︽ᠪᠦᠬᠦ ᠪᠦᠮᠪᠦᠷᠴᠡᠭ ᠤᠨ ᠪᠤᠯᠪᠠᠰᠤᠨ ᠤ ᠶᠠᠷᠢᠯᠴᠠᠭ᠎ᠠ ᠬᠢᠭᠡᠳ ᠬᠦᠮᠦᠨ ᠲᠦᠷᠦᠯᠬᠢᠳᠡᠨ ᠤ ᠬᠤᠪᠢ ᠵᠠᠶᠠᠭᠠᠨ ᠎ ᠤ ᠬᠠᠮᠳᠤ ᠶᠢᠨ ᠴᠤᠬᠴᠠ︾᠎ ᠳᠤ ᠠᠩᠬᠠᠷᠤᠯ ᠢᠶᠠᠨ ᠬᠠᠨᠳᠤᠭᠤᠯᠵᠤ ᠬᠤᠶᠠᠳᠤᠭᠠᠷ ᠬᠤᠭᠤᠴᠠᠭᠠᠨ ᠤ ᠷᠠᠰᠢᠶᠠᠨ ᠎ ᠤ ᠶᠠᠷᠢᠶᠠᠨ ᠤ ᠳᠠᠪᠴᠠᠩ ᠡᠬᠢᠯᠡᠪᠡ ᠴᠧᠨ ᠶᠤᠸᠠᠨ ᠪᠦ᠋ ᠰᠢᠶᠤᠤ ᠯᠢᠨ ᠪᠠᠶᠠᠷ ᠤᠨ ᠦᠬᠡ ᠬᠡᠯᠡᠵᠡᠢ
ᠨᠡᠶᠢᠲᠡᠯᠡᠭᠰᠡᠨ ᠴᠠᠭ᠄
2019/9/2
     8 ᠰᠠᠷ᠎ᠠ ᠶᠢᠨ 30᠎ ᠤ ᠡᠳᠤᠷ᠂ ᠬᠤᠶᠠᠳᠤᠭᠠᠷ ᠬᠤᠭᠤᠴᠠᠭᠠᠨ ᠤ ᠷᠠᠰᠢᠶᠠᠨ ᠤ ᠶᠠᠷᠢᠶᠠᠨ ᠤ ᠳᠠᠪᠴᠠᠩ ᠬᠢᠩᠭᠠᠨ ᠠᠶᠢᠮᠠᠬ ᠤᠨ ᠷᠠᠰᠢᠶᠠᠨ ᠬᠤᠳᠠ ᠳᠤ ᠡᠬᠢᠯᠡᠪᠡ᠃      ᠡᠬᠢᠯᠡᠯᠳᠡ ᠶᠢᠨ ᠶᠤᠰᠤᠯᠠᠯ ᠳᠡᠬᠡᠷ᠎ᠡ᠂ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠤᠤᠯ ᠤᠨ ᠳᠡᠳ᠋ ᠳᠡᠷᠢᠬᠦᠯᠡᠭᠴᠢ ᠴᠧᠨ ᠶᠤᠸᠠᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ᠂ ᠳᠤᠮᠳᠠᠳᠤ ᠤᠯᠤᠰ ᠲᠤ ᠰᠠᠭᠤᠭ᠎ᠠ ᠫᠠᠯᠧᠰᠲ᠋ᠠᠶᠢᠨ ᠎ ᠤ ᠡᠯᠴᠢᠨ ᠰᠠᠶᠢᠳ ᠹᠠᠯᠢᠰ · ᠮᠠᠾᠧᠳᠠᠸᠧᠢ᠂ ᠮᠤᠩᠭᠤᠯ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠪᠠᠺᠠᠢ ᠨᠠᠷ ᠤᠷᠢᠳ ᠬᠤᠵᠢᠳ ᠪᠡᠶᠡᠷ ᠤᠨ ᠦᠬᠡ ᠬᠡᠯᠡᠪᠡ᠃ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠠᠢ ᠯᠢ ᠬᠤᠸᠠ ᠡᠬᠢᠯᠠᠯᠳᠡ ᠶᠢᠨ ᠶᠤᠰᠤᠯᠠᠯ ᠳᠤ ᠤᠷᠤᠯᠴᠠᠵᠠᠢ᠃      ᠴᠧᠨ ᠶᠤᠸᠠᠨ᠂ ᠷᠠᠰᠢᠶᠠᠨ ᠤ ᠶᠠᠷᠢᠶᠠᠨ ᠤ ᠳᠠᠪᠴᠠᠩ ︽ᠪᠦᠬᠦ ᠪᠦᠮᠪᠦᠷᠴᠡᠭ ᠤᠨ ᠪᠤᠯᠪᠠᠰᠤᠨ ᠤ ᠶᠠᠷᠢᠯᠴᠠᠭ᠎ᠠ ᠬᠢᠬᠡᠳ ᠬᠦᠮᠦᠨ ᠳᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ︾᠎ ᠪᠠᠷ ᠭᠤᠤᠯ ᠰᠡᠳᠦᠪ ᠪᠤᠯᠭᠠᠨ᠂ ᠡᠩᠬᠡ ᠳᠠᠶᠢᠪᠤᠩ᠂ ᠬᠦᠭᠵᠢᠯᠳᠡ᠂ ᠬᠠᠮᠳᠤ ᠪᠠᠷ ᠡᠳ᠋ᠯᠡᠬᠦ᠂ ᠬᠠᠮᠳᠤ ᠪᠠᠷ ᠠᠰᠢᠬ ᠬᠦᠷᠳᠡᠬᠦ ᠦᠢᠯᠠᠭᠠᠬᠳᠠᠬᠤᠨ ᠢ ᠪᠠᠷᠢᠮᠳᠠᠯᠠᠵᠥ᠂ ᠪᠤᠯᠪᠠᠰᠤᠨ ᠢᠶᠠᠷ ᠰᠤᠯᠢᠯᠴᠠᠵᠥ ᠳᠤᠯᠢᠯᠠᠬᠤ ᠶᠢ ᠰᠠᠨᠠᠭᠠᠴᠢᠯᠠᠵᠥ᠂ ᠬᠦᠮᠦᠨ ᠳᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠪᠠ᠃ ᠪᠤᠯᠪᠠᠰᠤᠨ ᠢᠶᠠᠷ ᠰᠤᠯᠢᠯᠴᠠᠵᠥ ᠳᠤᠯᠢᠳᠠᠬᠤ ᠪᠤᠯ ᠨᠡᠶᠢᠬᠡᠮ ᠤᠨ ᠳᠠᠪᠰᠢᠯᠳᠠ ᠶᠢᠨ ᠬᠦᠳᠡᠯᠬᠡᠬᠦ ᠬᠦᠴᠦᠨ ᠮᠦᠨ᠂ ᠤᠯᠠᠨ ᠶᠠᠩᠵᠥ ᠶᠢᠨ ᠪᠤᠯᠪᠠᠰᠤᠨ ᠢ ᠬᠦᠨᠳᠤᠳᠬᠡᠵᠥ᠂ ᠠᠳᠠᠯᠢ ᠪᠤᠰᠤ ᠪᠤᠯᠪᠠᠰᠤᠨ ᠠᠴᠠ ᠰᠢᠮ᠎ᠡ ᠳᠡᠵᠢᠬᠡᠯ ᠬᠦᠷᠳᠡᠬᠦ ᠨᠢ ᠡᠬᠦᠳᠦᠨ ᠪᠦᠳᠦᠬᠡᠬᠦ ᠰᠢᠨ᠎ᠡ ᠶᠢ ᠡᠬᠦᠳᠬᠦ ᠠᠮᠢᠵᠢᠷᠠᠯ ᠤᠨ ᠬᠦᠴᠦᠨ ᠢ ᠬᠦᠭᠵᠢᠬᠡᠵᠥ ᠴᠢᠳᠠᠨ᠎ᠠ᠃ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠤᠢ ᠪᠤᠯᠭᠠᠬᠤ ᠨᠢ ᠬᠦᠮᠦᠨ ᠳᠦᠷᠦᠯᠬᠢᠳᠡᠨ ᠤ ᠬᠦᠭᠵᠢᠯᠳᠡ ᠶᠢᠨ ᠳᠡᠥᠬᠡᠨ ᠬᠠᠨᠳᠤᠰᠢ ᠮᠦᠨ᠂ ᠬᠠᠮᠳᠤ ᠪᠠᠷ ᠵᠠᠰᠠᠵᠥ᠂ ᠬᠠᠮᠳᠤ ᠪᠠᠷ ᠬᠠᠮᠠᠭᠠᠯᠠᠵᠥ᠂ ᠡᠬᠦᠷᠢᠳᠡ ᠡᠩᠬᠡ ᠳᠠᠶᠢᠪᠤᠩ᠂ ᠨᠡᠶᠢᠳᠡᠮ ᠳᠡᠭᠡᠨ ᠠᠮᠤᠷ ᠳᠦᠪᠰᠢᠨ᠂ ᠬᠠᠮᠲᠤ ᠪᠠᠷ ᠬᠦᠭᠵᠢᠨ ᠴᠡᠴᠡᠭᠯᠡᠬᠦ᠂ ᠨᠡᠭᠡᠭᠡᠯᠳᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠭᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠨᠢ ᠰᠡᠳᠦᠪ ᠲᠤ ᠠᠭᠤᠯᠤᠬᠳᠠᠵᠥ ᠪᠦᠬᠦᠢ ᠤᠳᠬ᠎ᠠ ᠰᠠᠨᠠᠭ᠎ᠠ ᠪᠤᠯᠤᠨ᠎ᠡ ᠬᠡᠵᠥ ᠬᠡᠯᠡᠪᠡ᠃      ᠪᠦ᠋ ᠰᠢᠶᠤᠤ ᠯᠢᠨ ᠪᠠᠶᠠᠷ ᠤᠨ ᠦᠬᠡ ᠳᠡᠭᠡᠨ᠂ ᠬᠦᠮᠦᠨ ᠳᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠳᠤ ᠵᠠᠩᠬᠢᠯᠠᠭ᠎ᠠ ᠨᠢ ᠪᠤᠳᠠᠳᠤ ᠠᠵᠢᠯᠯᠠᠭ᠎ᠠ ᠳᠤ ᠪᠤᠢ᠃ ᠪᠢᠳᠡ ᠬᠠᠮᠳᠤ ᠪᠠᠷ ᠵᠦᠪᠳᠡᠬᠦ ᠬᠠᠮᠳᠤ ᠪᠠᠷ ᠪᠠᠶᠢᠭᠤᠯᠬᠤ ᠬᠠᠮᠳᠤ ᠪᠠᠷ ᠡᠳ᠋ᠯᠡᠬᠦ ᠶᠢ ᠪᠠᠷᠢᠮᠳᠠᠯᠠᠵᠥ᠂ ︽ᠨᠢᠬᠡ ᠪᠦᠰᠡ ᠨᠢᠬᠡ ᠵᠠᠮ︾᠎ ᠤᠨ ᠪᠦᠳᠦᠬᠡᠨ ᠪᠠᠶᠢᠭᠤᠯᠤᠯᠳᠠ ᠳᠤ ᠬᠦᠴᠦᠯᠡᠵᠥ᠂ ᠠᠵᠥ ᠠᠬᠤᠢ ᠠᠷᠠᠯᠵᠢᠶᠠᠨ ᠤ ᠬᠠᠮᠳᠤᠷᠠᠯᠴᠠᠭ᠎ᠠ᠂ ᠰᠤᠶᠤᠯ ᠤᠨ ᠰᠤᠯᠢᠯᠴᠠᠭ᠎ᠠ ᠳᠠᠰᠤᠷᠠᠯᠳᠠ ᠦᠬᠡᠢ ᠰᠢᠨ᠎ᠡ ᠦᠷ᠎ᠡ ᠪᠦᠳᠦᠬᠡᠯ ᠤᠯᠬᠤ ᠶᠢ ᠠᠬᠢᠭᠤᠯᠬᠤ ᠬᠡᠷᠡᠭᠳᠡᠢ᠃ ᠦᠷᠬᠦᠯᠵᠢᠯᠡᠬᠦ ᠬᠦᠭᠵᠢᠯᠳᠡ ᠶᠢ ᠪᠠᠷᠢᠮᠳᠠᠯᠠᠵᠥ᠂ ᠬᠦᠮᠦᠨ ᠳᠦᠷᠦᠯᠬᠢᠳᠡᠨ ᠤ ᠬᠠᠮᠳᠤ ᠶᠢᠨ ᠬᠡᠷ ᠤᠷᠤᠨ ᠢ ᠬᠠᠮᠠᠭᠠᠯᠠᠬᠤ ᠳᠤ ᠬᠦᠴᠦᠯᠡᠬᠦ ᠬᠡᠷᠡᠭᠳᠡᠢ᠂ ᠪᠢᠳᠡ ᠳᠤᠷᠠᠳᠠᠶ᠎ᠠ ᠳᠡᠯᠡᠬᠡᠢ ᠶᠢᠨ ᠡᠯ᠎ᠠ ᠭᠠᠵᠠᠷ ᠤᠨ ᠳᠠᠷᠢᠬᠦᠨ ᠤ ᠳᠤᠷᠰᠢᠯᠭ᠎ᠠ᠂ ᠳᠡᠷᠢᠬᠦᠨ ᠤ ᠦᠢᠯᠠᠭᠠᠬᠳᠠᠬᠤᠨ ᠢ ᠰᠤᠷᠤᠯᠴᠠᠨ ᠳᠤᠯᠢᠯᠠᠵᠥ᠂ ᠦᠷᠬᠡᠨ ᠢᠶᠠᠷ ᠬᠠᠮᠳᠤᠷᠠᠯᠴᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠬᠠᠮᠳᠤ ᠪᠠᠷ ᠠᠬᠢᠭᠤᠯᠬᠤ ᠬᠡᠷᠡᠭᠳᠡᠢ᠃ ᠠᠮᠢ ᠠᠬᠤᠢ ᠶᠢ ᠤᠷᠢᠳ ᠢᠶᠠᠷ ᠪᠤᠳᠤᠯᠬᠢᠯᠠᠵᠥ᠂ ᠪᠤᠬᠢᠷᠳᠤᠯ ᠦᠬᠡᠢ ᠬᠦᠭᠵᠢᠯᠳᠡ ᠶᠢ ᠪᠠᠷᠢᠮᠳᠠᠯᠠᠵᠥ᠂ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠵᠠᠮᠨᠠᠬᠤ ᠪᠠᠷ ᠴᠢᠷᠮᠠᠶᠢᠵᠤ᠂ ᠠᠵᠥ ᠠᠬᠤᠢ ᠶᠢᠨ ᠬᠦᠭᠵᠢᠯᠳᠡ ᠪᠤᠯᠤᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠪᠦᠳᠦᠬᠡᠨ ᠪᠠᠶᠢᠭᠤᠯᠤᠯᠳᠠ ᠶᠢᠨ ᠬᠠᠷᠢᠴᠠᠭ᠎ᠠ ᠶᠢ ᠰᠠᠶᠢᠳᠤᠷ ᠨᠢᠬᠡᠳᠦᠯᠳᠡᠢ ᠳᠦᠯᠦᠪᠵᠢᠬᠦᠯᠵᠥ᠂ ᠬᠦᠭᠵᠢᠯᠳᠡ ᠶᠢᠨ ᠦᠢᠯᠠᠭᠠᠬᠳᠠᠬᠤᠨ᠂ ᠬᠦᠭᠵᠢᠯᠳᠡ ᠶᠢᠨ ᠵᠠᠮ᠂ ᠬᠦᠭᠵᠢᠯᠳᠠ ᠶᠢᠨ ᠠᠷᠭ᠎ᠠ ᠬᠡᠯᠪᠡᠷᠢ᠂ ᠬᠦᠭᠵᠢᠯᠳᠡ ᠶᠢᠨ ᠬᠠᠷᠠᠯᠳᠠ ᠶᠢᠨ ᠪᠦᠬᠦ ᠳᠠᠯ᠎ᠠ ᠶᠢᠨ ᠬᠤᠪᠢᠷᠠᠯᠳᠠ ᠶᠢ ᠠᠬᠢᠭᠤᠯᠬᠤ ᠬᠡᠷᠡᠭᠳᠡᠢ᠃ ᠪᠦᠬᠦᠨ ᠢ ᠠᠪᠴᠤ ᠪᠠᠶᠢᠳᠠᠬ ᠢ ᠬᠠᠳᠠᠭᠠᠯᠠᠬᠤ᠂ ᠰᠤᠯᠢᠯᠴᠠᠵᠥ ᠳᠤᠯᠢᠯᠠᠬᠤ ᠶᠢ ᠪᠠᠷᠢᠮᠳᠠᠯᠠᠵᠥ᠂ ᠠᠳᠠᠯᠢ ᠪᠤᠰᠤ ᠪᠤᠯᠪᠠᠰᠤᠨ ᠢ ᠰᠤᠯᠢᠯᠴᠠᠭᠤᠯᠵᠥ ᠬᠦᠭᠵᠢᠬᠦᠯᠬᠦ ᠪᠠᠷ ᠴᠢᠷᠮᠠᠶᠢᠵᠤ᠂ ᠳᠠᠯ᠎ᠠ ᠨᠤᠳᠤᠭ ᠤᠨ ᠰᠤᠶᠤᠯ ᠳᠤ ᠠᠭᠤᠯᠤᠬᠳᠠᠵᠥ ᠪᠠᠶᠢᠭ᠎ᠠ ᠡᠬᠡ ᠪᠠᠶᠢᠭᠠᠯᠢ ᠶᠢ ᠬᠦᠨᠳᠤᠳᠬᠡᠬᠦ᠂ ᠨᠡᠬᠡᠬᠡᠯᠳᠡᠳᠡᠢ ᠪᠠᠭᠳᠠᠭᠠᠮᠵᠢᠳᠠᠢ᠂ ᠦᠨᠡᠨᠴᠢ ᠢᠳᠡᠬᠡᠮᠵᠢᠳᠡᠢ ᠨᠦᠬᠦᠷᠰᠡᠭ ᠵᠡᠷᠬᠡ ᠦᠢᠯᠠᠭᠠᠬᠳᠠᠬᠤᠨ ᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠳᠡᠭᠡᠨ ᠠᠭᠤᠰᠤᠯᠴᠠᠭᠤᠯᠵᠥ᠂ ᠠᠳᠠᠯᠢ ᠪᠤᠰᠤ ᠪᠤᠯᠪᠠᠰᠤᠨ ᠤ ᠰᠤᠯᠢᠯᠴᠠᠭ᠎ᠠ ᠶᠠᠷᠢᠯᠴᠠᠭ᠎ᠠ ᠶᠢ ᠠᠬᠢᠭᠤᠯᠵᠥ᠂ ᠰᠤᠯᠢᠯᠴᠠᠵᠥ ᠳᠤᠯᠢᠯᠠᠬᠤ ᠳᠤᠮᠳᠠ ᠬᠠᠮᠳᠤ ᠪᠠᠷ ᠬᠦᠭᠵᠢᠬᠦ ᠬᠡᠷᠡᠭᠳᠡᠢ ᠬᠡᠪᠡ᠃      ᠶᠠᠷᠢᠶᠠᠨ ᠤ ᠳᠠᠪᠴᠠᠩ ᠡᠬᠢᠯᠡᠬᠦ ᠠᠴᠠ ᠡᠮᠤᠨ᠎ᠡ᠂ ᠴᠧᠨ ᠶᠤᠸᠠᠨ ᠪᠤᠯᠤᠨ ᠪᠦ᠋ ᠰᠢᠶᠤᠤ ᠯᠢᠨ ᠷᠠᠰᠢᠶᠠᠨ ᠤ ᠶᠠᠷᠢᠶᠠᠨ ᠤ ᠳᠠᠪᠴᠠᠩ ᠳᠤ ᠤᠷᠤᠯᠴᠠᠬᠤ ᠤᠯᠤᠰ ᠤᠨ ᠳᠤᠳᠤᠭᠠᠳᠤ ᠭᠠᠳᠠᠭᠠᠳᠤ ᠶᠢᠨ ᠬᠡᠰᠡᠭ ᠡᠷᠳᠡᠮᠳᠡᠨ ᠮᠡᠷᠬᠡᠵᠢᠯᠳᠡᠨ ᠲᠠᠢ ᠶᠤᠰᠤᠷᠬᠠᠭ ᠢᠶᠠᠷ ᠠᠭᠤᠯᠵᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号