ᠯᠢ ᠵᠢᠢ ᠾᠧᠩ ᠡᠩ ᠤᠨ ᠨᠠᠮ ᠤᠨ ᠬᠡᠰᠢᠬᠦᠨ ᠤ ᠬᠤᠪᠢ ᠪᠠᠷ ᠨᠠᠮ ᠤᠨ ᠡᠬᠦᠷ ᠤᠨ ᠢᠶᠠᠨ ︽ᠤᠬ ᠰᠠᠨᠠᠭ᠎ᠠ ᠪᠠᠨ ᠦᠯᠦ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠳᠤᠰᠬᠠᠢ ᠰᠡᠳᠦᠪᠳᠤ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2019/9/2
     8 ᠰᠠᠷ᠎ᠠ ᠶᠢᠨ 30᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠎ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠡᠩ ᠤᠨ ᠨᠠᠮ ᠤᠨ ᠬᠡᠰᠢᠬᠦᠨ ᠤ ᠬᠤᠪᠢ ᠪᠠᠷ ᠨᠠᠮ ᠤᠨ ᠡᠬᠦᠷ ᠤᠨ ᠢᠶᠠᠨ ︽ᠤᠬ ᠰᠠᠨᠠᠭ᠎ᠠ ᠪᠠᠨ ᠦᠯᠦ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠳᠤᠰᠬᠠᠢ ᠰᠡᠳᠦᠪᠳᠤ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠵᠤ᠂ ᠨᠠᠮ ᠤᠨ ᠡᠬᠦᠷ ᠤᠨ ᠢᠶᠠᠨ ᠨᠠᠮ ᠤᠨ ᠬᠡᠰᠢᠬᠦᠳ ᠲᠠᠢ ᠰᠠᠨᠠᠯ ᠢᠶᠠᠨ ᠬᠦᠨᠵᠡᠬᠡᠢ ᠰᠤᠯᠢᠯᠴᠠᠪᠠ᠃      ᠬᠤᠷᠠᠯ ᠳᠡᠬᠡᠷ᠎ᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠠᠨ ᠳᠢᠩᠬᠢᠮ ᠤᠨ ᠶᠡᠷᠦᠩᠬᠡᠢ ᠨᠢᠬᠡᠳᠦᠬᠡᠷ ᠭᠠᠵᠠᠷ ᠤᠨ ᠨᠠᠮ ᠤᠨ ᠡᠬᠦᠷ ᠤᠨ ᠱᠦᠵᠢ ᠨᠠᠮ ᠤᠨ ᠡᠬᠦᠷ ᠤᠨ ᠬᠡᠰᠢᠬᠦᠳ ᠤᠨ ᠬᠤᠷᠠᠯ ᠢᠶᠠᠨ ᠳᠦᠯᠦᠬᠡᠯᠡᠨ ᠪᠠᠶᠢᠴᠠᠭᠠᠯᠳᠠ ᠵᠠᠳᠠᠯᠤᠯᠳᠠ ᠬᠢᠵᠥ᠂ ᠨᠠᠮ ᠤᠨ ᠡᠬᠦᠷ ᠤᠨ ᠨᠠᠮ ᠤᠨ ᠬᠡᠰᠢᠬᠦᠳ ᠨᠠᠷᠢᠨ ᠬᠢᠨᠠᠮᠠᠭᠠᠢ ᠪᠠᠷ ᠦᠪᠡᠷ ᠤᠨ ᠰᠢᠬᠦᠮᠵᠢᠯᠡᠯ ᠪᠠ ᠬᠠᠷᠢᠯᠴᠠᠨ ᠰᠢᠬᠦᠮᠵᠢᠯᠡᠯ ᠬᠢᠵᠠᠢ᠃      ᠤᠯᠠᠨ ᠤ ᠬᠡᠯᠡᠬᠦ ᠶᠢ ᠰᠤᠨᠤᠰᠤᠬᠰᠠᠨ ᠤ ᠳᠠᠷᠠᠭ᠎ᠠ ᠯᠢ ᠵᠢᠢ ᠾᠧᠩ᠂ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠬᠢᠵᠥ᠂ ᠦᠵᠡᠯ ᠰᠠᠨᠠᠭ᠎ᠠ ᠪᠠ ᠤᠯᠤᠰ ᠳᠦᠷᠦ ᠶᠢᠨ ᠳᠠᠯ᠎ᠠ ᠪᠠᠷ ᠬᠢ ᠬᠤᠭ ᠳᠤᠭᠤᠰᠤ ᠶᠢ ᠪᠠᠶᠢᠩᠭᠤ ᠶᠢᠨ ᠴᠢᠨᠠᠷᠳᠠᠢ ᠪᠠᠷ ᠠᠷᠢᠯᠭᠠᠬᠤ ᠪᠤᠯ ᠮᠠᠨ ᠤ ᠨᠠᠮ ᠤᠨ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠬᠡᠪ ᠰᠤᠷᠳᠠᠯ ᠪᠤᠯᠤᠨ᠎ᠠ᠃ ᠡᠨᠡ ᠤᠳᠠᠭ᠎ᠠ ᠶᠢᠨ ᠳᠤᠰᠬᠠᠢ ᠰᠡᠳᠦᠪᠳᠤ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠨᠢ ᠠᠰᠠᠭᠤᠳᠠᠯ ᠢ ᠤᠨᠤᠪᠴᠢᠳᠠᠢ ᠡᠷᠢᠵᠥ᠂ ᠦᠨᠳᠤᠰᠤ ᠶᠢ ᠬᠦᠨ ᠮᠠᠯᠳᠠᠨ᠂ ᠴᠡᠭᠴᠡᠯᠡᠨ ᠰᠠᠶᠢᠵᠢᠷᠠᠭᠤᠯᠬᠤ ᠴᠢᠭᠯᠡᠯ ᠪᠠ ᠠᠷᠭ᠎ᠠ ᠬᠡᠮᠵᠢᠶ᠎ᠠ ᠳᠦᠢᠯ ᠤᠨ ᠳᠤᠳᠤᠷᠬᠠᠢ ᠪᠠᠶᠢᠨ᠎ᠠ᠃ ᠨᠠᠮ ᠤᠨ ᠬᠡᠰᠢᠬᠦᠳ ᠰᠠᠨᠠᠭᠠᠴᠢᠯᠠᠭ᠎ᠠ ᠠᠴᠠ ᠪᠠᠨ ᠦᠪᠡᠷ ᠎ ᠢ ᠪᠠᠨ ᠪᠠᠭᠳᠠᠭᠠᠵᠤ ᠡᠬᠦᠷᠬᠡ ᠬᠠᠷᠢᠭᠤᠴᠠᠯᠭ᠎ᠠ ᠪᠠᠨ ᠪᠠᠭᠳᠠᠭᠠᠨ ᠠᠵᠢᠯ ᠢᠶᠠᠨ ᠪᠠᠭᠳᠠᠭᠠᠵᠥ᠂ ᠵᠦᠷᠢᠶ᠎ᠠ ᠪᠠᠨ ᠰᠢᠭᠤᠳ ᠶᠠᠷᠢᠵᠥ᠂ ᠰᠠᠨᠠᠯ ᠢᠶᠠᠨ ᠦᠨᠡᠨᠴᠢ ᠪᠠᠷ ᠳᠤᠷᠠᠳᠤᠨ᠂ ᠨᠢᠭᠤᠷ ᠤᠯᠠᠶᠢᠵᠥ ᠬᠦᠯᠦᠰᠤ ᠭᠠᠷᠬᠤ᠂ ᠡᠷᠴᠢ ᠵᠤᠷᠢᠬ ᠢᠶᠠᠨ ᠬᠦᠪᠴᠢᠯᠡᠵᠤ ᠴᠢᠷᠮᠠᠶᠢᠨ ᠠᠵᠢᠯᠯᠠᠬᠤ᠂ ᠬᠠᠷᠢᠯᠴᠠᠨ ᠠᠬᠢᠭᠤᠯᠵᠥ ᠬᠠᠮᠳᠤ ᠪᠠᠷ ᠳᠡᠬᠡᠭᠰᠢᠯᠡᠬᠦ ᠬᠠᠷᠠᠯᠳᠠ ᠳᠤ ᠬᠦᠷᠴᠤ ᠴᠢᠳᠠᠵᠠᠢ᠃ ᠤᠯᠠᠨ ᠢᠶᠠᠷ ᠢᠶᠠᠨ ᠪᠠᠶᠢᠴᠠᠭᠠᠵᠥ ᠤᠯᠤᠬᠰᠠᠨ ᠠᠰᠠᠭᠤᠳᠠᠯ ᠪᠤᠯᠤᠨ ᠨᠦᠬᠦᠳ ᠤᠨ ᠬᠤᠭᠤᠷᠤᠨᠳᠤ ᠳᠤᠷᠠᠳᠤᠭᠰᠠᠨ ᠰᠠᠨᠠᠯ ᠲᠠᠢ ᠬᠠᠷᠭᠤᠭᠤᠯᠵᠥ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠠᠳᠬᠤᠨ᠂ ᠪᠡᠶ᠎ᠡ ᠪᠠᠨ ᠪᠠᠶᠢᠴᠠᠭᠠᠵᠤ ᠪᠤᠷᠤᠭᠤ ᠪᠠᠨ ᠬᠠᠯᠠᠬᠤ᠂ ᠲᠠᠰᠤᠷᠠᠯᠳᠠ ᠦᠭᠡᠢ ᠤᠷᠤᠬᠰᠢᠯᠠᠨ ᠰᠢᠨᠡᠴᠢᠯᠡᠬᠦ ᠶᠢ ᠦᠨᠡᠨ ᠬᠦ ᠪᠡᠶᠡᠯᠡᠬᠦᠯᠬᠦ ᠬᠡᠷᠡᠭᠳᠡᠢ ᠬᠡᠪᠡ᠃      ᠯᠢ ᠵᠢᠢ ᠾᠧᠩ᠂ ᠤᠬ ᠰᠠᠨᠠᠭ᠎ᠠ ᠪᠠ ᠡᠬᠦᠷᠬᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠬᠦ ᠶᠢ ᠨᠠᠰᠤᠨ ᠳᠤᠷᠰᠢᠳᠠ ᠶᠢᠨ ᠰᠡᠳᠦᠪ ᠢᠶᠠᠨ ᠪᠤᠯᠭᠠᠵᠥ᠂ ᠭᠤᠤᠯ ᠰᠡᠳᠦᠪᠳᠤ ᠬᠦᠮᠦᠵᠢᠯ ᠤᠨ ᠦᠷ᠎ᠡ ᠪᠦᠳᠦᠬᠡᠯ ᠢ ᠰᠠᠶᠢᠳᠤᠷ ᠪᠠᠬᠢᠵᠢᠬᠦᠯᠵᠥ ᠰᠠᠶᠢᠳᠤᠷ ᠬᠡᠷᠡᠭᠵᠢᠬᠦᠯᠤᠨ ᠰᠠᠶᠢᠳᠤᠷ ᠬᠤᠪᠢᠷᠠᠭᠤᠯᠵᠥ᠂ ᠨᠠᠮ ᠤᠨ ᠳᠦᠯᠦᠬᠡ ᠬᠠᠷᠢᠭᠤᠴᠠᠯᠭ᠎ᠠ ᠪᠠᠨ ᠨᠡᠩ ᠰᠠᠶᠢᠳᠤᠷ ᠬᠦᠢᠴᠡᠳᠬᠡᠨ ᠠᠷᠠᠳ ᠳᠦᠮᠡᠨ ᠳᠤ ᠨᠡᠩ ᠰᠠᠶᠢᠳᠤᠷ ᠦᠢᠯᠡᠴᠢᠯᠡᠬᠦ ᠬᠡᠷᠡᠭᠳᠡᠢ᠃ ᠨᠠᠮ ᠳᠠᠭᠠᠨ ᠦᠨᠡᠨᠴᠢ ᠪᠠᠶᠢᠬᠤ ᠰᠡᠳᠬᠢᠯ ᠢ ᠡᠬᠦᠷᠢᠳᠡ ᠪᠠᠷᠢᠮᠳᠠᠯᠠᠨ᠂ ᠡᠷᠡᠰ ᠭᠤᠶᠢᠪᠢᠰᠢ ᠦᠬᠡᠢ ᠪᠠᠷ ᠨᠠᠮ ᠤᠨ ᠦᠬᠡ ᠶᠢ ᠰᠤᠨᠤᠰᠤᠨ ᠨᠠᠮ ᠢᠶᠠᠨ ᠳᠠᠭᠠᠵᠥ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠳᠠᠷᠢᠬᠢ ᠳᠤᠯᠤᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠬᠤ᠂ ᠠᠵᠢᠯ ᠢᠶᠠᠨ ᠠᠬᠢᠭᠤᠯᠬᠤ ᠶᠢ ᠴᠦᠬᠦᠷᠡᠯ ᠦᠬᠡᠢ ᠪᠠᠷᠢᠮᠳᠠᠯᠠᠵᠥ᠂ ᠪᠢᠴᠢᠭ ᠮᠠᠲ᠋ᠧᠷᠢᠶᠠᠯ ᠪᠢᠴᠢᠵᠤ ᠲᠤᠭᠤᠷᠪᠢᠬᠤ᠂ ᠬᠤᠷᠠᠯ ᠴᠤᠭᠯᠠᠭ᠎ᠠ ᠬᠢᠬᠦ᠂ ᠤᠴᠢᠷ ᠶᠠᠪᠤᠳᠠᠯ ᠬᠦᠢᠴᠡᠳᠬᠡᠬᠦ ᠳᠡᠭᠡᠨ ᠴᠦᠮ ᠤᠯᠤᠰ ᠳᠦᠷᠦ ᠶᠢᠨ ᠵᠤᠬᠰᠤᠴᠠ ᠪᠠᠨ ᠳᠡᠬᠡᠭᠰᠢᠯᠡᠬᠦᠯᠵᠥ᠂ ᠬᠡᠵᠢᠶ᠎ᠡ ᠬᠠᠮᠢᠭ᠎ᠠ ᠴᠤ ᠭᠡᠰᠡᠨ ᠨᠠᠮ ᠤᠨ ᠰᠠᠬᠢᠯᠭ᠎ᠠ ᠪᠠᠳᠤ ᠶᠤᠰᠤ ᠳᠦᠷᠢᠮ ᠢ ᠴᠢᠩᠭ᠎ᠠ ᠰᠠᠬᠢᠨ᠂ ᠤᠬᠠᠮᠰᠠᠷ ᠠᠴᠠ ᠪᠠᠨ ᠨᠠᠮ ᠤᠨ ᠤᠨᠤᠯ ᠪᠤᠯᠤᠨ ᠱᠤᠭᠤᠮ ᠴᠢᠭᠯᠡᠯᠳᠡ ᠳᠦᠷᠦ ᠶᠢᠨ ᠪᠤᠳᠤᠯᠭ᠎ᠠ ᠪᠠᠷ ᠪᠠᠷᠢᠮᠵᠢᠶᠠᠯᠠᠨ ᠬᠠᠷᠭᠤᠭᠤᠯᠵᠥ᠂ ᠨᠠᠮ ᠤᠨ ᠳᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠠᠷ ᠪᠠᠷᠢᠮᠵᠢᠶᠠᠯᠠᠨ ᠬᠠᠷᠭᠤᠭᠤᠯᠵᠥ᠂ ᠦᠪ ᠦᠨᠡᠨ ᠬᠦ ︽ᠬᠤᠶᠠᠷ ᠢ ᠬᠠᠮᠠᠭᠠᠯᠠᠬᠤ︾᠎ ᠶᠢᠨ ᠴᠢᠭᠯᠡᠭᠦᠷ᠂ ᠳᠦᠷᠬᠡᠳᠬᠡᠬᠦᠷ᠂ ᠰᠠᠬᠢᠬᠴᠢ ᠪᠠ ᠬᠢᠨᠠᠬᠴᠢ ᠪᠤᠯᠬᠤ ᠬᠡᠷᠡᠭᠳᠡᠢ᠃ ᠡᠷᠡᠮᠡᠬᠡᠶᠢᠯᠡᠨ ᠲᠡᠮᠡᠴᠡᠬᠦ ᠰᠡᠳᠬᠢᠯ ᠢ ᠪᠠᠷᠢᠮᠳᠠᠯᠠᠨ᠂ ᠳᠦᠢᠯ ᠢᠶᠠᠷ ᠬᠠᠷᠢᠭᠤᠴᠠᠬᠤ ᠰᠤᠷᠳᠠᠯ ᠢ ᠪᠦᠷᠢᠯᠳᠦᠬᠦᠯᠵᠥ᠂ ᠦᠪᠡᠷ ᠤᠨ ᠬᠠᠷᠢᠭᠤᠴᠠᠯᠭ᠎ᠠ ᠡᠬᠦᠷᠬᠡᠯᠡᠯ ᠢᠶᠠᠨ ᠰᠠᠶᠢᠳᠤᠷ ᠬᠦᠢᠴᠡᠳᠬᠡᠵᠥ᠂ ᠶᠡᠭᠡ ᠶᠠᠪᠤᠳᠠᠯ ᠢ ᠠᠮᠵᠢᠯᠳᠠ ᠲᠠᠢ ᠪᠡᠶᠡᠯᠡᠬᠦᠯᠤᠨ᠂ ᠪᠠᠭ᠎ᠠ ᠶᠠᠪᠤᠳᠠᠯ ᠢ ᠨᠠᠷᠢᠯᠢᠭ ᠬᠢᠵᠥ᠂ ᠬᠦᠴᠢᠷ ᠠᠰᠠᠭᠤᠳᠠᠯ ᠢ ᠯᠠᠪᠳᠠᠭᠤᠨ ᠪᠡᠶᠡᠯᠡᠬᠦᠯᠵᠥ᠂ ᠨᠠᠷᠢᠨ ᠵᠦᠢᠯᠡᠰ ᠢ ᠳᠤᠭᠤᠰᠢᠳᠠᠢ ᠪᠡᠶᠡᠯᠡᠬᠦᠯᠵᠥ᠂ ︽ᠭᠤᠷᠪᠠ ᠳᠤ ᠦᠢᠯᠡᠴᠢᠯᠡᠬᠦ︾ ᠴᠢᠨᠠᠷ ᠴᠢᠨᠰᠠᠭ᠎ᠠ ᠪᠤᠯᠤᠨ ᠳᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠡᠢ᠃ ᠪᠡᠶ᠎ᠡ ᠪᠠᠨ ᠵᠠᠰᠠᠵᠥ ᠦᠪᠡᠷ ᠢ ᠪᠠᠨ ᠵᠠᠰᠠᠬᠤ ᠰᠡᠳᠬᠢᠯ ᠢ ᠡᠪᠤᠷᠯᠡᠨ᠂ ᠴᠠᠬ ᠢᠮᠠᠬᠳᠠ ᠦᠪᠡᠷ ᠤᠨ ᠢᠶᠠᠨ ᠨᠢᠬᠡᠳᠦᠬᠡᠷ ᠭᠠᠷᠤᠯ ᠪᠤᠯ ᠡᠪ ᠬᠠᠮᠳᠤ ᠨᠠᠮ ᠤᠨ ᠬᠡᠰᠢᠬᠦᠨ᠂ ᠨᠢᠬᠡᠳᠦᠬᠡᠷ ᠳᠤᠰᠢᠶᠠᠯ ᠬᠠᠷᠢᠭᠤᠴᠠᠯᠭ᠎ᠠ ᠪᠤᠯ ᠨᠠᠮ ᠤᠨ ᠳᠦᠯᠦᠬᠡ ᠠᠵᠢᠯᠯᠠᠬᠤ ᠬᠡᠳᠡᠭ ᠢ ᠪᠠᠳᠤ ᠴᠡᠬᠡᠵᠢᠯᠡᠵᠥ᠂ ᠨᠠᠮᠴᠢ ᠴᠢᠨᠠᠷ ᠤᠨ ᠪᠤᠯᠪᠠᠰᠤᠷᠠᠯ ᠢᠶᠠᠨ ᠴᠢᠩᠭᠠᠳᠬᠠᠬᠤ ᠶᠢ ᠴᠢᠬᠤᠯᠠᠴᠢᠯᠠᠨ᠂ ᠦᠵᠡᠯ ᠰᠠᠨᠠᠭᠠᠨ ᠤ ᠳᠤᠭᠤᠰᠤ ᠪᠠᠨ ᠪᠠᠶᠢᠩᠭᠤ ᠴᠡᠪᠡᠷᠯᠡᠨ ᠪᠡᠶ᠎ᠡ ᠪᠠᠨ ᠰᠡᠷᠡᠮᠵᠢᠯᠡᠬᠦᠯᠬᠦ ᠰᠡᠷᠡᠮᠵᠢ ᠶᠢᠨ ᠬᠤᠩᠬᠤ ᠶᠢ ᠪᠠᠶᠢᠩᠭᠤ ᠬᠠᠩᠬᠢᠨᠠᠭᠤᠯᠵᠤ᠂ ᠦᠪᠡᠷ ᠢ ᠪᠠᠨ ᠴᠡᠪᠡᠷᠰᠢᠬᠦᠯᠬᠦ᠂ ᠦᠪᠡᠷ ᠢ ᠪᠠᠨ ᠳᠡᠬᠦᠯᠳᠡᠷᠵᠢᠬᠦᠯᠬᠦ᠂ ᠦᠪᠡᠷ ᠢ ᠪᠠᠨ ᠰᠢᠨᠡᠴᠢᠯᠡᠬᠦ᠂ ᠦᠪᠡᠷ ᠢ ᠪᠠᠨ ᠳᠡᠬᠡᠭᠰᠢᠯᠡᠬᠦᠯᠬᠦ ᠶᠢ ᠰᠤᠷᠬᠤ ᠶᠢᠨ ᠬᠠᠮᠳᠤ ᠳᠠᠳᠬᠠᠯ ᠪᠤᠯᠭᠠᠵᠤ᠂ ᠨᠠᠮ ᠤᠨ ᠬᠡᠰᠢᠬᠦᠨ ᠺᠠᠳ᠋ᠷ ᠤᠨ ᠰᠠᠶᠢᠨ ᠰᠠᠶᠢᠬᠠᠨ ᠳᠦᠷᠢ ᠳᠦᠷᠬᠦ ᠶᠢ ᠡᠬᠦᠷᠢᠳᠡ ᠪᠠᠳᠤᠯᠠᠬᠤ ᠬᠡᠷᠡᠭᠳᠡᠢ ᠬᠡᠪᠡ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠳᠠᠷᠤᠭ᠎ᠠ ᠵᠠᠩ ᠱᠤᠤ ᠴᠦᠨ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号