠵᠡᠷᠭᠡ ᠲᠠᠯ᠎ᠠ ᠪᠠᠷ᠂ ᠬᠦᠬᠡᠬᠤᠲᠠ ᠪᠤᠭᠤᠲᠤ ᠤᠷᠳᠤᠰ᠂ ᠦᠬᠠᠢ ᠵᠢᠴᠢ ᠡᠷᠭᠢᠨ | ᠲᠤᠭᠤᠷᠢᠨ ᠤ ᠭᠠᠵᠠᠷ ᠤᠷᠤᠨ᠂ ᠤᠯᠠᠭᠠᠨᠬᠠᠳᠠ᠂ ᠲᠦᠩᠯᠢᠶᠣᠣ ᠵᠡᠷᠭᠡ ᠭᠤᠣᠯᠳᠠᠯᠭ᠎ᠠ ᠲᠠᠢ ᠤᠷᠤᠨ ᠪᠦᠰᠡ ᠶᠢᠨ | ᠣᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠵᠦ ᠵᠠᠰᠠᠬᠤ᠂ ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ | ᠨᠠᠭᠤᠷ ᠵᠡᠷᠭᠡ ᠤᠰᠤᠨ ᠤ ᠠᠮᠢ ᠠᠬᠤᠢ ᠶᠢᠨ ᠶᠠᠷᠦᠩᠬᠡᠶᠢᠯᠡᠨ ᠵᠠᠰᠠᠬᠤ᠂ ᠬᠦᠷᠦᠰᠦ ᠰᠢᠷᠤᠢ ᠶᠢᠨ ᠪᠤᠬᠢᠷᠳᠤᠯ ᠢ ᠵᠠᠰᠠᠬᠤ | ᠪᠠ ᠦᠩᠵᠢᠭᠦᠯᠦᠨ ᠰᠡᠷᠭᠦᠭᠡᠬᠦ ᠲᠥᠷᠥᠯ ᠵᠦᠢᠯ ᠵᠡᠷᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠨ᠎ᠡ᠃ | ︵ᠬᠤᠶᠠᠷ︶ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢᠨ ᠮᠡᠳᠡᠭᠡ ᠵᠠᠩᠭᠢ ᠶᠢ ᠢᠯᠡ | ᠪᠣᠯᠭᠠᠬᠤ ᠶᠢ ᠭᠦᠨᠵᠡᠭᠡᠶᠢᠷᠡᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢᠨ ᠰᠢᠨ᠎ᠡ | ᠡᠭᠦᠷᠭᠡ ᠰᠢᠨ᠎ᠡ ᠠᠷᠭ᠎ᠠ ᠬᠡᠮᠵᠢᠶ᠎ᠡ ᠶᠢᠨ ᠲᠤᠭᠤᠷᠢᠨ ᠳᠤ᠂ ᠭᠠᠶᠢᠯᠢ ᠬᠠᠰᠤᠵᠤ ᠵᠠᠷᠤᠳᠠᠯ ᠪᠠᠭᠤᠷᠠᠭᠤᠯᠬᠤ᠂ ︽ᠭᠡᠷᠡᠴᠢ | ᠪᠠ ᠦᠨᠡᠮᠯᠡᠯ ᠢ ᠰᠠᠯᠭᠠᠬᠤ︾ ᠦᠭᠡᠷᠡᠴᠢᠯᠡᠯᠳᠡ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠬᠢᠨᠠᠨ ᠵᠥᠪᠰᠢᠶᠡᠷᠡᠬᠦ ᠳᠥᠷᠢᠮ ᠤᠨ ᠦᠭᠡᠷᠡᠴᠢᠯᠡᠯᠲᠡ᠂ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠴᠠᠭ ᠢ ᠨᠢ | ᠪᠤᠭᠤᠨᠢᠰᠬᠠᠬᠤ᠂ ᠠᠵᠤ ᠠᠬᠤᠶᠢᠯᠠᠯ ᠤᠨ ᠬᠦᠴᠦᠨ ᠦᠭᠡᠢ ᠪᠣᠯᠭᠠᠬᠤ ᠶᠢ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠬᠦ᠂ | ᠵᠠᠰᠠᠭ ᠵᠠᠬᠢᠷᠭᠠᠨ ᠤ ᠵᠦᠪᠰᠢᠶᠡᠷᠡᠯ ᠢ ᠬᠠᠰᠤᠨ ᠪᠠᠭᠠᠰᠬᠠᠬᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠤᠷᠤᠭᠤᠯᠬᠤ ᠳᠤ | ᠬᠤᠷᠢᠭ᠎ᠠ ᠲᠠᠢ ᠵᠦᠢᠯᠡᠰ ᠤᠨ ᠨᠠᠷᠢᠨ ᠳᠠᠩᠰᠠ ᠶᠢ ᠬᠥᠳᠡᠯᠦᠩᠭᠦᠶ ᠪᠠᠷ ᠲᠣᠬᠢᠷᠠᠭᠤᠯᠬᠤ᠂ ᠦᠨᠳᠦᠰᠦᠨ ᠱᠠᠲᠤᠨ ᠤ ᠡᠯ᠎ᠡ | ᠲᠥᠷᠥᠯ ᠤᠨ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠲᠥᠷᠥᠯ ᠵᠦᠢᠯ ᠢ | ᠢᠯᠭᠠᠷᠠᠭᠤᠯᠤᠨ ᠵᠢᠷᠤᠮᠵᠢᠭᠤᠯᠬᠤ᠂ ᠣᠯᠠᠨ ᠢᠶᠠᠷ ᠢᠶᠠᠨ ᠦᠢᠯᠡᠰ ᠴᠣᠭᠴᠠᠯᠠᠵᠤ ᠲᠥᠮᠡᠨ ᠢᠶᠠᠷ ᠢᠶᠠᠨ ᠰᠢᠨ᠎ᠡ ᠶᠢ | ᠡᠭᠦᠳᠬᠦ ᠶᠢ ᠭᠦᠨᠵᠡᠭᠡᠶ ᠠᠬᠢᠭᠤᠯᠬᠤ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠢᠯᠠ ᠪᠣᠯᠭᠠᠬᠤ ᠠᠵᠢᠯ ᠢ ᠬᠦᠴᠦᠯᠡᠨ | ᠰᠠᠶᠢᠲᠤᠷ ᠬᠢᠵᠦ᠂ ᠬᠠᠤᠯᠢᠵᠢᠭᠤᠯᠤᠭᠰᠠᠨ᠂ ᠳᠥᠭᠦᠮ ᠦᠵᠡᠭᠦᠯᠦᠭᠰᠡᠨ ᠬᠤᠳᠠᠯᠳᠤᠭᠠᠯᠠᠨ ᠡᠵᠡᠩᠨᠡᠬᠦ ᠣᠷᠴᠢᠨ | ᠲᠣᠭᠤᠷᠢᠨ ᠢ ᠪᠣᠶ ᠪᠣᠯᠭᠠᠬᠤ ᠳᠤ ᠬᠦᠴᠦᠨ ᠨᠡᠮᠡᠷᠢᠯᠡᠨ᠎ᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ ᠪᠠᠷᠢᠯ ᠪᠣᠯᠭᠠᠵᠣ᠂ ᠭᠤᠤᠯᠳᠠᠯᠭ᠎ᠠ ᠲᠠᠢ ᠬᠢᠨᠠᠨ ᠬᠠᠮᠢᠶᠠᠷᠬᠤ ᠪᠠᠷ | ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠦᠷᠭᠡᠳᠬᠡᠨ ᠪᠠᠶᠢᠭᠤᠯᠤᠨ ᠪᠦᠷᠢᠨᠰᠢᠭᠦᠯᠵᠦ᠂ ᠪᠠᠶᠢᠴᠠᠭᠠᠵᠤ | ᠰᠢᠢᠳᠪᠦᠷᠢᠯᠡᠭᠰᠡᠨ ᠦᠷ᠎ᠡ ᠳ᠋ᠦᠩ ᠪᠦᠬᠦᠨ ᠢ ᠴᠠᠭ ᠲᠤᠬᠠᠶ ᠳᠤ ᠨᠢ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠳᠤ ᠣᠷᠣᠭᠤᠯᠤᠨ ᠢᠯᠡ ᠪᠣᠯᠭᠠᠬᠤ ᠶᠢ ᠠᠬᠢᠭᠤᠯᠤᠨ᠎ᠠ᠃ ᠵᠠᠬ᠎ᠠ | ᠳᠡᠯᠭᠡᠭᠦᠷ ᠤᠨ ᠭᠤᠤᠯ ᠴᠣᠭᠴᠠ ᠪᠣᠯᠤᠨ ᠬᠤᠪᠢ ᠬᠥᠮᠦᠨ ᠤ ︽ᠠᠮᠢ ᠨᠠᠰᠤᠨ ᠤ ᠪᠦᠬᠦ ᠦᠶᠡᠯᠡᠯ ᠤᠨ ᠬᠤᠭᠤᠴᠠᠭ᠎ᠠ︾ | ᠳᠠᠬᠢ ᠠᠵᠢᠯ ᠬᠡᠷᠡᠭ ᠭᠦᠢᠴᠡᠳᠭᠡᠬᠦ ᠦᠢᠯᠡᠴᠢᠯᠡᠭᠡᠨ ᠤ ᠵᠦᠢᠯᠡᠰ ᠤᠨ ᠬᠤᠷᠠᠮᠠᠯ ᠮᠠᠶ᠋ᠢᠭ᠂ ᠨᠢᠭᠡ ᠯᠡ ᠥᠷᠲᠡᠭᠡᠨ ᠤ | ᠮᠠᠶ᠋ᠢᠭ ᠢᠶᠠᠷ ᠢᠯᠡ ᠪᠣᠯᠭᠠᠬᠤ ᠶᠢ ᠠᠬᠢᠭᠤᠯᠤᠨ᠎ᠠ᠃ ᠡᠯ᠎ᠡ ᠲᠥᠷᠥᠯ ᠤᠨ ᠭᠡᠷᠡᠴᠢᠯᠡᠬᠦ ᠵᠦᠢᠯᠡᠰ ᠢ ᠢᠯᠭᠠᠷᠠᠭᠤᠯᠤᠨ | ᠬᠠᠰᠤᠵᠤ ᠨᠡᠶᠢᠯᠡᠭᠦᠯᠬᠦ ᠡᠷᠴᠢᠮ ᠢ ᠴᠢᠩᠭᠠᠷᠠᠭᠤᠯᠵᠤ᠂ ᠦᠨᠡᠨ ᠬᠦ ᠦᠯᠡᠳᠡᠭᠡᠬᠦ ᠴᠢᠬᠤᠯᠠ ᠲᠠᠢ ᠭᠡᠷᠡᠴᠢᠯᠡᠬᠦ | ᠵᠦᠢᠯᠡᠰ ᠲᠤ ᠲᠣᠳᠣᠷᠬᠠᠶ ᠨᠠᠷᠢᠨ ᠬᠠᠭᠤᠳᠠᠰᠤᠨ ᠤ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠢᠯᠡ | ᠪᠣᠯᠭᠠᠨ᠎ᠠ᠃ | ︵ᠭᠤᠷᠪᠠ︶ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠮᠡᠳᠡᠭᠡ ᠵᠠᠩᠭᠢ ᠶᠢ | ᠢᠯᠡ ᠪᠣᠯᠭᠠᠬᠤ ᠶᠢ ᠴᠢᠩᠭᠠᠷᠠᠭᠤᠯᠤᠨ᠎ᠠ᠃ ᠠᠵᠢᠯ ᠣᠯᠭᠤᠯᠲᠠ᠂ ᠰᠤᠷᠭᠠᠨ ᠬᠦᠮᠦᠵᠢᠯ᠂ ᠡᠮᠴᠢᠯᠡᠭᠡ᠂ ᠨᠠᠰᠤᠵᠢᠯ ᠤᠨ | ᠠᠰᠠᠷᠠᠮᠵᠢ᠂ ᠭᠠᠵᠠᠷ ᠰᠢᠷᠣᠢ ᠳᠠᠲᠠᠪᠤᠷᠢᠯᠠᠬᠤ᠂ ᠣᠯᠠᠨ ᠨᠡᠶᠢᠲᠡ ᠶᠢᠨ ᠰᠤᠶᠤᠯ ᠵᠡᠷᠭᠡ ᠬᠦᠷᠢᠶ᠎ᠡ ᠴᠠᠷᠠᠭᠠᠨ ᠳᠠᠬᠢ | ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠳᠤᠪᠤᠶᠢᠯᠭᠠᠵᠤ ᠰᠠᠶᠢᠲᠤᠷ ᠬᠢᠨ᠎ᠡ᠃ ᠠᠵᠢᠯ ᠣᠯᠭᠤᠵᠣ ᠦᠢᠯᠡᠰ | ᠴᠤᠭᠴᠠᠯᠠᠬᠤ ᠶᠢ ᠠᠬᠢᠭᠤᠯᠬᠤ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ᠂ ᠠᠵᠢᠯ ᠡᠷᠢᠬᠦ ᠪᠠ ᠠᠵᠢᠯ ᠤᠨ | ᠪᠠᠶᠢᠷᠢ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠢᠯᠡ ᠪᠣᠯᠭᠠᠵᠣ᠂ ᠳᠡᠭᠡᠳᠦ ᠰᠤᠷᠭᠠᠭᠤᠯᠢ ᠳᠡᠭᠦᠰᠦᠭᠰᠡᠳ᠂ | ᠴᠡᠷᠢᠭ ᠤᠨ ᠠᠯᠪᠠ ᠠᠴᠠ ᠬᠠᠯᠠᠭᠳᠠᠭᠰᠠᠳ᠂ ᠠᠵᠢᠯ ᠠᠯᠳᠠᠭᠰᠠᠨ ᠠᠵᠢᠯᠲᠠᠨ ᠠᠵᠢᠯᠴᠢᠨ᠂ ᠮᠠᠯᠴᠢᠨ ᠲᠠᠷᠢᠶᠠᠴᠢᠨ | ᠬᠦᠴᠦ ᠶᠠᠪᠤᠭᠴᠢᠳ ᠵᠡᠷᠭᠡ ᠭᠤᠣᠯᠳᠠᠯᠭ᠎ᠠ ᠲᠠᠢ ᠬᠦᠮᠦᠰ ᠲᠤ ᠬᠠᠨᠳᠤᠭᠤᠯᠤᠭᠰᠠᠨ ᠠᠵᠢᠯ ᠣᠯᠭᠤᠬᠤ ᠳᠤᠰᠬᠠᠢ | ᠠᠵᠢᠯᠯᠠᠭᠠᠨ ᠪᠤᠯᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠯᠭᠠᠯᠲᠠ ᠪᠠᠷ ᠰᠤᠷᠤᠭᠴᠢ | ᠡᠯᠰᠡᠬᠦ ᠮᠡᠳᠡᠭᠡ ᠵᠠᠩᠭᠢ᠂ ᠰᠤᠷᠤᠯᠭ᠎ᠠ ᠶᠢᠨ ᠱᠠᠩᠨᠠᠯ ᠤᠨ ᠮᠥᠩᠭᠦ ᠰᠤᠷᠤᠯᠭ᠎ᠠ ᠶᠢᠨ ᠲᠡᠳᠭᠦᠮᠵᠢ ᠶᠢᠨ ᠲᠥᠷᠥ ᠶᠢᠨ | ᠪᠤᠳᠤᠯᠭ᠎ᠠ ᠶᠢ ᠢᠯᠡ ᠪᠣᠯᠭᠠᠬᠤ ᠠᠵᠢᠯ ᠢ ᠰᠠᠶᠢᠲᠤᠷ ᠬᠢᠨ᠎ᠡ᠃ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠰᠤᠷᠤᠭᠴᠢ ᠡᠯᠰᠡᠬᠦ ᠲᠦᠰᠦᠯ᠂ ᠰᠤᠷᠤᠭᠴᠢ ᠡᠯᠰᠡᠬᠦ ᠬᠡᠪᠴᠢᠶ᠎ᠡ᠂ ᠰᠤᠷᠤᠭᠴᠢ ᠡᠯᠰᠡᠬᠦ ᠳᠡᠰ ᠳᠠᠷᠠᠭᠠᠯᠠᠯ᠂ ᠨᠡᠷ᠎ᠡ | ᠮᠡᠳᠡᠭᠦᠯᠬᠦ ᠨᠦᠬᠦᠴᠡᠯ᠂ ᠰᠤᠷᠭᠠᠭᠤᠯᠢ ᠶᠢᠨ ᠪᠠᠶᠢᠳᠠᠯ᠂ ᠡᠯᠰᠡᠭᠰᠡᠨ ᠦᠷ᠎ᠡ ᠳ᠋ᠦᠩ᠂ ᠠᠰᠠᠭᠤᠨ ᠯᠠᠪᠯᠠᠬᠤ ᠠᠷᠭ᠎ᠠ | ᠬᠡᠯᠪᠡᠷᠢ ᠵᠡᠷᠭᠡ ᠶᠢᠨ ᠮᠡᠳᠡᠭᠡ ᠵᠠᠩᠭᠢ ᠶᠢ ᠣᠯᠠᠨ ᠬᠡᠯᠪᠡᠷᠢ ᠪᠠᠷ ᠴᠠᠭ ᠲᠤᠬᠠᠢ ᠳᠤ ᠨᠢ ᠢᠯᠡ ᠪᠣᠯᠭᠠᠬᠤ ᠪᠠ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠠᠩᠭᠠᠯᠭ᠎ᠠ ᠲᠠᠢ ᠬᠠᠮᠢᠶ᠎ᠠ ᠪᠦᠬᠦᠢ ᠮᠡᠳᠡᠭᠡ | ᠵᠠᠩᠭᠢ ᠶᠢ ᠣᠯᠠᠨ ᠠᠷᠭ᠎ᠠ ᠵᠠᠮ ᠢᠶᠠᠷ ᠥᠷᠭᠡᠳᠭᠡᠵᠣ᠂ ᠨᠡᠩ ᠢᠯᠡᠭᠦᠦ ᠡᠷᠬᠡ ᠲᠡᠭᠰᠢ ᠨᠡᠩ ᠶᠠᠰᠤ ᠴᠢᠨᠠᠷ ᠲᠠᠢ ᠰᠤᠷᠭᠠᠨ | ᠬᠦᠮᠦᠵᠢᠯ ᠢ ᠠᠬᠢᠭᠤᠯᠤᠨ ᠬᠦᠭᠵᠢᠭᠦᠯᠬᠦ ᠬᠡᠷᠡᠭᠲᠡᠢ᠃ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ | ᠪᠠᠲᠤᠯᠠᠬᠤ ᠶᠢᠨ ᠲᠤᠭᠤᠷᠢᠨ ᠳᠤ᠂ ᠡᠮᠴᠢᠯᠡᠭᠡᠨ ᠤ ᠦᠢᠯᠡᠴᠢᠯᠡᠭᠡ᠂ ᠡᠮ ᠤᠨ ᠵᠦᠢᠯᠡᠰ ᠢ ᠡᠭᠡᠭᠦᠯᠦᠨ ᠪᠤᠴᠠᠭᠠᠬᠤ᠂ | ᠡᠮᠴᠢᠯᠡᠭᠡ ᠶᠢᠨ ᠲᠠᠭᠠᠳᠬᠠᠯ ᠤᠨ ᠬᠢᠨᠠᠯᠲᠠ ᠬᠠᠮᠢᠶᠠᠷᠤᠯᠲᠠ᠂ ᠸᠠᠺᠽᠢᠨ ᠤ ᠬᠢᠨᠠᠯᠲᠠ ᠬᠠᠮᠢᠶᠠᠷᠤᠯᠲᠠ᠂ ᠠᠯᠪᠠᠨ ᠠᠴᠠ | ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠦᠷ᠎ᠡ ᠪᠦᠲᠦᠮᠵᠢ ᠶᠢ ᠰᠢᠯᠭᠠᠨ | ᠬᠢᠨᠠᠭᠰᠠᠨ ᠦᠷ᠎ᠡ ᠳ᠋ᠦᠩ ᠵᠡᠷᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠤᠨ᠎ᠠ᠃ | ᠬᠤᠲᠠ ᠬᠦᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ ᠲᠦᠷ ᠴᠠᠭ ᠢᠶᠠᠷ ᠠᠪᠤᠷᠠᠨ ᠲᠤᠰᠠᠯᠠᠬᠤ ᠵᠡᠷᠭᠡ ᠨᠡᠶᠢᠭᠡᠮ ᠤᠨ | ᠲᠡᠩᠬᠡᠭᠡᠷᠡᠭᠦᠯᠦᠨ ᠲᠤᠰᠠᠯᠠᠬᠤ ᠲᠥᠷᠥ ᠶᠢᠨ ᠪᠣᠳᠤᠯᠭ᠎ᠠ ᠪᠤᠯᠤᠨ ᠠᠰᠠᠷᠠᠮᠵᠢ ᠬᠠᠷᠠᠭᠠᠯᠵᠠᠯ ᠬᠦᠷᠲᠡᠭᠡᠬᠦ ᠵᠡᠷᠭᠡ ᠶᠢᠨ | ᠣᠨᠴᠠᠭᠠᠢ ᠬᠦᠮᠦᠰ ᠤᠨ ᠪᠠᠲᠤᠯᠠᠭ᠎ᠠ ᠶᠢᠨ ᠲᠥᠷᠥ ᠶᠢᠨ ᠪᠣᠳᠤᠯᠭ᠎ᠠ ᠶᠢ ᠢᠯᠡ ᠪᠣᠯᠭᠠᠬᠤ ᠠᠵᠢᠯ ᠢ ᠦᠷᠭᠦᠯᠵᠢᠯᠡᠨ | ᠰᠠᠶᠢᠲᠤᠷ ᠬᠢᠨ᠎ᠡ᠃ ᠭᠠᠵᠠᠷ ᠰᠢᠷᠣᠢ ᠳᠠᠲᠠᠪᠤᠷᠢᠯᠠᠬᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ | ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠦᠩᠭᠡᠷᠡᠭᠰᠡᠨ ᠤ ᠭᠠᠵᠠᠷ ᠰᠢᠷᠤᠢ ᠲᠠᠲᠠᠪᠤᠷᠢᠯᠠᠭᠰᠠᠨ ᠮᠡᠳᠡᠭᠡ | ᠵᠠᠩᠭᠢ ᠶᠢ ᠨᠦᠬᠦᠪᠦᠷᠢᠯᠡᠨ ᠳᠡᠮᠳᠡᠭᠯᠡᠬᠦ ᠠᠬᠢᠴᠠ ᠶᠢ ᠲᠥᠷᠭᠡᠳᠭᠡᠨ᠎ᠡ᠃ | ︵ᠳᠥᠷᠪᠡ︶ ᠡᠳ᠋ ᠤᠨ ᠵᠠᠰᠠᠭ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠨᠠᠷᠢᠯᠢᠬᠵᠢᠭᠤᠯᠤᠨ᠎ᠠ᠃ ᠲᠥᠷᠥᠯ | ᠵᠦᠢᠯ ᠤᠨ ᠲᠥᠰᠥᠪ ᠢ ᠨᠠᠷᠢᠯᠢᠬᠵᠢᠭᠤᠯᠵᠤ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠲᠥᠷᠥᠯ | ᠵᠦᠢᠯ ᠤᠨ ᠪᠢᠴᠢᠭᠯᠡᠭᠰᠡᠨ ᠮᠠᠲ᠋ᠧᠷᠢᠶᠠᠯ᠂ ᠠᠵᠢᠯ ᠤᠨ ᠦᠷ᠎ᠡ ᠪᠦᠳᠦᠮᠵᠢ ᠶᠢᠨ ᠬᠠᠷᠠᠯᠲᠠ᠂ ᠠᠵᠢᠯ ᠤᠨ ᠦᠷ᠎ᠡ | ᠪᠦᠲᠦᠮᠵᠢ ᠪᠠᠨ ᠦᠪᠡᠰᠦᠪᠡᠨ ᠦᠨᠡᠯᠡᠭᠰᠡᠨ ᠦᠷ᠎ᠡ ᠳ᠋ᠦᠩ᠂ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ | ᠮᠡᠳᠡᠭᠦᠯᠦᠯᠲᠡ ᠶᠢᠨ ᠭᠤᠣᠯᠳᠠᠯᠭ᠎ᠠ ᠲᠠᠢ ᠲᠦᠷᠥᠯ ᠵᠦᠢᠯ ᠤᠨ ᠲᠤᠭ᠎ᠠ ᠬᠡᠮᠵᠢᠶ᠎ᠡ ᠪᠤᠯᠤᠨ ᠥᠪᠡᠷᠲᠡᠭᠡᠨ ᠵᠠᠰᠠᠬᠤ | ᠤᠷᠤᠨ ᠤ ᠰᠠᠯᠠᠭ᠎ᠠ ᠮᠦᠴᠢᠷ ᠤᠨ ᠲᠤᠭ᠎ᠠ ᠬᠡᠮᠵᠢᠶ᠎ᠡ ᠶᠢ ᠢᠯᠡ ᠪᠣᠯᠭᠠᠬᠤ ᠶᠢ ᠨᠡᠮᠡᠭᠳᠡᠭᠦᠯᠬᠦ ᠬᠡᠷᠡᠭᠲᠡᠢ᠃ ᠡᠯ᠎ᠡ ᠰᠠᠯᠠᠭ᠎ᠠ | ᠮᠦᠴᠢᠷ ᠨᠢ ᠲᠥᠷᠥᠯ ᠵᠦᠢᠯ ᠤᠨ ᠪᠢᠴᠢᠭᠯᠡᠭᠰᠡᠨ ᠮᠠᠲ᠋ᠧᠷᠢᠶᠠᠯ ᠪᠣᠯᠤᠨ ᠠᠵᠢᠯ ᠤᠨ ᠦᠷ᠎ᠡ ᠪᠦᠲᠦᠮᠵᠢ ᠶᠢᠨ | ᠬᠠᠷᠠᠯᠲᠠ ᠶᠢ ᠢᠯᠡ ᠪᠣᠯᠭᠠᠬᠤ ᠠᠬᠢᠴᠠ ᠪᠠᠨ ᠲᠦᠷᠭᠡᠳᠭᠡᠬᠦ ᠶᠢ ᠠᠬᠢᠭᠤᠯᠵᠤ᠂ ᠲᠥᠷᠥᠯ ᠵᠦᠢᠯ ᠪᠦᠬᠦᠨ ᠢ | ᠨᠡᠶᠢᠭᠡᠮ ᠳᠤ ᠢᠯᠡ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠷᠤᠨ ᠨᠤᠲᠤᠭ ᠤᠨ ᠵᠠᠰᠠᠭ ᠤᠨ ᠤᠷᠳᠤᠨ ᠤ | ᠥᠷᠢ ᠦᠭᠴᠡᠭᠡ ᠶᠢᠨ ᠬᠢᠵᠠᠭᠠᠷ ᠲᠤᠭ᠎ᠠ᠂ ᠦᠯᠡᠳᠡᠪᠦᠷᠢ ᠲᠤᠭ᠎ᠠ᠂ ᠥᠭᠴᠡᠭᠡᠨ ᠨᠣᠷᠮ᠎ᠠ᠂ ᠥᠷᠢ ᠲᠥᠯᠥᠬᠦ ᠨᠣᠷᠮ᠎ᠠ | ᠵᠢᠴᠢ ᠠᠵᠤ ᠠᠬᠤᠶ ᠡᠳ᠋ ᠤᠨ ᠵᠠᠰᠠᠭ ᠤᠨ ᠪᠠᠶᠢᠳᠠᠯ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠦᠷᠭᠦᠯᠵᠢᠯᠡᠭᠦᠯᠦᠨ | ᠬᠠᠳᠠᠭᠠᠯᠠᠬᠤ ᠬᠤᠭᠤᠴᠠᠭᠠᠨ ᠤ ᠬᠠᠮᠢᠶᠠᠷᠤᠯᠲᠠ ᠵᠡᠷᠭᠡ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠡ | ᠪᠣᠯᠭᠠᠨ᠎ᠠ᠃ | ᠳᠥᠷᠪᠡ᠂ ᠦᠢᠯᠡᠴᠢᠯᠡᠬᠦ ᠴᠢᠳᠠᠮᠵᠢ ᠪᠠᠨ ᠰᠢᠯᠢᠳᠡᠭᠵᠢᠭᠦᠯᠵᠦ᠂ ᠢᠯᠡ ᠪᠣᠯᠭᠠᠬᠤ ᠲᠠᠪᠴᠠᠩ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ | ︵ᠨᠢᠭᠡ︶ ᠵᠠᠰᠠᠭ ᠤᠨ ᠤᠷᠳᠤᠨ ᠤ ᠰᠦᠯᠵᠢᠶ᠎ᠡ ︵ᠮᠤᠩᠭᠤᠯ ᠰᠦᠯᠵᠢᠶ᠎ᠡ︶ ᠶᠢᠨ ᠴᠢᠨᠠᠷ ᠰᠠᠶᠢᠲᠠᠢ ᠪᠦᠭᠡᠳ | ᠵᠢᠷᠤᠮᠵᠢᠭᠰᠠᠨ ᠬᠦᠭᠵᠢᠯᠲᠡ ᠶᠢ ᠠᠬᠢᠭᠤᠯᠤᠨ᠎ᠠ᠃ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ | ᠬᠠᠷᠢᠭᠤᠴᠠᠯᠭ᠎ᠠ ᠶᠢᠨ ᠲᠦᠷᠢᠮ ᠢ ᠴᠢᠩᠳᠠ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠰᠦᠯᠵᠢᠶᠡᠨ ᠤ | ᠠᠭᠤᠯᠭ᠎ᠠ ᠶᠢᠨ ᠪᠦᠲᠦᠭᠡᠨ ᠪᠠᠶᠢᠭᠤᠯᠤᠯᠲᠠ ᠪᠤᠯᠤᠨ ᠮᠡᠳᠡᠭᠡ ᠵᠠᠩᠭᠢ ᠶᠢᠨ ᠨᠡᠶᠢᠲᠡᠯᠡᠯ ᠢ ᠬᠢᠨᠠᠨ ᠬᠠᠷᠭᠤᠭᠤᠯᠬᠤ | ᠠᠵᠢᠯ ᠢ ᠴᠢᠩᠭᠠᠳᠬᠠᠨ᠂ ᠲᠥᠷᠥ ᠶᠢᠨ ᠪᠤᠳᠤᠯᠭ᠎ᠠ ᠪᠤᠯᠤᠨ ᠦᠰᠦᠭ ᠪᠢᠴᠢᠭ ᠤᠨ ᠲᠠᠯ᠎ᠠ ᠪᠠᠷ ᠰᠠᠶᠢᠲᠤᠷ | ᠬᠠᠷᠢᠭᠤᠴᠠᠨ᠎ᠠ᠃ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠳᠠᠷᠠᠭᠠᠬᠢ ᠵᠠᠰᠠᠭ ᠤᠨ ᠤᠷᠳᠤᠨ ᠤ ᠰᠦᠯᠵᠢᠶ᠎ᠡ ᠶᠢ | ᠰᠢᠨ᠎ᠡ ᠪᠠᠷ ᠪᠠᠶᠢᠭᠤᠯᠬᠤ᠂ ᠡᠮᠬᠢᠯᠡᠨ ᠨᠡᠶᠢᠯᠡᠭᠦᠯᠬᠦ᠂ ᠬᠡᠪᠯᠡᠯ ᠢ ᠨᠢ ᠦᠭᠡᠷᠡᠴᠢᠯᠡᠬᠦ᠂ ᠨᠡᠭᠦᠯᠭᠡᠨ ᠰᠢᠯᠵᠢᠭᠦᠯᠬᠦ ᠵᠡᠷᠭᠡ | ᠠᠵᠢᠯ ᠢ ᠰᠠᠶᠢᠲᠤᠷ ᠬᠢᠨ᠎ᠡ᠃ ᠵᠠᠰᠠᠭ ᠤᠨ ᠤᠷᠳᠤᠨ ᠤ ᠰᠦᠯᠵᠢᠶ᠎ᠡ ᠶᠢ ᠡᠷᠴᠢᠮᠵᠢᠭᠦᠯᠬᠦ ᠠᠵᠢᠯ ᠢ ᠲᠦᠷᠭᠡᠳᠭᠡᠨ | ᠠᠬᠢᠭᠤᠯᠵᠤ᠂ ᠵᠠᠰᠠᠭ ᠤᠨ ᠤᠷᠳᠤᠨ ᠤ ᠰᠦᠯᠵᠢᠶ᠎ᠡ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ | ᠪᠤᠯᠤᠨ ᠦᠢᠯᠡᠴᠢᠯᠡᠬᠦ ᠬᠢᠷᠢ ᠲᠥᠪᠰᠢᠨ ᠢ ᠪᠠᠨ ᠦᠷᠭᠦᠯᠵᠢᠯᠡᠨ ᠳᠡᠭᠡᠭᠰᠢᠯᠡᠭᠦᠯᠦᠨ᠎ᠡ᠃ ᠵᠠᠰᠠᠭ ᠤᠨ ᠤᠷᠳᠤᠨ ᠤ | ᠰᠦᠯᠵᠢᠶᠡᠨ ᠤ ᠦᠷᠲᠡᠭᠡ ᠶᠢᠨ ᠰᠦᠯᠵᠢᠶᠡᠨ ᠳᠤ ᠪᠦᠷᠢᠳᠭᠡᠭᠦᠯᠦᠭᠰᠡᠨ ᠨᠡᠷ᠎ᠡ ᠶᠢ ᠲᠦᠪᠯᠡᠷᠡᠭᠦᠯᠦᠨ ᠢᠯᠭᠠᠷᠠᠭᠤᠯᠬᠤ | ᠠᠵᠢᠯ ᠢ ᠱᠠᠯᠠᠪᠳᠠᠨ ᠪᠡᠶᠡᠯᠡᠭᠦᠯᠵᠦ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ ᠤᠷᠳᠤᠨ ᠤ | ᠰᠦᠯᠵᠢᠶ᠎ᠡ ᠶᠢ IPV6 ᠪᠣᠯᠭᠠᠵᠤ ᠦᠭᠡᠷᠡᠴᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ | ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠷᠡᠭᠦᠯ ᠢᠶᠠᠷ ᠡᠮᠬᠢ ᠵᠢᠷᠤᠮ ᠲᠠᠢ | ᠬᠥᠭᠵᠢᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ | ᠲᠤᠭᠲᠠᠴᠠ ᠶᠢ ᠰᠢᠯᠤᠭᠤᠳᠬᠠᠵᠤ᠂ ᠬᠠᠮᠢᠶ᠎ᠠ ᠪᠦᠬᠦᠢ ᠠᠵᠢᠯ ᠤᠨ ᠳᠥᠷᠢᠮ ᠢ ᠪᠠᠶᠢᠭᠤᠯᠤᠨ ᠪᠦᠷᠢᠨᠰᠢᠭᠦᠯᠦᠨ᠂ ︽ᠬᠡᠨ | ᠭᠤᠣᠯᠯᠠᠨ ᠡᠷᠬᠢᠯᠡᠪᠡᠯ ᠲᠡᠷᠡ ᠬᠠᠷᠢᠭᠤᠴᠠᠬᠤ︾ ᠵᠠᠷᠴᠢᠮ ᠶᠤᠰᠤᠭᠠᠷ᠂ ᠨᠡᠭᠡᠭᠡᠨ ᠲᠣᠬᠢᠷᠠᠭᠤᠯᠵᠤ ᠡᠮᠬᠢᠯᠡᠨ ᠨᠡᠶᠢᠯᠡᠭᠦᠯᠬᠦ᠂ | ᠠᠭᠤᠯᠭ᠎ᠠ ᠶᠢ ᠪᠠᠲᠤᠯᠠᠬᠤ᠂ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠡᠬᠤ᠂ ᠬᠢᠨᠠᠯᠲᠠ ᠳᠠᠯᠪᠢᠵᠤ ᠬᠠᠮᠢᠶᠠᠷᠬᠤ ᠵᠡᠷᠭᠡ | ᠠᠵᠢᠯ ᠢ ᠰᠠᠶᠢᠲᠤᠷ ᠬᠢᠨ᠎ᠡ᠃ ᠪᠦᠬᠦᠯᠢ ᠴᠣᠭᠴᠠ ᠪᠠᠷ ᠢᠶᠠᠨ ᠵᠣᠬᠢᠴᠠᠯᠳᠤᠭᠰᠠᠨ᠂ ᠳᠤᠰᠬᠠᠯ ᠲᠦᠷᠭᠡᠨ ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠵᠢᠭᠰᠠᠭᠠᠯᠲᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠬᠢᠭᠡᠳ ᠵᠠᠰᠠᠭ ᠤᠨ ᠣᠷᠳᠣᠨ ᠤ ᠰᠦᠯᠵᠢᠶᠡᠨ ᠤ ᠬᠠᠮᠵᠢᠯᠴᠠᠵᠣ | ᠬᠤᠯᠪᠣᠭᠠᠯᠠᠨ ᠬᠥᠳᠡᠯᠦᠯᠴᠡᠵᠣ᠂ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠰᠢᠭᠤ | ᠰᠢᠶᠠᠨ ᠤ ᠱᠠᠲᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠬᠢᠭᠡᠳ ᠲᠤᠰ ᠭᠠᠵᠠᠷ ᠣᠷᠣᠨ ᠤ ᠬᠠᠮ | ᠵᠠᠭᠤᠴᠢᠯᠠᠭᠤᠷ ᠤᠨ ᠲᠥᠪ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠶᠢ ᠴᠢᠩᠭᠠᠳᠬᠠᠨ᠂ ᠮᠡᠳᠡᠭᠡ ᠵᠠᠩᠭᠢ | ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠵᠠᠰᠠᠭ ᠠᠷᠠᠳ ᠬᠠᠷᠢᠯᠴᠠᠨ ᠬᠥᠳᠡᠯᠦᠯᠴᠡᠬᠦ᠂ ᠠᠵᠢᠯ ᠬᠡᠷᠡᠭ | ᠭᠦᠢᠴᠡᠳᠭᠡᠬᠦ ᠳᠤ ᠦᠢᠯᠡᠴᠢᠯᠡᠬᠦ ᠪᠦᠬᠦᠯᠢ ᠴᠣᠭᠴᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | ︵ᠭᠤᠷᠪᠠ︶ ᠵᠠᠰᠠᠭ ᠤᠨ ᠤᠷᠳᠤᠨ ᠤ ᠠᠯᠪᠠᠨ ᠮᠡᠳᠡᠭᠡ ᠳᠤ ᠰᠢᠨ᠎ᠡ ᠶᠢ ᠡᠭᠦᠳᠴᠦ ᠬᠦᠭᠵᠢᠬᠦ ᠶᠢ | ᠠᠬᠢᠭᠤᠯᠤᠨ᠎ᠠ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠡᠯᠧᠺᠲᠷᠣᠨ ᠬᠡᠪᠯᠡᠯ ᠢ ᠰᠠᠶᠢᠲᠤᠷ ᠡᠷᠬᠢᠯᠡᠵᠦ᠂ | ᠡᠯᠧᠺᠲᠷᠣᠨ ᠬᠡᠪᠯᠡᠯ ᠪᠣᠯᠤᠨ ᠴᠠᠭᠠᠰᠤᠨ ᠤ ᠬᠡᠪᠯᠡᠯ ᠢ ᠵᠡᠷᠭᠡ ᠳᠤ ᠨᠢ ᠲᠠᠷᠬᠠᠭᠠᠬᠤ ᠶᠢ ᠪᠡᠶᠡᠯᠡᠭᠦᠯᠵᠦ᠂ ᠵᠠᠰᠠᠭ ᠤᠨ | ᠣᠷᠳᠣᠨ ᠤ ᠠᠯᠪᠠᠨ ᠮᠡᠳᠡᠭᠡ ᠶᠢᠨ ᠰᠢᠯᠵᠢᠭᠡ ᠶᠢᠨ ᠦᠵᠦᠭᠦᠷ ᠲᠤ ᠦᠵᠡᠭᠦᠯᠬᠦ ᠶᠢ ᠠᠯᠬᠤᠮ ᠠᠯᠬᠤᠮ ᠢᠶᠠᠷ | ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠲᠣᠰ ᠱᠠᠲᠤᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠨᠠᠶᠢᠷᠠᠭᠤᠯᠬᠤ ᠰᠠᠯᠠᠭ᠎ᠠ ᠮᠥᠴᠢᠷ ᠲᠤ | ᠮᠡᠳᠡᠭᠦᠯᠦᠨ ᠬᠦᠷᠭᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠠᠯᠪᠠᠨ | ᠮᠡᠳᠡᠭᠡ ᠪᠠᠷ ᠲᠣᠰ ᠱᠠᠲᠤᠨ ᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠪᠣᠯᠤᠨ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠬᠠᠷᠢᠶ᠎ᠠ ᠪᠦᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠢᠭᠡᠳᠦᠯᠲᠡᠶ ᠨᠡᠶᠢᠲᠡᠯᠡᠨ᠎ᠡ᠃ | ︵ᠳᠥᠷᠪᠡ︶ ᠠᠵᠢᠯ ᠬᠡᠷᠡᠭ ᠭᠦᠢᠴᠡᠳᠭᠡᠬᠦ ᠲᠢᠩᠬᠢᠮ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ | ᠭᠠᠳᠠᠭᠤᠷ ᠭᠦᠢᠴᠡᠳᠭᠡᠬᠦ ᠶᠢᠨ ᠠᠭᠤᠰᠤᠯᠴᠠᠨ ᠬᠦᠭᠵᠢᠬᠦ ᠶᠢ ᠲᠦᠷᠭᠡᠳᠭᠡᠨ᠎ᠡ᠃ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠬᠤᠪᠢᠷᠠᠯᠲᠠ ᠲᠠᠢ ᠤᠶᠠᠯᠳᠤᠭᠤᠯᠤᠨ᠂ | ᠠᠵᠢᠯ ᠬᠡᠷᠡᠭ ᠭᠦᠢᠴᠡᠳᠬᠡᠬᠦ ᠲᠢᠩᠬᠢᠮ ᠳᠤ ᠤᠷᠤᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠂ | ᠠᠵᠢᠯ ᠬᠡᠷᠡᠭ ᠭᠦᠢᠴᠡᠳᠬᠡᠬᠦ ᠵᠦᠭᠯᠡᠭᠦᠷ᠂ ᠠᠵᠢᠯ ᠬᠡᠷᠡᠭ ᠭᠦᠢᠴᠡᠳᠬᠡᠬᠦ ᠴᠤᠪᠤᠷᠠᠯ ᠵᠡᠷᠭᠡ ᠶᠢ ᠴᠠᠭ ᠲᠤᠬᠠᠶ ᠳᠤ ᠨᠢ | ᠵᠣᠬᠢᠴᠠᠭᠤᠯᠤᠨ ᠳᠢᠭᠯᠡᠵᠣ ᠨᠠᠶᠢᠷᠠᠭᠤᠯᠬᠤ ᠶᠢᠨ ᠬᠠᠮᠲᠤ ᠢᠯᠡ ᠪᠣᠯᠭᠠᠨ᠎ᠠ᠃ ᠪᠤᠳᠠᠳᠤ ᠴᠤᠭᠴᠠᠲᠤ ᠵᠠᠰᠠᠭ ᠤᠨ | ᠶᠠᠪᠤᠳᠠᠯ ᠤᠨ ᠲᠢᠩᠬᠢᠮ ᠤᠨ ︽ᠨᠢᠭᠡ ᠥᠷᠲᠡᠭᠡ ᠮᠠᠶ᠋ᠢᠭ︾ ᠤᠨ ᠴᠢᠳᠠᠮᠵᠢ ᠶᠢ ᠤᠯᠠᠮ ᠨᠢᠭᠡ ᠠᠯᠬᠤᠮ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠣᠨ᠂ ︽ᠨᠢᠭᠡ ᠴᠣᠩᠬᠤᠪᠴᠢ︾ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ | ᠪᠡᠶᠡᠯᠡᠭᠦᠯᠦᠨ᠎ᠡ᠃ ᠨᠠᠩ ᠣᠯᠠᠨ ᠦᠢᠯᠡᠴᠢᠯᠡᠭᠡᠨ ᠤ ᠵᠦᠢᠯᠡᠰ ᠢ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ | ᠶᠢ ᠠᠬᠢᠭᠤᠯᠵᠤ᠂ ᠠᠵᠤ ᠠᠬᠤᠶᠢᠯᠠᠯ ᠪᠤᠯᠤᠨ ᠣᠯᠠᠨ ᠲᠦᠮᠡᠨ ᠤ ᠠᠵᠢᠯ ᠬᠡᠷᠡᠭ ᠰᠢᠢᠳᠪᠦᠷᠢᠯᠡᠬᠦ ᠳᠤ ᠨᠠᠩ | ᠲᠣᠳᠣᠷᠬᠠᠶ᠂ ᠨᠠᠩ ᠳᠥᠭᠦᠮ ᠳᠥᠲᠡ ᠪᠣᠯᠭᠠᠨ᠎ᠠ᠃ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠠᠰᠠᠭᠤᠵᠤ | ᠯᠠᠪᠯᠠᠬᠤ ᠳᠤ ᠦᠢᠯᠡᠴᠢᠯᠡᠬᠦ ᠠᠵᠢᠯ ᠶᠡᠬᠡᠲᠡᠢ ᠪᠠᠶᠢᠵᠤ ᠦᠨᠡᠨ ᠬᠦ ᠦᠯᠡᠳᠡᠭᠡᠬᠦ ᠴᠢᠬᠤᠯᠠ ᠲᠠᠢ ᠵᠠᠰᠠᠭ ᠤᠨ ᠶᠠᠪᠤᠳᠠᠯ ᠤᠨ | ᠬᠠᠯᠠᠮᠰᠢᠯ ᠤᠲᠠᠰᠤ ᠠᠴᠠ ᠪᠤᠰᠤᠳ ᠢ ᠨᠢ ᠤᠯᠠᠮ ᠨᠢᠭᠡ ᠠᠯᠬᠤᠮ ᠢᠯᠭᠠᠷᠠᠭᠤᠯᠤᠨ ᠴᠡᠪᠡᠷᠯᠡᠬᠦ ᠪᠠ ᠡᠮᠬᠢᠯᠡᠨ | ᠨᠡᠶᠢᠯᠡᠭᠦᠯᠵᠦ᠂ ᠵᠠᠰᠠᠭ ᠤᠨ ᠶᠠᠪᠤᠳᠠᠯ ᠤᠨ ᠪᠤᠰᠤᠳ ᠬᠠᠯᠠᠮᠰᠢᠯ ᠤᠲᠠᠰᠤ ᠶᠢ ︽ᠨᠢᠭᠡ ᠤᠲᠠᠰᠤ ᠪᠠᠷ ᠭᠠᠳᠠᠭᠰᠢ | ᠦᠢᠯᠡᠴᠢᠯᠡᠬᠦ︾ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠨᠣᠮᠧᠷ ᠣᠯᠠᠨ᠂ ᠨᠡᠪᠲᠡᠷᠡᠬᠦ | ᠥᠬᠡᠶ᠂ ᠬᠠᠷᠢᠭᠤ ᠥᠬᠡᠶ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ | ᠲᠠᠪᠤ᠂ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠢᠯᠡ ᠪᠣᠯᠭᠠᠬᠤ ᠳᠥᠷᠢᠮ ᠵᠢᠷᠤᠮᠵᠢᠯ ᠢ | ᠲᠡᠭᠦᠯᠳᠡᠷᠵᠢᠭᠦᠯᠦᠨ᠎ᠡ | ︵ᠨᠢᠭᠡ︶ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠤᠯᠤᠨ ᠠᠵᠢᠯ ᠤᠨ ᠬᠢᠨᠠᠯᠲᠠ ᠶᠢ ᠴᠢᠩᠭᠠᠷᠠᠭᠤᠯᠤᠨ᠎ᠠ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠬᠤ ᠪᠠᠶᠢᠭᠤᠯᠤᠯ᠂ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ | ᠰᠢᠯᠤᠭᠤᠳᠬᠠᠬᠤ ᠪᠠ ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠤᠳᠤᠷᠢᠳᠬᠤ ᠳᠤᠭᠤᠶᠢᠯᠠᠩ ᠨᠢ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠴᠢᠬᠤᠯᠠ ᠶᠡᠭᠡ | ᠠᠰᠠᠭᠤᠳᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ | ᠰᠤᠳᠤᠯᠤᠨ ᠰᠢᠢᠳᠪᠦᠷᠢᠯᠡᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠵᠠᠰᠠᠭ ᠤᠨ ᠶᠠᠪᠤᠳᠠᠯ ᠢ ᠢᠯᠠ ᠪᠣᠯᠭᠠᠬᠤ ᠶᠢ ᠵᠠᠰᠠᠭ ᠤᠨ ᠣᠷᠳᠣᠨ ᠤ ᠠᠮᠵᠢᠯᠲᠠ ᠪᠦᠲᠦᠮᠵᠢ ᠶᠢᠨ | ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠬᠤ ᠶᠢᠨ ᠬᠠᠮᠲᠤ᠂ ᠬᠤᠪᠢ ᠶᠢᠨ ᠵᠢᠩ ᠤᠨ ᠲᠡᠩᠴᠡᠭᠦᠷᠢᠯᠡᠬᠦ ᠬᠡᠮᠵᠢᠶ᠎ᠡ ᠶᠢ | 4% ᠠᠴᠠ ᠳᠣᠣᠷ᠎ᠠ ᠪᠠᠶᠢᠯᠭᠠᠬᠤ ᠦᠭᠡᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠣ᠂ ᠬᠢᠨᠠᠯᠲᠠ ᠲᠠᠯᠪᠢᠬᠤ | ᠲᠤᠭᠲᠠᠴᠠ ᠶᠢᠨ ᠴᠢᠩᠭ᠎ᠠ ᠬᠢᠵᠠᠭᠠᠷᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠢ ᠢᠯᠡ | ᠪᠣᠯᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠱᠠᠲᠤ ᠲᠥᠷᠥᠯ ᠬᠤᠪᠢᠶᠠᠨ ᠰᠠᠶᠢᠲᠤᠷ ᠬᠢᠵᠦ᠂ | ᠪᠣᠯᠪᠠᠰᠤᠷᠠᠭᠤᠯᠤᠯ ᠤᠨ ᠬᠡᠪᠴᠢᠶ᠎ᠡ ᠶᠢ ᠦᠷᠭᠡᠳᠭᠡᠨ ᠤᠳᠤᠷᠢᠳᠬᠤ ᠺᠠᠳ᠋ᠷᠴᠤᠳ ᠢ ᠪᠠᠭᠲᠠᠭᠠᠬᠤ ᠪᠠᠷ ᠠᠬᠢᠭᠤᠯᠬᠤ | ᠬᠡᠷᠡᠭᠲᠡᠶ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠰᠢᠨ᠎ᠡ ᠡᠭᠦᠷᠭᠡ | ᠬᠠᠷᠢᠭᠤᠴᠠᠯᠭ᠎ᠠ ᠶᠢ ᠦᠨᠳᠦᠰᠦᠯᠡᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠶᠢᠭᠤᠯᠤᠮᠵᠢ ᠶᠢᠨ ᠪᠠᠶᠢᠭᠤᠯᠤᠯᠲᠠ᠂ | ᠠᠵᠢᠯᠲᠠᠨ ᠤ ᠲᠣᠬᠢᠷᠠᠭᠤᠯᠤᠯᠲᠠ ᠪᠤᠯᠤᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠭᠤᠷᠪᠠᠳᠠᠬᠢ ᠡᠲᠡᠭᠡᠳ ᠤᠨ | ᠪᠠᠶᠢᠭᠤᠯᠤᠮᠵᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠠᠰᠤ ᠴᠢᠨᠠᠷ | ᠪᠤᠯᠤᠨ ᠦᠷ᠎ᠡ ᠪᠦᠲᠦᠮᠵᠢ ᠳᠤ ᠦᠨᠡᠯᠡᠨ ᠵᠢᠱᠢᠯᠲᠡ ᠬᠢᠯᠭᠡᠵᠦ᠂ ᠨᠡᠶᠢᠲᠡ ᠣᠯᠠᠨ ᠤ ᠬᠢᠨᠠᠯᠲᠠ ᠶᠢ ᠬᠦᠯᠢᠶᠡᠨ᠎ᠡ᠃ | ︵ᠬᠤᠶᠠᠷ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ | ᠮᠡᠳᠡᠭᠡ ᠵᠠᠩᠭᠢ ᠶᠢ ᠢᠯᠡ ᠪᠣᠯᠭᠠᠬᠤ ᠳᠥᠷᠢᠮ︾ ᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠠᠵᠢᠯᠲᠠᠨ ᠤ | ᠪᠣᠯᠪᠠᠰᠤᠷᠠᠭᠤᠯᠤᠯ ᠢ ᠴᠢᠩᠭᠠᠳᠬᠠᠨ᠂ ᠬᠠᠮᠢᠶ᠎ᠠ ᠪᠦᠬᠦᠢ ᠲᠣᠭᠲᠠᠭᠠᠯ ᠢ ᠣᠨᠣᠪᠴᠢᠲᠠᠶ ᠣᠶᠢᠯᠠᠭᠠᠨ ᠡᠵᠡᠮᠰᠢᠭᠦᠯᠵᠦ᠂ | ᠢᠯᠡ ᠪᠣᠯᠭᠠᠬᠤ ᠦᠵᠡᠯ ᠤᠬᠠᠮᠰᠠᠷ ᠪᠣᠯᠤᠨ ᠴᠢᠳᠠᠪᠤᠷᠢ ᠶᠢ ᠨᠢ ᠦᠨᠡᠨ ᠬᠦ ᠨᠡᠮᠡᠭᠳᠡᠭᠦᠯᠬᠦ ᠬᠡᠷᠡᠭᠲᠡᠶ᠃ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠢᠯᠡ ᠪᠣᠯᠭᠠᠬᠤ ᠲᠤᠭ᠎ᠠ | ᠬᠡᠮᠵᠢᠶᠡᠨ ᠤ ᠲᠠᠯ᠎ᠠ ᠪᠠᠷ ᠳᠡᠭᠡᠭᠰᠢᠯᠡᠭᠦᠯᠬᠦ ᠪᠠᠷ ᠪᠠᠷᠠᠬᠤ ᠦᠭᠡᠢ ᠢᠯᠡ ᠪᠣᠯᠭᠠᠬᠤ ᠴᠢᠨᠠᠷ ᠴᠢᠨᠰᠠᠭ᠎ᠠ ᠶᠢᠨ ᠲᠠᠯ᠎ᠠ ᠪᠠᠷ ᠴᠤ | ᠰᠢᠯᠢᠳᠡᠭᠵᠢᠭᠦᠯᠬᠦ ᠬᠡᠷᠡᠭᠲᠡᠶ︔ ᠭᠤᠶᠤᠴᠢᠯᠠᠭᠰᠠᠨ ᠶᠤᠰᠤᠭᠠᠷ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ ᠨᠡᠶᠢᠲᠡ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ | ᠬᠢᠨᠠᠯᠲᠠ ᠲᠠᠯᠪᠢᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠶ᠃ ᠬᠠᠮᠢᠶ᠎ᠠ ᠪᠦᠬᠦᠢ | ᠲᠥᠬᠦᠷ ᠠᠷᠭ᠎ᠠ ᠬᠡᠮᠵᠢᠶ᠎ᠡ ᠶᠢ ᠴᠠᠭ ᠲᠤᠬᠠᠶ ᠳᠤ ᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠮᠬᠢ | ᠵᠢᠷᠤᠮ ᠲᠠᠢ ᠵᠣᠯᠭᠠᠯᠳᠤᠭᠤᠯᠤᠨ᠂ ᠲᠣᠭᠲᠠᠭᠤᠨ ᠢᠶᠠᠷ ᠰᠢᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠨ᠎ᠡ | ᠳᠦᠷᠢᠮ ᠢ ᠤᠬᠠᠭᠤᠯᠤᠨ ᠲᠠᠶᠢᠯᠤᠮᠵᠢ ᠬᠢᠬᠦ ᠶᠢ ᠴᠢᠩᠭᠠᠳᠬᠠᠵᠤ᠂ ᠣᠯᠠᠨ ᠶᠠᠩᠵᠤ ᠶᠢᠨ ᠬᠡᠯᠪᠡᠷᠢ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠥᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠣ᠂ | ᠨᠡᠶᠢᠭᠡᠮ ᠨᠡᠶᠢᠲᠡ ᠶᠢᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ ᠣᠷᠤᠯᠴᠠᠭᠤᠯᠵᠤ᠂ | ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠨ᠎ᠠ᠃ | ︵ᠭᠤᠷᠪᠠ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠷᠰᠢᠯᠲᠠ ᠶᠢᠨ ᠴᠡᠭ ᠤᠨ | ᠦᠷ᠎ᠡ ᠪᠦᠲᠦᠭᠡᠯ ᠢ ᠳᠡᠯᠭᠡᠷᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠲᠥᠷᠥ ᠶᠢᠨ | ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠭᠤᠤᠯᠳᠠᠯᠭ᠎ᠠ ᠲᠠᠢ ᠬᠦᠷᠢᠶ᠎ᠡ | ᠴᠠᠷᠠᠭᠠᠨ ᠳᠠᠬᠢ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠵᠢᠯᠤᠭᠤᠳᠤᠮᠵᠢ ᠶᠣᠰᠣᠭᠠᠷ᠂ | ᠭᠤᠤᠯᠳᠠᠯᠭ᠎ᠠ ᠲᠠᠢ ᠮᠡᠳᠡᠭᠡ ᠵᠠᠩᠭᠢ ᠶᠢ ᠢᠯᠡ ᠪᠣᠯᠭᠠᠬᠤ ᠪᠠᠷᠢᠮᠵᠢᠶᠠᠵᠢᠭᠤᠯᠣᠭᠰᠠᠨ ᠲᠣᠭᠲᠠᠴᠠ ᠶᠢ ᠪᠠᠶᠢᠭᠤᠯᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠲᠤᠷᠰᠢᠯᠲᠠ ᠶᠢᠨ ᠴᠡᠭ ᠢ ᠳ᠋ᠦᠩᠨᠡᠨ ᠳᠡᠯᠭᠡᠷᠡᠭᠦᠯᠬᠦ ᠬᠤᠷᠠᠯ ᠢ ᠬᠤᠷᠠᠯᠳᠤᠭᠤᠯᠵᠤ᠂ ᠲᠤᠷᠰᠢᠯᠭ᠎ᠠ ᠶᠢᠨ ᠬᠢᠳᠡᠯ ᠢᠶᠠᠨ | ᠳ᠋ᠦᠩᠨᠡᠨ ᠰᠣᠯᠢᠯᠴᠠᠵᠤ᠂ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠳᠡᠯᠭᠡᠷᠡᠭᠦᠯᠬᠦ ᠠᠵᠢᠯ ᠢ ᠪᠠᠶᠢᠷᠢᠯᠠᠭᠤᠯᠬᠤ | ᠬᠡᠷᠡᠭᠲᠡᠢ᠃ ᠦᠨᠳᠦᠰᠦᠨ ᠱᠠᠲᠤᠨ ᠤ ᠪᠤᠳᠠᠳᠤ ᠪᠠᠶᠢᠳᠠᠯ ᠳᠤ ᠪᠠᠨ ᠰᠠᠭᠤᠷᠢᠯᠠᠵᠣ᠂ ᠢᠳᠡᠪᠬᠢᠲᠡᠶ ᠪᠠᠷ ᠰᠦᠪᠡᠭᠴᠢᠯᠡᠨ | ᠰᠢᠨ᠎ᠡ ᠶᠢ ᠡᠭᠦᠳᠴᠦ᠂ ᠵᠢᠷᠤᠮᠯᠠᠨ ᠳᠠᠭᠤᠷᠢᠶᠠᠵᠤ ᠳᠡᠯᠭᠡᠷᠡᠭᠦᠯᠵᠦ ᠪᠣᠯᠬᠤᠶᠢᠴᠠ ᠬᠡᠷᠡᠭ ᠤᠨ ᠵᠢᠱᠢᠶ᠎ᠡ ᠶᠢ ᠢᠯᠡᠭᠦᠬᠡᠨ | ᠭᠠᠷᠭᠠᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ︵ᠳᠥᠷᠪᠡ︶ ᠬᠠᠮᠢᠶ᠎ᠠ ᠪᠦᠬᠦᠢ ᠰᠠᠭᠤᠷᠢ ᠠᠵᠢᠯ ᠢ ᠴᠢᠩᠭᠠᠳᠬᠠᠬᠤ ᠬᠡᠷᠡᠭᠲᠡᠢ᠃ ᠮᠡᠳᠡᠭᠡ ᠵᠠᠩᠭᠢᠴᠢᠯᠠᠯᠲᠠ ᠶᠢᠨ | ᠠᠷᠭ᠎ᠠ ᠪᠠᠷᠢᠯ ᠤᠨ ᠬᠡᠷᠡᠭᠯᠡᠯᠲᠡ ᠶᠢ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠢᠶᠠᠷᠤᠯᠲᠠ | ᠵᠡᠷᠭᠡ ᠰᠠᠭᠤᠷᠢ ᠴᠢᠨᠠᠷᠲᠠᠶ ᠠᠵᠢᠯ ᠢ ᠰᠠᠶᠢᠲᠤᠷ ᠬᠢᠨ᠎ᠡ᠃ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠬᠤᠯᠪᠣᠭᠳᠠᠬᠤ | ᠰᠠᠯᠠᠭ᠎ᠠ ᠮᠥᠴᠢᠷ ᠨᠢ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠤᠷ᠎ᠠ᠂ ᠲᠣᠰ | ᠪᠠᠶᠢᠭᠤᠯᠭ᠎ᠠ ᠶᠢᠨ ︽ᠡᠭᠦᠷᠭᠡ ᠬᠠᠷᠢᠭᠤᠴᠠᠯᠭ᠎ᠠ ᠶᠢ ᠲᠣᠭᠲᠠᠭᠠᠬᠤ᠂ ᠪᠠᠶᠢᠭᠤᠯᠤᠮᠵᠢ ᠶᠢ ᠲᠤᠭᠲᠠᠭᠠᠬᠤ᠂ ᠤᠷᠤᠨ | ᠲᠤᠭ᠎ᠠ ᠶᠢ ᠲᠤᠭᠲᠠᠭᠠᠬᠤ︾ ᠲᠣᠭᠲᠠᠭᠠᠯ ᠵᠡᠷᠭᠡ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠵᠤ᠂ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠦᠨᠳᠦᠰᠦᠨ ᠭᠠᠷᠴᠠᠭ ᠢ ᠴᠠᠭ ᠲᠤᠬᠠᠶ ᠳᠤ ᠨᠢ ᠲᠣᠭᠲᠠᠭᠠᠵᠣ | ᠰᠢᠨᠡᠴᠢᠯᠡᠨ᠎ᠡ᠃ ᠵᠠᠰᠠᠭ ᠵᠠᠬᠢᠷᠭᠠᠨ ᠤ ᠲᠣᠭᠲᠠᠭᠠᠯ ᠳᠦᠷᠢᠮ ᠪᠤᠯᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠢᠯᠡ ᠪᠣᠯᠭᠠᠬᠤ ᠡᠬᠡ ᠳᠠᠩᠰᠠ ᠶᠢ ᠪᠠᠶᠢᠭᠤᠯᠵᠤ᠂ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ | ᠰᠠᠭᠤᠷᠢ ᠲᠤᠭ᠎ᠠ ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ᠂ ᠠᠯᠪᠠᠨ ᠪᠢᠴᠢᠭ ᠤᠨ | ᠬᠠᠮᠢᠶᠠᠷᠤᠯᠲᠠ ᠶᠢᠨ ᠰᠢᠰᠲ᠋ᠧᠮ ᠢ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠲᠠᠪᠴᠠᠩ ᠯᠤᠭ᠎ᠠ ᠵᠣᠯᠭᠠᠯᠳᠤᠭᠤᠯᠬᠤ ᠶᠢ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠣᠨ ᠤ ᠮᠡᠳᠡᠭᠦᠯᠦᠯᠲᠡ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠭ᠎ᠠ ᠪᠠᠷᠢᠮᠲᠠ ᠶᠢ ᠪᠦᠷᠢᠳᠬᠡᠵᠣ | ᠲᠠᠭᠯᠠᠨ ᠮᠡᠳᠡᠭᠦᠯᠬᠦ ᠠᠵᠢᠯ ᠢ ᠵᠢᠷᠤᠮᠵᠢᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ︽ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠣᠯᠢᠯᠴᠠᠭ᠎ᠠ︾ ᠶᠢᠨ ᠡᠬᠡ ᠪᠢᠴᠢᠭ ᠪᠣᠯᠵᠣᠵᠤ ᠮᠡᠳᠡᠭᠦᠯᠦᠨ | ᠬᠦᠷᠭᠡᠬᠦ ᠠᠵᠢᠯ ᠢ ᠢᠳᠡᠪᠬᠢᠲᠡᠢ ᠰᠠᠶᠢᠲᠤᠷ ᠬᠢᠬᠦ ᠬᠡᠷᠡᠭᠲᠡᠶ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠲᠣᠰ ᠭᠤᠣᠯᠳᠠᠯᠭ᠎ᠠ ᠶᠢᠨ ᠭᠤᠣᠯ ᠪᠣᠯᠬᠤ ᠪᠠᠶᠢᠳᠠᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠣ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ | ᠣᠨ ᠤ ᠮᠡᠳᠡᠭᠦᠯᠦᠯᠲᠡ ᠳᠤ ᠣᠷᠣᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃ | ︵ᠲᠤᠰ ᠪᠢᠴᠢᠭ ᠮᠠᠲ᠋ᠧᠷᠢᠶᠠᠯ ᠢ ᠢᠯᠠ ᠨᠡᠶᠢᠲᠡᠯᠡᠨ᠎ᠡ︶ |