︵2019 ᠣᠨ ᠤ 8 ᠰᠠᠷ᠎ᠠ ᠶᠢᠨ 15 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠡ | ᠬᠤᠷᠠᠯ ᠠᠴᠠ ᠪᠠᠲᠤᠯᠠᠪᠠ︶ | | | ᠳᠤᠮᠳᠠᠳᠤ ᠤᠯᠤᠰ ᠤᠨ ᠡᠪ ᠬᠠᠮᠳᠦ ᠨᠠᠮ ᠤᠨ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠠ ᠬᠤᠷᠠᠯ ᠠᠴᠠ᠂ ᠶᠡᠷᠦᠩᠭᠡᠢ ᠱᠦᠵᠢ ᠰᠢ ᠶᠢᠨ | ᠫᠢᠩ ᠤᠨ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | ᠪᠠᠶᠢᠷᠢᠯᠠᠭᠤᠯᠤᠭᠠᠳ ᠲᠤᠤᠷᠠᠬᠢ ᠲᠤᠭᠳᠠᠭᠠᠯ ᠢ ᠭᠠᠷᠭᠠᠪᠠ᠃ | ᠨᠢᠭᠡ᠂ ᠤᠬᠠᠮᠰᠠᠷ ᠠᠴᠠ ᠪᠠᠨ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠳᠤ ᠰᠢᠨᠵᠢᠯᠡᠨ | ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠭᠡᠨ ᠦᠢᠯᠡ | ᠠᠵᠢᠯᠯᠠᠭ᠎ᠠ ᠪᠠᠨ ᠨᠢᠭᠡᠳᠭᠡᠬᠦ ᠭᠡᠷᠡᠭᠲᠡᠢ | 2019 ᠣᠨ ᠤ 7 ᠰᠠᠷ᠎ᠠ ᠶᠢᠨ 15 ᠠᠴᠠ 16 ᠤ ᠡᠳᠦᠷ ᠪᠤᠯᠳᠠᠯ᠎ᠠ᠂ ᠶᠡᠷᠦᠩᠭᠡᠢ ᠱᠦᠵᠢ ᠰᠢ ᠶᠢᠨ ᠫᠢᠩ | ᠮᠠᠨ ᠤ ᠤᠷᠤᠨ ᠳᠤ ᠪᠡᠶ᠎ᠡ ᠪᠠᠷ ᠢᠶᠠᠨ ᠢᠷᠡᠵᠤ ᠰᠢᠨᠵᠢᠯᠡᠨ ᠪᠠᠶᠢᠴᠠᠭᠠᠵᠦ ᠠᠵᠢᠯ ᠢ ᠵᠢᠭᠠᠨ ᠵᠢᠯᠤᠭᠤᠳᠬᠤ ᠶᠢᠨ ᠬᠠᠮᠲᠦ | ᠴᠢᠬᠤᠯᠠ ᠶᠠᠷᠢᠶ᠎ᠠ ᠲᠠᠯᠪᠢᠪᠠ᠂ ᠡᠨᠡ ᠨᠢ ᠮᠠᠨ ᠤ ᠤᠷᠤᠨ ᠤ ᠦᠭᠡᠷᠡᠴᠢᠯᠡᠯᠳᠠ ᠨᠡᠭᠡᠭᠡᠯᠳᠠ ᠪᠠ ᠤᠳᠤᠬᠢᠴᠢᠯᠠᠯᠳᠠ ᠶᠢᠨ | ᠪᠦᠳᠦᠭᠡᠨ ᠪᠠᠶᠢᠭᠤᠯᠤᠯᠳᠠ ᠶᠢᠨ ᠶᠠᠪᠤᠴᠠ ᠳᠤᠮᠳᠠ ᠬᠦᠰᠢᠶ᠎ᠡ ᠲᠤᠷᠠᠰᠬᠠᠯ ᠤᠨ ᠠᠴᠢ ᠬᠤᠯᠪᠤᠬᠲᠠᠯ ᠲᠠᠢ ᠶᠤᠮ᠃ | ︵ᠨᠢᠭᠡ︶ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠴᠢᠬᠤᠯᠠ ᠶᠡᠭᠡ ᠠᠴᠢ | ᠬᠤᠯᠪᠤᠬᠲᠠᠯ ᠢ ᠬᠦᠢᠴᠡᠳ ᠲᠠᠨᠢᠬᠤ ᠭᠡᠷᠡᠭᠲᠡᠢ᠃ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠦᠪᠡᠷᠲᠡᠭᠡᠨ ᠵᠠᠰᠠᠬᠤ ᠤᠷᠤᠨ ᠤ ᠡᠯ᠎ᠠ ᠲᠦᠷᠦᠯ ᠤᠨ | ᠦᠢᠯᠡᠰ ᠤᠨ ᠬᠦᠭᠵᠢᠯᠳᠠ ᠳᠤ ᠤᠯᠤᠬᠰᠠᠨ ᠰᠢᠨ᠎ᠠ ᠠᠮᠵᠢᠯᠳᠠ ᠪᠦᠳᠦᠮᠵᠢ ᠶᠢ ᠬᠦᠢᠴᠡᠳ ᠨᠤᠳᠠᠯᠠᠵᠦ᠂ ᠰᠢᠨ᠎ᠠ ᠴᠠᠭ | ᠦᠶ᠎ᠠ ᠶᠢᠨ ᠥᠪᠦᠷ ᠮᠤᠩᠭᠤᠯ ᠤᠨ ᠦᠭᠡᠷᠡᠴᠢᠯᠡᠯᠳᠠ ᠬᠦᠭᠵᠢᠯᠳᠠ ᠲᠤᠭᠳᠠᠭᠤᠨ ᠤ ᠪᠦᠬᠦ ᠲᠠᠯ᠎ᠠ ᠶᠢᠨ ᠴᠢᠨᠠᠷᠳᠠᠢ᠂ | ᠰᠠᠭᠤᠷᠢ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠯᠢ ᠤᠯᠠᠨ ᠠᠰᠠᠭᠤᠳᠠᠯ ᠢ ᠬᠦᠨᠵᠡᠭᠡᠢ | ᠳᠤᠳᠤᠷᠬᠠᠢᠢᠯᠠᠨ ᠦᠬᠦᠯᠡᠵᠠᠢ᠂ ᠡᠨᠡ ᠪᠤᠯ ᠮᠠᠨ ᠤ ᠤᠷᠤᠨ ᠤ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠳᠤ | ᠲᠤᠬᠢᠷᠠᠭᠤᠯᠵᠤ ᠲᠦᠯᠦᠪᠯᠡᠨ ᠲᠤᠭᠳᠠᠭᠠᠵᠦ ᠦᠭᠬᠦᠭᠰᠡᠨ ᠠᠵᠢᠯᠯᠠᠭᠠᠨ ᠤ ᠬᠦᠳᠦᠯᠪᠦᠷᠢ ᠮᠦᠨ᠂ ᠦᠵᠡᠰᠬᠦᠯᠡᠩᠳᠦ | ᠰᠠᠶᠢᠬᠠᠨ ᠥᠪᠦᠷ ᠮᠤᠩᠭᠤᠯ ᠢᠶᠠᠨ ᠪᠦᠳᠦᠭᠡᠨ ᠪᠠᠶᠢᠭᠤᠯᠵᠦ ᠠᠭᠤᠤ ᠶᠡᠭᠡ ᠳᠤᠮᠳᠠᠳᠤ ᠶᠢᠨ ᠵᠡᠬᠦᠳᠦ ᠪᠠᠨ ᠬᠠᠮᠳᠤ ᠪᠠᠷ | ᠳᠡᠷᠭᠡᠯᠰᠢᠬᠦᠯᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨᠴᠢ ᠠᠵᠢᠯᠯᠠᠭᠠᠨ ᠤ | ᠵᠦᠭᠯᠡᠬᠦᠷ ᠮᠦᠨ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ | ᠨᠠᠮ ᠤᠨ ᠭᠡᠰᠢᠬᠦᠨ ᠺᠠᠳ᠋ᠷ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠳᠡᠬᠡᠯ︾ ᠢᠶᠠᠨ | ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠬᠤᠯᠠ ᠶᠠᠷᠢᠶᠠᠨ ᠤ ᠦᠵᠡᠯ ᠰᠠᠨᠠᠭᠠᠨ ᠤ | ᠲᠤᠲᠤᠭᠠᠲᠦ ᠠᠭᠤᠯᠤᠬᠳᠠᠬᠤᠨ᠂ ᠭᠤᠤᠯ ᠤᠳᠬ᠎ᠠ ᠰᠠᠨᠠᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠨᠢ ᠭᠦᠨᠵᠡᠭᠡᠶ | ᠣᠶᠢᠯᠠᠭᠠᠨ ᠡᠵᠡᠮᠰᠢᠵᠦ᠂ ᠳᠡᠭᠡᠳᠦ ᠭᠡᠮᠵᠢᠶᠠᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠦ᠂ | ᠡᠭᠡ ᠤᠯᠤᠰ ᠤᠨ ᠤᠮᠠᠷᠠᠳᠦ ᠬᠢᠯᠢ ᠶᠢᠨ ᠡᠨᠡ ᠬᠦ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠦ ᠰᠠᠶᠢᠬᠠᠨ | ᠪᠤᠯᠭᠠᠨ ᠴᠤᠭᠴᠠᠯᠠᠬᠤ ᠪᠠᠷ ᠴᠢᠷᠮᠠᠶᠢᠬᠤ ᠭᠡᠷᠡᠭᠲᠡᠢ᠃ | ︵ᠬᠤᠶᠠᠷ︶ ᠤᠷᠳᠤ ᠬᠤᠭᠤᠴᠠᠭᠠᠨ ᠤ ᠶᠡᠭᠡ ᠬᠠᠨᠳᠤᠰᠢ ᠠᠴᠠ ᠤᠳᠤᠬᠠᠨ ᠤ ᠪᠠᠶᠢᠳᠠᠯ ᠢ ᠲᠠᠨᠢᠬᠤ ᠭᠡᠷᠡᠭᠲᠡᠢ᠃ | ᠶᠡᠷᠦᠩᠭᠡᠢ ᠱᠦᠵᠢ ᠰᠢ ᠶᠢᠨ ᠫᠢᠩ ᠶᠠᠷᠢᠶᠠᠨ ᠳᠤ ᠪᠠᠨ ᠮᠠᠨ ᠤ ᠤᠯᠤᠰ ᠤᠨ ᠬᠦᠭᠵᠢᠯᠳᠠ ᠶᠢᠨ ᠭᠠᠳᠠᠭᠠᠳᠦ ᠤᠷᠴᠢᠨ | ᠤ ᠬᠦᠨᠵᠡᠭᠡᠢ ᠬᠤᠪᠢᠷᠠᠯᠳᠠ ᠪᠠ ᠠᠵᠤ ᠠᠬᠤᠢ ᠴᠢᠨᠠᠷ ᠰᠠᠶᠢᠳᠠᠢ ᠬᠦᠭᠵᠢᠯᠳᠠ ᠶᠢᠨ ᠱᠠᠳᠤᠨ ᠳᠤ ᠰᠢᠯᠵᠢᠬᠦ ᠶᠢᠨ ᠬᠦᠨ | ᠨᠦᠯᠦᠭᠡ ᠶᠢ ᠬᠦᠨᠵᠡᠭᠡᠢ ᠳᠤᠳᠤᠷᠬᠠᠢᠢᠯᠠᠨ ᠦᠬᠦᠯᠡᠵᠦ᠂ ᠥᠪᠦᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠠ ᠶᠢ | ᠠᠬᠢᠭᠤᠯᠬᠤ ᠪᠠᠶᠢᠳᠠᠯ᠂ ᠡᠬᠦᠷᠭᠡ ᠪᠠ ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠳᠤᠳᠤᠷᠬᠠᠢᠢᠯᠠᠪᠠ᠃ ᠤᠳᠤᠬᠠᠨ ᠤ | ᠮᠠᠨ ᠤ ᠤᠷᠤᠨ ᠤ ᠠᠵᠤ ᠠᠬᠤᠢ ᠶᠢᠨ ᠬᠦᠭᠵᠢᠯᠳᠠ ᠳᠤ ᠲᠤᠯᠭᠠᠷᠠᠵᠦ ᠪᠠᠶᠢᠭ᠎ᠠ ᠵᠦᠷᠢᠴᠡᠯ ᠪᠠ ᠬᠦᠴᠢᠷᠳᠡᠯ ᠨᠢ | ᠦᠩᠭᠡᠨ ᠲᠠᠯ᠎ᠠ ᠠᠴᠠ ᠦᠵᠡᠬᠦ ᠳᠤ ᠬᠤᠷᠳᠤᠴᠠ ᠶᠢᠨ ᠠᠰᠠᠭᠤᠳᠠᠯ ᠪᠤᠯᠪᠠᠴᠦ ᠬᠦᠨ ᠳᠠᠪᠬᠤᠷᠭ᠎ᠠ ᠠᠴᠠ ᠦᠵᠡᠪᠡᠯ | ᠪᠦᠳᠦᠴᠡ ᠶᠢᠨ ᠠᠰᠠᠭᠤᠳᠠᠯ᠂ ᠶᠠᠰᠦ ᠴᠢᠨᠠᠷ ᠤᠨ ᠠᠰᠠᠭᠤᠳᠠᠯ ᠮᠦᠨ ᠭᠡᠳᠡᠭ ᠢ ᠬᠦᠨᠵᠡᠭᠡᠢ ᠲᠠᠨᠢᠬᠤ ᠭᠡᠷᠡᠭᠲᠡᠢ᠃ | ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠠᠵᠤ | ᠠᠬᠤᠢ ᠶᠢᠨ ᠬᠦᠢᠴᠡᠳᠭᠡᠯ ᠲᠤᠭ᠎ᠠ ᠶᠢᠨ ᠤᠬᠤᠷ ᠬᠤᠭᠤᠴᠠᠭᠠᠨ ᠤ ᠬᠤᠪᠢᠷᠠᠯᠳᠠ ᠶᠢ ᠠᠩᠬᠠᠷᠴᠦ᠂ ᠠᠵᠢᠯ | ᠤᠯᠭᠤᠯᠳᠠ ᠶᠢ ᠲᠤᠭᠳᠠᠪᠤᠷᠢᠵᠢᠭᠤᠯᠬᠤ᠂ ᠮᠦᠩᠬᠦᠨ ᠬᠦᠢᠯᠭᠡᠭᠡᠨ ᠢ ᠲᠤᠭᠳᠠᠪᠤᠷᠢᠵᠢᠭᠤᠯᠬᠤ᠂ ᠭᠠᠳᠠᠭᠠᠳᠦ | ᠠᠷᠠᠯᠵᠢᠶ᠎ᠠ ᠶᠢ ᠲᠤᠭᠳᠠᠪᠤᠷᠢᠵᠢᠭᠤᠯᠬᠤ᠂ ᠭᠠᠳᠠᠭᠠᠳᠦ ᠶᠢᠨ ᠪᠡᠯᠡ ᠶᠢ ᠲᠤᠭᠳᠠᠪᠤᠷᠢᠵᠢᠭᠤᠯᠬᠤ᠂ ᠪᠡᠯᠡ | ᠤᠷᠤᠭᠤᠯᠤᠯᠳᠠ ᠶᠢ ᠲᠤᠭᠳᠠᠪᠤᠷᠢᠵᠢᠭᠤᠯᠬᠤ᠂ ᠵᠢᠱᠢᠯᠳᠠ ᠶᠢ ᠲᠤᠭᠳᠠᠪᠤᠷᠢᠵᠢᠭᠤᠯᠬᠤ ᠡᠯ᠎ᠠ ᠲᠦᠷᠦᠯ ᠤᠨ ᠠᠵᠢᠯ ᠢ | ᠨᠢᠭᠡᠳᠦᠯᠳᠠᠢ ᠲᠦᠯᠦᠪᠵᠢᠬᠦᠯᠦᠨ ᠰᠠᠶᠢᠳᠤᠷ ᠬᠢᠬᠦ ᠪᠠᠷ ᠪᠠᠷᠠᠬᠤ ᠦᠭᠡᠢ᠂ ᠨᠡᠩ ᠴᠦ ᠤᠷᠳᠤ ᠬᠤᠭᠤᠴᠠᠭᠠᠨ ᠤ ᠶᠡᠭᠡ | ᠬᠠᠨᠳᠤᠰᠢ ᠠᠴᠠ ᠤᠳᠤᠬᠠᠨ ᠤ ᠪᠠᠶᠢᠳᠠᠯ ᠢ ᠲᠠᠨᠢᠵᠦ᠂ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ | ᠰᠠᠭᠤᠷᠢ ᠲᠠᠯᠪᠢᠬᠤ᠂ ᠤᠷᠳᠤ ᠤᠳᠠᠭᠠᠨ ᠳᠤ ᠠᠰᠢᠬᠳᠠᠢ ᠠᠵᠢᠯ ᠳᠡᠭᠡᠷ᠎ᠠ ᠲᠠᠯᠪᠢᠵᠦ᠂ ᠬᠦᠭᠵᠢᠯᠳᠠ ᠶᠢᠨ ᠠᠷᠭ᠎ᠠ | ᠭᠡᠯᠪᠡᠷᠢ ᠶᠢ ᠬᠦᠴᠦᠯᠡᠨ ᠬᠤᠪᠢᠷᠠᠭᠤᠯᠵᠦ᠂ ᠠᠵᠤ ᠠᠬᠤᠢ ᠶᠢᠨ ᠪᠦᠳᠦᠴᠡ ᠶᠢ ᠬᠦᠴᠦᠯᠡᠨ ᠲᠤᠬᠢᠷᠠᠭᠤᠯᠵᠦ᠂ | ᠬᠦᠭᠵᠢᠯᠳᠠ ᠶᠢᠨ ᠬᠦᠳᠡᠯᠭᠡᠬᠦ ᠡᠨᠧᠷᠬᠢ ᠶᠢ ᠬᠦᠴᠦᠯᠡᠨ ᠰᠤᠯᠢᠵᠦ᠂ ᠠᠵᠤ ᠠᠬᠤᠢ ᠶᠢᠨ ᠬᠦᠭᠵᠢᠯᠳᠠ ᠶᠢᠨ ᠶᠠᠰᠦ | ᠴᠢᠨᠠᠷ ᠤᠨ ᠬᠤᠪᠢᠰᠤᠯᠳᠠ᠂ ᠦᠷ᠎ᠠ ᠠᠰᠢᠬ ᠤᠨ ᠬᠤᠪᠢᠰᠤᠯᠳᠠ᠂ ᠬᠦᠳᠡᠯᠭᠡᠬᠦ ᠬᠦᠴᠦᠨ ᠤ ᠬᠤᠪᠢᠰᠤᠯᠳᠠ ᠶᠢ | ᠠᠬᠢᠭᠤᠯᠬᠤ ᠭᠡᠷᠡᠭᠲᠡᠢ᠃ | ︵ᠭᠤᠷᠪᠠ︶ ᠥᠪᠦᠷ ᠮᠤᠩᠭᠤᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠬᠦᠨᠵᠡᠭᠡᠢ | ᠲᠠᠨᠢᠵᠦ ᠪᠦᠬᠦ ᠲᠠᠯ᠎ᠠ ᠪᠠᠷ ᠡᠵᠡᠮᠳᠡᠬᠦ ᠭᠡᠷᠡᠭᠲᠡᠢ᠃ ᠶᠡᠷᠦᠩᠭᠡᠢ ᠱᠦᠵᠢ ᠰᠢ ᠶᠢᠨ ᠫᠢᠩ᠂ ᠦᠪᠤᠷ ᠮᠤᠩᠭᠤᠯ ᠡᠭᠡ | ᠤᠯᠤᠰ ᠤᠨ ᠤᠮᠠᠷᠠᠳᠤ ᠬᠢᠯᠢ ᠳᠤ ᠪᠠᠶᠢᠷᠢᠯᠠᠵᠤ᠂ ᠪᠠᠶᠢᠭᠠᠯᠢ ᠶᠢᠨ ᠪᠠ ᠠᠮᠢ ᠠᠬᠤᠢ ᠶᠢᠨ ᠡᠬᠢ ᠪᠠᠶᠠᠯᠢᠭ ᠢᠶᠠᠷ ᠮᠠᠰᠢ | ᠡᠯᠪᠡᠭ᠂ ᠦᠨᠳᠤᠰᠤᠳᠠᠨ ᠤ ᠰᠤᠶᠤᠯ ᠦᠡᠭᠭᠡ ᠢᠯᠭᠠᠷᠠᠨ ᠰᠤᠯᠤᠩᠭᠠᠷᠠᠵᠤ᠂ ᠬᠦᠭᠵᠢᠯᠳᠠ ᠶᠢᠨ ᠲᠠᠯᠳᠠ ᠬᠦᠴᠤᠨ ᠢᠶᠠᠷ | ᠯᠤᠳᠤ ᠶᠡᠭᠡ ᠪᠠᠶᠢᠵᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠪᠠᠷ ᠮᠠᠰᠢ ᠴᠢᠬᠤᠯᠡ ᠶᠤᠮ᠃ ᠥᠪᠦᠷ | ᠮᠤᠩᠭᠤᠯ ᠪᠤᠯ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ | ᠡᠭᠡ ᠤᠯᠤᠰ ᠤᠨ ᠤᠮᠠᠷᠠᠳᠦ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ᠂ ᠮᠠᠨ ᠤ ᠤᠯᠤᠰ ᠤᠨ ᠮᠠᠯ | ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠤᠷᠢᠯᠡᠯ ᠤᠨ ᠴᠢᠬᠤᠯᠠ ᠰᠠᠭᠤᠷᠢᠨ ᠪᠠ ᠠᠮᠤ | ᠪᠤᠳᠠᠭᠠᠨ ᠤ ᠭᠤᠤᠯ ᠭᠠᠷᠤᠯᠳᠠ ᠶᠢᠨ ᠤᠷᠤᠨ᠂ ᠮᠠᠨ ᠤ ᠤᠯᠤᠰ ᠤᠨ ᠴᠢᠬᠤᠯᠠ ᠡᠨᠧᠷᠬᠢ ᠪᠠ ᠪᠠᠶᠢᠯᠳᠤᠬᠤ | ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠳᠠ ᠬᠢᠬᠦ ᠴᠢᠬᠤᠯᠠ | ᠪᠠᠬᠢᠯᠡᠯᠳᠠ᠂ ᠮᠠᠨ ᠤ ᠤᠯᠤᠰ ᠤᠨ ᠦᠨᠳᠤᠰᠤᠳᠠᠨ ᠤ ᠤᠷᠤᠨ ᠤ ᠦᠪᠡᠷᠳᠡᠭᠡᠨ ᠵᠠᠰᠬᠠᠤ ᠪᠠᠶᠢᠭᠤᠯᠤᠯ ᠤᠨ | ᠡᠬᠦᠰᠦᠯᠳᠠ ᠶᠢᠨ ᠭᠠᠵᠠᠷ᠂ ᠵᠢᠱᠢᠶᠠᠴᠢ ᠦᠪᠡᠷᠳᠡᠭᠡᠨ ᠵᠠᠰᠠᠬᠤ ᠤᠷᠤᠨ ᠪᠠᠶᠢᠵᠤ᠂ ᠨᠠᠮ ᠪᠠ ᠤᠯᠤᠰ ᠤᠨ ᠠᠵᠢᠯ | ᠦᠢᠯᠡᠰ ᠤᠨ ᠬᠦᠭᠵᠢᠯᠳᠠ ᠶᠢᠨ ᠪᠦᠬᠦ ᠲᠠᠯ᠎ᠠ ᠳᠤ ᠴᠢᠬᠤᠯᠠ ᠪᠠᠶᠢᠷᠢ ᠰᠠᠭᠤᠷᠢ ᠲᠠᠢ ᠪᠠᠶᠢᠳᠠᠭ ᠢ ᠬᠦᠨᠵᠡᠭᠡᠢ ᠲᠠᠨᠢᠬᠤ | ᠭᠡᠷᠡᠭᠲᠡᠢ ᠭᠡᠵᠦ ᠵᠢᠭᠠᠵᠦ ᠭᠠᠷᠭᠠᠪᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠤᠬᠠᠮᠰᠠᠷ ᠠᠴᠠ ᠪᠠᠨ | ᠪᠦᠬᠦ ᠤᠯᠤᠰ ᠤᠨ ᠬᠦᠭᠵᠢᠯᠳᠠ ᠶᠢᠨ ᠶᠡᠭᠡ ᠲᠠᠯ᠎ᠠ ᠳᠡᠭᠡᠷ᠎ᠠ ᠵᠤᠬᠰᠤᠨ ᠠᠵᠢᠯ ᠢᠶᠠᠨ ᠲᠦᠯᠦᠪᠵᠢᠬᠦᠯᠦᠨ ᠠᠬᠢᠭᠤᠯᠵᠦ᠂ | ᠥᠪᠦᠷ ᠮᠤᠩᠭᠤᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠶᠡᠷᠦᠩᠭᠡᠢ ᠱᠦᠵᠢ ᠰᠢ ᠶᠢᠨ ᠫᠢᠩ | ᠪᠤᠯᠤᠨ ᠨᠠᠮ ᠤᠨ ᠲᠦᠪ ᠬᠤᠷᠢᠶ᠎ᠠ ᠶᠢ ᠰᠡᠳᠬᠢᠯ ᠠᠮᠤᠷ ᠪᠠᠶᠢᠯᠭᠠᠵᠤ᠂ ᠪᠦᠬᠦ ᠤᠷᠤᠨ ᠤ ᠦᠨᠳᠦᠰᠦᠳᠡᠨ ᠨᠦᠭᠦᠳ ᠤᠨ | ᠠᠷᠠᠳ ᠲᠦᠮᠡᠨ ᠢ ᠰᠡᠳᠬᠢᠯ ᠬᠠᠨᠤᠮᠵᠢᠳᠠᠢ ᠪᠠᠶᠢᠯᠭᠠᠬᠤ ᠭᠡᠷᠡᠭᠲᠡᠢ᠃ | ︵ᠲᠦᠷᠪᠡ︶ ᠥᠪᠦᠷ ᠮᠤᠩᠭᠤᠯ ᠤᠨ ᠦᠭᠡᠷᠡᠴᠢᠯᠡᠯᠳᠠ ᠬᠦᠭᠵᠢᠯᠳᠠ ᠶᠢᠨ ᠴᠢᠬᠤᠯᠠ ᠶᠡᠭᠡ ᠠᠵᠠ ᠲᠤᠬᠢᠶᠠᠯ ᠢ | ᠪᠠᠳᠤ ᠡᠵᠡᠮᠳᠡᠬᠦ ᠭᠡᠷᠡᠭᠲᠡᠢ᠃ ᠶᠡᠷᠦᠩᠭᠡᠢ ᠱᠦᠵᠢ ᠰᠢ ᠶᠢᠨ ᠫᠢᠩ ᠶᠠᠷᠢᠶᠠᠨ ᠳᠠᠭᠠᠨ ᠰᠢᠨ᠎ᠠ ᠴᠠᠭ ᠦᠶ᠎ᠠ ᠶᠢᠨ ᠥᠪᠦᠷ | ᠮᠤᠩᠭᠤᠯ ᠤᠨ ᠨᠡᠭᠡᠭᠡᠨ ᠬᠦᠭᠵᠢᠬᠦᠯᠵᠤ ᠨᠡᠭᠡᠭᠡᠯᠳᠠ ᠬᠢᠬᠦ ᠶᠢᠨ ᠰᠢᠨ᠎ᠠ ᠠᠵᠠ ᠲᠤᠬᠢᠶᠠᠯ ᠢ ᠬᠦᠨᠵᠡᠭᠡᠢ | ᠳᠤᠳᠤᠷᠬᠠᠢᠢᠯᠠᠵᠠᠢ᠃ ᠴᠢᠨᠠᠷ ᠰᠠᠶᠢᠳᠠᠢ ᠬᠦᠭᠵᠢᠯᠳᠠ ᠶᠢᠨ ᠱᠠᠳᠤᠨ ᠳᠤ ᠰᠢᠯᠵᠢᠬᠦ ᠳᠤ᠂ ᠦᠪᠦᠷ ᠮᠤᠩᠭᠤᠯ ᠤᠨ | ᠭᠦᠭᠵᠢᠯᠳᠠ ᠮᠦᠨ ᠬᠦ ᠶᠡᠭᠡ ᠠᠮᠵᠢᠯᠳᠠ ᠪᠦᠳᠦᠮᠵᠢ ᠭᠠᠷᠭᠠᠵᠤ ᠪᠤᠯᠬᠤ ᠴᠢᠬᠤᠯᠠ ᠠᠵᠨ ᠲᠤᠬᠢᠶᠠᠯᠳᠣ ᠬᠤᠭᠤᠴᠠᠭ᠎ᠠ | ᠳᠤ ᠤᠷᠤᠰᠢᠵᠣ ᠪᠠᠶᠢᠨ᠎ᠠ ᠭᠡᠳᠡᠭ ᠢ ᠬᠦᠨᠵᠡᠭᠡᠢ ᠲᠠᠨᠢᠵᠦ ᠤᠯᠬᠤ ᠭᠡᠷᠡᠭᠲᠡᠢ᠃ ᠡᠷᠭᠡᠪᠰᠢ ᠨᠠᠮ ᠤᠨ ᠲᠦᠪ | ᠬᠤᠷᠢᠶ᠎ᠠ ᠠᠴᠠ ᠰᠢᠨ᠎ᠠ ᠨᠢᠭᠡ ᠡᠭᠡᠯᠵᠢ ᠶᠢᠨ ᠵᠡᠬᠦᠨ ᠬᠤᠶᠢᠳᠦ ᠤᠷᠤᠨ ᠢ ᠬᠦᠭᠵᠢᠬᠦᠯᠦᠨ ᠮᠠᠨᠳᠤᠭᠤᠯᠬᠤ ᠶᠢ | ᠠᠬᠢᠭᠤᠯᠵᠣ ᠪᠠᠶᠢᠭ᠎ᠠ᠂ ᠪᠠᠷᠠᠭᠤᠨ ᠤᠷᠤᠨ ᠢ ᠶᠡᠭᠡ ᠪᠠᠷ ᠨᠡᠭᠡᠭᠡᠨ ᠭᠦᠭᠵᠢᠬᠦᠯᠵᠦ ᠪᠠᠶᠢᠭ᠎ᠠ᠂ ᠪᠡᠭᠡᠵᠢᠩ ᠲᠢᠶᠠᠨᠵᠢᠨ | ᠾᠧᠪᠸᠢ ᠶᠢ ᠵᠤᠬᠢᠴᠠᠭᠤᠯᠤᠨ ᠭᠦᠭᠵᠢᠬᠦᠯᠵᠦ ᠪᠠᠶᠢᠭ᠎ᠠ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ | ᠪᠠᠶᠢᠭᠤᠯᠵᠣ ᠪᠠᠶᠢᠭ᠎ᠠ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠴᠢᠩᠭ᠎ᠠ ᠡᠵᠡᠮᠳᠡᠵᠦ᠂ | ᠨᠠᠮ ᠤᠨ ᠲᠦᠪ ᠬᠤᠷᠢᠶ᠎ᠠ ᠠᠴᠠ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ᠂ ᠦᠨᠳᠦᠰᠦᠳᠡᠨ ᠤ ᠭᠠᠵᠠᠷ | ᠤᠷᠤᠨ᠂ ᠬᠢᠯᠢ ᠬᠢᠵᠠᠭᠠᠷ ᠤᠷᠤᠨ᠂ ᠶᠠᠳᠠᠭᠤ ᠬᠦᠴᠢᠷᠳᠡᠯᠳᠠᠢ ᠭᠠᠵᠠᠷ ᠤᠷᠤᠨ ᠤ ᠬᠦᠭᠵᠢᠯᠳᠠ ᠶᠢ ᠲᠦᠷᠭᠡᠳᠭᠡᠬᠦ ᠶᠢ | ᠳᠡᠮᠵᠢᠵᠦ ᠪᠠᠶᠢᠭ᠎ᠠ ᠵᠡᠷᠭᠡ ᠴᠢᠬᠤᠯᠠ ᠶᠡᠭᠡ ᠲᠡᠦᠭᠡᠳᠦ ᠠᠵᠠ ᠲᠤᠬᠢᠶᠠᠯ ᠢ ᠪᠠᠳᠤ ᠡᠵᠡᠮᠳᠡᠵᠦ᠂ ᠨᠠᠮ ᠤᠨ ᠲᠦᠪ | ᠬᠤᠷᠢᠶ᠎ᠠ ᠠᠴᠠ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠤᠷᠤᠨ ᠤ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ | ᠬᠦᠭᠵᠢᠬᠦᠯᠬᠦ ᠶᠢ ᠳᠡᠮᠵᠢᠵᠦ ᠪᠠᠶᠢᠭ᠎ᠠ᠂ ᠪᠠᠷᠠᠭᠤᠨ ᠤᠷᠤᠨ ᠤ ᠨᠡᠬᠡᠬᠡᠯᠳᠡ ᠶᠢ ᠦᠷᠭᠡᠳᠭᠡᠵᠦ ᠪᠠᠶᠢᠭ᠎ᠠ᠂ ᠬᠢᠯᠢ ᠬᠢᠵᠠᠭᠠᠷ | ᠤᠷᠤᠨ ᠤ ᠬᠦᠭᠵᠢᠯᠳᠠ ᠶᠢ ᠲᠦᠷᠭᠡᠳᠭᠡᠵᠦ ᠪᠠᠶᠢᠭ᠎ᠠ ᠵᠡᠷᠭᠡ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠵᠠ | ᠲᠤᠬᠢᠶᠠᠯ ᠢ ᠪᠠᠳᠤ ᠡᠵᠡᠮᠳᠡᠵᠦ᠂ ᠬᠠᠷᠢᠴᠠᠭᠤᠯᠤᠭᠰᠠᠨ ᠲᠠᠪᠠᠭᠤᠯᠢᠭ ᠢᠶᠠᠨ ᠪᠠᠳᠠᠷᠠᠭᠤᠯᠤᠨ᠂ ᠬᠦᠭᠵᠢᠯᠳᠠ ᠶᠢᠨ ᠤᠷᠤᠨ | ᠵᠠᠢ ᠪᠠᠨ ᠦᠷᠭᠡᠳᠭᠡᠵᠦ᠂ ᠳᠠᠯᠳᠠ ᠬᠦᠴᠦᠨ ᠬᠦᠳᠡᠯᠭᠡᠬᠦ ᠡᠨᠧᠷᠬᠢ ᠶᠢ ᠬᠦᠭᠵᠢᠭᠡᠨ᠂ ᠶᠡᠷᠦᠩᠭᠡᠢ ᠱᠦᠵᠢ ᠰᠢ ᠶᠢᠨ | ᠫᠢᠩ ᠪᠤᠯᠤᠨ ᠨᠠᠮ ᠤᠨ ᠲᠦᠪ ᠬᠤᠷᠢᠶᠠᠨ ᠤ ᠥᠪᠦᠷ ᠮᠤᠩᠭᠤᠯ ᠳᠠᠬᠢ ᠬᠠᠶᠢᠷ᠎ᠠ ᠬᠠᠯᠠᠮᠵᠢ ᠶᠢ ᠦᠪ ᠦᠨᠡᠨ ᠬᠦ ᠴᠢᠨᠠᠷ | ᠰᠠᠶᠢᠳᠠᠢ ᠬᠦᠭᠵᠢᠯᠳᠠ ᠶᠢ ᠠᠬᠢᠭᠤᠯᠬᠤ ᠰᠢᠷᠬᠢᠰᠢ ᠦᠭᠡᠢ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠦ᠂ ᠶᠡᠷᠦᠩᠭᠡᠢ | ᠱᠦᠵᠢ ᠰᠢ ᠶᠢᠨ ᠫᠢᠩ ᠤᠨ ᠥᠪᠦᠷ ᠮᠤᠩᠭᠤᠯ ᠳᠤ ᠵᠢᠷᠤᠬᠯᠠᠵᠦ ᠦᠭᠬᠦᠭᠰᠡᠨ ᠠᠤᠭ᠎ᠠ ᠵᠢᠷᠤᠭ ᠲᠦᠯᠦᠪᠯᠡᠭᠡ ᠶᠢ | ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠵᠤ᠂ ᠰᠢᠨ᠎ᠠ ᠴᠠᠭ ᠦᠶ᠎ᠠ ᠶᠢᠨ ᠥᠪᠦᠷ ᠮᠤᠩᠭᠤᠯ ᠤᠨ | ᠦᠭᠡᠷᠡᠴᠢᠯᠡᠯᠳᠠ ᠨᠡᠭᠡᠭᠡᠯᠳᠠ ᠪᠠ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠰᠢᠨ᠎ᠠ ᠪᠠᠶᠢᠳᠠᠯ ᠢ | ᠴᠢᠷᠮᠠᠶᠢᠨ ᠡᠬᠦᠳᠬᠦ ᠭᠡᠷᠡᠭᠲᠡᠢ᠃ | ᠬᠤᠶᠠᠷ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠯᠠᠪᠳᠠᠭᠤᠨ ᠪᠠᠳᠤᠳᠠᠢ ᠠᠬᠢᠭᠤᠯᠤᠨ᠎ᠠ | ︽ᠪᠠᠬᠢᠵᠢᠬᠦᠯᠬᠦ᠂ ᠴᠢᠩᠭᠠᠷᠠᠭᠤᠯᠬᠤ᠂ ᠲᠡᠭᠡᠭᠰᠢᠯᠡᠬᠦᠯᠬᠦ᠂ ᠰᠢᠯᠤᠭᠤᠳᠬᠠᠬᠤ︾ ᠴᠢᠭᠯᠡᠯᠲᠡ ᠶᠢ ᠨᠠᠷᠢᠨ | ᠬᠢᠨᠠᠮᠠᠭᠠᠢ ᠲᠤᠭᠤᠰᠢᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠬᠡᠷᠡᠴᠢᠯᠠᠯᠳᠠ ᠶᠢ | ᠲᠤᠳᠠᠭᠤᠳᠠᠯ ᠢᠶᠠᠨ ᠨᠦᠬᠦᠪᠤᠷᠢᠯᠡᠬᠦ ᠲᠡᠭᠡᠷ᠎ᠠ ᠲᠦᠪᠯᠡᠷᠡᠬᠦᠯᠵᠤ᠂ ᠠᠵᠤ ᠠᠬᠤᠢ ᠶᠢᠨ ᠪᠦᠳᠤᠴᠠ ᠳᠤ ᠲᠤᠬᠢᠷᠠᠭᠤᠯᠤᠯᠳᠠ | ᠬᠢᠬᠦ᠂ ᠬᠦᠭᠵᠢᠯᠳᠠ ᠶᠢᠨ ᠬᠦᠳᠡᠯᠬᠡᠬᠦ ᠡᠨᠧᠷᠬᠢ ᠶᠢ ᠬᠤᠪᠢᠷᠠᠭᠤᠯᠬᠤ᠂ ᠶᠠᠰᠤ ᠴᠢᠨᠠᠷ ᠦᠷ᠎ᠠ ᠠᠰᠢᠬ ᠢ ᠲᠡᠭᠡᠭᠰᠢᠯᠡᠬᠦᠯᠬᠦ | ᠶᠢ ᠠᠬᠢᠭᠤᠯᠵᠤ᠂ ᠤᠳᠤᠬᠢᠴᠢᠯᠠᠬᠰᠠᠨ ᠠᠵᠤ ᠠᠬᠤᠢ ᠶᠢᠨ ᠰᠢᠰᠲ᠋ᠧᠮ ᠢ ᠪᠦᠳᠤᠬᠡᠨ ᠪᠠᠶᠢᠭᠤᠯᠤᠨ᠎ᠠ᠃ | ︵ᠲᠠᠪᠤ︶ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠦᠨᠳᠤᠷ ᠦᠷ᠎ᠠ ᠠᠰᠢᠬᠳᠠᠢ ᠬᠡᠯᠪᠡᠷᠢ | ᠲᠡᠶᠢᠰᠢ ᠬᠤᠪᠢᠷᠠᠬᠤ ᠶᠢ ᠠᠬᠢᠭᠤᠯᠤᠨ᠎ᠠ᠃ ᠮᠠᠯ ᠠᠵᠤ ᠠᠬᠤᠢ ᠲᠠᠷᠢᠶᠠᠯᠠᠩ ᠤᠨ ᠤᠷᠤᠨ ᠪᠦᠰᠠ ᠶᠢᠨ ᠪᠠᠶᠢᠷᠢᠰᠢᠯ ᠢ | ᠰᠢᠯᠢᠳᠡᠭᠵᠢᠬᠦᠯᠵᠤ᠂ ᠲᠠᠷᠢᠮᠠᠯ ᠤᠨ ᠤᠢᠢᠯᠡᠰ ᠤᠨ ᠲᠠᠪᠠᠭᠤᠯᠢᠬᠳᠦ ᠠᠵᠤ ᠤᠢᠢᠯᠡᠰ ᠤᠨ ᠪᠦᠰᠡ ︵ᠤᠷᠤᠨ︶ ᠪᠤᠯᠤᠨ | ᠮᠠᠯ ᠠᠵᠤ ᠠᠬᠤᠢ ᠶᠢᠨ ᠲᠡᠵᠢᠬᠡᠪᠤᠷᠢ ᠶᠢᠨ ᠤᠷᠤᠨ᠂ ᠲᠠᠪᠠᠭᠤᠯᠢᠬᠳᠦ ᠤᠷᠤᠨ ᠤ ᠪᠦᠳᠤᠬᠡᠨ ᠪᠠᠶᠢᠭᠤᠯᠤᠯᠳᠠ ᠶᠢ | ᠠᠬᠢᠭᠤᠯᠤᠨ᠎ᠠ᠃ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠢ ᠬᠦᠭᠵᠢᠬᠦᠯᠵᠤ᠂ ᠰᠢᠨ᠎ᠠ ᠬᠡᠯᠪᠡᠷᠢ ᠶᠢᠨ ᠮᠠᠯ | ᠠᠵᠤ ᠠᠬᠤᠢ ᠲᠠᠷᠢᠶᠠᠯᠠᠩ ᠤᠨ ᠡᠵᠡᠩᠨᠠᠯᠳᠠ ᠶᠢᠨ ᠭᠤᠤᠯ ᠴᠤᠬᠴᠠ ᠶᠢ ᠪᠤᠶᠢᠵᠢᠭᠤᠯᠤᠨ ᠪᠤᠵᠠᠭᠠᠢᠢᠷᠠᠭᠤᠯᠵᠤ᠂ ᠮᠠᠯ | ᠠᠵᠤ ᠠᠬᠤᠢ ᠲᠠᠷᠢᠶᠠᠯᠠᠩ ᠤᠨ ᠠᠵᠤ ᠤᠢᠢᠯᠡᠰ ᠤᠨ ᠬᠡᠯᠬᠢᠶ᠎ᠠ ᠶᠢ ᠤᠷᠲᠤᠳᠬᠠᠵᠤ᠂ ᠨᠢᠬᠡ ᠪᠦᠯᠦᠭ ᠤᠳᠤ ᠦᠶ᠎ᠠ | ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠤᠢᠢᠯᠡᠰ ᠤᠨ ᠬᠦᠷᠢᠶᠠᠯᠠᠩ ᠪᠤᠯᠤᠨ ᠲᠡᠭᠡᠳᠤ ᠰᠢᠨ᠎ᠠ ᠮᠡᠷᠬᠡᠵᠢᠯ ᠤᠨ | ᠵᠢᠱᠢᠶ᠎ᠠ ᠦᠵᠡᠬᠦᠯᠬᠦ ᠤᠷᠤᠨ ᠢ ᠪᠠᠶᠢᠭᠤᠯᠤᠨ᠎ᠠ᠃ ᠭᠠᠩ ᠬᠠᠭᠰᠠᠷᠠᠭᠠᠨ ᠲᠠᠢ ᠬᠦᠢᠳᠡᠨ ᠰᠡᠷᠢᠬᠦᠬᠡᠨ ᠭᠠᠵᠠᠷ ᠤᠷᠤᠨ | ᠪᠤᠯᠤᠨ ᠰᠢᠭᠤᠢᠢᠳᠤ ᠤᠷᠤᠨ ᠤ ᠬᠠᠭᠤᠷᠠᠢ ᠪᠠᠷ ᠲᠠᠷᠢᠶᠠᠯᠠᠬᠤ ᠪᠤᠬᠢᠷᠳᠤᠯ ᠦᠬᠡᠢ ᠤᠷᠭᠠᠨᠢᠬ ᠲᠠᠷᠢᠶᠠᠯᠠᠩ ᠪᠤᠯᠤᠨ | ᠦᠨᠳᠤᠷ ᠦᠷ᠎ᠠ ᠠᠰᠢᠬᠳᠠᠢ ᠲᠦᠬᠦᠬᠡᠷᠤᠮᠵᠢᠳᠤ ᠲᠠᠷᠢᠶᠠᠯᠠᠩ ᠢ ᠬᠦᠭᠵᠢᠬᠦᠯᠬᠦ ᠶᠢ ᠠᠬᠢᠭᠤᠯᠤᠨ᠎ᠠ᠃ ᠲᠦᠮᠤᠰᠤ ᠪᠠᠷ | ᠭᠤᠤᠯ ᠠᠮᠤ ᠬᠦᠨᠡᠰᠦ ᠪᠠᠨ ᠪᠤᠯᠭᠠᠬᠤ ᠪᠦᠲᠦᠭᠡᠭᠳᠡᠬᠦᠨ ᠪᠤᠯᠤᠨ ᠠᠵᠤ ᠤᠢᠢᠯᠡᠰ ᠤᠨ ᠨᠡᠬᠡᠬᠡᠨ ᠬᠦᠭᠵᠢᠬᠦᠯᠤᠯᠳᠠ ᠶᠢ | ᠲᠦᠷᠬᠡᠳᠬᠡᠨ᠎ᠠ᠃ ᠨᠤᠤᠯᠤᠭᠤᠷ ᠤᠨ ᠠᠵᠤ ᠤᠢᠢᠯᠡᠰ ᠢ ᠬᠦᠭᠵᠢᠬᠦᠯᠤᠨ ᠪᠤᠵᠠᠭᠠᠢᠢᠷᠠᠭᠤᠯᠤᠨ᠎ᠠ᠃ ᠰᠦ ᠶᠢᠨ ᠤᠢᠢᠯᠡᠰ | ᠢ ᠬᠦᠭᠵᠢᠬᠦᠯᠤᠨ ᠮᠠᠨᠳᠤᠭᠤᠯᠬᠤ ᠠᠵᠢᠯᠯᠠᠭ᠎ᠠ ᠶᠢ ᠭᠡᠷᠡᠭᠵᠢᠬᠦᠯᠵᠤ᠂ ᠪᠤᠬᠢᠷᠳᠤᠯ ᠦᠬᠡᠢ ᠰᠢᠯᠢᠳᠡᠭ ᠰᠦ ᠶᠢᠨ | ᠢᠷᠡᠯᠳᠡ ᠶᠢᠨ ᠰᠠᠭᠤᠷᠢᠨ ᠢ ᠪᠦᠳᠤᠬᠡᠨ ᠪᠠᠶᠢᠭᠤᠯᠵᠤ᠂ ᠰᠠᠭᠠᠯᠢ ᠶᠢᠨ ᠦᠨᠢᠶᠠᠨ ᠤ ᠰᠠᠶᠢᠨ ᠡᠬᠦᠯᠳᠡᠷ ᠢ | ᠦᠷᠡᠵᠢᠬᠦᠯᠦᠨ ᠪᠤᠶᠢᠵᠢᠭᠤᠯᠬᠤ ᠰᠢᠰᠲ᠋ᠧᠮ ᠪᠤᠯᠤᠨ ᠦᠨᠳᠤᠷ ᠭᠠᠷᠤᠯᠳᠠ ᠲᠠᠢ ᠰᠦᠯ ᠰᠠᠶᠢᠳᠠᠢ ᠴᠠᠷᠭᠠᠰᠤ ᠶᠢᠨ | ᠵᠢᠱᠢᠶ᠎ᠠ ᠦᠵᠡᠬᠦᠯᠬᠦ ᠰᠠᠭᠤᠷᠢᠨ ᠢ ᠪᠠᠶᠢᠭᠤᠯᠵᠤ᠂ ᠰᠦ ᠶᠢᠨ ᠤᠢᠢᠯᠡᠰ ᠤᠨ ᠬᠦᠭᠵᠢᠯᠳᠠ ᠶᠢᠨ ᠶᠠᠰᠤ ᠴᠢᠨᠠᠷ ᠦᠷ᠎ᠠ | ᠠᠰᠢᠬ ᠪᠤᠯᠤᠨ ᠦᠷᠢᠰᠤᠯᠳᠤᠬᠦ ᠬᠦᠴᠤᠨ ᠢ ᠲᠡᠭᠡᠭᠰᠢᠯᠡᠬᠦᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠷ᠎ᠠ ᠶᠢᠨ | ᠢᠨᠵᠧᠨᠧᠷᠢᠩ ᠢ ᠠᠬᠢᠭᠤᠯᠵᠤ᠂ ᠲᠦᠮᠤᠰᠤ᠂ ᠡᠷᠳᠡᠨᠢ ᠰᠢᠰᠢ᠂ ᠰᠢᠷ᠎ᠠ ᠪᠤᠷᠴᠠᠬ᠂ ᠨᠡᠷᠡᠨ ᠬᠤᠸᠠᠷ᠂ ᠪᠤᠭᠤᠳᠠᠢ ᠪᠤᠯᠤᠨ | ᠮᠠᠯ ᠵᠢᠬᠦᠷᠳᠡᠨ ᠤ ᠰᠠᠶᠢᠨ ᠡᠬᠦᠯᠳᠡᠷ ᠢ ᠪᠤᠶᠢᠵᠢᠭᠤᠯᠬᠤ ᠬᠠᠮᠳᠤᠷᠠᠭᠰᠠᠠ ᠪᠤᠭᠤᠮᠳᠠ ᠰᠢᠪᠳᠤᠯᠤᠯᠲᠠ ᠬᠢᠬᠦ ᠶᠢ | ᠠᠬᠢᠭᠤᠯᠵᠤ᠂ ᠰᠢᠯᠢᠳᠡᠭ ᠴᠢᠨᠠᠷ ᠤᠨ ᠡᠪᠡᠰᠤᠨ ᠤ ᠦᠷ᠎ᠠ ᠶᠢ ᠰᠤᠩᠭᠤᠨ ᠪᠤᠶᠢᠵᠢᠭᠤᠯᠬᠤ ᠪᠠ ᠲᠡᠯᠬᠡᠷᠡᠬᠦᠯᠬᠦ ᠶᠢ | ᠲᠦᠷᠬᠡᠳᠬᠡᠨ᠎ᠠ᠃ ᠪᠤᠬᠢᠷᠳᠤᠯ ᠦᠬᠡᠢ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠤᠨ ᠮᠠᠨᠳᠤᠭᠤᠯᠬᠤ ᠶᠢ | ᠪᠠᠷᠢᠮᠳᠠᠯᠠᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠦᠭᠵᠢᠬᠦᠯᠵᠤ᠂ ᠪᠤᠬᠢᠷᠳᠤᠯ ᠦᠬᠡᠢ | ᠡᠷᠬᠢᠯᠳᠡᠳᠤ ᠠᠵᠤ ᠤᠢᠢᠯᠡᠰ ᠤᠨ ᠰᠢᠰᠲ᠋ᠧᠮ ᠢ ᠪᠠᠶᠢᠭᠤᠯᠵᠤ᠂ ᠰᠢᠯᠢᠳᠡᠭ ᠴᠢᠨᠠᠷ ᠤᠨ ᠪᠦᠭᠡᠳ ᠪᠤᠬᠢᠷᠳᠤᠯ ᠦᠬᠡᠢ ᠮᠠᠯ | ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠬᠦᠯᠤᠨ᠎ᠠ᠃ ᠬᠡᠪᠴᠢᠶᠡᠵᠢᠭᠰᠡᠨ | ᠦᠨᠳᠤᠷ ᠪᠠᠷᠢᠮᠵᠢᠶᠠᠳᠤ ᠲᠠᠷᠢᠶᠠᠨ ᠭᠠᠵᠠᠷ ᠢ ᠪᠦᠳᠤᠬᠡᠨ ᠪᠠᠶᠢᠭᠤᠯᠤᠨ᠎ᠠ᠃ ᠲᠠᠷᠢᠶᠠᠨ ᠭᠠᠵᠠᠷ ᠤᠨ ᠶᠠᠰᠤ ᠴᠢᠨᠠᠷ ᠢ | ᠪᠠᠳᠤᠯᠠᠵᠤ ᠲᠡᠭᠡᠭᠰᠢᠯᠡᠬᠦᠯᠬᠦ ᠠᠵᠢᠯᠯᠠᠭ᠎ᠠ ᠶᠢ ᠭᠡᠷᠡᠭᠵᠢᠬᠦᠯᠵᠤ᠂ ᠲᠠᠷᠢᠶᠠᠨ ᠭᠠᠵᠠᠷ ᠢ ᠡᠬᠡᠯᠵᠢᠯᠠᠨ ᠰᠡᠯᠬᠦᠵᠤ ᠲᠠᠷᠢᠬᠤ | ᠪᠠᠶᠢᠩᠭᠤᠵᠢᠭᠰᠠᠠ ᠲᠤᠭᠳᠠᠴᠠ ᠶᠢ ᠪᠠᠶᠢᠭᠤᠯᠤᠨ᠎ᠠ᠃ ᠭᠤᠤᠯᠳᠠᠯᠭ᠎ᠠ ᠲᠠᠢ ᠭᠠᠵᠠᠷ ᠤᠷᠤᠨ ᠤ ᠬᠤᠵᠢᠷᠯᠢᠬ ᠭᠠᠵᠠᠷ ᠢ | ᠰᠠᠶᠢᠵᠢᠷᠠᠭᠤᠯᠬᠤ ᠢᠨᠵᠧᠨᠧᠷᠢᠩ ᠢ ᠠᠬᠢᠭᠤᠯᠤᠨ᠎ᠠ᠃ ᠪᠤᠬᠢᠷᠳᠤᠯ ᠦᠬᠡᠢ ᠰᠢᠯᠢᠳᠡᠭ ᠮᠠᠯ ᠤᠨ ᠠᠰᠢᠬ ᠰᠢᠮ᠎ᠠ | ᠲᠠᠷᠢᠶᠠᠯᠠᠩ ᠤᠨ ᠪᠦᠳᠦᠭᠡᠭᠳᠡᠬᠦᠨ ᠤ ᠲᠦᠷᠤᠯ ᠲᠡᠮᠳᠡᠭ ᠤᠨ ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ ᠤᠷᠤᠨ | ᠪᠦᠰᠠ ᠶᠢᠨ ᠤᠯᠠᠨ ᠨᠡᠶᠢᠳᠠ ᠶᠢᠨ ᠭᠡᠷᠡᠭᠯᠡᠬᠡᠨ ᠤ ᠲᠦᠷᠤᠯ ᠲᠡᠮᠳᠡᠭ ᠢ ᠬᠦᠴᠦᠷᠭᠡᠭᠵᠢᠬᠦᠯᠤᠨᠠ᠃ | ︵ᠵᠢᠷᠭᠤᠭ᠎ᠠ︶ ᠡᠬᠢ ᠪᠠᠶᠠᠯᠢᠬ ᠤᠨ ᠬᠡᠯᠪᠡᠷᠢᠲᠦ ᠠᠵᠤ ᠤᠢᠢᠯᠡᠰ ᠤᠨ ᠴᠢᠨᠠᠷ ᠰᠠᠶᠢᠳᠠᠢ ᠬᠦᠭᠵᠢᠯᠳᠠ ᠶᠢ | ᠠᠬᠢᠭᠤᠯᠤᠨ᠎ᠠ᠃ ︽ᠭᠤᠷᠪᠠ ᠶᠢ ᠪᠠᠭᠠᠰᠬᠠᠵᠤ ᠨᠢᠬᠡ ᠶᠢ ᠪᠠᠭᠤᠷᠠᠭᠤᠯᠵᠤ ᠨᠢᠬᠡ ᠶᠢ ᠨᠦᠬᠦᠪᠤᠷᠢᠯᠡᠬᠦ︾ ᠠᠮᠵᠢᠯᠳᠠ | ᠪᠦᠳᠤᠮᠵᠢ ᠶᠢ ᠦᠷᠬᠦᠯᠵᠢᠯᠠᠨ ᠪᠠᠳᠤᠳᠬᠠᠵᠤ᠂ ᠲᠠᠷᠢᠬᠦᠨ ᠤ ᠬᠡᠷᠡᠭᠯᠡᠭᠡᠨ ᠤ ᠮᠡᠷᠬᠡᠵᠢᠯ ᠢᠶᠠᠷ ︽ᠮᠠᠯ ᠤᠨ ᠠᠰᠢᠭ | ᠰᠢᠮ᠎ᠡ᠂ ᠨᠡᠬᠦᠷᠡᠰᠤ᠂ ᠬᠤᠪᠤᠷ ᠰᠢᠷᠤᠢ᠂ ᠰᠢᠲᠠᠮᠠᠬᠠᠢ ᠬᠡᠢ︾ ᠵᠡᠷᠬᠡ ᠤᠯᠠᠮᠵᠢᠯᠠᠯᠳᠤ ᠡᠬᠢ ᠪᠠᠶᠠᠯᠢᠬ ᠤᠨ ᠬᠡᠯᠪᠡᠷᠢᠲᠦ | ᠠᠵᠤ ᠤᠢᠢᠯᠡᠰ ᠢ ᠦᠭᠡᠷᠡᠴᠢᠯᠡᠨ ᠲᠡᠭᠡᠭᠰᠢᠯᠡᠬᠦᠯᠵᠤ᠂ ᠡᠬᠢ ᠪᠠᠶᠠᠯᠢᠬ ᠢ ᠶᠠᠷᠤᠩᠬᠡᠶᠢᠯᠠᠨ ᠠᠰᠢᠬᠯᠠᠬᠤ ᠨᠤᠷᠮ᠎ᠠ ᠪᠤᠯᠤᠨ | ᠨᠠᠷᠢᠯᠢᠬ ᠪᠤᠯᠪᠠᠰᠤᠷᠠᠭᠤᠯᠬᠤ ᠲᠦᠪᠰᠢᠨ ᠢ ᠲᠡᠭᠡᠭᠰᠢᠯᠡᠬᠦᠯᠵᠤ᠂ ᠠᠵᠤ ᠤᠢᠢᠯᠡᠰ ᠤᠨ ᠬᠡᠯᠬᠢᠶ᠎ᠡ ᠤᠢᠢᠯᠡᠳᠪᠤᠷᠢᠯᠠᠬᠦ | ᠦᠢᠯᠡᠴᠢᠯᠡᠬᠦ ᠲᠡᠶᠢᠰᠢ ᠦᠷᠬᠡᠵᠢᠬᠦ᠂ ᠦᠨ᠎ᠠ ᠬᠠᠩᠰᠢ ᠶᠢᠨ ᠬᠡᠯᠬᠢᠶ᠎ᠠ ᠲᠤᠮᠳᠠ ᠦᠨᠳᠤᠷ ᠲᠦᠪᠰᠢᠨ ᠲᠡᠶᠢᠰᠢ | ᠲᠡᠭᠡᠭᠰᠢᠯᠡᠬᠦ ᠶᠢ ᠠᠬᠢᠭᠤᠯᠤᠨ᠎ᠠ᠃ ᠤᠳᠤ ᠦᠶ᠎ᠠ ᠶᠢᠨ ᠨᠡᠬᠦᠷᠡᠰᠤ ᠬᠢᠮᠢ ᠶᠢᠨ ᠠᠵᠤ ᠤᠢᠢᠯᠡᠳᠪᠤᠷᠢ ᠶᠢᠨ ᠵᠢᠱᠢᠶ᠎ᠡ | ᠦᠵᠡᠬᠦᠯᠬᠦ ᠰᠠᠭᠤᠷᠢᠨ ᠢ ᠪᠦᠳᠤᠬᠡᠨ ᠪᠠᠶᠢᠭᠤᠯᠵᠤ᠂ ᠨᠡᠬᠦᠷᠡᠰᠤ ᠪᠠᠷ ᠲᠤᠰᠤ ᠬᠢᠬᠦ᠂ ᠨᠡᠬᠦᠷᠡᠰᠤ ᠪᠠᠷ ᠬᠡᠢ ᠭᠠᠷᠭᠠᠬᠤ᠂ | ᠨᠡᠬᠦᠷᠡᠰᠤ ᠪᠠᠷ ᠠᠯᠺᠧᠨ ᠬᠢᠬᠦ᠂ ᠨᠡᠬᠦᠷᠡᠰᠤ ᠪᠠᠷ ᠡᠲ᠋ᠠ ᠬᠤᠶᠠᠷᠴᠢ ᠠᠯᠺᠤᠤᠯ ᠬᠢᠬᠦ ᠵᠡᠷᠬᠡ ᠤᠳᠤ ᠦᠶ᠎ᠠ ᠶᠢᠨ | ᠨᠡᠬᠦᠷᠡᠰᠤ ᠬᠢᠮᠢ ᠶᠢᠨ ᠠᠵᠤ ᠤᠢᠢᠯᠡᠳᠪᠤᠷᠢ ᠶᠢᠨ ᠠᠵᠤ ᠤᠢᠢᠯᠡᠰ ᠢ ᠲᠡᠰ ᠲᠡᠪᠰᠢᠬᠦᠯᠵᠤ ᠵᠢᠱᠢᠶ᠎ᠠ ᠦᠵᠡᠬᠦᠯᠬᠦ ᠶᠢ | ᠠᠬᠢᠭᠤᠯᠵᠤ᠂ ᠨᠡᠬᠦᠷᠡᠰᠤ ᠶᠢ ᠨᠠᠷᠢᠯᠢᠬ ᠪᠤᠯᠪᠠᠰᠤᠷᠠᠭᠤᠯᠵᠤ ᠨᠠᠷᠢᠯᠢᠭᠵᠢᠭᠤᠯᠤᠭᠰᠠᠠ ᠬᠢᠮᠢ ᠶᠢᠨ ᠦᠢᠯᠡᠳᠬᠦᠨ ᠪᠤᠯᠤᠨ | ᠨᠡᠶᠢᠯᠡᠮᠡᠯ ᠮᠠᠲ᠋ᠧᠷᠢᠶᠠᠯ ᠢ ᠬᠦᠭᠵᠢᠬᠦᠯᠵᠤ᠂ ᠲᠡᠭᠡᠳᠤ ᠲᠡᠰ ᠤᠨ ᠨᠠᠷᠢᠯᠢᠭ ᠪᠤᠯᠪᠠᠰᠤᠷᠠᠭᠤᠯᠬᠤ ᠵᠠᠮ ᠢᠶᠠᠷ ᠵᠠᠮᠨᠠᠨ᠎ᠠ᠃ | ᠨᠡᠬᠦᠷᠡᠰᠤᠨ ᠳᠤᠳᠤᠷᠠᠬᠢ ᠤᠷᠭᠠᠨᠢᠭ ᠡᠷᠤᠳᠠᠰᠤ ᠪᠤᠳᠠᠰ ᠢ ᠮᠠᠲ᠋ᠧᠷᠢᠶᠠᠯᠵᠢᠭᠤᠯᠤᠨ ᠠᠰᠢᠬᠯᠠᠬᠤ ᠶᠢ ᠠᠬᠢᠭᠤᠯᠵᠤ᠂ | ᠨᠦᠬᠡᠴᠠ ᠮᠠᠲ᠋ᠧᠷᠢᠶᠠᠯ᠂ ᠲᠡᠭᠡᠳᠤ ᠲᠡᠰ ᠤᠨ ᠤᠶᠤᠨᠴᠢ ᠪᠠᠷᠢᠯᠭ᠎ᠠ ᠶᠢᠨ ᠮᠠᠲ᠋ᠧᠷᠢᠶᠠᠯ᠂ ᠲᠡᠭᠡᠳᠤ ᠲᠡᠰ ᠤᠨ ᠱᠠᠭᠠᠵᠠᠠᠩ | ᠮᠠᠲ᠋ᠧᠷᠢᠶᠠᠯ᠂ ᠬᠦᠷᠮᠠᠨ ᠴᠢᠯᠠᠭᠤᠯᠢᠬ ᠰᠢᠷᠭᠡᠭᠯᠢᠭ ᠮᠠᠲ᠋ᠧᠷᠢᠶᠠᠯ ᠵᠡᠷᠬᠡ ᠠᠵᠤ ᠤᠢᠢᠯᠡᠰ ᠢ ᠬᠦᠭᠵᠢᠬᠦᠯᠤᠨ᠎ᠠ᠃ ᠬᠢᠮᠢ | ᠶᠢᠨ ᠠᠵᠤ ᠦᠢᠯᠡᠳᠪᠦᠷᠢ ᠶᠢᠨ ᠠᠵᠤ ᠤᠢᠢᠯᠡᠰ ᠤᠨ ᠬᠦᠨᠳᠡᠯᠡᠨ ᠢᠶᠠᠷ ᠬᠤᠯᠪᠤᠬᠤ᠂ ᠭᠤᠯᠲᠦ ᠪᠠᠷ ᠦᠷᠬᠡᠵᠢᠬᠦ ᠶᠢ | ᠠᠬᠢᠭᠤᠯᠵᠤ᠂ ᠪᠤᠯᠤᠳ ᠲᠡᠮᠤᠷ᠂ ᠬᠦᠩᠬᠡᠨ ᠴᠠᠭᠠᠨ᠂ ᠦᠩᠬᠡᠳᠤ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ ᠵᠡᠷᠬᠡ | ᠠᠵᠢᠯ ᠲᠦᠷᠤᠯ ᠢ ᠪᠤᠬᠢᠷᠳᠤᠯ ᠦᠬᠡᠢ ᠪᠤᠯᠭᠠᠵᠤ ᠰᠢᠨᠡᠳᠬᠡᠨ ᠲᠡᠰ ᠲᠡᠪᠰᠢᠬᠦᠯᠬᠦ ᠶᠢ ᠠᠬᠢᠭᠤᠯᠤᠨ᠎ᠠ᠃ ᠨᠡᠬᠦᠷᠡᠰᠤ᠂ | ᠴᠠᠬᠢᠯᠭᠠᠨ᠂ ᠬᠢᠮᠢ ᠶᠢᠨ ᠠᠵᠤ ᠤᠢᠢᠯᠡᠳᠪᠤᠷᠢ᠂ ᠲᠠᠮᠤᠷ ᠬᠠᠶᠢᠯᠤᠭᠤᠯᠬᠤ ᠵᠡᠷᠬᠡ ᠠᠵᠤ ᠤᠢᠢᠯᠡᠰ ᠤᠨ ᠡᠬᠢᠨ ᠤ ᠬᠡᠰᠡᠭ | ᠤᠨ ᠭᠤᠭᠴᠤᠭᠠᠨ ᠳᠠᠬᠢ ᠠᠵᠤ ᠠᠬᠤᠢᠢᠯᠠᠯ ᠪᠤᠯᠤᠨ ᠰᠡᠬᠦᠯᠴᠢ ᠬᠡᠰᠡᠭ ᠤᠨ ᠭᠤᠭᠴᠤᠭᠠᠨ ᠳᠠᠬᠢ ᠠᠵᠤ ᠠᠬᠤᠢᠢᠯᠠᠯ ᠢ | ᠨᠢᠭᠡᠳᠬᠡᠨ ᠲᠠᠬᠢᠨ ᠵᠤᠬᠢᠶᠠᠨ ᠪᠠᠶᠢᠭᠤᠯᠬᠤ ᠶᠢ ᠠᠬᠢᠭᠤᠯᠵᠤ᠂ ᠪᠦᠬᠦ ᠠᠵᠤ ᠤᠢᠢᠯᠡᠰ ᠤᠨ ᠬᠡᠯᠬᠢᠶᠠᠨ ᠤ ᠦᠷᠢᠰᠤᠯᠳᠤᠬᠦ | ᠲᠠᠪᠠᠭᠤᠯᠢᠬ ᠢ ᠢᠳᠡᠭ ᠢᠳᠡᠭ ᠢᠶᠠᠷ ᠪᠦᠷᠢᠯᠳᠤᠬᠦᠯᠤᠨ᠎ᠠ᠃ ᠨᠡᠬᠦᠷᠡᠰᠤᠨ ᠴᠢᠯᠠᠭᠤ᠂ ᠠᠭᠤᠷᠬᠠᠢ ᠶᠢᠨ ᠤᠰᠤ᠂ | ᠨᠡᠬᠦᠷᠡᠰᠤᠨ ᠠᠭᠤᠷᠬᠠᠢ ᠶᠢᠨ ᠭᠠᠰ ᠵᠡᠷᠬᠡ ᠨᠡᠬᠦᠷᠡᠰᠤ ᠲᠠᠢ ᠰᠢᠭᠤᠳ ᠬᠤᠯᠪᠤᠬᠳᠠᠬᠤ ᠡᠬᠢ ᠪᠠᠶᠠᠯᠢᠬ ᠢ ᠶᠠᠷᠤᠩᠬᠡᠶᠢᠯᠠᠨ | ᠠᠰᠢᠭᠯᠠᠬᠤ ᠶᠢ ᠵᠤᠷᠢᠬᠵᠢᠭᠤᠯᠵᠤ᠂ ᠨᠡᠬᠦᠷᠡᠰᠤᠨ ᠤ ᠦᠨᠡᠰᠤ ᠶᠢ ᠶᠠᠷᠤᠩᠬᠡᠶᠢᠯᠠᠨ ᠠᠰᠢᠬᠯᠠᠬᠤ ᠶᠢ ᠠᠬᠢᠭᠤᠯᠵᠤ᠂ | ᠨᠡᠬᠦᠷᠡᠰᠤᠨ ᠤ ᠦᠨᠡᠰᠤ ᠠᠴᠠ ᠢᠰᠦᠯᠳᠦᠭᠰᠡᠨ ᠬᠦᠩᠬᠡᠨ ᠴᠠᠭᠠᠨ ᠭᠠᠷᠭᠠᠬᠤ ᠪᠠ ᠰᠡᠭᠦᠯᠴᠢ ᠬᠡᠰᠡᠭ ᠤᠨ | ᠭᠤᠭᠴᠤᠭᠠᠨ ᠳᠠᠬᠢ ᠰᠢᠨ᠎ᠠ ᠮᠠᠲ᠋ᠧᠷᠢᠶᠠᠯ ᠤᠨ ᠠᠵᠤ ᠤᠢᠢᠯᠡᠰ ᠢ ᠬᠦᠭᠵᠢᠬᠦᠯᠬᠦ ᠶᠢ ᠲᠡᠮᠵᠢᠨ᠎ᠠ᠃ ᠬᠤᠪᠤᠷ ᠰᠢᠷᠤᠢ ᠶᠢᠨ | ᠠᠵᠤ ᠤᠢᠢᠯᠡᠰ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ᠂ ᠤᠯᠤᠰ ᠤᠨ ᠬᠤᠪᠤᠷ ᠰᠢᠷᠤᠢ ᠶᠢᠨ ᠰᠢᠨ᠎ᠠ | ᠮᠠᠲ᠋ᠧᠷᠢᠶᠠᠯ ᠤᠨ ᠠᠵᠤ ᠤᠢᠢᠯᠡᠰ ᠤᠨ ᠬᠦᠷᠢᠶᠠᠯᠠᠩ᠂ ᠬᠤᠪᠤᠷ ᠰᠢᠷᠤᠢ ᠶᠢᠨ ᠴᠢᠳᠠᠪᠬᠢᠳᠤ ᠮᠠᠲ᠋ᠧᠷᠢᠶᠠᠯ ᠤᠨ ᠰᠢᠨ᠎ᠠ ᠶᠢ | ᠡᠬᠦᠳᠬᠦ ᠲᠦᠪ ᠪᠤᠯᠤᠨ ᠬᠤᠪᠤᠷ ᠰᠢᠷᠤᠢ ᠶᠢᠨ ᠠᠷᠠᠯᠵᠢᠶᠠᠨ ᠤ ᠲᠦᠪ ᠢ ᠪᠦᠳᠤᠬᠡᠨ ᠪᠠᠶᠢᠭᠤᠯᠤᠨ᠎ᠠ᠃ ᠪᠤᠭᠤᠳᠤ ᠶᠢᠨ | ︽ᠰᠤᠷᠢᠨᠵᠢᠨ ᠬᠦᠨᠳᠡᠢ︾ ᠶᠢᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠎ᠠ᠃ ᠤᠯᠠᠮᠵᠢᠯᠠᠯᠳᠤ ᠠᠵᠤ ᠤᠢᠢᠯᠡᠰ ᠢ | ᠪᠤᠬᠢᠷᠳᠤᠯ ᠦᠬᠡᠢ ᠪᠤᠯᠭᠠᠨ ᠦᠬᠡᠷᠡᠴᠢᠯᠠᠨ ᠰᠢᠨᠡᠴᠢᠯᠡᠬᠦ ᠶᠢ ᠠᠬᠢᠭᠤᠯᠵᠤ᠂ ᠪᠤᠬᠢᠷᠳᠤᠯ ᠦᠬᠡᠢ ᠬᠦᠷᠢᠶᠠᠯᠠᠩ ᠲᠤᠭᠤᠷᠢᠬ | ᠢ ᠪᠦᠳᠤᠬᠡᠨ ᠪᠠᠶᠢᠭᠤᠯᠵᠤ᠂ ᠪᠤᠬᠢᠷᠳᠤᠯ ᠦᠬᠡᠢ ᠠᠵᠤ ᠤᠢᠢᠯᠡᠳᠪᠤᠷᠢ ᠶᠢ ᠡᠭᠦᠳᠦᠨ ᠪᠠᠶᠢᠭᠤᠯᠵᠤ᠂ ᠪᠣᠬᠢᠷᠲᠤᠯ ᠦᠭᠡᠢ | ᠬᠠᠩᠭᠠᠯᠭ᠎ᠠ ᠶᠢᠨ ᠬᠡᠯᠬᠢᠶ᠎ᠠ ᠶᠢ ᠴᠤᠭᠴᠠᠯᠠᠨ᠎ᠠ᠃ | ︵ᠲᠤᠯᠤᠭ᠎ᠠ︶ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠠ ᠦᠵᠡᠬᠦᠯᠬᠦ ᠤᠷᠤᠨ ᠢ | ᠴᠤᠬᠴᠠᠯᠠᠨ ᠪᠠᠶᠢᠭᠤᠯᠤᠨ᠎ᠠ᠃ ᠡᠨᠧᠷᠬᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ | ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠡᠨᠧᠷᠬᠢ ᠶᠢᠨ ᠠᠵᠤ ᠤᠢᠢᠯᠡᠰ ᠤᠨ ᠪᠠᠶᠢᠷᠢᠰᠢᠯ ᠢ ᠰᠢᠯᠢᠳᠡᠭᠵᠢᠬᠦᠯᠵᠤ᠂ | ᠨᠡᠬᠦᠷᠡᠰᠤ ᠴᠠᠬᠢᠯᠭᠠᠨ ᠲᠤᠰᠤ ᠬᠡᠢ ᠰᠠᠯᠬᠢ ᠭᠡᠷᠡᠯ ᠢ ᠵᠡᠷᠬᠡᠪᠡᠷ ᠠᠰᠢᠬᠯᠠᠵᠤ᠂ ᠤᠯᠠᠨ ᠵᠦᠢᠯ ᠤᠨ ᠡᠨᠧᠷᠬᠢ ᠶᠢ | ᠬᠠᠮᠵᠢᠯᠴᠠᠭᠤᠯᠤᠨ ᠬᠠᠷᠢᠯᠴᠠᠨ ᠨᠦᠬᠦᠪᠤᠷᠢᠯᠡᠬᠦ᠂ ᠶᠠᠷᠤᠩᠬᠡᠶᠢᠯᠠᠨ ᠠᠰᠢᠬᠯᠠᠬᠤ᠂ ᠡᠷᠴᠢᠮᠵᠢᠬᠦᠯᠤᠨ ᠦᠨᠳᠤᠷ ᠦᠷ᠎ᠡ | ᠠᠰᠢᠬᠳᠠᠢ ᠬᠠᠨᠭ᠍ᠭᠠᠯᠭ᠎ᠠ ᠶᠢᠨ ᠬᠡᠯᠪᠡᠷᠢ ᠶᠢ ᠲᠦᠷᠬᠡᠨ ᠪᠤᠢ ᠪᠤᠯᠭᠠᠨ᠎ᠠ᠃ ᠨᠡᠬᠦᠷᠡᠰᠤᠨ ᠤ ᠤᠢᠢᠯᠡᠳᠪᠤᠷᠢᠯᠠᠯ ᠤᠨ | ᠴᠢᠳᠠᠪᠤᠷᠢ ᠶᠢ ᠪᠠᠭᠠᠰᠬᠠᠵᠤ ᠰᠤᠯᠢᠬᠤ ᠪᠠ ᠪᠠᠭᠠᠰᠬᠠᠵᠤ ᠲᠠᠬᠢᠨ ᠵᠤᠬᠢᠶᠠᠨ ᠪᠠᠶᠢᠭᠤᠯᠬᠤ ᠶᠢ ᠠᠬᠢᠭᠤᠯᠵᠤ᠂ ᠲᠡᠷᠢᠬᠦᠨ ᠤ | ᠤᠢᠢᠯᠡᠳᠪᠤᠷᠢᠯᠠᠯ ᠤᠨ ᠴᠢᠳᠠᠪᠤᠷᠢ ᠶᠢᠨ ᠬᠠᠷᠢᠴᠠᠯ ᠢ ᠲᠡᠭᠡᠭᠰᠢᠯᠡᠬᠦᠯᠤᠨ᠎ᠠ᠃ ᠨᠡᠬᠦᠷᠡᠰᠤᠨ ᠤ ᠶᠠᠰᠤ ᠴᠢᠨᠠᠷ ᠢ ᠬᠦᠨᠵᠡᠬᠡᠢ | ᠲᠡᠭᠡᠭᠰᠢᠯᠡᠬᠦᠯᠬᠦ ᠪᠠ ᠶᠠᠰᠤ ᠴᠢᠨᠠᠷ ᠢ ᠬᠤᠪᠢᠶᠠᠵᠤ ᠲᠡᠰ ᠬᠤᠪᠢᠶᠠᠬᠤ ᠶᠢ ᠠᠬᠢᠭᠤᠯᠵᠤ᠂ ᠨᠡᠬᠦᠷᠡᠰᠤ ᠶᠢ ᠴᠡᠪᠡᠷ | ᠦᠨᠳᠤᠷ ᠦᠷ᠎ᠠ ᠠᠰᠢᠬᠳᠠᠢ ᠭᠡᠷᠡᠭᠯᠡᠬᠦ ᠰᠠᠭᠤᠷᠢᠨ ᠢ ᠪᠦᠳᠤᠬᠡᠨ ᠪᠠᠶᠢᠭᠤᠯᠤᠨ᠎ᠠ᠃ ᠨᠡᠬᠦᠷᠡᠰᠤ ᠰᠢᠳᠠᠭᠠᠬᠤ ᠮᠠᠰᠢᠨ | ᠴᠤᠬᠴᠠᠯᠠᠪᠤᠷᠢ ᠶᠢᠨ ᠬᠡᠳᠦ ᠪᠠᠭ᠎ᠠ ᠭᠠᠳᠠᠭᠰᠢᠯᠠᠭᠤᠯᠬᠤ ᠪᠠ ᠡᠨᠧᠷᠬᠢ ᠠᠷᠪᠢᠯᠠᠬᠤ ᠦᠬᠡᠷᠡᠴᠢᠯᠠᠯᠳᠠ ᠶᠢ ᠪᠦᠬᠦ | ᠲᠠᠯ᠎ᠠ ᠪᠠᠷ ᠭᠡᠷᠡᠭᠵᠢᠬᠦᠯᠵᠤ᠂ ᠦᠨᠳᠤᠷ ᠪᠤᠯᠵᠤᠯᠳᠤ ᠲᠤᠭ᠎ᠠ ᠲᠠᠢ᠂ ᠶᠡᠭᠡ ᠪᠠᠭᠳᠠᠭᠠᠮᠵᠢᠳᠠᠢ᠂ ᠨᠢᠷᠤᠭᠤ ᠲᠠᠷᠤᠴᠠᠳᠤ | ᠲᠡᠷᠢᠬᠦᠨ ᠤ ᠮᠡᠷᠬᠡᠵᠢᠯᠳᠤ ᠨᠡᠬᠦᠷᠡᠰᠤ ᠪᠠᠷ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ ᠶᠢᠨ ᠪᠦᠳᠤᠬᠡᠨ | ᠪᠠᠶᠢᠭᠤᠯᠤᠯᠳᠠ ᠶᠢ ᠡᠮᠬᠢ ᠲᠠᠷᠠᠭ᠎ᠠ ᠲᠠᠢ ᠠᠬᠢᠭᠤᠯᠵᠤ᠂ ᠴᠠᠬᠢᠯᠭᠠᠨ ᠬᠦᠴᠤ ᠶᠢ ᠭᠠᠳᠠᠬᠰᠢ ᠬᠦᠷᠬᠡᠬᠦ ᠵᠠᠮ ᠤᠨ | ᠲᠦᠬᠦᠷᠵᠢᠭᠦᠯᠦᠭᠰᠡᠡ ᠴᠠᠬᠢᠯᠭᠠᠨ ᠡᠬᠦᠰᠬᠡᠬᠦᠷ ᠤᠨ ᠴᠡᠭ ᠤᠨ ᠪᠦᠳᠤᠬᠡᠨ ᠪᠠᠶᠢᠭᠤᠯᠤᠯᠳᠠ ᠶᠢ ᠴᠢᠩᠭᠠᠳᠬᠠᠨ᠎ᠠ᠃ | ᠲᠤᠰᠤ ᠬᠡᠢ ᠶᠢᠨ ᠡᠬᠢ ᠪᠠᠶᠠᠯᠢᠬ ᠤᠨ ᠬᠠᠶᠢᠨ ᠰᠢᠨᠵᠢᠯᠳᠠ ᠨᠡᠬᠡᠬᠡᠨ ᠬᠦᠭᠵᠢᠬᠦᠯᠤᠯᠳᠠ ᠶᠢ ᠴᠢᠩᠭᠠᠳᠬᠠᠵᠤ᠂ ᠪᠠᠶᠢᠭᠠᠯᠢ | ᠶᠢᠨ ᠰᠢᠳᠠᠮᠠᠬᠠᠢ ᠬᠡᠢ ᠶᠢᠨ ᠨᠦᠬᠡᠴᠡ ᠶᠢ ᠨᠡᠮᠡᠭᠳᠡᠬᠦᠯᠵᠤ ᠴᠢᠳᠠᠪᠤᠷᠢ ᠶᠢ ᠦᠷᠬᠡᠳᠬᠡᠬᠦ ᠶᠢ ᠠᠬᠢᠭᠤᠯᠵᠤ᠂ ᠪᠠᠶᠢᠡᠭᠭᠤ | ᠶᠢᠨ ᠪᠤᠰᠤ ᠪᠠᠶᠢᠭᠠᠯᠢ ᠶᠢᠨ ᠰᠢᠳᠠᠮᠠᠬᠠᠢ ᠬᠡᠢ ᠶᠢᠨ ᠪᠠᠳᠤᠯᠠᠭ᠎ᠠ ᠶᠢᠨ ᠰᠠᠭᠤᠷᠢᠨ ᠢ ᠪᠦᠳᠤᠬᠡᠨ ᠪᠠᠶᠢᠭᠤᠯᠤᠨ᠎ᠠ᠃ ᠦᠪᠤᠷ | ᠮᠤᠩᠭᠤᠯ ᠤᠨ ᠴᠢᠯᠠᠭᠤᠨ ᠲᠤᠰᠤ ᠪᠠᠶᠢᠭᠠᠯᠢ ᠶᠢᠨ ᠰᠢᠳᠠᠮᠠᠬᠠᠢ ᠬᠡᠢ ᠶᠢ ᠨᠡᠬᠡᠬᠡᠨ ᠬᠦᠭᠵᠢᠬᠦᠯᠬᠦ ᠲᠤᠮᠤ ᠬᠡᠯᠪᠡᠷᠢ ᠶᠢᠨ | ᠠᠵᠤ ᠠᠬᠤᠢᠢᠯᠠᠯ ᠢ ᠰᠤᠳᠤᠯᠤᠨ ᠪᠦᠳᠤᠬᠡᠨ ᠪᠠᠶᠢᠭᠤᠯᠵᠤ᠂ ᠤᠷᠤᠨ ᠨᠤᠳᠤᠬ ᠤᠨ ᠬᠢᠨ ᠴᠢᠯᠠᠭᠤᠨ ᠲᠤᠰᠤ ᠪᠠᠶᠢᠭᠠᠯᠢ | ᠶᠢᠨ ᠰᠢᠳᠠᠮᠠᠬᠠᠢ ᠬᠡᠢ ᠶᠢᠨ ᠡᠬᠢ ᠪᠠᠶᠠᠯᠢᠬ ᠢ ᠬᠠᠮᠳᠤ ᠪᠠᠷ ᠨᠡᠬᠡᠬᠡᠨ ᠬᠦᠭᠵᠢᠬᠦᠯᠦᠭᠰᠡᠨ ᠦᠷ᠎ᠠ ᠠᠰᠢᠬ ᠢ ᠬᠠᠮᠳᠤ ᠪᠠᠷ | ᠡᠳ᠋ᠯᠡᠬᠦ ᠰᠢᠨ᠎ᠠ ᠲᠤᠭᠳᠠᠴᠠ ᠶᠢ ᠰᠦᠪᠡᠭᠴᠢᠯᠠᠨ ᠪᠠᠶᠢᠭᠤᠯᠤᠨ᠎ᠠ᠃ ᠪᠠᠶᠢᠭᠠᠯᠢ ᠶᠢᠨ ᠰᠢᠳᠠᠮᠠᠬᠠᠢ ᠬᠡᠢ ᠶᠢᠨ | ᠪᠤᠯᠪᠠᠰᠤᠷᠠᠭᠤᠯᠵᠤ ᠪᠤᠷᠤᠯᠠᠭᠤᠯᠬᠤ ᠦᠢᠯᠡᠴᠢᠯᠡᠬᠦ ᠡᠴᠦᠰ ᠤᠨ ᠬᠡᠰᠡᠭ ᠤᠨ ᠭᠤᠭᠴᠤᠭᠠᠨ ᠤ ᠵᠠᠬ᠎ᠠ ᠲᠡᠯᠬᠡᠬᠦᠷ ᠢ | ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ᠨᠢᠬᠡ ᠪᠦᠯᠦᠭ ᠠᠵᠤ ᠤᠢᠢᠯᠡᠳᠪᠤᠷᠢ᠂ ᠠᠷᠠᠳ ᠤᠨ ᠭᠡᠷᠡᠭᠯᠡᠭᠡ᠂ | ᠮᠠᠰᠢᠨ ᠲᠡᠷᠭᠡ᠂ ᠲᠠᠷᠬᠠᠯᠳᠠ ᠶᠢᠨ ᠮᠠᠶ᠋ᠢᠬ ᠤᠨ ᠡᠨᠧᠷᠬᠢ ᠵᠡᠷᠬᠡ ᠭᠡᠷᠡᠭᠯᠡᠬᠡᠨ ᠤ ᠲᠦᠷᠤᠯ ᠵᠦᠢᠯ ᠢ ᠭᠤᠤᠯᠳᠠᠯᠭ᠎ᠠ ᠲᠠᠢ | ᠪᠠᠶᠢᠷᠢᠰᠢᠭᠤᠯᠤᠨ᠎ᠠ᠃ ᠲᠠᠬᠢᠨ ᠠᠰᠢᠬᠯᠠᠵᠤ ᠪᠤᠯᠬᠤ ᠡᠨᠧᠷᠬᠢ ᠶᠢ ᠶᠡᠭᠡ ᠪᠠᠷ ᠬᠦᠭᠵᠢᠬᠦᠯᠵᠤ᠂ ᠮᠢᠩᠭᠠᠨ ᠲᠦᠮᠡᠨ | ᠺᠢᠯᠤᠸᠠᠲ ᠤᠨ ᠲᠡᠰ ᠤᠨ ᠲᠤᠮᠤ ᠬᠡᠯᠪᠡᠷᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠢ ᠪᠦᠳᠤᠬᠡᠨ | ᠪᠠᠶᠢᠭᠤᠯᠵᠤ᠂ ᠴᠦᠯᠯᠡᠷᠭᠡᠭᠵᠢᠵᠤ ᠡᠯᠡᠰᠦᠷᠭᠡᠭᠵᠢᠭᠰᠡᠨ᠂ ᠠᠭᠤᠷᠬᠠᠢ ᠮᠠᠯᠳᠠᠵᠤ ᠲᠤᠷᠤᠬᠰᠢ ᠰᠠᠭᠤᠬᠰᠠᠨ ᠭᠠᠵᠠᠷ ᠪᠤᠯᠤᠨ | ᠵᠠᠳᠠᠭᠠᠢ ᠨᠡᠬᠦᠷᠡᠰᠤᠨ ᠠᠭᠤᠷᠬᠠᠢ ᠮᠠᠯᠲᠠᠭᠠᠳ ᠲᠠᠬᠢᠨ ᠰᠡᠷᠬᠦᠭᠡᠭᠰᠡᠡ ᠭᠠᠵᠠᠷ ᠭᠡᠷᠡᠯ ᠸᠣᠯᠲ ᠤᠨ ᠵᠠᠰᠠᠯᠳᠠ ᠶᠢᠨ | ᠵᠠᠬᠪᠤᠷ ᠢ ᠲᠡᠯᠭᠡᠷᠡᠬᠦᠯᠵᠤ᠂ ᠲᠠᠬᠢᠨ ᠠᠰᠢᠬᠯᠠᠵᠤ ᠪᠤᠯᠬᠤ ᠡᠨᠧᠷᠬᠢ ᠶᠢ ᠲᠤᠬᠠᠢ ᠶᠢᠨ ᠭᠠᠵᠠᠷ ᠲᠤᠨᠢ ᠠᠪᠴᠤ | ᠠᠰᠢᠬᠯᠠᠬᠤ ᠶᠢ ᠴᠢᠩᠭᠠᠳᠬᠠᠵᠤ᠂ ᠰᠢᠨ᠎ᠠ ᠡᠨᠧᠷᠬᠢ ᠶᠢᠨ ᠴᠠᠬᠢᠯᠭᠠᠨ ᠬᠦᠴᠤᠨ ᠤ ᠮᠠᠰᠢᠨ ᠴᠤᠬᠴᠠᠯᠠᠪᠤᠷᠢ ᠶᠢ ᠲᠠᠬᠢᠨ | ᠢᠶᠠᠷ ᠨᠡᠮᠡᠭᠳᠡᠬᠦᠯᠤᠨ ᠬᠦᠭᠵᠢᠬᠦᠯᠬᠦ ᠶᠢ ᠠᠬᠢᠭᠤᠯᠤᠨ᠎ᠠ᠃ ᠤᠶᠤᠨᠴᠢ ᠡᠨᠧᠷᠬᠢ ᠶᠢᠨ ᠰᠢᠰᠲ᠋ᠧᠮ ᠢ ᠪᠠᠶᠢᠭᠤᠯᠵᠤ᠂ | ᠪᠠᠷᠠᠭᠠᠨ ᠤ ᠰᠦᠯᠵᠢᠶ᠎ᠠ ᠪᠤᠯᠤᠨ ᠲᠠᠷᠬᠠᠯᠳᠠ ᠶᠢᠨ ᠮᠠᠶ᠋ᠢᠬ ᠤᠨ ᠡᠨᠧᠷᠬᠢ ᠶᠢᠨ ᠮᠡᠷᠬᠡᠵᠢᠯ᠂ ᠲᠡᠷᠢᠬᠦᠨ ᠤ ᠴᠠᠬᠢᠯᠭᠠᠨ | ᠲᠤᠤᠷ ᠤᠨ ᠮᠡᠷᠬᠡᠵᠢᠯ᠂ ᠡᠨᠧᠷᠬᠢ ᠨᠦᠬᠡᠴᠡᠯᠡᠬᠦ ᠮᠡᠷᠬᠡᠵᠢᠯ ᠤᠨ ᠬᠦᠨ ᠠᠭᠤᠰᠤᠯᠴᠠᠯ ᠢ ᠠᠬᠢᠭᠤᠯᠤᠨ᠎ᠠ᠃ ᠤᠷᠤᠨ | ᠪᠦᠰᠠ ᠶᠢᠨ ᠶᠠᠷᠤᠩᠬᠡᠶᠢᠯᠡᠭᠰᠡᠡ ᠡᠨᠧᠷᠬᠢ ᠶᠢᠨ ᠠᠷᠠᠯᠵᠢᠶᠠᠨ ᠤ ᠲᠦᠪ ᠢ ᠪᠡᠯᠡᠳᠭᠡᠨ ᠪᠠᠶᠢᠭᠤᠯᠤᠨ᠎ᠠ᠃ | ︵ᠨᠠᠢᠮᠠ︶ ᠰᠢᠨ᠎ᠠ ᠠᠵᠦ ᠦᠢᠯᠡᠰ ᠰᠢᠨ᠎ᠠ ᠬᠦᠳᠡᠯᠬᠡᠬᠦ ᠡᠨᠧᠷᠬᠢ ᠶᠢ ᠪᠤᠶᠢᠵᠢᠭᠤᠯᠤᠨ᠎ᠠ᠃ ᠰᠢᠨ᠎ᠠ ᠡᠨᠧᠷᠬᠢ᠂ | ᠰᠢᠨ᠎ᠠ ᠮᠠᠲ᠋ᠧᠷᠢᠶᠠᠯ᠂ ᠳᠤᠨᠤᠬᠯᠠᠯ ᠦᠢᠯᠡᠳᠬᠦ᠂ ᠠᠮᠢᠳᠤ ᠪᠤᠳᠠᠰ ᠤᠨ ᠡᠮ ᠡᠮᠨᠡᠯᠬᠡ᠂ ᠡᠯᠧᠺᠲᠷᠤᠨ ᠮᠡᠳᠡᠭᠡ ᠵᠠᠩᠬᠢ᠂ | ᠡᠨᠧᠷᠬᠢ ᠠᠷᠪᠢᠯᠠᠵᠦ ᠤᠷᠴᠢᠨ ᠳᠤᠭᠤᠷᠢᠨ ᠢ ᠬᠠᠮᠠᠭᠠᠯᠠᠬᠤ ᠵᠡᠷᠬᠡ ᠠᠵᠦ ᠦᠢᠯᠡᠰ ᠢ ᠶᠡᠭᠡ ᠪᠠᠷ ᠬᠦᠴᠦᠷᠬᠡᠭᠵᠢᠬᠦᠯᠦᠨ | ᠪᠤᠶᠢᠵᠢᠭᠤᠯᠵᠦ᠂ ᠨᠠᠷᠢᠯᠢᠭ ᠳᠤᠭᠠᠴᠢᠯᠠᠬᠰᠠᠨ ᠡᠵᠡᠮᠰᠢᠯ ᠲᠠᠢ ᠰᠠᠭᠤᠷᠢ ᠮᠠᠰᠢᠨ᠂ ᠤᠶᠤᠨᠳᠤ ᠳᠦᠬᠦᠬᠡᠷᠦᠮᠵᠢ᠂ | ᠤᠶᠤᠨᠳᠦ ᠴᠠᠬᠢᠯᠭᠠᠨ ᠳᠤᠤᠷ ᠢ ᠢᠵᠢ ᠪᠦᠷᠢᠳᠦᠬᠦᠯᠦᠭᠰᠡᠨ ᠳᠦᠬᠦᠬᠡᠷᠦᠮᠵᠢ᠂ ᠦᠨᠳᠦᠷ ᠴᠢᠲᠠᠮᠵᠢᠲᠠᠢ ᠡᠮ | ᠡᠮᠨᠡᠯᠬᠡ ᠶᠢᠨ ᠪᠠᠭᠠᠵᠢ ᠬᠡᠷᠡᠭᠰᠡᠯ ᠵᠡᠷᠬᠡ ᠤᠳᠤ ᠦᠶ᠎ᠠ ᠶᠢᠨ ᠦᠢᠯᠡᠳᠬᠦ ᠦᠢᠯᠡᠰ ᠪᠤᠯᠤᠨ ᠰᠢᠨ᠎ᠠ ᠨᠢᠬᠡ ᠦᠶ᠎ᠠ ᠶᠢᠨ | ᠮᠡᠳᠡᠭᠡ ᠵᠠᠩᠬᠢ ᠶᠢᠨ ᠮᠡᠷᠬᠡᠵᠢᠯ᠂ ᠤᠶᠤᠨᠲᠦ ᠴᠠᠬᠢᠯᠭᠠᠨ ᠳᠤᠤᠷ᠂ ᠰᠢᠨ᠎ᠠ ᠡᠨᠧᠷᠬᠢ ᠶᠢᠨ ᠮᠠᠰᠢᠨ ᠳᠡᠷᠬᠡ᠂ | ᠳᠤᠭᠠᠴᠢᠯᠠᠬᠰᠠᠨ ᠪᠦᠳᠦᠬᠡᠯᠴᠢ ᠰᠡᠳᠬᠢᠮᠵᠢ ᠵᠡᠷᠬᠡ ᠰᠢᠨ᠎ᠠ ᠪᠠᠷ ᠪᠤᠢ ᠪᠤᠯᠤᠬᠰᠠᠨ ᠠᠵᠦ ᠦᠢᠯᠡᠰ ᠢ ᠬᠦᠭᠵᠢᠬᠦᠯᠵᠦ᠂ | ᠳᠠᠪᠠᠭᠤᠯᠢᠬ ᠭᠠᠵᠠᠷ ᠤᠷᠤᠨ ᠢ ᠰᠤᠩᠭᠤᠨ ᠰᠢᠨ᠎ᠠ ᠪᠠᠷ ᠮᠠᠨᠲᠤᠭᠰᠠᠠ ᠠᠵᠦ ᠦᠢᠯᠡᠰ ᠤᠨ ᠰᠦᠷᠦᠭᠵᠢᠯ ᠢ ᠴᠤᠬᠴᠠᠯᠠᠨ | ᠪᠠᠶᠢᠭᠤᠯᠵᠦ᠂ ᠮᠢᠩᠭᠠᠨ ᠳ᠋ᠦᠩᠰᠢᠭᠤᠷ ᠳᠦᠬᠦᠷᠢᠭ ᠤᠨ ᠬᠡᠪᠴᠢᠶ᠎ᠠ ᠠᠴᠠ ᠳᠠᠪᠠᠭᠰᠠᠨ ᠰᠢᠨ᠎ᠠ ᠪᠠᠷ ᠮᠠᠨᠲᠤᠭᠰᠠᠠ ᠠᠵᠦ | ᠦᠢᠯᠡᠰ ᠢ 2 — 3 ᠪᠠᠶᠢᠭᠤᠯᠤᠨ ᠪᠦᠷᠢᠯᠳᠦᠬᠦᠯᠦᠨ᠎ᠠ᠃ ᠳᠤᠮᠤ ᠳ᠋ᠠᠶᠢᠲ᠋ᠠ᠂ ᠵᠤᠬᠢᠶᠠᠮᠠᠯ ᠤᠶᠤᠨ ᠪᠤᠯᠤᠨ ︽ | ᠤᠶᠤᠨᠲᠦ +︾ ᠠᠵᠦ ᠦᠢᠯᠡᠰ ᠢ ᠢᠳᠡᠪᠬᠢᠳᠡᠢ ᠬᠦᠭᠵᠢᠬᠦᠯᠵᠦ᠂ ᠠᠵᠦ ᠦᠢᠯᠡᠳᠪᠤᠷᠢ ᠶᠢᠨ ᠢᠨᠲ᠋ᠧᠷ ᠰᠦᠯᠵᠢᠶ᠎ᠠ ᠶᠢ | ᠬᠦᠭᠵᠢᠬᠦᠯᠵᠦ᠂ ︽ᠢᠨᠲ᠋ᠧᠷ ᠰᠦᠯᠵᠢᠶ᠎ᠠ + ᠰᠤᠷᠭᠠᠨ ᠬᠦᠮᠦᠵᠢᠯ︾ ︽ᠢᠨᠲ᠋ᠧᠷ ᠰᠦᠯᠵᠢᠶ᠎ᠡ + ᠡᠮ ᠡᠮᠨᠡᠯᠬᠡ︾ ︽ | ᠢᠨᠲ᠋ᠧᠷ ᠰᠦᠯᠵᠢᠶ᠎ᠠ + ᠵᠢᠭᠤᠯᠴᠢᠯᠠᠯ︾ ᠵᠡᠷᠬᠡ ᠰᠢᠨ᠎ᠠ ᠡᠵᠡᠩᠨᠡᠯᠳᠡ ᠶᠢᠨ ᠬᠡᠯᠪᠡᠷᠢ ᠶᠢᠨ ᠬᠦᠭᠵᠢᠯᠳᠡ ᠶᠢ ᠠᠬᠢᠭᠤᠯᠵᠦ᠂ | ᠳᠤᠭᠠᠴᠢᠯᠠᠬᠰᠠᠨ ᠠᠵᠦ ᠠᠬᠤᠢ ᠶᠢᠨ ᠬᠡᠪᠴᠢᠶ᠎ᠠ ᠶᠢ ᠦᠷᠬᠡᠳᠬᠡᠨ᠎ᠠ᠃ ᠬᠦᠬᠡᠬᠤᠳᠠ ᠶᠢᠨ ᠤᠯᠤᠰ ᠤᠨ ᠳᠡᠰ ᠤᠨ | ᠢᠨᠲ᠋ᠧᠷ ᠰᠦᠯᠵᠢᠶᠡᠨ ᠤ ᠰᠢᠭᠤᠳ ᠬᠤᠯᠪᠤᠬᠤ ᠭᠤᠤᠯ ᠴᠡᠭ ᠪᠤᠯᠤᠨ ᠤᠷᠤᠨ ᠪᠦᠰᠡ ᠶᠢᠨ ᠴᠢᠨᠠᠷᠳᠠᠢ ᠤᠯᠠᠨ ᠤᠯᠤᠰ | ᠤᠨ ᠢᠨᠲ᠋ᠧᠷ ᠰᠦᠯᠵᠢᠶᠡᠨ ᠤ ᠳᠤᠭ᠎ᠠ ᠪᠠᠷᠢᠮᠳᠠ ᠶᠢᠨ ᠳᠤᠬᠠᠢᠢᠯᠠᠬᠰᠠᠨ ᠠᠵᠢᠯ ᠤᠨ ᠤᠷᠤᠭᠤᠯᠤᠯᠳᠠ ᠭᠠᠷᠭᠠᠯᠳᠠ ᠶᠢᠨ | ᠴᠤᠩᠬᠤᠪᠴᠢ ᠪᠠᠶᠢᠭᠤᠯᠬᠤ ᠶᠢ ᠲᠦᠷᠭᠡᠳᠭᠡᠨ᠎ᠡ᠃ ᠮᠡᠳᠡᠭᠡ ᠵᠠᠩᠬᠢᠵᠢᠯᠳᠠ ᠬᠢᠬᠡᠳ ᠠᠵᠦ ᠦᠢᠯᠡᠳᠪᠤᠷᠢᠵᠢᠯᠳᠡ ᠶᠢᠨ | ᠬᠦᠨ ᠠᠭᠤᠰᠤᠯᠴᠠᠭ᠎ᠠ ᠶᠢ ᠳᠦᠷᠬᠡᠳᠬᠡᠵᠦ᠂ ᠤᠶᠤᠨᠴᠢ ᠦᠢᠯᠡᠳᠭᠡᠯ ᠤᠨ ᠳᠤᠷᠰᠢᠯᠳᠠ ᠶᠢᠨ ᠵᠢᠱᠢᠶ᠎ᠠ ᠦᠵᠡᠬᠦᠯᠬᠦ | ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ᠮᠠᠨ ᠤ ᠤᠷᠤᠨ ᠤ ᠠᠵᠦ ᠠᠬᠤᠢᠢᠯᠡᠯ ᠤᠯᠤᠰ ᠤᠨ ᠤᠶᠤᠨᠴᠢ | ᠦᠢᠯᠡᠳᠭᠡᠯ ᠤᠨ ᠳᠤᠷᠰᠢᠯᠳᠠ ᠶᠢᠨ ᠵᠢᠱᠢᠶ᠎ᠠ ᠦᠵᠡᠬᠦᠯᠬᠦ ᠳᠦᠷᠦᠯ ᠵᠦᠢᠯ ᠪᠤᠯᠤᠨ ᠵᠤᠬᠢᠶᠠᠮᠠᠯ ᠤᠶᠤᠨ ᠴᠢᠳᠠᠪᠤᠷᠢ ᠶᠢᠨ | ᠬᠡᠷᠡᠭᠯᠡᠬᠡᠨ ᠤ ᠳᠤᠷᠰᠢᠯᠳᠠ ᠶᠢᠨ ᠵᠢᠱᠢᠶ᠎ᠠ ᠦᠵᠡᠬᠦᠯᠬᠦ ᠳᠦᠷᠦᠯ ᠵᠦᠢᠯ ᠳᠤ ᠮᠡᠳᠡᠭᠦᠯᠵᠤ ᠭᠤᠶᠤᠴᠢᠯᠠᠬᠤ ᠶᠢ ᠳᠡᠮᠵᠢᠨ᠎ᠠ᠃ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠠᠵᠦ ᠠᠬᠤᠢᠢᠯᠡᠯ ᠢ ᠪᠤᠵᠠᠭᠠᠢᠢᠷᠠᠭᠤᠯᠵᠦ᠂ ︽ | ᠴᠡᠷᠢᠭ ᠤᠨ ᠬᠡᠷᠡᠭᠯᠡᠭᠡ ᠠᠷᠠᠳ ᠤᠨ ᠬᠡᠷᠡᠭᠯᠡᠭᠡ ᠳᠡᠶᠢᠰᠢ ᠰᠢᠯᠵᠢᠬᠦ︾ ︽ᠠᠷᠠᠳ ᠤᠨ ᠡᠵᠡᠩᠨᠡᠯᠲᠡ ᠠᠴᠠ ᠴᠡᠷᠢᠭ ᠤᠨ | ᠬᠡᠷᠡᠭᠯᠡᠭᠡ ᠶᠢᠨ ᠡᠵᠡᠩᠨᠡᠯᠲᠡ ᠳᠤ ᠤᠷᠤᠯᠴᠠᠬᠤ︾ ᠶᠢ ᠵᠤᠷᠢᠬᠵᠢᠭᠤᠯᠬᠤ ᠳᠦᠷᠦ ᠶᠢᠨ ᠪᠤᠳᠤᠯᠭ᠎ᠠ ᠶᠢ ᠳᠤᠬᠳᠠᠭᠠᠨ | ᠬᠡᠷᠡᠭᠵᠢᠬᠦᠯᠵᠦ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠴᠦᠮ᠎ᠠ ᠶᠢᠨ ᠮᠡᠷᠬᠡᠵᠢᠯ᠂ ᠮᠡᠳᠡᠭᠡ ᠵᠠᠩᠬᠢ ᠶᠢᠨ ᠠᠮᠤᠷ | ᠳᠦᠪᠰᠢᠨ᠂ ᠦᠨᠳᠦᠷ ᠢᠯᠭᠠᠴᠠ ᠲᠠᠢ ᠳᠤᠬᠢᠭᠤᠷ ᠳᠤᠯᠤᠭᠠᠨ ᠤᠲᠤᠨ ᠤ ᠳᠤᠭ᠎ᠠ ᠪᠠᠷᠢᠮᠳᠠ ᠶᠢᠨ ᠡᠬᠢ ᠪᠠᠶᠠᠯᠢᠬ ᠤᠨ | ᠬᠡᠷᠡᠭᠯᠡᠭᠡ᠂ ᠴᠡᠷᠢᠭ ᠤᠨ ᠠᠵᠦ ᠦᠢᠯᠡᠳᠪᠤᠷᠢ ᠶᠢᠨ ᠳᠤᠨᠤᠬ ᠳᠦᠬᠦᠬᠡᠷᠦᠮᠵᠢ ᠶᠢᠨ ᠦᠢᠯᠡᠳᠬᠡᠯ ᠵᠡᠷᠬᠡ ᠠᠵᠦ ᠦᠢᠯᠡᠰ | ᠤᠨ ᠬᠦᠭᠵᠢᠯᠳᠡ ᠶᠢ ᠠᠬᠢᠭᠤᠯᠵᠦ᠂ ᠭᠤᠤᠯᠯᠠᠬᠤ ᠦᠷᠢᠰᠦᠯᠳᠦᠬᠦ ᠬᠦᠴᠦᠨ ᠲᠠᠢ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠦᠭᠵᠢᠬᠦᠯᠬᠦ ᠠᠵᠦ ᠦᠢᠯᠡᠰ ᠤᠨ ᠰᠢᠰᠲ᠋ᠧᠮ ᠪᠤᠯᠤᠨ ᠠᠵᠤ ᠦᠢᠯᠡᠰ ᠤᠨ ᠰᠦᠷᠦᠭᠵᠢᠯ ᠢ | ᠴᠤᠬᠴᠠᠯᠠᠨ ᠪᠠᠶᠢᠭᠤᠯᠤᠨ᠎ᠠ᠃ | ︵ᠶᠢᠰᠦ︶ ᠦᠢᠯᠡᠴᠢᠯᠡᠭᠡᠨ ᠤ ᠦᠢᠯᠡᠰ ᠤᠨ ᠳᠤᠯᠭᠠᠭᠤᠷᠢ ᠠᠵᠦ ᠦᠢᠯᠡᠰ ᠢ ᠪᠤᠵᠠᠭᠠᠢᠢᠷᠠᠭᠤᠯᠤᠨ᠎ᠠ᠃ | ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠭᠤᠤᠯ ᠴᠤᠬᠴᠠ ᠶᠢ ᠬᠦᠭᠵᠢᠬᠦᠯᠦᠨ ᠪᠤᠵᠠᠭᠠᠢᠢᠷᠠᠭᠤᠯᠵᠦ᠂ ᠠᠨᠴᠢᠯ | ᠪᠡᠯᠡ ᠤᠷᠤᠭᠤᠯᠤᠯᠳᠠ᠂ ᠦᠢᠯᠡᠰ ᠪᠤᠰᠬᠠᠬᠤ ᠪᠡᠯᠡ ᠤᠷᠤᠭᠤᠯᠤᠯᠳᠠ᠂ ᠰᠲ᠋ᠤᠺ ᠤᠨ ᠡᠷᠬᠡ ᠶᠢᠨ ᠪᠡᠯᠡ | ᠤᠷᠤᠭᠤᠯᠤᠯᠳᠠ᠂ ᠠᠵᠦ ᠦᠢᠯᠡᠰ ᠤᠨ ᠪᠡᠯᠡ ᠤᠷᠤᠭᠤᠯᠤᠯᠳᠠ ᠵᠡᠷᠬᠡ ᠡᠯ᠎ᠠ ᠳᠦᠷᠦᠯ ᠤᠨ ᠪᠡᠯᠡ ᠤᠷᠤᠭᠤᠯᠤᠯᠳᠠ ᠶᠢ | ᠳᠠᠳᠠᠨ ᠤᠷᠤᠭᠤᠯᠬᠤ ᠰᠠᠭᠤᠷᠢ ᠮᠦᠩᠬᠦ ᠶᠢ ᠪᠤᠶᠢᠵᠢᠭᠤᠯᠵᠦ᠂ ᠠᠷᠠᠳ ᠤᠨ ᠡᠵᠡᠩᠨᠡᠯᠳᠡ ᠶᠢᠨ ᠠᠵᠦ ᠠᠬᠤᠢᠢᠯᠡᠯ᠂ | ᠳᠤᠮᠳᠠ ᠪᠠᠭ᠎ᠠ ᠵᠢᠵᠢᠭ ᠠᠵᠦ ᠠᠬᠤᠢᠢᠯᠡᠯ ᠳᠤ ᠮᠦᠩᠬᠦᠨ ᠬᠦᠢᠯᠬᠡᠬᠡᠨ ᠤ ᠳᠡᠳᠬᠦᠮᠵᠢ ᠦᠵᠡᠬᠦᠯᠬᠦ ᠡᠷᠴᠢᠮ ᠢ | ᠴᠢᠩᠭᠠᠷᠠᠭᠤᠯᠵᠦ᠂ ᠮᠦᠩᠬᠦᠨ ᠬᠦᠢᠯᠬᠡᠬᠡᠨ ᠠᠴᠠ ᠪᠤᠳᠠᠳᠤ ᠴᠤᠬᠴᠠ ᠶᠢᠨ ᠠᠵᠦ ᠠᠬᠤᠢ ᠳᠤ ᠦᠢᠯᠡᠴᠢᠯᠡᠬᠦ | ᠴᠢᠳᠠᠪᠤᠷᠢ ᠶᠢ ᠳᠡᠬᠡᠭᠰᠢᠯᠡᠬᠦᠯᠦᠨ᠎ᠠ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠠᠴᠠ ᠮᠠᠨ ᠤ ᠤᠷᠤᠨ ᠳᠤ ᠤᠷᠤᠨ | ᠪᠦᠰᠡ ᠶᠢᠨ ᠶᠡᠷᠦᠩᠬᠡᠢ ᠬᠡᠯᠳᠡᠰ ᠪᠤᠶᠤ ᠳ᠋ᠦᠩᠨᠡᠨ ᠪᠤᠳᠤᠬᠤ ᠳᠦᠪ ᠭᠠᠷᠭᠠᠯᠭᠠᠬᠤ ᠪᠠᠷ ᠬᠦᠴᠦᠯᠡᠨ ᠴᠢᠷᠮᠠᠶᠢᠨ᠎ᠠ᠃ | ᠤᠳᠤ ᠦᠶ᠎ᠠ ᠶᠢᠨ ᠡᠳ᠋ ᠪᠠᠷᠠᠭᠠᠨ ᠤ ᠬᠦᠢᠯᠬᠡᠬᠡᠨ ᠤ ᠭᠤᠤᠯ ᠠᠴᠢᠶᠠᠯᠠᠪᠤᠷᠢ ᠪᠤᠯᠬᠤ ᠬᠤᠳᠠ ᠶᠢᠨ ᠪᠦᠳᠦᠬᠡᠨ | ᠪᠠᠶᠢᠭᠤᠯᠤᠯᠳᠠ ᠶᠢ ᠠᠬᠢᠭᠤᠯᠵᠦ᠂ ᠬᠤᠳᠠ ᠬᠦᠳᠡᠭᠡ ᠶᠢᠨ ᠡᠳ᠋ ᠪᠠᠷᠠᠭᠠᠨ ᠤ ᠬᠦᠢᠯᠬᠡᠬᠡᠨ ᠤ ᠢᠵᠢ ᠪᠦᠷᠢᠳᠦᠬᠦᠯᠬᠦ | ᠳᠤᠤᠷ ᠤᠨ ᠰᠢᠰᠲ᠋ᠧᠮ ᠢ ᠳᠡᠬᠦᠯᠳᠡᠷᠵᠢᠬᠦᠯᠵᠦ᠂ ᠬᠦᠳᠡᠭᠡ ᠳᠤᠰᠬᠤᠨ ᠮᠠᠯᠵᠢᠬᠤ ᠤᠷᠤᠨ ᠤ ᠳᠦᠷᠬᠡᠨ ᠳᠠᠮᠵᠢᠭᠤᠯᠬᠤ | ᠦᠢᠯᠡᠴᠢᠯᠡᠬᠡᠨ ᠤ ᠳᠤᠤᠷ ᠤᠨ ᠰᠢᠰᠲ᠋ᠧᠮ ᠢ ᠪᠦᠷᠢᠨᠰᠢᠬᠦᠯᠵᠦ᠂ ᠡᠳ᠋ ᠪᠠᠷᠠᠭᠠᠨ ᠤ ᠬᠦᠢᠯᠬᠡᠬᠡᠨ ᠤ ᠵᠢᠱᠢᠶ᠎ᠡ ᠦᠵᠡᠬᠦᠯᠬᠦ | ᠬᠦᠷᠢᠶᠡᠯᠡᠩ ᠳᠤᠭᠤᠷᠢᠬ ᠢ ᠪᠦᠳᠦᠬᠡᠨ ᠪᠠᠶᠢᠭᠤᠯᠵᠦ᠂ ᠤᠯᠠᠭᠠᠨᠴᠠᠪ ᠤᠨ ᠤᠲᠤ ᠦᠶ᠎ᠡ ᠶᠢᠨ ᠡᠳ᠋ ᠪᠠᠷᠠᠭᠠᠨ ᠤ | ᠬᠦᠢᠯᠭᠡᠭᠡᠨ ᠤ ᠳᠦᠪᠯᠡᠷᠡᠬᠦᠯᠦᠨ ᠳᠠᠷᠬᠠᠭᠠᠬᠤ ᠳᠦᠪ ᠢ ᠴᠤᠬᠴᠠᠯᠠᠨ ᠪᠠᠶᠢᠭᠤᠯᠤᠨ᠎ᠠ᠃ ᠰᠤᠶᠤᠯ ᠤᠨ ᠠᠵᠦ ᠦᠢᠯᠡᠰ | ᠤᠨ ᠵᠠᠬ᠎ᠠ ᠳᠡᠯᠬᠡᠬᠦᠷ ᠤᠨ ᠭᠤᠤᠯ ᠴᠤᠬᠴᠠ ᠶᠢ ᠪᠤᠶᠢᠵᠢᠭᠤᠯᠵᠦ᠂ ᠰᠤᠶᠤᠯ ᠤᠨ ᠠᠵᠦ ᠦᠢᠯᠡᠰ ᠤᠨ ᠬᠡᠪᠴᠢᠶ᠎ᠠ ᠶᠢ | ᠪᠤᠵᠠᠭᠠᠢᠢᠷᠠᠭᠤᠯᠤᠨ᠎ᠠ᠃ ᠪᠦᠬᠦ ᠤᠷᠤᠨ ᠪᠦᠰᠡ ᠶᠢᠨ ᠵᠢᠭᠤᠯᠴᠢᠯᠡᠯ᠂ ᠳᠦᠷᠪᠡᠨ ᠤᠯᠠᠷᠢᠯ ᠤᠨ ᠵᠢᠭᠤᠯᠴᠢᠯᠡᠯ ᠢ | ᠬᠦᠭᠵᠢᠬᠦᠯᠵᠦ᠂ ᠵᠢᠭᠤᠯᠴᠢᠯᠠᠯ ᠰᠤᠶᠤᠯ ᠤᠨ ᠬᠦᠨ ᠠᠭᠤᠰᠤᠯᠴᠠᠭ᠎ᠠ ᠶᠢ ᠠᠬᠢᠭᠤᠯᠵᠦ᠂ ᠵᠢᠭᠤᠯᠴᠢᠯᠡᠯ ᠤᠨ ᠵᠠᠮ | ᠬᠠᠷᠢᠯᠴᠠᠭᠠᠨ ᠤ ᠰᠢᠰᠲ᠋ᠧᠮ ᠪᠤᠯᠤᠨ ᠲᠦᠬᠦᠷᠵᠢᠭᠰᠡᠡ ᠳᠦᠬᠦᠬᠡᠷᠦᠮᠵᠢ ᠶᠢ ᠳᠡᠬᠦᠯᠳᠡᠷᠵᠢᠬᠦᠯᠵᠦ᠂ ᠨᠢᠬᠡ ᠪᠦᠯᠦᠭ ᠠᠮᠢ | ᠠᠬᠤᠢ ᠶᠢᠨ ᠵᠢᠭᠤᠯᠴᠢᠯᠡᠯ ᠤᠨ ᠵᠢᠱᠢᠶ᠎ᠠ ᠦᠵᠡᠬᠦᠯᠬᠦ ᠤᠷᠤᠨ᠂ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠠ | ᠦᠵᠡᠬᠦᠯᠬᠦ ᠤᠷᠤᠨ ᠪᠤᠯᠤᠨ ᠵᠢᠭᠤᠯᠴᠢᠯᠡᠯ ᠠᠮᠠᠷᠠᠯᠳᠠ ᠶᠢᠨ ᠤᠷᠤᠨ ᠢ ᠴᠤᠬᠴᠠᠯᠠᠵᠦ᠂ ᠳᠠᠯ᠎ᠠ ᠨᠤᠳᠤᠬ᠂ ᠤᠢ ᠰᠢᠭᠤᠢ᠂ | ᠨᠠᠭᠤᠷ ᠪᠦᠷᠢᠳᠦ᠂ ᠡᠯᠡᠰᠦᠨ ᠴᠦᠯ ᠪᠤᠯᠤᠨ ᠰᠤᠶᠤᠯ ᠢ ᠪᠡᠶᠡᠲᠡᠨ ᠤᠢᠢᠯᠠᠭᠠᠬᠤ᠂ ᠦᠨᠳᠦᠰᠦᠳᠡᠨ ᠤ ᠵᠠᠩ ᠦᠢᠯᠡ᠂ | ᠡᠷᠡᠬᠦᠯ ᠮᠡᠨᠳᠦ ᠶᠢᠨ ᠪᠠᠶ᠎ᠠ ᠰᠤᠪᠢᠯᠠᠯᠳᠠ᠂ ᠠᠵᠦ ᠦᠢᠯᠡᠳᠪᠤᠷᠢ ᠪᠠᠷ ᠳᠤᠭᠤᠷᠢᠨ ᠦᠵᠡᠬᠦ᠂ ᠰᠡᠯᠡᠬᠦᠴᠡᠯ ᠤᠨ | ᠳᠠᠷᠢᠶᠠᠯᠠᠩ ᠵᠡᠷᠬᠡ ᠶᠢ ᠨᠢᠬᠡ ᠴᠤᠬᠴᠠᠵᠢᠭᠤᠯᠤᠭᠰᠠᠠ ᠰᠤᠳᠤᠨ ᠵᠢᠭᠤᠯᠴᠢᠯᠠᠯ ᠤᠨ ᠳᠦᠷᠦᠯ ᠳᠡᠮᠳᠡᠭ ᠪᠤᠯᠤᠨ ᠵᠠᠮ | ᠱᠤᠭᠤᠮ ᠢ ᠨᠡᠬᠡᠬᠡᠨ᠎ᠠ᠃ ᠤᠳᠤ ᠪᠠᠶᠢᠭ᠎ᠠ ᠠᠵᠦ ᠦᠢᠯᠡᠰ ᠤᠨ ᠰᠠᠭᠤᠷᠢ ᠳᠤ ᠳᠦᠰᠢᠭᠯᠡᠨ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠠ ᠶᠢ ᠡᠬᠦᠳᠬᠦ᠂ ᠵᠦᠬᠡᠯᠡᠨ ᠳᠤᠨᠤᠬ ᠪᠤᠯᠤᠨ ᠮᠡᠳᠡᠭᠡ ᠵᠠᠩᠬᠢ ᠶᠢᠨ ᠮᠡᠷᠬᠡᠵᠢᠯ᠂ ᠰᠦᠯᠵᠢᠶᠡᠨ ᠤ | ᠠᠮᠤᠷ ᠳᠦᠪᠰᠢᠨ᠂ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ᠂ ᠡᠨᠧᠷᠬᠢ ᠠᠷᠪᠢᠯᠠᠨ ᠤᠷᠴᠢᠨ ᠳᠤᠭᠤᠷᠢᠨ ᠢ | ᠬᠠᠮᠠᠭᠠᠯᠠᠬᠤ᠂ ᠤᠳᠤ ᠦᠶ᠎ᠠ ᠶᠢᠨ ᠬᠤᠳᠠᠯᠳᠤᠭ᠎ᠠ᠂ ᠬᠦᠮᠦᠨ ᠤ ᠬᠦᠴᠦᠨ ᠤ ᠡᠬᠢ ᠪᠠᠶᠠᠯᠢᠬ ᠵᠡᠷᠬᠡ ᠦᠢᠯᠡᠳᠪᠤᠷᠢᠯᠡᠯ | ᠤᠨ ᠴᠢᠨᠠᠷᠳᠠᠢ ᠦᠢᠯᠡᠴᠢᠯᠡᠬᠡᠨ ᠤ ᠦᠢᠯᠡᠰ ᠢ ᠶᠡᠭᠡ ᠪᠠᠷ ᠬᠦᠭᠵᠢᠬᠦᠯᠦᠨ᠎ᠠ᠃ ᠠᠮᠢᠳᠤᠷᠠᠯ ᠤᠨ ᠴᠢᠨᠠᠷᠳᠠᠢ | ᠦᠢᠯᠡᠴᠢᠯᠡᠬᠡᠨ ᠤ ᠦᠢᠯᠡᠰ ᠢ ᠳᠦᠬᠦᠮᠵᠢᠬᠦᠯᠬᠦ᠂ ᠨᠠᠷᠢᠯᠢᠬᠵᠢᠭᠤᠯᠬᠤ᠂ ᠴᠢᠨᠠᠷᠵᠢᠭᠤᠯᠬᠤ ᠬᠦᠭᠵᠢᠯᠳᠡ ᠶᠢ | ᠠᠬᠢᠭᠤᠯᠤᠨ᠎ᠠ᠃ ᠬᠤᠷᠠᠯ ᠦᠵᠡᠰᠬᠦᠯᠡᠩ ᠤᠨ ᠠᠵᠦ ᠠᠬᠤᠢ ᠶᠢ ᠬᠦᠭᠵᠢᠬᠦᠯᠵᠦ᠂ ᠤᠯᠠᠨ ᠤᠯᠤᠰ ᠲᠤ ᠨᠦᠯᠦᠬᠡᠯᠡᠬᠦ | ᠬᠦᠴᠦᠨ ᠲᠠᠢ ᠬᠤᠷᠠᠯ ᠦᠵᠡᠰᠬᠦᠯᠡᠩ ᠤᠨ ᠳᠦᠷᠦᠯ ᠳᠡᠮᠳᠡᠭ ᠢ ᠴᠤᠬᠴᠠᠯᠠᠨ᠎ᠠ᠃ | ︵ᠠᠷᠪᠠ︶ ᠤᠳᠤ ᠦᠶ᠎ᠠ ᠶᠢᠨ ᠰᠠᠭᠤᠷᠢ ᠳᠦᠬᠦᠬᠡᠷᠦᠮᠵᠢ ᠶᠢᠨ ᠳᠤᠤᠷ ᠰᠢᠰᠲ᠋ᠧᠮ ᠢ ᠪᠠᠶᠢᠭᠤᠯᠤᠨ᠎ᠠ᠃ | ᠶᠡᠷᠦᠩᠬᠡᠶᠢᠯᠡᠭᠰᠡᠨ ᠳᠡᠬᠡᠬᠡᠪᠤᠷᠢ ᠶᠢᠨ ᠶᠡᠭᠡ ᠵᠠᠮ ᠢ ᠪᠠᠶᠢᠭᠤᠯᠵᠦ᠂ ᠬᠦᠬᠡᠬᠤᠳᠠ ᠶᠢᠨ ᠰᠢᠨ᠎ᠠ ᠨᠢᠰᠬᠡᠯ ᠤᠨ ᠪᠠᠭᠤᠳᠠᠯ ᠢ | ᠳᠦᠷᠬᠡᠨ ᠪᠦᠳᠦᠬᠡᠨ ᠪᠠᠶᠢᠭᠤᠯᠵᠦ᠂ ᠬᠦᠬᠡᠬᠤᠳᠠ — ᠴᠢᠭᠤᠯᠤᠯᠳᠤ ᠬᠠᠭᠠᠯᠭ᠎ᠠ — ᠪᠡᠬᠡᠵᠢᠩ ᠤᠨ ᠳᠦᠷᠬᠡᠨ ᠤ | ᠳᠡᠮᠤᠷ ᠵᠠᠮ ᠢ ᠨᠡᠪᠲᠡᠷᠡᠭᠦᠯᠦᠨ᠂ ᠤᠯᠠᠭᠠᠨᠬᠠᠳᠠ — ᠪᠡᠬᠡᠵᠢᠩ ᠮᠦᠭᠳᠡᠨ ᠤ ᠳᠦᠷᠬᠡᠨ ᠤ ᠳᠡᠮᠤᠷ ᠵᠠᠮ ᠢ | ᠵᠤᠯᠭᠠᠯᠴᠠᠭᠤᠯᠵᠤ᠂ ᠵᠢᠨᠢᠩ — ᠳ᠋ᠠᠲ᠋ᠦ᠋ᠩ᠂ ᠪᠤᠭᠤᠳᠤ — ᠢᠷᠭᠠᠢ᠂ ᠪᠤᠭᠤᠳᠤ — ᠢᠦ᠋ᠢᠯᠢᠨ᠂ ᠴᠢᠴᠢᠬᠠᠷ | — ᠬᠠᠶᠢᠯᠠᠷ — ᠮᠠᠨᠵᠤᠤᠷ ᠵᠡᠷᠬᠡ ᠳᠦᠷᠬᠡᠨ ᠤ ᠳᠡᠮᠤᠷ ᠵᠠᠮ ᠪᠤᠯᠤᠨ ᠪᠠᠶᠠᠨᠬᠤᠳᠠ — ᠢᠷᠭᠠᠢ᠂ | ᠰᠢᠯᠢᠩᠬᠤᠳᠠ — ᠲᠠᠢ ᠽᠢ ᠴᠧᠩ ᠵᠡᠷᠬᠡ ᠳᠦᠷᠬᠡᠨ ᠬᠤᠷᠳᠤᠴᠠᠳᠤ ᠳᠡᠮᠤᠷ ᠵᠠᠮ ᠤᠨ ᠪᠦᠳᠦᠬᠡᠨ | ᠪᠠᠶᠢᠭᠤᠯᠤᠯᠳᠠ ᠶᠢ ᠠᠬᠢᠭᠤᠯᠵᠦ᠂ ᠵᠢᠨᠢᠩ — ᠳᠦᠩᠯᠢᠶᠤᠤ᠂ ᠵᠢᠨᠢᠩ — ᠡᠷᠢᠶᠡᠨ ᠬᠤᠳᠠ᠂ ᠤᠯᠠᠭᠠᠨᠬᠤᠳᠠ | — ᠷᠠᠰᠢᠶᠠᠨ — ᠬᠠᠶᠢᠯᠠᠷ ᠤᠨ ᠳᠡᠮᠤᠷ ᠵᠠᠮ ᠤᠨ ᠴᠢᠳᠠᠮᠵᠢ ᠶᠢ ᠦᠷᠬᠡᠳᠬᠡᠨ ᠵᠠᠰᠠᠬᠤ ᠠᠵᠢᠯ ᠢ ᠠᠬᠢᠭᠤᠯᠵᠦ᠂ | ᠬᠠᠶᠢᠯᠠᠷ — ᠮᠠᠨᠵᠤᠤᠷ᠂ ᠰᠦᠨᠢᠳ ᠪᠠᠷᠠᠭᠤᠨ ᠬᠤᠰᠢᠭᠤ — ᠬᠤᠸᠠᠳᠧ ᠵᠡᠷᠬᠡ ᠳᠦᠷᠬᠡᠨ ᠤ ᠵᠠᠰᠠᠮᠠᠯ ᠵᠠᠮ ᠤᠨ | ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ︽ᠳᠦᠷᠪᠡᠨ ᠰᠠᠶᠢᠨ ᠬᠦᠳᠡᠭᠡ ᠳᠤᠰᠬᠤᠨ ᠤ ᠵᠠᠮ︾ ᠤᠨ ᠪᠦᠳᠦᠬᠡᠨ | ᠪᠠᠶᠢᠭᠤᠯᠤᠯᠳᠠ ᠶᠢ ᠠᠬᠢᠭᠤᠯᠵᠦ᠂ ᠨᠢᠬᠡ ᠪᠦᠯᠦᠭ ᠦᠨᠳᠦᠷ ᠵᠡᠷᠬᠡ ᠳᠡᠰ ᠤᠨ ᠵᠠᠰᠠᠮᠠᠯ ᠵᠠᠮ ᠪᠤᠯᠤᠨ ᠠᠷᠠᠳ ᠤᠨ | ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠢ ᠦᠬᠡᠷᠡᠴᠢᠯᠡᠨ ᠪᠠᠶᠢᠭᠤᠯᠤᠨ᠎ᠠ᠃ ᠨᠢᠬᠡ ᠪᠦᠯᠦᠭ ᠴᠢᠬᠤᠯᠠ ᠶᠡᠭᠡ | ᠤᠰᠤᠨ ᠠᠰᠢᠬᠯᠠᠯᠳᠠ ᠶᠢᠨ ᠢᠨᠵᠧᠨᠧᠷᠢᠩ ᠢ ᠬᠡᠷᠡᠭᠵᠢᠬᠦᠯᠵᠦ᠂ ᠬᠠᠳᠤᠨ ᠭᠤᠤᠯ᠂ ᠪᠠᠷᠠᠭᠤᠨ ᠯᠢᠶᠤᠤᡁᠧ ᠭᠤᠤᠯ᠂ | ᠨᠤᠨ ᠮᠦᠷᠡᠨ ᠤ ᠦᠶᠡᠷ ᠢ ᠰᠡᠷᠬᠡᠶᠢᠯᠡᠬᠦ ᠪᠡ ᠭᠤᠤᠯ ᠤᠨ ᠵᠠᠮ ᠢ ᠵᠠᠰᠠᠬᠤ ᠵᠡᠷᠬᠡ ᠳᠦᠷᠦᠯ ᠵᠦᠢᠯ ᠢ ᠠᠬᠢᠭᠤᠯᠵᠦ᠂ | ᠬᠠᠳᠤᠨ ᠭᠤᠤᠯ ᠤᠨ ᠰᠦᠩ ᠬᠠᠯᠢᠶ᠎ᠠ ᠶᠢ ᠰᠡᠷᠬᠡᠶᠢᠯᠡᠨ ᠭᠠᠮᠰᠢᠬ ᠢ ᠪᠠᠭᠠᠰᠬᠠᠬᠤ ᠪᠠ ᠦᠶᠡᠷ ᠢ ᠬᠤᠷᠠᠭᠤᠯᠵᠦ ᠦᠶᠡᠷ | ᠢ ᠬᠤᠷᠢᠬᠯᠠᠬᠤ ᠤᠷᠤᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ᠴᠢᠬᠤᠯᠠ ᠶᠡᠭᠡ ᠤᠰᠤ ᠶᠢ ᠳᠠᠳᠠᠵᠦ | ᠳᠤᠬᠢᠷᠠᠭᠤᠯᠬᠤ ᠪᠠ ᠤᠰᠤᠨ ᠤ ᠡᠬᠢ ᠪᠠᠶᠠᠯᠢᠬ ᠤᠨ ᠢᠨᠵᠧᠨᠧᠷᠢᠩ ᠢ ᠠᠬᠢᠭᠤᠯᠵᠦ᠂ ᠪᠤᠷᠤᠳᠤᠬᠤᠢ ᠶᠢᠨ | ᠤᠳᠤᠬᠢᠴᠢᠯᠠᠬᠰᠠᠨ ᠤᠰᠤᠯᠠᠯᠳᠠ ᠶᠢᠨ ᠤᠷᠤᠨ ᠢ ᠪᠦᠳᠦᠬᠡᠨ ᠪᠠᠶᠢᠭᠤᠯᠤᠨ᠎ᠠ᠃ ᠪᠤᠬᠢᠷᠳᠤᠯ ᠦᠬᠡᠢ ᠪᠠᠷ ᠴᠠᠬᠢᠯᠭᠠᠨ ᠢ | ᠭᠠᠳᠠᠬᠰᠢ ᠬᠦᠷᠬᠡᠬᠦ ᠰᠠᠭᠤᠷᠢᠨ ᠢ ᠪᠠᠶᠢᠭᠤᠯᠵᠦ᠂ ᠦᠪᠦᠷ ᠮᠤᠩᠭᠤᠯ ᠤᠨ ᠪᠠᠷᠠᠭᠤᠨ ᠤᠷᠤᠨ ᠠᠴᠠ ᠲᠤᠷᠤᠨᠠᠲᠦ ᠤᠷᠤᠨ᠂ | ᠳᠤᠮᠳᠠᠳᠤ ᠤᠷᠤᠨ ᠪᠤᠯᠤᠨ ᠡᠮᠤᠨᠡᠳᠦ ᠤᠷᠤᠨ ᠳᠤ ᠴᠠᠬᠢᠯᠭᠠᠨ ᠬᠦᠷᠬᠡᠬᠦ ᠤᠨᠴᠠ ᠦᠨᠳᠦᠷ ᠬᠦᠴᠦᠳᠡᠯᠲᠦ ᠴᠠᠬᠢᠯᠭᠠᠨ | ᠬᠦᠷᠬᠡᠬᠦ ᠱᠤᠭᠤᠮ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃ ᠤᠷᠤᠨ ᠤ ᠳᠤᠳᠤᠷᠠᠬᠢ ᠴᠠᠬᠢᠯᠭᠠᠨ ᠳᠤᠤᠷ | ᠤᠨ ᠵᠢᠶᠠᠰᠠ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠲᠤᠰᠦ ᠬᠡᠢ ᠶᠢᠨ ᠰᠠᠯᠪᠤᠷᠢ ᠱᠤᠭᠤᠮ ᠪᠤᠯᠤᠨ | ᠦᠵᠦᠬᠦᠷ ᠬᠤᠭᠤᠯᠠᠢ ᠲᠤᠤᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠳᠠᠮᠠᠬᠠᠢ ᠬᠡᠢ ᠬᠠᠩᠭᠠᠬᠤ | ᠭᠤᠤᠯ ᠱᠤᠭᠤᠮ ᠬᠢᠭᠡᠳ ᠬᠢᠯᠢ ᠠᠯᠤᠰᠯᠠᠬᠰᠠᠨ ᠮᠤᠵᠢ ᠠᠯᠤᠰᠯᠠᠬᠰᠠᠨ ᠬᠤᠭᠤᠯᠠᠢ ᠳᠤᠤᠷ᠂ ᠨᠡᠬᠦᠷᠡᠰᠦ ᠪᠠᠷ | ᠦᠢᠯᠡᠳᠦᠭᠰᠡᠨ ᠪᠠᠶᠢᠭᠠᠯᠢ ᠶᠢᠨ ᠰᠢᠳᠠᠮᠠᠬᠠᠢ ᠬᠡᠢ ᠵᠡᠷᠬᠡ ᠤᠯᠠᠨ ᠬᠡᠢ ᠶᠢᠨ ᠢᠷᠡᠯᠲᠡ ᠬᠤᠯᠪᠤᠯᠳᠤᠨ ᠨᠡᠪᠳᠡᠷᠡᠯᠴᠡᠬᠦ ᠶᠢ | ᠠᠬᠢᠭᠤᠯᠤᠨ᠎ᠠ᠃ 5G᠂ IPv6 ᠵᠡᠷᠬᠡ ᠰᠢᠨ᠎ᠠ ᠨᠢᠬᠡ ᠦᠶ᠎ᠠ ᠶᠢᠨ ᠮᠡᠳᠡᠭᠡ ᠵᠠᠩᠬᠢ ᠶᠢᠨ ᠰᠠᠭᠤᠷᠢ | ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ᠎ᠠ᠃ | ︵ᠠᠷᠪᠠᠨ ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠴᠢᠳᠠᠪᠤᠷᠢ ᠪᠤᠯᠤᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠶᠡᠭᠡ ᠬᠡᠮᠵᠢᠶᠡᠨ ᠤ ᠡᠨᠧᠷᠬᠢ ᠶᠢᠨ ᠬᠠᠳᠠᠭᠠᠯᠠᠮᠵᠢ᠂ ᠪᠠᠯ | ᠴᠢᠯᠠᠭᠤ ᠶᠢᠨ ᠠᠯᠺᠸᠡ᠂ ᠬᠤᠪᠤᠷ ᠰᠢᠷᠤᠢ᠂ ᠤᠰᠤᠳᠦ᠋ᠷᠦᠭᠴᠢ ᠡᠨᠧᠷᠬᠢ᠂ ᠨᠠᠭᠦᠷᠡᠰᠦᠳᠦ᠋ᠷᠦᠭᠴᠢ ᠶᠢᠨ ᠳᠠᠪᠬᠤᠷ | ᠢᠰᠦᠯ ᠢ ᠬᠤᠷᠢᠶᠠᠨ ᠴᠤᠬᠯᠠᠭᠤᠯᠵᠤ ᠬᠠᠳᠠᠭᠠᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠲᠦᠷᠦᠯ | ᠢ ᠡᠬᠢᠯᠡᠬᠦᠯᠵᠦ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠤᠨ ᠳᠡᠮᠵᠢᠯᠭᠡ ᠶᠢ | ᠲᠡᠮᠡᠴᠡᠨ ᠤᠯᠵᠤ᠂ ᠨᠢᠭᠡ ᠪᠦᠯᠦᠭ ᠲᠤᠷᠰᠢᠯᠲᠡ ᠶᠢᠨ ᠴᠡᠭ ᠤᠨ ᠵᠢᠱᠢᠶ᠎ᠠ ᠦᠵᠡᠭᠦᠯᠬᠦ ᠲᠦᠷᠦᠯ ᠵᠦᠢᠯ ᠢ | ᠪᠠᠶᠢᠷᠢᠰᠢᠭᠤᠯᠵᠤ᠂ ᠬᠤᠰᠢᠭᠤᠷᠠᠯ ᠮᠡᠷᠭᠡᠵᠢᠯ ᠤᠨ ᠪᠤᠭᠤᠮᠲᠠ ᠰᠢᠪᠲᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠳᠤ ᠪᠡᠯᠡ ᠤᠷᠤᠭᠤᠯᠬᠤ ᠡᠷᠴᠢᠮ ᠢᠶᠠᠨ ᠴᠢᠩᠭᠠᠳᠬᠠᠵᠤ᠂ ᠰᠤᠳᠤᠯᠤᠨ ᠨᠡᠭᠡᠭᠡᠬᠦ ᠵᠠᠷᠤᠳᠠᠯ ᠤᠨ | ᠵᠠᠷᠤᠯᠭ᠎ᠠ ᠶᠢᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠤ ᠡᠵᠡᠯᠡᠬᠦ ᠬᠤᠪᠢ ᠶᠢᠨ ᠵᠢᠩ ᠢ | ᠳᠡᠭᠡᠭᠰᠢᠯᠡᠭᠦᠯᠦᠨ᠎ᠠ᠃ ᠰᠢᠨ᠎ᠠ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠦᠬᠡᠬᠤᠲᠠ | ᠪᠤᠭᠤᠲᠤ ᠤᠷᠳᠤᠰ ᠤᠨ ᠤᠯᠤᠰ ᠤᠨ ᠪᠡᠶ᠎ᠠ ᠪᠠᠨ ᠳᠠᠭᠠᠭᠠᠵᠤ ᠰᠢᠨ᠎ᠠ ᠶᠢ ᠡᠭᠦᠳᠬᠦ ᠵᠢᠱᠢᠶ᠎ᠠ ᠦᠵᠡᠭᠦᠯᠬᠦ ᠤᠷᠤᠨ ᠢ | ᠴᠤᠬᠴᠠᠯᠠᠨ ᠪᠠᠶᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ | ᠳᠡᠭᠡᠳᠦ ᠰᠤᠷᠭᠠᠭᠤᠯᠢ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠡᠷᠢᠭ | ᠠᠩᠭᠢ ᠪᠠ ᠤᠷᠤᠨ ᠨᠤᠲᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠪᠠ ᠡᠬᠢ ᠪᠠᠶᠠᠯᠢᠭ ᠢ | ᠨᠢᠭᠡᠲᠦᠯᠲᠡᠢ ᠲᠦᠯᠦᠪᠵᠢᠭᠦᠯᠵᠦ᠂ ᠨᠢᠭᠡ ᠪᠦᠯᠦᠭ ᠤᠯᠤᠰ ᠤᠨ ᠳᠡᠰ ᠤᠨ ᠪᠠ ᠦᠪᠡᠷᠲᠡᠭᠡᠨ ᠵᠠᠰᠠᠬᠤ ᠤᠷᠤᠨ ᠤ ᠳᠡᠰ | ᠤᠨ ᠭᠤᠤᠯᠳᠠᠯᠭᠠᠲᠤ ᠲᠤᠷᠰᠢᠯᠲᠡ ᠶᠢᠨ ᠲᠠᠰᠤᠭ᠂ ᠮᠡᠷᠭᠡᠵᠢᠯ ᠤᠨ ᠰᠢᠨ᠎ᠠ ᠶᠢ ᠡᠭᠦᠳᠬᠦ ᠲᠦᠪ᠂ ᠢᠨᠵᠧᠨᠧᠷᠢᠩ ᠤᠨ | ᠰᠤᠳᠤᠯᠭᠠᠨ ᠤ ᠲᠦᠪ ᠪᠠ ᠠᠵᠤ ᠠᠬᠤᠢᠢᠯᠠᠯ ᠤᠨ ᠮᠡᠷᠭᠡᠵᠢᠯ ᠤᠨ ᠲᠦᠪ ᠢ ᠴᠤᠬᠴᠠᠯᠠᠨ᠎ᠠ᠃ ᠲᠤᠮᠤ ᠬᠡᠯᠪᠡᠷᠢ ᠶᠢᠨ | ᠠᠵᠤ ᠠᠬᠤᠢᠢᠯᠠᠯ ᠤᠨ ᠰᠢᠨ᠎ᠠ ᠶᠢ ᠡᠭᠦᠳᠬᠦ ᠭᠤᠤᠯᠯᠠᠭᠴᠢ ᠬᠦᠴᠦᠨ ᠤ ᠦᠢᠯᠡᠳᠦᠯ ᠢ ᠪᠠᠳᠠᠷᠠᠭᠤᠯᠵᠤ᠂ ᠠᠵᠤ | ᠠᠬᠤᠢᠢᠯᠠᠯ ᠤᠨ ᠮᠦᠡᠭᠭᠦᠨ ᠭᠦᠢᠯᠭᠡᠭᠡᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠪᠤᠯᠤᠨ ᠠᠵᠢᠯ ᠲᠦᠷᠦᠯ ᠤᠨ ᠡᠬᠢᠨ ᠤ ᠬᠡᠰᠡᠭ ᠤᠨ ᠪᠠ ᠰᠡᠭᠦᠯᠴᠢ ᠬᠡᠰᠡᠭ ᠤᠨ | ᠭᠤᠭᠴᠤᠭᠠᠨ ᠳᠠᠬᠢ ᠠᠵᠤ ᠠᠬᠤᠢᠢᠯᠠᠯ ᠬᠠᠮᠲᠦ ᠪᠠᠷ ᠠᠵᠤ ᠦᠢᠯᠡᠰ ᠬᠠᠮᠵᠢᠯᠴᠠᠭᠰᠠᠠ ᠰᠢᠨ᠎ᠠ ᠶᠢ ᠡᠭᠦᠳᠬᠦ ᠬᠠᠮᠲᠤ | ᠶᠢᠨ ᠴᠤᠬᠴᠠ ᠶᠢ ᠪᠠᠶᠢᠭᠤᠯᠬᠤ ᠶᠢ ᠳᠡᠮᠵᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠲᠦᠭᠡᠯ᠂ | ᠮᠡᠳᠡᠯᠭᠡ ᠶᠢᠨ ᠦᠮᠴᠢᠯᠡᠬᠦ ᠡᠷᠬᠡ ᠶᠢᠨ ᠬᠠᠷᠢᠶᠠᠯᠠᠯ ᠪᠤᠯᠤᠨ ᠠᠰᠢᠭ ᠲᠤᠰᠠ ᠶᠢ ᠬᠤᠪᠢᠶᠠᠨ ᠡᠳ᠋ᠯᠡᠬᠦ ᠲᠤᠬᠲᠠᠴᠠ ᠶᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠲᠤᠰᠢᠶᠠᠯ ᠤᠯᠭᠤᠵᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠲᠦᠭᠡᠯ ᠤᠨ ᠦᠮᠴᠢᠯᠡᠬᠦ ᠡᠷᠬᠡ ᠪᠤᠶᠤ ᠤᠷᠲᠤ ᠬᠤᠭᠤᠴᠠᠭ᠎ᠠ ᠪᠠᠷ | ᠠᠰᠢᠬᠯᠠᠬᠤ ᠡᠷᠬᠡ ᠶᠢ ᠤᠯᠭᠤᠬᠤ ᠲᠤᠷᠰᠢᠯᠲᠡ ᠶᠢᠨ ᠴᠡᠭ ᠢ ᠦᠷᠨᠢᠭᠦᠯᠦᠨ᠎ᠠ᠃ ᠤᠨᠴᠠᠯᠢᠬᠲᠤ ᠳᠠᠪᠠᠭᠤᠯᠢᠭ ᠠᠵᠤ | ᠦᠢᠯᠡᠰ ᠲᠤ ᠲᠦᠰᠢᠭᠯᠡᠨ᠂ ᠮᠡᠷᠭᠡᠵᠢᠯ ᠤᠨ ᠰᠢᠯᠵᠢᠯᠲᠡ ᠶᠢ ᠶᠡᠭᠡ ᠬᠦᠴᠦᠨ ᠢᠶᠠᠷ ᠬᠦᠯᠢᠶᠡᠨ ᠠᠪᠴᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠦᠮᠵᠢ ᠪᠤᠯᠤᠨ ᠶᠡᠭᠡ ᠳᠡᠭᠡᠳᠦ ᠰᠤᠷᠭᠠᠭᠤᠯᠢ ᠠᠴᠠ ᠮᠠᠨ ᠤ ᠤᠷᠤᠨ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠨ ᠰᠢᠯᠵᠢᠭᠦᠯᠦᠨ ᠤᠨᠳᠤᠤᠰᠢᠭᠤᠯᠬᠤ ᠲᠦᠪ ᠪᠠᠶᠢᠭᠤᠯᠬᠤ ᠶᠢ ᠳᠡᠮᠵᠢᠨ᠎ᠠ᠃ | ᠪᠦᠬᠦ ᠤᠯᠤᠰ ᠤᠨ ᠨᠡᠭᠦᠷᠡᠰᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠠ ᠪᠦᠲᠦᠭᠡᠯ ᠢ ᠠᠵᠤ | ᠦᠢᠯᠡᠰᠵᠢᠭᠦᠯᠬᠦ ᠬᠡᠷᠡᠭᠯᠡᠭᠡᠨ ᠤ ᠰᠠᠭᠤᠷᠢᠨ ᠢ ᠴᠤᠬᠴᠠᠯᠠᠨ᠎ᠠ᠃ ᠪᠠᠷᠢᠮᠵᠢᠶᠠᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠠ᠂ ᠰᠢᠨ᠎ᠠ ᠡᠭᠦᠳᠦᠯᠲᠡ ᠶᠢᠨ ᠬᠡᠯᠬᠢᠶ᠎ᠠ᠂ ᠪᠠᠷᠢᠮᠵᠢᠶ᠎ᠠ ᠶᠢᠨ ᠬᠡᠯᠬᠢᠶ᠎ᠠ | ᠶᠢᠨ ᠭᠤᠷᠪᠠᠨ ᠬᠡᠯᠬᠢᠶ᠎ᠠ ᠶᠢᠨ ᠠᠭᠤᠰᠤᠯᠴᠠᠯ ᠢ ᠠᠬᠢᠭᠤᠯᠤᠨ᠎ᠠ᠃ ᠲᠦᠭᠡᠮᠡᠯ ᠬᠦᠷᠲᠡᠭᠡᠮᠵᠢᠲᠦ ᠴᠢᠨᠠᠷᠲᠠᠢ ᠰᠢᠨ᠎ᠠ ᠶᠢ | ᠡᠭᠦᠳᠬᠦ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠠᠶᠢᠭᠤᠯᠵᠤ᠂ ︽ᠲᠤᠰᠬᠠᠢ ᠨᠠᠷᠢᠯᠢᠭ ᠤᠨᠴᠠᠯᠢᠬᠲᠤ | ᠰᠢᠨ᠎ᠠ︾ ᠳᠤᠮᠳᠠ ᠪᠠᠭ᠎ᠠ ᠠᠵᠤ ᠠᠬᠤᠢᠢᠯᠠᠯ ᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠬᠦᠯᠵᠦ᠂ ᠨᠢᠭᠡ ᠪᠦᠯᠦᠭ | ᠭᠤᠤᠯ ᠡᠵᠡᠩᠨᠡᠯᠲᠡ ᠶᠢᠨ ᠠᠵᠢᠯ ᠳᠤᠪᠤᠶᠢᠮ᠎ᠠ᠂ ᠦᠷᠢᠰᠦᠯᠳᠦᠬᠦ ᠬᠦᠴᠦᠨ ᠴᠢᠩᠭ᠎ᠠ᠂ ᠦᠰᠦᠨ ᠪᠤᠶᠢᠵᠢᠯᠲᠠ ᠰᠠᠶᠢᠨ᠂ | ᠵᠠᠬ᠎ᠠ ᠳᠡᠯᠭᠡᠭᠦᠷ ᠢ ᠨᠠᠷᠢᠯᠢᠭ ᠬᠤᠪᠢᠶᠠᠭᠰᠠᠠ ︽ᠪᠠᠭ᠎ᠠ ᠠᠪᠤᠷᠭᠤ ᠬᠦᠮᠦᠨ︾ ᠮᠠᠶ᠋ᠢᠭ ᠤᠨ ᠠᠵᠤ ᠠᠬᠤᠢᠢᠯᠠᠯ ᠢ | ᠬᠦᠭᠵᠢᠭᠦᠯᠦᠨ᠎ᠠ᠃ | ︵ᠠᠷᠪᠠᠨ ᠬᠤᠶᠠᠷ︶ ᠦᠨᠳᠦᠷ ᠬᠡᠪ ᠪᠤᠯᠪᠠᠰᠤᠷᠠᠯ ᠲᠠᠢ ᠴᠢᠳᠠᠪᠤᠷᠢᠲᠠᠨ ᠢ ᠴᠤᠬᠯᠠᠷᠠᠭᠤᠯᠤᠨᠠ᠃ | ᠴᠢᠳᠠᠪᠤᠷᠢᠲᠠᠨ ᠢᠶᠠᠷ ᠤᠷᠤᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ | ᠴᠢᠳᠠᠪᠤᠷᠢᠲᠠᠨ ᠤ ᠬᠦᠭᠵᠢᠯᠲᠡ ᠶᠢᠨ ᠪᠠᠶᠢᠭᠤᠯᠤᠮᠵᠢ ᠲᠤᠬᠲᠠᠴᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ | ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︾ ᠤ ᠢᠨᠵᠧᠨᠧᠷᠢᠩ ᠪᠤᠯᠤᠨ ︽ᠨᠢᠭᠡ ᠭᠤᠤᠯᠳᠠᠯᠭ᠎ᠠ ᠤᠯᠠᠨ ᠴᠡᠭ︾ | ᠢᠶᠠᠷ ᠴᠢᠳᠠᠪᠤᠷᠢᠲᠠᠨ ᠢ ᠤᠷᠤᠭᠤᠯᠵᠤ ᠠᠪᠴᠢᠷᠠᠬᠤ ᠶᠢ ᠠᠬᠢᠭᠤᠯᠵᠤ᠂ ︽ᠬᠤᠨ ᠭᠠᠯᠠᠭᠤ ᠶᠢᠨ ᠲᠦᠯᠦᠪᠯᠡᠭᠡ︾ ᠵᠡᠷᠭᠡ | ᠤᠨᠴᠠᠯᠢᠬᠲᠤ ᠴᠢᠳᠠᠪᠤᠷᠢᠲᠠᠨ ᠤ ᠲᠦᠷᠦᠯ ᠵᠦᠢᠯ ᠢ ᠬᠡᠷᠡᠭᠵᠢᠭᠦᠯᠵᠦ᠂ ᠤᠨᠴᠠᠯᠢᠬᠲᠤ ᠠᠵᠤ ᠦᠢᠯᠡᠰ ᠤᠨ ᠳᠡᠭᠡᠳᠦ | ᠵᠡᠷᠭᠡ ᠶᠢᠨ ᠴᠢᠳᠠᠪᠤᠷᠢᠲᠠᠨ ᠢ ᠲᠦᠪᠯᠡᠷᠡᠭᠦᠯᠬᠦ ᠲᠠᠪᠴᠠᠩ᠂ ︽ᠲᠠᠯ᠎ᠠ ᠨᠤᠲᠤᠭ ᠤᠨ ᠴᠠᠬᠢᠭᠤᠷᠲᠦ ᠬᠦᠨᠳᠡᠢ︾ | ᠴᠢᠳᠠᠪᠤᠷᠢᠲᠠᠨ ᠤ ᠬᠠᠮᠢᠶᠠᠷᠤᠯᠲᠠ ᠶᠢᠨ ᠦᠭᠡᠷᠡᠴᠢᠯᠡᠯᠲᠡ ᠶᠢᠨ ᠲᠤᠷᠰᠢᠯᠲᠡ ᠶᠢᠨ ᠲᠤᠭᠤᠷᠢᠭ᠂ ᠪᠡᠭᠡᠵᠢᠩ ᠦᠪᠦᠷ | ᠮᠤᠩᠭᠤᠯ ᠤᠨ ᠴᠢᠳᠠᠪᠤᠷᠢᠲᠠᠨ ᠤ ᠰᠤᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠴᠤᠬᠴᠠᠯᠠᠨ᠎ᠠ᠃ ᠴᠢᠳᠠᠪᠤᠷᠢᠲᠠᠨ ᠤ | ᠬᠤᠤᠰ ᠴᠢᠭᠯᠡᠯ ᠢᠶᠠᠷ ᠰᠢᠯᠵᠢᠬᠦ ᠲᠤᠬᠲᠠᠴᠠ ᠶᠢ ᠰᠦᠪᠡᠭᠴᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠠ ᠶᠢ ᠡᠭᠦᠳᠬᠦ ᠴᠢᠳᠠᠪᠤᠷᠢᠲᠠᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠪᠤᠯᠤᠨ ᠠᠵᠤ ᠠᠬᠤᠢᠢᠯᠠᠯ ᠤᠨ ᠬᠤᠭᠤᠷᠤᠨᠳᠤ ᠬᠤᠤᠰ ᠴᠢᠭᠯᠡᠯ ᠢᠶᠠᠷ ᠲᠤᠰᠢᠶᠠᠯ | ᠬᠠᠪᠰᠤᠷᠭᠠᠬᠤ ᠶᠢ ᠵᠦᠪᠰᠢᠶᠡᠷᠡᠨ᠎ᠠ᠃ ᠪᠠᠴᠢᠮ ᠬᠡᠷᠡᠭᠰᠡᠵᠤ ᠪᠠᠶᠢᠭ᠎ᠠ ᠬᠤᠪᠤᠷ ᠴᠤᠬᠠᠭ ᠴᠢᠳᠠᠪᠤᠷᠢᠲᠠᠨ ᠤ ᠨᠠᠷᠢᠨ | ᠳᠠᠩᠰᠠ ᠶᠢᠨ ᠳᠦᠷᠢᠮ ᠢ ᠪᠠᠶᠢᠭᠤᠯᠵᠤ᠂ ᠲᠡᠭᠡᠳᠦ ᠲᠡᠰ ᠲᠠᠪᠬᠤᠷᠭ᠎ᠠ ᠶᠢᠨ ᠴᠢᠳᠠᠪᠤᠷᠢᠲᠠᠨ ᠪᠤᠶᠤ ᠪᠠᠴᠢᠮ ᠬᠡᠷᠡᠭᠰᠡᠵᠤ | ᠪᠠᠶᠢᠭ᠎ᠠ ᠬᠤᠪᠤᠷ ᠴᠤᠬᠠᠭ ᠴᠢᠳᠠᠪᠤᠷᠢᠲᠠᠨ ᠢ ᠤᠷᠤᠭᠤᠯᠵᠤ ᠠᠪᠴᠢᠷᠠᠬᠤ ᠳᠤ ᠵᠢᠯ ᠤᠨ ᠴᠠᠯᠢᠩ ᠤᠨ ᠳᠦᠷᠢᠮ᠂ | ᠴᠠᠯᠢᠩ ᠢ ᠵᠦᠪᠯᠡᠯᠴᠡᠭᠡᠷ ᠢᠶᠠᠷ ᠲᠤᠬᠲᠠᠭᠠᠬᠤ ᠳᠦᠷᠢᠮ ᠪᠤᠯᠤᠨ ᠲᠦᠷᠦᠯ ᠵᠦᠢᠯ ᠤᠨ ᠴᠠᠯᠢᠩ ᠤᠨ ᠳᠦᠷᠢᠮ | ᠬᠡᠷᠡᠭᠵᠢᠬᠦᠯᠬᠦ ᠶᠢ ᠰᠦᠪᠡᠭᠴᠢᠯᠡᠨ᠎ᠠ᠃ ︽ᠬᠤᠶᠠᠷ ᠠᠮᠠᠷᠠᠯᠲᠠ ᠶᠢᠨ ᠡᠳᠦᠷ ᠤᠨ ᠴᠢᠳᠠᠪᠤᠷᠢᠲᠠᠨ ᠤ ᠲᠦᠯᠦᠪᠯᠡᠭᠡ︾ ᠶᠢ | ᠬᠡᠷᠡᠭᠵᠢᠭᠦᠯᠵᠦ᠂ ᠪᠡᠭᠡᠵᠢᠩ ᠲᠢᠶᠠᠨᠵᠢᠨ ᠾᠧᠪᠸᠢ ᠵᠡᠷᠭᠡ ᠭᠠᠵᠠᠷ ᠤᠨ ᠲᠤᠰᠬᠠᠢ ᠮᠡᠷᠭᠡᠵᠢᠯ ᠤᠨ ᠪᠠ ᠬᠠᠮᠢᠶᠠᠷᠤᠯᠲᠠ | ᠶᠢᠨ ᠴᠢᠳᠠᠪᠤᠷᠢᠲᠠᠨ ᠤ ᠦᠪᠦᠷ ᠮᠤᠩᠭᠤᠯ ᠳᠤ ᠲᠤᠰᠢᠶᠠᠯ ᠬᠠᠪᠰᠤᠷᠭᠠᠬᠤ ᠶᠢᠨ ᠬᠠᠮᠲᠤ ᠬᠠᠤᠯᠢ ᠶᠤᠰᠤᠨ ᠤ ᠬᠦᠯᠦᠰᠦ | ᠤᠯᠭᠤᠮᠵᠢ ᠤᠯᠬᠤ ᠶᠢ ᠲᠠᠲᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠤᠳᠤᠨ ᠴᠢᠳᠠᠪᠤᠷᠢᠲᠠᠨ ᠤ | ᠲᠦᠯᠦᠪᠯᠡᠭᠡ᠂ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠤᠤᠯᠯᠠᠭᠴᠢ ᠬᠦᠴᠦᠨ ᠤ ᠲᠦᠯᠦᠪᠯᠡᠭᠡ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠬᠴᠢ ᠴᠢᠳᠠᠪᠤᠷᠢᠲᠠᠨ ᠤ ᠲᠦᠯᠦᠪᠯᠡᠭᠡ ᠶᠢ ᠬᠡᠷᠡᠭᠵᠢᠭᠦᠯᠵᠦ᠂ | ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠡᠷᠳᠡᠮ ᠰᠢᠨᠵᠢᠯᠡᠭᠡᠨ ᠤ ᠳᠠᠭᠠᠭᠤᠯᠤᠬᠴᠢ | ᠪᠤᠯᠤᠨ ᠠᠵᠤ ᠦᠢᠯᠡᠰ ᠤᠨ ᠮᠡᠷᠭᠡᠵᠢᠯ ᠤᠨ ᠰᠢᠨ᠎ᠠ ᠶᠢ ᠡᠭᠦᠳᠬᠦ ᠶᠢ ᠬᠦᠲᠦᠯᠦᠨ ᠳᠠᠭᠠᠭᠤᠯᠬᠤ ᠮᠡᠷᠭᠡᠵᠢᠯ ᠤᠨ | ᠳᠠᠭᠠᠭᠤᠯᠤᠬᠴᠢ ᠶᠢ ᠬᠦᠮᠦᠵᠢᠭᠦᠯᠦᠨ ᠪᠤᠶᠢᠵᠢᠭᠤᠯᠤᠨ᠎ᠠ᠃ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠨ ᠤ ᠴᠢᠳᠠᠪᠤᠷᠢᠲᠠᠨ ᠪᠠ ᠪᠦᠯᠬᠦᠮ ᠢ ᠲᠤᠬᠲᠠᠭᠤᠨ ᠢᠶᠠᠷ ᠳᠡᠮᠵᠢᠬᠦ ᠲᠤᠬᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠡᠵᠡᠨ ᠮᠡᠳᠡᠨ ᠬᠡᠷᠡᠭᠯᠡᠬᠦ ᠡᠷᠬᠡ ᠶᠢ | ᠦᠷᠭᠡᠳᠭᠡᠵᠦ᠂ ᠤᠶᠤᠨ ᠤ ᠬᠦᠴᠦᠨ ᠨᠢᠬᠲᠠᠷᠠᠬᠰᠠᠨ ᠮᠠᠶ᠋ᠢᠭ ᠤᠨ ᠲᠦᠷᠦᠯ ᠵᠦᠢᠯ ᠤᠨ ᠳᠠᠮ ᠵᠠᠷᠤᠳᠠᠯ ᠤᠨ ᠬᠠᠷᠢᠴᠠᠯ | ᠢ ᠳᠡᠭᠡᠭᠰᠢᠯᠡᠭᠦᠯᠬᠦ ᠶᠢᠨ ᠬᠠᠮᠲᠤ ᠰᠢᠨ᠎ᠠ ᠶᠢ ᠡᠭᠦᠳᠬᠦ ᠪᠠ ᠠᠵᠢᠯ ᠤᠨ ᠠᠮᠵᠢᠯᠲᠠ ᠪᠦᠲᠦᠮᠵᠢ ᠳᠤᠪᠤᠶᠢᠮ᠎ᠠ ᠬᠤᠪᠢ | ᠬᠦᠮᠦᠨ ᠪᠠ ᠪᠦᠯᠬᠦᠮ ᠤᠷᠤᠭᠤ ᠬᠡᠯᠪᠠᠶᠢᠯᠭᠡᠨᠠ᠃ ᠤᠷᠤᠨ ᠨᠤᠲᠤᠭ ᠤᠨ ᠴᠢᠳᠠᠪᠤᠷᠢᠲᠠᠨ ᠢ ᠬᠦᠮᠦᠵᠢᠭᠦᠯᠦᠨ | ᠬᠡᠷᠡᠭᠯᠡᠬᠦ ᠶᠢ ᠴᠢᠬᠤᠯᠠᠴᠢᠯᠠᠨ᠎ᠠ᠃ ᠤᠷᠠᠨ ᠳᠠᠷᠬᠠᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠤᠮᠠᠷᠠᠳᠤ ᠬᠢᠯᠢ ᠶᠢᠨ | ᠤᠷᠠᠨ ᠳᠠᠷᠬᠠᠨ ᠢ ᠪᠤᠶᠢᠵᠢᠭᠤᠯᠵᠤ᠂ ᠠᠵᠤ ᠦᠢᠯᠡᠰ ᠤᠨ ᠠᠵᠢᠯᠲᠠᠨ ᠤ ᠤᠷ᠎ᠠ ᠴᠢᠳᠠᠪᠤᠷᠢ ᠶᠢᠨ ᠲᠦᠪᠰᠢᠨ ᠢ | ᠨᠡᠶᠢᠳᠡᠮ ᠳᠡᠭᠡᠨ ᠳᠡᠭᠡᠭᠰᠢᠯᠡᠭᠦᠯᠦᠨ᠎ᠠ᠃ ᠤᠷᠤᠭᠤᠯᠤᠨ ᠠᠪᠴᠢᠷᠠᠬᠰᠠᠨ ᠴᠢᠳᠠᠪᠤᠷᠢᠲᠠᠨ ᠤ ᠲᠤᠰᠢᠶᠠᠯ ᠡᠭᠦᠷᠭᠡᠯᠡᠬᠦ᠂ | ᠤᠷᠤᠨ ᠰᠠᠭᠤᠴᠠ᠂ ᠡᠪᠡᠳᠴᠢᠨ ᠦᠵᠡᠭᠦᠯᠬᠦ᠂ ᠨᠡᠶᠢᠭᠡᠮ ᠤᠨ ᠪᠠᠲᠤᠯᠠᠪᠤᠷᠢ᠂ ᠦᠷ᠎ᠠ ᠬᠡᠦᠬᠡᠳ ᠤᠨ ᠰᠤᠷᠭᠠᠨ | ᠬᠦᠮᠦᠵᠢᠯ ᠵᠡᠷᠭᠡ ᠠᠰᠠᠭᠤᠳᠠᠯ ᠢ ᠢᠳᠡᠪᠬᠢᠲᠡᠢ ᠰᠢᠢᠳᠪᠦᠷᠢᠯᠡᠨ᠎ᠠ᠃ | ︵ᠠᠷᠪᠠᠨ ᠭᠤᠷᠪᠠ︶ ᠲᠦᠪᠯᠡᠷᠡᠩᠭᠦᠢ ᠴᠤᠭᠯᠠᠷᠠᠩᠭᠤᠢ ᠡᠷᠴᠢᠮᠵᠢᠬᠦᠯᠦᠭᠰᠡᠡ ᠬᠦᠭᠵᠢᠯᠲᠡ ᠶᠢ ᠠᠬᠢᠭᠤᠯᠤᠨ᠎ᠠ᠃ | ᠦᠢᠯᠡᠳᠪᠦᠷᠢᠯᠡᠯ ᠤᠨ ᠬᠦᠴᠦᠨ ᠤ ᠤᠷᠤᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠡᠳ᠋ ᠤᠨ ᠵᠠᠰᠠᠭ᠂ ᠪᠡᠯᠡ | ᠤᠷᠤᠭᠤᠯᠤᠯᠲᠠ᠂ ᠠᠵᠤ ᠦᠢᠯᠡᠰ᠂ ᠭᠠᠵᠠᠷ ᠰᠢᠷᠤᠢ᠂ ᠬᠦᠮᠦᠨ ᠠᠮᠠ᠂ ᠤᠷᠴᠢᠨ ᠲᠤᠭᠤᠷᠢᠨ ᠵᠡᠷᠭᠡ ᠢᠵᠢ | ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠲᠤᠬᠢᠷᠠᠭᠤᠯᠤᠨ ᠲᠡᠭᠦᠯᠳᠡᠷᠵᠢᠭᠦᠯᠵᠦ᠂ ᠭᠤᠤᠯ ᠴᠤᠬᠴᠠ ᠶᠢᠨ ᠴᠢᠳᠠᠮᠵᠢᠲᠤ | ᠤᠷᠤᠨ ᠤ ᠲᠦᠯᠦᠪᠵᠢᠭᠦᠯᠬᠡ ᠶᠢ ᠤᠨᠢᠨ ᠳᠡᠭᠡᠷ᠎ᠠ ᠨᠢ ᠪᠤᠳᠠᠲᠠᠶᠢᠵᠢᠭᠤᠯᠬᠤ ᠶᠢ ᠠᠬᠢᠭᠤᠯᠤᠨ᠎ᠠ᠃ ᠠᠵᠤ | ᠦᠢᠯᠡᠳᠪᠦᠷᠢᠵᠢᠯᠲᠡ᠂ ᠬᠤᠲᠠ ᠪᠠᠯᠭᠠᠰᠤᠵᠢᠯᠲᠠ ᠶᠢᠨ ᠠᠭᠤᠯᠤᠬᠳᠠᠬᠤᠨ ᠤ ᠮᠠᠶ᠋ᠢᠭ ᠤᠨ ᠬᠦᠭᠵᠢᠯᠲᠡ ᠶᠢ ᠠᠬᠢᠭᠤᠯᠵᠤ᠂ | ᠬᠦᠮᠦᠨ ᠠᠮᠠ ᠬᠤᠲᠠ ᠪᠠᠯᠭᠠᠰᠤ ᠤᠷᠤᠭᠤ ᠲᠦᠪᠯᠡᠷᠡᠬᠦ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ | ᠤᠷᠤᠭᠤ ᠲᠦᠪᠯᠡᠷᠡᠬᠦ᠂ ᠲᠠᠷᠢᠶᠠᠯᠠᠩ ᠮᠠᠯ ᠠᠵᠤ ᠠᠬᠤᠢ ᠦᠢᠯᠡᠳᠪᠦᠷᠢᠯᠡᠯ ᠤᠨ ᠨᠦᠬᠦᠴᠡᠯ ᠰᠠᠶᠢᠲᠠᠢ ᠭᠠᠵᠠᠷ | ᠤᠷᠤᠨ ᠳᠤ ᠲᠦᠪᠯᠡᠷᠡᠬᠦ ᠶᠢ ᠬᠦᠲᠦᠯᠦᠨ ᠳᠠᠭᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠮᠦᠨ ᠠᠮᠠ | ᠰᠢᠯᠵᠢᠨ ᠠᠵᠢᠯ ᠤᠯᠬᠤ ᠶᠢ ᠵᠤᠷᠢᠬᠵᠢᠭᠤᠯᠤᠨ᠎ᠠ᠃ ᠬᠦᠷᠢᠶᠡᠯᠡᠩ ᠲᠤᠭᠤᠷᠢᠭ ᠢ ᠬᠦᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ ᠬᠦᠷᠢᠶᠡᠯᠡᠩ ᠲᠤᠭᠤᠷᠢᠭ ᠢ ᠨᠡᠶᠢᠳᠭᠡᠬᠦ ᠪᠠ ᠠᠵᠤ ᠦᠢᠯᠡᠰ ᠢ ᠨᠢᠭᠡᠲᠦᠯᠲᠡᠢ | ᠲᠦᠯᠦᠪᠵᠢᠭᠦᠯᠬᠦ ᠶᠢ ᠡᠮᠬᠢ ᠵᠢᠷᠤᠮ ᠲᠠᠢ ᠠᠬᠢᠭᠤᠯᠵᠤ᠂ ᠮᠦ ᠪᠦᠷᠢ ᠶᠢᠨ ᠤᠨᠠᠯᠲᠠ ᠭᠠᠷᠤᠯᠲᠠ ᠪᠠᠷ ᠦᠷ᠎ᠡ ᠠᠰᠢᠭ ᠢ | ᠦᠨᠡᠯᠡᠵᠤ᠂ ᠨᠢᠭᠡᠴᠢ ᠲᠠᠯᠠᠪᠠᠢ ᠶᠢᠨ ᠤᠷᠤᠭᠤᠯᠤᠯᠲᠠ ᠶᠢᠨ ᠡᠷᠴᠢᠮ ᠪᠤᠯᠤᠨ ᠭᠠᠷᠤᠯᠲᠠ ᠶᠢᠨ ᠦᠷ᠎ᠠ ᠪᠦᠲᠦᠮᠵᠢ ᠶᠢ | ᠳᠡᠭᠡᠭᠰᠢᠯᠡᠭᠦᠯᠦᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠤᠬᠤᠷᠢᠵᠤ ᠭᠠᠷᠬᠤ ᠲᠤᠬᠲᠠᠴᠠ ᠶᠢ | ᠪᠠᠶᠢᠭᠤᠯᠤᠨ ᠪᠦᠷᠢᠨᠰᠢᠭᠦᠯᠦᠨ᠎ᠠ᠃ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠶᠢ ᠪᠠᠷᠢᠮᠲᠠᠯᠠᠵᠤ᠂ ᠡᠳᠦᠢ ᠲᠡᠳᠦᠢ | ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠪᠤᠬᠢᠷᠲᠤᠯ ᠦᠭᠡᠢ | ᠡᠷᠭᠢᠯᠳᠡᠲᠦ ᠠᠵᠤ ᠦᠢᠯᠡᠰ ᠤᠨ ᠬᠦᠷᠢᠶᠡᠯᠡᠩ᠂ ᠤᠨᠴᠠᠯᠢᠬᠲᠤ ᠳᠤᠮᠳᠠ ᠪᠠᠭ᠎ᠠ ᠬᠤᠲᠠ ᠪᠠᠯᠭᠠᠰᠤ᠂ ᠰᠤᠶᠤᠯ | ᠵᠢᠭᠤᠯᠴᠢᠯᠠᠯ ᠤᠨ ᠲᠦᠷᠦᠯ ᠵᠦᠢᠯ ᠢ ᠲᠦᠯᠦᠪᠵᠢᠭᠦᠯᠦᠨ ᠪᠠᠶᠢᠭᠤᠯᠵᠤ᠂ ᠬᠠᠲᠤᠨ ᠭᠤᠤᠯ ᠳᠠᠭᠠᠤ ᠶᠢᠨ ᠠᠮᠢ ᠠᠬᠤᠢ | ᠶᠢᠨ ᠠᠵᠤ ᠠᠬᠤᠢ ᠶᠢᠨ ᠪᠦᠰᠡ ᠶᠢ ᠴᠤᠬᠴᠠᠯᠠᠨ᠎ᠠ᠃ ᠴᠢᠬᠤᠯᠠ ᠵᠠᠮ ᠬᠠᠷᠢᠯᠴᠠᠭᠠᠨ ᠤ ᠭᠤᠤᠯ ᠱᠤᠭᠤᠮ ᠳᠤ | ᠲᠦᠰᠢᠭᠯᠡᠵᠦ᠂ ᠦᠢᠯᠡᠳᠪᠦᠷᠢᠯᠡᠯ ᠤᠨ ᠡᠯᠧᠮᠧᠨ᠋ᠲ ᠲᠦᠪᠯᠡᠷᠡᠨ ᠴᠤᠬᠯᠠᠷᠠᠬᠤ ᠶᠢ ᠠᠬᠢᠭᠤᠯᠵᠤ᠂ ᠱᠤᠭᠤᠮ ᠳᠠᠭᠠᠤ ᠶᠢᠨ | ᠠᠵᠤ ᠠᠬᠤᠢ ᠶᠢᠨ ᠪᠦᠰᠡ ᠶᠢ ᠴᠤᠬᠴᠠᠯᠠᠨ᠎ᠠ᠃ ᠭᠤᠤᠯᠳᠠᠯᠭᠠᠲᠤ ᠨᠡᠭᠡᠬᠡᠨ ᠬᠦᠭᠵᠢᠭᠦᠯᠬᠦ ᠨᠡᠭᠡᠬᠡᠯᠳᠡ ᠬᠢᠬᠦ | ᠲᠤᠷᠰᠢᠯᠲᠠ ᠶᠢᠨ ᠲᠤᠭᠤᠷᠢᠭ᠂ ᠬᠢᠯᠢ ᠬᠢᠵᠠᠭᠠᠷ ᠤᠨ ᠬᠤᠲᠠ ᠪᠠᠯᠭᠠᠰᠦ᠂ ᠬᠢᠯᠢ ᠳᠠᠭᠠᠤ ᠶᠢᠨ ᠪᠤᠭᠤᠮᠲᠠ᠂ ᠬᠤᠶᠠᠷ | ᠲᠠᠯ᠎ᠠ ᠶᠢᠨ ᠬᠢᠯᠢ ᠶᠢᠨ ᠠᠷᠠᠳ ᠤᠨ ᠬᠠᠷᠢᠯᠴᠠᠨ ᠵᠠᠬ᠎ᠠ ᠳᠡᠯᠭᠡᠭᠦᠷ ᠨᠡᠭᠡᠭᠡᠬᠦ ᠠᠷᠠᠯᠵᠢᠶᠠᠨ ᠤ ᠲᠤᠭᠤᠷᠢᠭ᠂ ᠬᠢᠯᠢ ᠶᠢᠨ | ᠠᠵᠤ ᠠᠬᠤᠢ ᠶᠢᠨ ᠬᠠᠮᠲᠤᠷᠠᠯᠴᠠᠭᠠᠨ ᠤ ᠲᠤᠭᠤᠷᠢᠭ᠂ ᠬᠢᠯᠢ ᠠᠯᠤᠰᠯᠠᠬᠰᠠᠨ ᠠᠵᠤ ᠠᠬᠤᠢ ᠶᠢᠨ ᠬᠠᠮᠲᠤᠷᠠᠯᠴᠠᠭᠠᠨ ᠤ | ᠲᠤᠭᠤᠷᠢᠭ ᠵᠡᠷᠭᠡ ᠳᠤ ᠲᠦᠰᠢᠭᠯᠡᠵᠦ᠂ ᠨᠢᠭᠡ ᠪᠦᠯᠦᠭ ᠭᠠᠳᠠᠭᠠᠳᠤ ᠳᠤ ᠬᠠᠨᠳᠤᠭᠤᠯᠤᠬᠰᠠᠨ ᠮᠠᠶ᠋ᠢᠭ ᠤᠨ ᠠᠵᠤ | ᠦᠢᠯᠡᠰ ᠤᠨ ᠰᠠᠭᠤᠷᠢᠨ ᠪᠠ ᠠᠮᠢ ᠠᠬᠤᠢ ᠶᠢᠨ ᠵᠢᠭᠤᠯᠴᠢᠯᠠᠯ ᠤᠨ ᠬᠤᠲᠠ ᠪᠠᠯᠭᠠᠰᠦ ᠶᠢ ᠪᠠᠶᠢᠭᠤᠯᠵᠤ᠂ ᠬᠢᠯᠢ ᠳᠠᠭᠠᠤ | ᠠᠵᠤ ᠠᠬᠤᠢ ᠶᠢᠨ ᠪᠦᠰᠡ ᠶᠢ ᠴᠤᠬᠴᠠᠯᠠᠨ᠎ᠠ᠃ | ︵ᠠᠷᠪᠠᠨ ᠲᠦᠷᠪᠡ︶ ᠶᠡᠭᠡ ᠲᠤᠮᠳᠠ ᠪᠠᠭ᠎ᠠ ᠬᠤᠳᠠ ᠪᠠ ᠪᠠᠭ᠎ᠠ ᠬᠤᠳᠠ ᠪᠠᠯᠭᠠᠰᠤᠨ ᠤ ᠵᠤᠬᠢᠴᠠᠩᠭᠤᠢ | ᠬᠦᠭᠵᠢᠯᠳᠡ ᠶᠢ ᠠᠬᠢᠭᠤᠯᠤᠨ᠎ᠠ᠃ ᠬᠤᠳᠠ ᠪᠠᠯᠭᠠᠰᠤᠨ ᠤ ᠡᠷᠦᠬᠡ ᠠᠮᠠ ᠶᠢ ᠰᠢᠯᠵᠢᠬᠦᠯᠬᠦ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠴᠢᠯᠦᠬᠡᠳᠡᠢ ᠲᠠᠯᠪᠢᠵᠦ᠂ ᠬᠠᠭᠠᠰ ᠵᠢᠯ ᠠᠴᠠ ᠲᠡᠭᠡᠭᠰᠢᠬᠢ ᠪᠠᠶᠢᠩᠭᠤ ᠶᠢᠨ ᠰᠠᠭᠤᠭ᠎ᠠ ᠭᠠᠵᠠᠷ ᠲᠤ | ᠡᠷᠦᠬᠡ ᠠᠮᠠ ᠲᠠᠩᠰᠠᠯᠠᠭᠤᠯᠬᠤ ᠲᠦᠷᠢᠮ ᠢ ᠬᠡᠷᠡᠭᠵᠢᠬᠦᠯᠦᠨ᠎ᠠ᠃ ᠬᠤᠳᠠ ᠪᠠᠯᠭᠠᠰᠤᠨ ᠳᠤ ᠲᠤᠭᠳᠠᠭᠤᠨ ᠢᠶᠠᠷ ᠠᠵᠢᠯ | ᠤᠯᠵᠤ ᠲᠡᠶᠢᠯᠬᠦ ᠪᠠ ᠠᠮᠢᠳᠤᠷᠠᠵᠦ ᠲᠡᠶᠢᠯᠬᠦ ᠴᠢᠳᠠᠪᠤᠷᠢ ᠲᠠᠢ ᠬᠦᠳᠡᠭᠡ ᠲᠤᠰᠬᠤᠨ ᠮᠠᠯᠵᠢᠬᠤ ᠤᠷᠤᠨ ᠤ ᠬᠦᠮᠦᠨ | ᠠᠮᠠ ᠶᠢᠨ ᠬᠤᠳᠠ ᠤᠷᠤᠵᠦ ᠡᠷᠦᠬᠡ ᠠᠮᠠ ᠪᠠᠨ ᠲᠠᠩᠰᠠᠯᠠᠭᠤᠯᠬᠤ ᠶᠢ ᠵᠤᠷᠢᠬᠵᠢᠭᠤᠯᠤᠨ᠂ ᠲᠠᠭᠠᠭᠠᠴᠢᠯᠠᠬᠰᠠᠨ ᠭᠠᠵᠠᠷ | ᠰᠢᠷᠤᠢ ᠪᠠ ᠤᠷᠤᠨ ᠰᠠᠭᠤᠴᠠ ᠳᠤ ᠬᠡᠷᠡᠭᠯᠡᠬᠦ ᠭᠠᠵᠠᠷ ᠰᠢᠷᠤᠢ ᠶᠢ ᠪᠤᠴᠠᠭᠠᠯᠭᠠᠬᠤ ᠪᠠᠷ ᠮᠠᠯᠴᠢᠨ ᠲᠠᠷᠢᠶᠠᠴᠢᠨ ᠤ | ᠬᠤᠳᠠ ᠤᠷᠤᠵᠦ ᠡᠷᠦᠬᠡ ᠠᠮᠠ ᠪᠠᠨ ᠲᠠᠩᠰᠠᠯᠠᠭᠤᠯᠬᠤ ᠨᠦᠬᠦᠴᠡᠯ ᠪᠤᠯᠭᠠᠵᠦ ᠪᠤᠯᠬᠤ ᠦᠬᠡᠢ᠃ ᠡᠳ᠋ ᠤᠨ ᠵᠠᠰᠠᠬ ᠤᠨ | ᠰᠢᠯᠵᠢᠬᠦᠯᠦᠨ ᠲᠤᠭᠠᠴᠠᠭ᠎ᠠ ᠬᠢᠬᠦ ᠬᠢᠬᠡᠳ ᠮᠠᠯ ᠠᠵᠦ ᠠᠬᠤᠢ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ | ᠬᠤᠳᠠ ᠶᠢᠨ ᠠᠷᠠᠳ ᠪᠤᠯᠬᠤ ᠶᠢ ᠬᠤᠯᠪᠤᠬᠤ ᠲᠤᠬᠳᠠᠴᠠ ᠶᠢ ᠪᠦᠷᠢᠨᠰᠢᠬᠦᠯᠦᠨ᠂ ᠬᠤᠳᠠ ᠪᠠᠯᠭᠠᠰᠤᠨ ᠤ ᠪᠦᠲᠦᠬᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢ ᠨᠡᠮᠡᠭᠳᠡᠬᠦᠯᠬᠦ ᠬᠡᠪᠴᠢᠶᠡᠵᠢᠯ ᠬᠢᠬᠡᠳ ᠮᠠᠯ ᠠᠵᠦ ᠠᠬᠤᠢ | ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢ ᠰᠢᠩᠬᠡᠬᠡᠵᠦ ᠡᠷᠦᠬᠡ ᠠᠮᠠ ᠶᠢ ᠲᠠᠩᠰᠠᠯᠠᠭᠤᠯᠬᠤ ᠲᠤᠭ᠎ᠠ ᠶᠢ | ᠬᠤᠯᠪᠤᠬᠤ ᠲᠤᠬᠳᠠᠴᠠ ᠶᠢ ᠨᠠᠶᠢᠳᠠᠪᠤᠷᠢᠵᠢᠭᠤᠯᠤᠨ᠎ᠠ᠃ ᠬᠤᠳᠠ ᠪᠠᠯᠭᠠᠰᠤᠨ ᠤ ᠵᠢᠷᠤᠬ ᠲᠦᠯᠦᠪᠯᠡᠭᠡ ᠬᠢᠬᠡᠳ | ᠲᠦᠯᠦᠪᠵᠢᠬᠦᠯᠦᠬᠡ ᠪᠦᠲᠦᠬᠡᠨ ᠪᠠᠶᠢᠭᠤᠯᠤᠯᠳᠠ ᠬᠠᠮᠢᠶᠠᠷᠤᠯᠳᠠ ᠶᠢ ᠴᠢᠩᠭᠠᠳᠬᠠᠨ᠂ ᠤᠢ ᠰᠢᠭᠤᠢ ᠶᠢᠨ ᠬᠤᠳᠠ᠂ | ᠤᠶᠤᠨᠳᠤ ᠬᠤᠳᠠ᠂ ᠬᠠᠶᠢᠮᠢᠶᠠᠨ ᠬᠤᠳᠠ᠂ ᠡᠨᠧᠷᠬᠢ ᠠᠷᠪᠢᠯᠠᠬᠤ ᠬᠤᠳᠠ ᠶᠢ ᠪᠦᠲᠦᠬᠡᠨ ᠪᠠᠶᠢᠭᠤᠯᠤᠨ᠎ᠠ᠃ ᠬᠤᠳᠠ | ᠪᠠᠯᠭᠠᠰᠤᠨ ᠤ ᠠᠵᠦ ᠠᠬᠤᠢ ᠶᠢ ᠴᠡᠴᠡᠭᠯᠡᠬᠦᠯᠦᠨ ᠬᠦᠭᠵᠢᠬᠦᠯᠵᠦ᠂ ᠠᠵᠦ ᠦᠢᠯᠡᠰ ᠪᠠ ᠬᠤᠳᠠ ᠶᠢᠨ ᠠᠭᠤᠰᠤᠯᠴᠠᠯ ᠢ | ᠠᠬᠢᠭᠤᠯᠤᠨ᠂ ᠬᠤᠲᠠ ᠪᠠᠯᠭᠠᠰᠤᠨ ᠤ ᠠᠵᠦ ᠦᠢᠯᠡᠰ ᠢ ᠲᠤᠯᠭᠠᠭᠤᠷᠢᠯᠠᠬᠤ ᠪᠠ ᠠᠵᠢᠯ ᠤᠯᠭᠤᠯᠳᠠ ᠶᠢ ᠰᠢᠩᠬᠡᠬᠡᠬᠦ | ᠴᠢᠳᠠᠪᠤᠷᠢ ᠶᠢ ᠴᠢᠩᠭᠠᠷᠠᠭᠤᠯᠤᠨ᠎ᠠ᠃ ᠤᠨᠴᠠᠯᠢᠬᠳᠤ ᠠᠵᠦ ᠦᠢᠯᠡᠰ ᠤᠨ ᠪᠠᠭ᠎ᠠ ᠪᠠᠯᠭᠠᠰᠤᠨ ᠤ ᠪᠦᠲᠦᠬᠡᠨ | ᠪᠠᠶᠢᠭᠤᠯᠤᠯᠳᠠ ᠶᠢ ᠲᠡᠮᠵᠢᠨ᠎ᠠ᠃ ᠬᠤᠳᠠ ᠶᠢᠨ ᠰᠤᠷᠭᠠᠨ ᠬᠦᠮᠦᠵᠢᠯ᠂ ᠰᠤᠶᠤᠯ᠂ ᠡᠷᠡᠬᠦᠯ ᠬᠠᠮᠠᠭᠠᠯᠠᠯ᠂ ᠨᠠᠰᠤᠵᠢᠯ᠂ | ᠬᠠᠤᠯᠢ ᠴᠠᠭᠠᠵᠠ᠂ ᠤᠯᠠᠨ ᠨᠡᠶᠢᠳᠡ ᠶᠢᠨ ᠠᠮᠤᠷ ᠲᠦᠪᠰᠢᠨ ᠵᠡᠷᠬᠡ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ | ᠤ ᠬᠠᠩᠭᠠᠯᠭ᠎ᠠ ᠶᠢ ᠦᠷᠬᠡᠳᠬᠡᠨ᠎ᠠ᠃ ᠬᠤᠳᠠ ᠬᠦᠳᠡᠭᠡ ᠬᠤᠳᠠ ᠶᠢᠨ ᠶᠠᠪᠤᠳᠠᠯ ᠤᠨ ᠨᠡᠶᠢᠳᠡ ᠶᠢᠨ ᠬᠡᠷᠡᠭᠯᠡᠬᠡᠨ ᠤ | ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠦᠨ᠂ ᠬᠤᠳᠠ ᠪᠠᠯᠭᠠᠰᠤᠨ ᠤ ᠤᠯᠠᠨ | ᠨᠡᠶᠢᠳᠡ ᠶᠢᠨ ᠰᠠᠭᠤᠷᠢ ᠲᠦᠬᠦᠬᠡᠷᠦᠮᠵᠢ ᠶᠢ ᠤᠢᠢᠷᠠᠯᠴᠠᠭ᠎ᠠ ᠭᠠᠵᠠᠷ ᠲᠡᠶᠢᠰᠢ ᠲᠡᠯᠡᠭᠦ ᠶᠢ ᠠᠬᠢᠭᠤᠯᠤᠨ᠎ᠠ᠃ ᠰᠢᠭᠤᠢᠢᠳᠤ | ᠤᠷᠤᠨ᠂ ᠠᠳᠠᠷ ᠬᠠᠭᠠᠯᠪᠤᠷᠢᠯᠠᠯᠳᠠ ᠶᠢᠨ ᠤᠷᠤᠨ᠂ ᠠᠭᠤᠷᠬᠠᠢ ᠶᠢᠨ ᠤᠷᠤᠨ᠂ ᠤᠰᠤᠯᠠᠯᠳᠠ ᠶᠢᠨ ᠤᠷᠤᠨ ᠤ | ᠬᠠᠮᠢᠶᠠᠷᠤᠯᠳᠠ ᠶᠢᠨ ᠪᠠᠶᠢᠭᠤᠯᠤᠮᠵᠢ ᠶᠢ ᠰᠢᠯᠤᠭᠤᠳᠬᠠᠨ᠎ᠠ᠃ | ︵ᠠᠷᠪᠠᠨ ᠲᠠᠪᠤ︶ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠤᠳᠠ | ᠬᠦᠳᠡᠭᠡ ᠶᠢ ᠠᠭᠤᠰᠤᠯᠴᠠᠭᠤᠯᠤᠨ ᠬᠦᠭᠵᠢᠬᠦᠯᠬᠦ ᠪᠠᠶᠢᠭᠤᠯᠤᠮᠵᠢ ᠲᠤᠬᠳᠠᠴᠠ ᠪᠠ ᠲᠦᠷᠦ ᠶᠢᠨ ᠪᠤᠳᠤᠯᠭ᠎ᠠ ᠶᠢᠨ | ᠰᠢᠰᠲ᠋ᠧᠮ ᠢ ᠪᠦᠷᠢᠨᠰᠢᠬᠦᠯᠦᠨ᠂ ᠰᠠᠭᠤᠷᠢ ᠲᠦᠬᠦᠬᠡᠷᠦᠮᠵᠢ ᠶᠢ ᠬᠦᠳᠡᠭᠡ ᠲᠤᠰᠬᠤᠨ ᠮᠠᠯᠵᠢᠬᠤ ᠤᠷᠤᠨ ᠲᠡᠶᠢᠰᠢ ᠲᠡᠯᠡᠭᠦ᠂ | ᠤᠯᠠᠨ ᠨᠡᠶᠢᠳᠡ ᠶᠢᠨ ᠦᠢᠯᠡᠴᠢᠯᠡᠭᠡ ᠶᠢ ᠬᠦᠳᠡᠭᠡ ᠲᠤᠰᠬᠤᠨ ᠮᠠᠯᠵᠢᠬᠤ ᠤᠷᠤᠨ ᠢ ᠪᠦᠷᠬᠦᠬᠦᠯᠬᠦ᠂ ᠬᠤᠳᠠ ᠶᠢᠨ | ᠪᠤᠯᠪᠠᠰᠤᠨ ᠢ ᠬᠦᠳᠡᠭᠡ ᠲᠤᠰᠬᠤᠨ ᠮᠠᠯᠵᠢᠬᠤ ᠤᠷᠤᠨ ᠲᠡᠶᠢᠰᠢ ᠲᠦᠬᠡᠬᠡᠬᠦ ᠶᠢ ᠠᠬᠢᠭᠤᠯᠤᠨ᠎ᠠ᠃ ᠤᠯᠠᠨ ᠲᠤᠭᠳᠠᠭᠠᠯ ᠢ | ᠨᠡᠶᠢᠳᠬᠡᠭᠰᠡᠨ ᠲᠤᠬᠢᠷᠠᠮᠵᠢᠳᠤ ᠬᠡᠯᠪᠡᠷᠢ ᠶᠢᠨ ᠠᠶᠢᠯ ᠲᠤᠰᠬᠤᠨ ᠤ ᠲᠦᠯᠦᠪᠵᠢᠬᠦᠯᠬᠡ ᠶᠢ ᠲᠤᠭᠳᠠᠭᠠᠵᠦ᠂ ᠠᠶᠢᠯ | ᠲᠤᠰᠬᠤᠨ ᠤ ᠪᠠᠶᠢᠷᠢᠰᠢᠯ ᠢ ᠲᠤᠬᠢᠷᠠᠭᠤᠯᠤᠨ ᠰᠢᠯᠢᠳᠡᠭᠵᠢᠬᠦᠯᠵᠦ᠂ ᠡᠬᠢ ᠪᠠᠶᠠᠯᠢᠬ ᠪᠠ ᠡᠯᠧᠮᠧᠨ᠋ᠲ ᠢ | ᠲᠦᠪᠯᠡᠷᠡᠬᠦᠯᠬᠦ ᠶᠢ ᠠᠬᠢᠭᠤᠯᠤᠨ᠂ ᠬᠦᠳᠡᠭᠡ ᠲᠤᠰᠬᠤᠨ ᠤ ᠪᠦᠲᠦᠬᠡᠨ ᠪᠠᠶᠢᠭᠤᠯᠤᠯᠳᠠ ᠶᠢᠨ ᠲᠦᠪᠰᠢᠨ ᠢ | ᠲᠡᠭᠡᠭᠰᠢᠯᠡᠬᠦᠯᠦᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠨᠢᠬᠡᠳᠦᠬᠡᠷ ᠬᠤᠶᠠᠳᠤᠭᠠᠷ ᠭᠤᠷᠪᠠᠳᠤᠭᠠᠷ ᠦᠢᠯᠡᠰ ᠢ | ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠤᠨ᠂ ᠤᠳᠤᠬᠢᠴᠢᠯᠠᠬᠰᠠᠨ ᠮᠠᠯ ᠠᠵᠦ ᠠᠬᠤᠢ ᠶᠢᠨ ᠲᠠᠭᠠᠭᠤᠯᠤᠬᠴᠢ | ᠠᠵᠦ ᠠᠬᠤᠢᠢᠯᠠᠯ ᠢ ᠪᠤᠶᠢᠵᠢᠭᠤᠯᠤᠨ᠂ ᠨᠦᠬᠦᠴᠡᠯ ᠲᠠᠢ ᠬᠦᠳᠡᠭᠡ ᠲᠤᠰᠬᠤᠨ ᠤ ᠬᠦᠳᠡᠭᠡ ᠨᠤᠳᠤᠬ ᠤᠨ | ᠶᠡᠷᠦᠩᠬᠡᠶᠢᠯᠡᠭᠰᠡᠨ ᠴᠤᠬᠴᠠ ᠶᠢᠨ ᠪᠦᠲᠦᠬᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠤᠨ ᠠᠵᠢᠯᠯᠠᠭᠠᠨ | ᠦᠷᠨᠢᠬᠦᠯᠬᠦ ᠶᠢ ᠲᠡᠮᠵᠢᠨ᠎ᠠ᠃ ᠦᠢᠯᠡᠳᠪᠦᠷᠢ ᠬᠤᠳᠠᠯᠳᠤᠭᠠᠨ ᠤ ᠠᠵᠦ ᠠᠬᠤᠢᠢᠯᠠᠯ ᠤᠨ ᠠᠵᠦ ᠦᠢᠯᠡᠰᠵᠢᠬᠦᠯᠵᠦ᠂ | ᠬᠡᠪᠴᠢᠶᠡᠵᠢᠬᠦᠯᠵᠦ᠂ ᠲᠦᠪᠯᠡᠷᠡᠬᠦᠯᠦᠨ ᠠᠷᠪᠢᠯᠠᠵᠦ ᠡᠵᠡᠩᠨᠡᠬᠦ ᠳᠤ ᠲᠤᠬᠢᠷᠠᠬᠰᠠᠨ ᠮᠠᠯ ᠠᠵᠦ ᠠᠬᠤᠢ ᠲᠠᠷᠢᠶᠠᠯᠠᠩ ᠤᠨ | ᠬᠦᠷᠢᠶ᠎ᠠ ᠴᠠᠷᠠᠭ᠎ᠠ ᠳᠤ ᠪᠡᠯᠡ ᠤᠷᠤᠭᠤᠯᠬᠤ ᠶᠢ ᠵᠤᠷᠢᠬᠵᠢᠭᠤᠯᠤᠨ᠂ ᠦᠢᠯᠡᠳᠪᠦᠷᠢ ᠬᠤᠳᠠᠯᠳᠤᠭᠠᠨ ᠤ ᠡᠳ᠋ | ᠬᠦᠷᠦᠩᠬᠡ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠮᠢᠳᠤᠷᠠᠯ ᠤᠨ ᠴᠢᠨᠠᠷᠳᠠᠢ ᠦᠢᠯᠡᠴᠢᠯᠡᠬᠡᠨ ᠤ ᠦᠢᠯᠡᠰ | ᠲᠤ ᠤᠷᠤᠬᠤ ᠶᠢ ᠲᠡᠮᠵᠢᠵᠦ᠂ ᠦᠢᠯᠡᠳᠪᠦᠷᠢ ᠬᠤᠳᠠᠯᠳᠤᠭᠠᠨ ᠤ ᠠᠵᠦ ᠠᠬᠤᠢᠢᠯᠠᠯ ᠤᠨ ᠲᠠᠭᠠᠭᠠᠴᠢᠯᠠᠬᠰᠠᠨ ᠭᠠᠵᠠᠷ | ᠰᠢᠷᠤᠢ ᠨᠤᠳᠤᠬ ᠪᠡᠯᠴᠢᠬᠡᠷ ᠢ ᠲᠦᠷᠢᠶᠡᠰᠦᠯᠡᠬᠦ ᠶᠢ ᠬᠢᠨᠠᠨ ᠬᠠᠮᠢᠶᠠᠷᠬᠤ ᠪᠠ ᠲᠦᠭᠰᠢᠬᠦᠷᠢ ᠶᠢ ᠰᠡᠷᠬᠡᠶᠢᠯᠡᠬᠦ ᠶᠢ | ᠴᠢᠩᠭᠠᠳᠬᠠᠨ᠎ᠠ᠃ ᠭᠠᠴᠠᠭ᠎ᠠ ᠲᠤᠰᠬᠤᠨ ᠤ ᠬᠠᠮᠳᠤ ᠶᠢᠨ ᠠᠵᠦ ᠠᠬᠤᠢ ᠶᠢ ᠬᠦᠭᠵᠢᠬᠦᠯᠦᠨ ᠲᠤᠮᠤᠷᠠᠭᠤᠯᠤᠨᠠ᠃ ᠡᠬᠢ | ᠪᠠᠶᠠᠯᠢᠬ ᠢ ᠡᠳ᠋ ᠬᠦᠷᠦᠩᠬᠡ ᠪᠤᠯᠭᠠᠵᠦ ᠬᠤᠪᠢᠷᠠᠭᠤᠯᠤᠬᠰᠠᠨ᠂ ᠪᠡᠯᠡ ᠮᠦᠩᠬᠦ ᠶᠢ ᠬᠤᠪᠢᠴᠠᠭᠠᠨ ᠤ ᠮᠦᠩᠬᠦ ᠪᠤᠯᠭᠠᠵᠦ | ᠬᠤᠪᠢᠷᠠᠭᠤᠯᠤᠬᠰᠠᠨ᠂ ᠮᠠᠯᠴᠢᠨ ᠲᠠᠷᠢᠶᠠᠴᠢᠨ ᠢ ᠬᠤᠪᠢᠴᠠᠭᠠᠨ ᠤ ᠡᠵᠡᠨ ᠪᠤᠯᠭᠠᠵᠦ ᠬᠤᠪᠢᠷᠠᠭᠤᠯᠤᠬᠰᠠᠨ ᠵᠡᠷᠬᠡ | ᠦᠬᠡᠷᠡᠴᠢᠯᠡᠯᠳᠡ ᠶᠢᠨ ᠲᠤᠷᠰᠢᠯᠭ᠎ᠠ ᠶᠢ ᠳ᠋ᠦᠩᠨᠡᠵᠦ ᠲᠡᠯᠬᠡᠷᠡᠬᠦᠯᠦᠨ᠂ ᠮᠠᠯᠴᠢᠨ ᠲᠠᠷᠢᠶᠠᠴᠢᠨ ᠤ ᠤᠷᠤᠯᠭ᠎ᠠ ᠪᠠᠨ | ᠨᠡᠮᠡᠭᠳᠡᠬᠦᠯᠵᠦ ᠴᠢᠨᠡᠬᠡᠯᠢᠭᠵᠢᠬᠦ ᠶᠢ ᠠᠬᠢᠭᠤᠯᠤᠨ᠎ᠠ᠃ ᠲᠠᠭᠠᠭᠤᠯᠤᠬᠴᠢ ᠠᠵᠦ ᠠᠬᠤᠢᠢᠯᠠᠯ ᠬᠢᠬᠡᠳ ᠮᠠᠯᠴᠢᠨ ᠲᠠᠷᠢᠶᠠᠴᠢᠨ | ᠤ ᠠᠰᠢᠬ ᠲᠤᠰᠠ ᠶᠢᠨ ᠬᠤᠯᠪᠤᠭᠠᠨ ᠤ ᠲᠤᠬᠳᠠᠴᠡ ᠶᠢ ᠲᠡᠬᠦᠯᠳᠡᠷᠵᠢᠬᠦᠯᠦᠨ᠂ ᠬᠡᠷ ᠪᠦᠯᠢ ᠶᠢᠨ ᠮᠠᠯᠵᠢᠯ ᠤᠨ ᠲᠠᠯᠠᠪᠠᠢ | ᠲᠠᠷᠢᠶᠠᠯᠠᠩ ᠤᠨ ᠲᠠᠯᠠᠪᠠᠢ᠂ ᠬᠤᠷᠰᠢᠶ᠎ᠠ ᠵᠡᠷᠬᠡ ᠰᠢᠨ᠎ᠠ ᠪᠠᠷ ᠮᠠᠨᠳᠤᠬᠰᠠᠨ ᠮᠠᠯ ᠠᠵᠦ ᠠᠬᠤᠢ ᠲᠠᠷᠢᠶᠠᠯᠠᠩ ᠤᠨ | ᠡᠵᠡᠩᠨᠡᠯᠳᠡ ᠶᠢᠨ ᠭᠤᠤᠯ ᠴᠤᠬᠴᠠ ᠶᠢᠨ ᠠᠵᠢᠯᠯᠠᠭᠠᠨ ᠢ ᠲᠦᠷᠢᠮᠵᠢᠬᠦᠯᠦᠨ᠂ ᠬᠡᠷ ᠪᠦᠯᠢ ᠶᠢᠨ ᠡᠵᠡᠩᠨᠡᠯᠳᠡ ᠬᠢᠬᠡᠳ | ᠤᠳᠤ ᠦᠶ᠎ᠠ ᠶᠢᠨ ᠮᠠᠯ ᠠᠵᠦ ᠠᠬᠤᠢ ᠲᠠᠷᠢᠶᠠᠯᠠᠩ ᠤᠨ ᠬᠦᠭᠵᠢᠯᠳᠡ ᠶᠢ ᠤᠷᠭᠠᠨᠢᠬ ᠢᠶᠠᠷ ᠵᠤᠯᠭᠠᠯᠴᠠᠭᠤᠯᠬᠤ ᠶᠢ | ᠠᠬᠢᠭᠤᠯᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ | ᠴᠡᠭᠴᠡᠯᠡᠬᠦ ᠶᠢ ᠠᠬᠢᠭᠤᠯᠤᠨ᠂ ︽ᠠᠷᠪᠠᠨ ᠰᠢᠶᠠᠡ ᠵᠠᠭᠤᠨ ᠰᠢᠶᠠᠩ ᠮᠢᠩᠭᠠᠨ ᠲᠤᠰᠬᠤᠨ︾ ᠤ ᠵᠢᠱᠢᠶ᠎ᠠ ᠦᠵᠡᠬᠦᠯᠬᠦ | ᠠᠵᠢᠯᠯᠠᠭᠠᠨ ᠢ ᠬᠡᠷᠡᠭᠵᠢᠬᠦᠯᠦᠨ᠂ ᠬᠦᠳᠡᠭᠡ ᠲᠤᠰᠬᠤᠨ ᠮᠠᠯᠵᠢᠬᠤ ᠤᠷᠤᠨ ᠤ ᠬᠤᠬ ᠨᠤᠪᠰᠢ ᠪᠤᠬᠢᠷ ᠤᠰᠤ ᠶᠢ | ᠵᠠᠰᠠᠬᠤ᠂ ᠵᠤᠷᠯᠤᠩ ᠤᠨ ᠬᠤᠪᠢᠰᠬᠠᠯ᠂ ᠲᠠᠷᠢᠮᠠᠯ ᠤᠨ ᠡᠰᠢ ᠰᠦᠷᠡᠯ ᠵᠢᠴᠢ ᠲᠡᠵᠢᠬᠡᠪᠦᠷᠢ ᠶᠢᠨ ᠮᠠᠯ ᠵᠢᠬᠦᠷᠳᠡᠨ ᠤ | ᠢᠯᠭᠠᠳᠠᠰᠤ ᠶᠢ ᠡᠬᠢ ᠪᠠᠶᠠᠯᠢᠬ ᠪᠤᠯᠭᠠᠵᠦ ᠠᠰᠢᠬᠯᠠᠬᠤ ᠪᠠ ᠭᠠᠴᠠᠭ᠎ᠠ ᠲᠤᠰᠬᠤᠨ ᠤ ᠦᠩᠬᠡ ᠲᠦᠷᠬᠦ ᠶᠢ | ᠰᠠᠶᠢᠵᠢᠷᠠᠭᠤᠯᠬᠤ ᠶᠢ ᠠᠬᠢᠭᠤᠯᠤᠨ᠎ᠠ᠃ ᠮᠠᠯᠴᠢᠨ ᠲᠠᠷᠢᠶᠠᠴᠢᠨ ᠤ ᠬᠡᠪ ᠴᠢᠨᠠᠷ ᠢ ᠲᠡᠭᠡᠭᠰᠢᠯᠡᠬᠦᠯᠬᠦ ᠠᠵᠢᠯᠯᠠᠭᠠᠨ ᠢ | ᠬᠡᠷᠡᠭᠵᠢᠬᠦᠯᠦᠨ᠎ᠠ᠃ | ︵ᠠᠷᠪᠠᠨ ᠵᠢᠷᠭᠤᠭ᠎ᠠ︶ ᠦᠷᠢᠰᠦᠯᠳᠦᠬᠦ ᠬᠦᠴᠦᠨ ᠲᠠᠢ ᠨᠡᠮᠡᠭᠳᠡᠯ ᠤᠨ ᠲᠠᠶᠢᠴᠢᠯᠠᠬᠤ ᠲᠦᠢᠯ ᠢ ᠪᠤᠢ ᠪᠤᠯᠭᠠᠨ᠎ᠠ᠃ | ᠬᠦᠬᠡᠬᠤᠳᠠ ᠪᠤᠭᠤᠳᠤ ᠤᠷᠳᠤᠰ ᠤᠯᠠᠭᠠᠨᠴᠠᠪ ᠦᠪᠡᠷᠰᠡᠳ ᠤᠨ ᠲᠠᠪᠠᠭᠤᠯᠢᠭ ᠲᠤ ᠪᠠᠨ ᠲᠦᠰᠢᠭᠯᠡᠨ ᠤᠨᠴᠠᠯᠢᠭ | ᠢᠯᠡ ᠲᠤᠳᠤᠷᠬᠠᠢ᠂ ᠲᠠᠪᠠᠭᠤᠯᠢᠭ ᠢᠶᠠᠨ ᠪᠠᠳᠠᠷᠠᠭᠤᠯᠵᠤ ᠲᠤᠳᠠᠭᠤᠳᠠᠯ ᠢᠶᠠᠨ ᠨᠦᠬᠦᠪᠦᠷᠢᠯᠡᠭᠰᠡᠨ᠂ ᠵᠤᠬᠢᠴᠠᠩᠭᠤᠢ | ᠬᠦᠭᠵᠢᠭᠰᠡᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠶᠢ ᠲᠡᠮᠵᠢᠵᠦ᠂ ᠰᠠᠭᠤᠷᠢ ᠲᠦᠭᠦᠭᠡᠷᠤᠮᠵᠢ ᠶᠢᠨ | ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠳᠡᠷᠡᠯᠴᠡᠬᠦ ᠶᠢ ᠲᠦᠷᠭᠡᠳᠭᠡᠵᠦ᠂ ᠬᠦᠮᠦᠨ ᠠᠮᠠ ᠪᠤᠯᠤᠨ ᠠᠵᠤ | ᠠᠬᠤᠢ ᠶᠢᠨ ᠴᠤᠭᠯᠠᠷᠠᠯ ᠤᠨ ᠲᠦᠪᠰᠢᠨ ᠢ ᠢᠯᠡᠷᠭᠡᠢ ᠲᠡᠭᠡᠭᠰᠢᠯᠡᠭᠦᠯᠦᠨ᠎ᠠ᠃ ᠬᠤᠷᠢᠨᠭᠡᠷ ᠰᠢᠨ᠎ᠠ ᠲᠤᠭᠤᠷᠢᠭ ᠤᠨ | ᠪᠠᠶᠢᠭᠤᠯᠤᠯᠳᠠ ᠶᠢ ᠲᠦᠷᠭᠡᠳᠭᠡᠵᠦ᠂ ᠪᠠᠶᠢᠭᠤᠯᠤᠮᠵᠢ ᠲᠤᠭᠳᠠᠴᠠ ᠶᠢᠨ ᠰᠢᠨ᠎ᠠ ᠶᠢ ᠡᠭᠦᠳᠴᠦ᠂ ᠡᠯᠧᠮᠧᠨ᠋ᠲ ᠤᠨ | ᠴᠤᠭᠯᠠᠷᠠᠯ ᠢ ᠴᠢᠩᠭᠠᠳᠬᠠᠨ᠂ ᠲᠡᠭᠡᠳᠦ ᠲᠡᠰ ᠤᠨ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠵᠤ᠂ ᠴᠢᠨᠠᠷ | ᠰᠠᠶᠢᠳᠠᠢ ᠬᠦᠭᠵᠢᠭᠦᠯᠬᠦ ᠤᠷᠢᠳᠠᠪᠠᠷ ᠬᠡᠷᠡᠭᠵᠢᠭᠦᠯᠬᠦ ᠤᠷᠤᠨ ᠢ ᠴᠤᠭᠴᠠᠯᠠᠨ᠎ᠠ᠃ ᠵᠡᠭᠦᠨ ᠪᠡᠶ᠎ᠠ ᠶᠢᠨ ᠠᠶᠢᠮᠠᠭ ᠬᠤᠳᠠ | ᠰᠢᠨ᠎ᠠ ᠨᠢᠭᠡᠨ ᠡᠭᠡᠯᠵᠢ ᠶᠢᠨ ᠵᠡᠭᠦᠨ ᠬᠤᠶᠢᠳᠤ ᠤᠷᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ | ᠠᠵᠠ ᠲᠤᠬᠢᠶᠠᠯ ᠢ ᠠᠳᠬᠤᠬᠤ ᠶᠢ ᠲᠡᠮᠵᠢᠵᠦ᠂ ᠵᠡᠭᠦᠨ ᠬᠤᠶᠢᠳᠤ ᠶᠢᠨ ᠭᠤᠷᠪᠠᠨ ᠮᠤᠵᠢ ᠯᠤᠭ᠎ᠠ ᠶᠢᠨ ᠵᠤᠯᠭᠠᠯᠴᠠᠭ᠎ᠠ | ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠤᠨᠴᠠᠯᠢᠭᠳᠤ ᠲᠠᠪᠠᠭᠤᠯᠢᠭ ᠠᠵᠤ ᠦᠢᠯᠡᠰ ᠤᠨ ᠲᠠᠯᠳᠠ ᠬᠦᠴᠦᠨ ᠢ | ᠠᠭᠤᠳᠠᠯᠵᠤ᠂ ᠰᠢᠯᠢ ᠶᠢᠨ ᠭᠤᠤᠯ ᠤᠯᠠᠭᠠᠨᠬᠠᠳᠠ ᠲᠦᠩᠯᠢᠶᠤᠤ ᠠᠵᠤ ᠠᠬᠤᠢ ᠶᠢᠨ ᠲᠤᠭᠤᠷᠢᠭ ᠢ ᠪᠤᠶᠢᠵᠢᠭᠤᠯᠤᠨ᠂ | ᠲᠦᠪ ᠬᠤᠳᠠ ᠪᠤᠯᠤᠨ ᠪᠠᠭ᠎ᠠ ᠬᠤᠳᠠ ᠪᠠᠯᠭᠠᠰᠤᠨ ᠤ ᠨᠦᠯᠦᠭᠡᠯᠡᠨ ᠲᠠᠶᠢᠴᠢᠯᠠᠬᠤ ᠴᠢᠳᠠᠪᠤᠷᠢ ᠶᠢ ᠲᠡᠭᠡᠭᠰᠢᠯᠡᠭᠦᠯᠦᠨ᠎ᠠ᠃ | ᠦᠬᠠᠢ ᠵᠢᠴᠢ ᠵᠡᠷᠭᠡᠯᠡᠳᠡᠭᠡ ᠭᠠᠵᠠᠷ ᠤᠷᠤᠨ ᠤ ᠨᠢᠭᠡ ᠴᠤᠭᠴᠠᠵᠢᠭᠰᠠᠨ ᠬᠦᠭᠵᠢᠯᠳᠡ ᠶᠢ ᠠᠬᠢᠭᠤᠯᠵᠤ᠂ | ᠤᠯᠠᠮᠵᠢᠯᠠᠯᠳᠤ ᠠᠵᠤ ᠦᠢᠯᠡᠰ ᠤᠨ ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠡᠷᠬᠢᠯᠳᠡᠳᠤ ᠬᠤᠪᠢᠷᠠᠯᠳᠠ | ᠶᠢ ᠲᠦᠷᠭᠡᠳᠭᠡᠵᠦ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠤᠷᠤᠨ ᠤ ᠬᠡᠯᠪᠡᠷᠢ ᠪᠠᠨ ᠬᠤᠪᠢᠷᠠᠭᠤᠯᠤᠨ | ᠬᠦᠭᠵᠢᠭᠦᠯᠬᠦ ᠵᠢᠱᠢᠶ᠎ᠠ ᠦᠵᠡᠭᠦᠯᠬᠦ ᠲᠤᠭᠤᠷᠢᠭ ᠢ ᠪᠠᠶᠢᠭᠤᠯᠤᠨ᠎ᠠ᠃ ᠤᠷᠤᠨ ᠪᠦᠰᠡ ᠶᠢ ᠵᠤᠬᠢᠴᠠᠩᠭᠤᠢ ᠬᠦᠭᠵᠢᠭᠦᠯᠬᠦ | ᠲᠤᠭᠳᠠᠴᠠ ᠶᠢ ᠲᠡᠭᠦᠯᠳᠡᠷᠵᠢᠭᠦᠯᠵᠦ᠂ ᠠᠰᠢᠭ ᠲᠤᠰᠠ ᠶᠢ ᠬᠠᠮᠳᠤᠪᠠᠷ ᠡᠳ᠋ᠯᠡᠬᠦ᠂ ᠬᠠᠷᠢᠭᠤᠴᠠᠯᠭ᠎ᠠ ᠶᠢ ᠬᠠᠮᠳᠤᠪᠠᠷ | ᠡᠭᠦᠷᠭᠡᠯᠡᠬᠦ ᠠᠵᠤ ᠦᠢᠯᠡᠰ ᠤᠨ ᠬᠠᠮᠳᠤᠷᠠᠯᠴᠠᠭᠠᠨ ᠤ ᠰᠢᠨ᠎ᠠ ᠲᠤᠭᠳᠠᠴᠠ ᠶᠢ ᠰᠦᠪᠡᠭᠴᠢᠯᠡᠨ ᠪᠠᠶᠢᠭᠤᠯᠵᠤ᠂ ᠵᠠᠰᠠᠭ | ᠵᠠᠬᠢᠷᠭᠠᠨ ᠤ ᠤᠷᠤᠨ ᠪᠦᠰᠡ ᠠᠯᠤᠰᠯᠠᠨ ᠨᠡᠪᠳᠡᠷᠡᠯᠴᠡᠵᠦ ᠵᠦᠪᠳᠡᠯᠴᠡᠬᠦ᠂ ᠲᠦᠷᠦ ᠶᠢᠨ ᠪᠤᠳᠤᠯᠭ᠎ᠠ ᠶᠢ ᠵᠤᠯᠭᠠᠭᠤᠯᠵᠤ | ᠠᠭᠤᠰᠤᠯᠴᠠᠭᠤᠯᠬᠤ ᠲᠤᠭᠳᠠᠴᠠ ᠶᠢ ᠪᠠᠶᠢᠭᠤᠯᠵᠤ᠂ ᠦᠪᠡᠷᠳᠡᠭᠡᠨ ᠵᠠᠰᠠᠬᠤ ᠤᠷᠤᠨ ᠤ ᠵᠡᠭᠦᠨ ᠲᠤᠮᠳᠠ ᠪᠠᠷᠠᠭᠤᠨ | ᠪᠡᠶ᠎ᠠ ᠶᠢ ᠨᠡᠪᠳᠡᠷᠡᠭᠦᠯᠦᠭᠰᠡᠨ ᠶᠡᠷᠦᠩᠬᠡᠢ ᠲᠡᠭᠡᠭᠡᠪᠤᠷᠢ ᠶᠢᠨ ᠵᠠᠮ ᠤᠨ ᠭᠤᠤᠯ ᠪᠦᠳᠦᠴᠠ ᠶᠢ ᠲᠡᠭᠦᠯᠳᠡᠷᠵᠢᠭᠦᠯᠵᠦ᠂ | ᠵᠡᠭᠦᠨ ᠲᠤᠮᠳᠠ ᠪᠠᠷᠠᠭᠤᠨ ᠪᠡᠶ᠎ᠠ ᠶᠢᠨ ᠲᠠᠪᠠᠭᠤᠯᠢᠭ ᠢ ᠬᠠᠷᠢᠯᠴᠠᠨ ᠨᠦᠬᠦᠪᠦᠷᠢᠯᠡᠵᠦ᠂ ᠵᠦᠷᠢᠶᠡᠳᠤ ᠵᠤᠬᠢᠴᠠᠩᠭᠤᠢ | ᠬᠦᠭᠵᠢᠯᠳᠠ ᠶᠢᠨ ᠰᠢᠨ᠎ᠠ ᠪᠠᠶᠢᠷᠢᠰᠢᠯ ᠢ ᠪᠦᠷᠢᠯᠳᠦᠭᠦᠯᠦᠨ᠎ᠠ᠃ | ︵ᠠᠷᠪᠠᠨ ᠲᠤᠯᠤᠭ᠎ᠠ︶ ᠵᠦᠢ ᠵᠤᠬᠢᠰᠳᠠᠢ ᠠᠵᠤ ᠠᠬᠤᠢ ᠶᠢᠨ ᠨᠡᠮᠡᠭᠳᠡᠯ ᠢ ᠪᠠᠳᠤᠯᠠᠨ᠎ᠠ᠃ ᠲᠤᠭᠳᠠᠭᠤᠨ | ᠪᠠᠶᠢᠯᠭᠠᠬᠤ ᠮᠦᠷᠳᠡᠭᠡᠨ ᠤᠷᠤᠭᠰᠢᠯᠠᠨ ᠲᠠᠪᠰᠢᠬᠤ ᠶᠢ ᠪᠠᠷᠢᠮᠳᠠᠯᠠᠵᠤ᠂ ᠶᠡᠷᠦᠩᠬᠡᠢ ᠬᠡᠮᠵᠢᠶ᠎ᠠ ᠬᠢᠭᠡᠳ ᠪᠦᠳᠦᠴᠡ᠂ | ᠬᠤᠷᠳᠤᠴᠠ ᠬᠢᠭᠡᠳ ᠶᠠᠰᠤ ᠴᠢᠨᠠᠷ᠂ ᠬᠦᠭᠵᠢᠭᠦᠯᠬᠦ ᠬᠢᠭᠡᠳ ᠬᠠᠮᠠᠭᠠᠯᠠᠬᠤ᠂ ᠤᠳᠤᠬᠠᠨ ᠪᠠ ᠠᠯᠤᠰ ᠬᠡᠳᠦ ᠶᠢᠨ | ᠬᠠᠷᠢᠴᠠᠭ᠎ᠠ ᠶᠢ ᠵᠦᠪ ᠤᠨᠤᠪᠴᠢᠳᠠᠢ ᠰᠢᠢᠳᠪᠦᠷᠢᠯᠡᠵᠦ᠂ ᠠᠵᠤ ᠠᠬᠤᠢ ᠶᠢᠨ ᠡᠷᠭᠢᠯᠳᠠ ᠶᠢᠨ ᠶᠡᠷᠦᠩᠬᠡᠢ ᠳᠡᠭᠡᠨ | ᠲᠤᠭᠳᠠᠭᠤᠨ ᠪᠠᠶᠢᠬᠤ ᠶᠢ ᠪᠠᠳᠤᠯᠠᠨ᠎ᠠ᠃ ᠰᠠᠭᠤᠷᠢ ᠲᠦᠭᠦᠭᠡᠷᠦᠮᠵᠢ᠂ ᠠᠵᠤ ᠦᠢᠯᠡᠰ ᠤᠨ ᠬᠦᠭᠵᠢᠯᠳᠡ᠂ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠳᠠᠨ᠂ ᠠᠮᠢ ᠠᠬᠤᠢ ᠶᠢᠨ ᠤᠷᠴᠢᠨ ᠲᠤᠭᠤᠷᠢᠨ᠂ ᠶᠠᠳᠠᠭᠤ ᠠᠴᠠ | ᠠᠩᠬᠢᠵᠢᠷᠠᠭᠤᠯᠵᠤ ᠪᠤᠭᠤᠮᠳᠠ ᠰᠢᠪᠳᠤᠯᠬᠤ᠂ ᠰᠤᠷᠭᠠᠨ ᠬᠦᠮᠦᠵᠢᠯ ᠡᠮ ᠡᠮᠨᠡᠯᠭᠡ ᠵᠡᠷᠭᠡ ᠵᠠᠩᠬᠢᠯᠠᠭ᠎ᠠ ᠶᠢᠨ ᠬᠦᠷᠢᠶ᠎ᠠ | ᠴᠠᠷᠠᠭ᠎ᠠ ᠪᠤᠯᠤᠨ ᠪᠠᠭᠤᠷᠠᠢ ᠭᠤᠭᠴᠤᠭ᠎ᠠ ᠳᠤ ᠴᠢᠭᠯᠡᠭᠦᠯᠦᠨ ᠨᠢᠭᠡ ᠪᠦᠯᠦᠭ ᠲᠤᠳᠠᠭᠤᠳᠠᠯ ᠢ ᠨᠦᠬᠦᠪᠦᠷᠢᠯᠡᠬᠦ | ᠢᠨᠵᠧᠨᠧᠷᠢᠩ ᠢ ᠬᠡᠷᠡᠭᠵᠢᠭᠦᠯᠵᠦ᠂ ᠬᠤᠳᠠ ᠪᠠᠯᠭᠠᠰᠤᠨ ᠤ ᠬᠠᠭᠤᠴᠢᠨ ᠵᠢᠵᠢᠭ ᠲᠤᠭᠤᠷᠢᠭ ᠢ ᠦᠭᠡᠷᠡᠴᠢᠯᠡᠬᠦ᠂ | ᠬᠤᠳᠠ ᠶᠢᠨ ᠲᠡᠷᠭᠡᠨ ᠵᠤᠭᠰᠤᠭᠠᠯ᠂ ᠬᠤᠳᠠ ᠪᠠᠯᠭᠠᠰᠤᠨ ᠤ ᠬᠦᠢᠳᠡᠨ ᠢᠶᠠᠷ ᠬᠦᠷᠭᠡᠬᠦ ᠡᠳ᠋ ᠪᠠᠷᠠᠭᠠᠨ ᠤ ᠭᠦᠢᠯᠭᠡᠭᠡᠨ ᠤ | ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠪᠦᠳᠦᠮᠵᠢᠳᠡᠢ ᠪᠡᠯᠡ ᠤᠷᠤᠭᠤᠯᠤᠯᠳᠠ ᠶᠢ ᠦᠷᠭᠡᠳᠭᠡᠨ᠂ ᠴᠢᠨᠠᠷ | ᠰᠠᠶᠢᠳᠠᠢ ᠬᠠᠩᠭᠠᠯᠭ᠎ᠠ ᠶᠢ ᠨᠡᠮᠡᠭᠳᠡᠭᠦᠯᠦᠨ᠎ᠠ᠃ ᠦᠨᠳᠦᠷ ᠴᠢᠨᠠᠷ ᠴᠢᠨᠰᠠᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠶᠢᠨ ᠡᠷᠴᠢᠮ ᠢ ᠴᠢᠩᠭᠠᠳᠬᠠᠵᠤ᠂ ᠲᠦᠷᠦᠯ ᠵᠦᠢᠯ ᠤᠨ ᠨᠦᠭᠡᠴᠡᠯᠡᠯᠳᠡ ᠪᠤᠯᠤᠨ ᠦᠷᠭᠦᠯᠵᠢᠯᠡᠨ | ᠵᠠᠯᠭᠠᠬᠤ ᠲᠤᠭᠳᠠᠴᠠ ᠶᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠢᠨᠵᠧᠨᠧᠷᠢᠩ ᠤᠨ ᠡᠮᠦᠨᠡᠬᠢ ᠬᠤᠭᠤᠴᠠᠭᠠᠨ ᠤ | ᠠᠵᠢᠯ ᠪᠠ ᠪᠠᠷᠢᠯᠭ᠎ᠠ ᠡᠬᠢᠯᠡᠭᠦᠯᠵᠦ ᠪᠦᠳᠦᠭᠡᠨ ᠪᠠᠶᠢᠭᠤᠯᠬᠤ ᠶᠢ ᠲᠦᠷᠭᠡᠳᠭᠡᠵᠦ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠶᠢᠨ ᠵᠦᠢ ᠵᠤᠬᠢᠰᠳᠠᠢ ᠪᠡᠯᠡ ᠮᠦᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠠᠳᠤᠯᠠᠨ᠎ᠠ᠃ ᠵᠠᠰᠠᠭ ᠤᠨ | ᠤᠷᠳᠤᠨ ᠪᠤᠯᠤᠨ ᠨᠡᠶᠢᠭᠡᠮ ᠤᠨ ᠡᠳ᠋ ᠬᠦᠷᠦᠩᠭᠡ ᠶᠢᠨ ᠬᠠᠮᠳᠤᠷᠠᠯᠴᠠᠭᠠᠨ ᠤ ︵PPP︶ ᠲᠦᠷᠦᠯ ᠵᠦᠢᠯ ᠢ | ᠲᠦᠷᠢᠮᠵᠢᠯ ᠲᠠᠢ ᠡᠮᠬᠢ ᠵᠢᠷᠤᠮ ᠲᠠᠢ ᠠᠬᠢᠭᠤᠯᠵᠤ᠂ ᠨᠡᠶᠢᠭᠡᠮ ᠤᠨ ᠡᠳ᠋ ᠬᠦᠷᠦᠩᠭᠡ ᠤᠨᠴᠠᠭᠠᠢᠢᠯᠠᠨ ᠠᠷᠠᠳ ᠤᠨ ᠡᠳ᠋ | ᠬᠦᠷᠦᠩᠭᠡ ᠶᠢᠨ ᠪᠡᠯᠡ ᠤᠷᠤᠭᠤᠯᠤᠯᠳᠠ ᠶᠢᠨ ᠴᠢᠬᠤᠯᠠ ᠶᠡᠭᠡ ᠲᠦᠷᠦᠯ ᠵᠦᠢᠯ ᠢ ᠬᠦᠰᠢᠵᠦ ᠬᠦᠳᠡᠯᠭᠡᠨᠠ᠃ | ᠬᠡᠷᠡᠭᠴᠡᠭᠡ ᠱᠠᠭᠠᠷᠳᠠᠯᠭ᠎ᠠ ᠶᠢᠨ ᠲᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠠᠮᠤᠭ ᠡᠴᠤᠰ ᠤᠨ ᠬᠡᠷᠡᠭᠴᠡᠭᠡ | ᠱᠠᠭᠠᠷᠳᠠᠯᠭ᠎ᠠ ᠶᠢ ᠦᠷᠭᠡᠳᠭᠡᠨ ᠦᠷᠭᠡᠵᠢᠭᠦᠯᠵᠦ᠂ ᠪᠤᠳᠠᠳᠤ ᠪᠤᠳᠠᠰ ᠤᠨ ᠬᠡᠷᠡᠭᠯᠡᠭᠡ ᠶᠢ ᠲᠡᠰ ᠲᠡᠪᠰᠢᠭᠦᠯᠬᠦ᠂ | ᠦᠢᠯᠡᠴᠢᠯᠡᠭᠡᠨ ᠤ ᠬᠡᠷᠡᠭᠯᠡᠭᠡ ᠶᠢᠨ ᠶᠠᠰᠤ ᠴᠢᠨᠠᠷ ᠢ ᠲᠡᠭᠡᠭᠰᠢᠯᠡᠭᠦᠯᠦᠨ ᠬᠡᠪᠴᠢᠶ᠎ᠠ ᠶᠢ ᠦᠷᠭᠡᠳᠭᠡᠬᠦ᠂ ᠮᠠᠯᠵᠢᠬᠤ | ᠲᠠᠷᠢᠶᠠᠯᠠᠬᠤ ᠤᠷᠤᠨ ᠤ ᠵᠠᠬ᠎ᠠ ᠲᠡᠯᠭᠡᠭᠦᠷ ᠢ ᠪᠦᠳᠦᠮᠵᠢᠳᠡᠢ ᠠᠵᠢᠯᠯᠠᠭᠤᠯᠬᠤ᠂ ᠲᠠᠪᠴᠠᠩ ᠤᠨ ᠬᠡᠯᠪᠡᠷᠢ ᠶᠢᠨ ᠬᠡᠷᠡᠭᠯᠡᠭᠡ᠂ | ᠬᠠᠮᠳᠤᠪᠠᠷ ᠡᠳ᠋ᠯᠡᠬᠦ ᠠᠵᠤ ᠠᠬᠤᠢ ᠵᠡᠷᠭᠡ ᠬᠡᠷᠡᠭᠯᠡᠭᠡ ᠶᠢᠨ ᠰᠢᠨ᠎ᠠ ᠵᠠᠭᠪᠤᠷ ᠤᠨ ᠡᠷᠡᠭᠦᠯ ᠢᠶᠠᠷ ᠦᠳᠳᠡᠷ ᠲᠦᠷᠭᠡᠨ | ᠦᠰᠦᠨ ᠪᠤᠶᠢᠵᠢᠬᠤ ᠶᠢ ᠬᠦᠳᠦᠯᠦᠨ ᠵᠢᠯᠤᠭᠤᠳᠴᠤ᠂ ᠬᠡᠷᠡᠭᠯᠡᠭᠡ ᠶᠢᠨ ᠠᠵᠤ ᠠᠬᠤᠢ ᠶᠢᠨ ᠬᠦᠭᠵᠢᠯᠳᠡ ᠳᠤ | ᠦᠵᠡᠬᠦᠯᠬᠦ ᠰᠠᠭᠤᠷᠢ ᠴᠢᠨᠠᠷᠳᠠᠢ ᠦᠢᠯᠡᠳᠦᠯ ᠢ ᠴᠢᠩᠭᠠᠳᠬᠠᠨ᠎ᠠ᠃ | ᠭᠤᠷᠪᠠ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠦᠷ ᠲᠦᠪᠰᠢᠨ ᠤ | ᠬᠠᠯᠬᠠᠪᠴᠢ ᠶᠢ ᠪᠠᠳᠤ ᠴᠤᠭᠴᠠᠯᠠᠨ᠎ᠠ | ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠬᠡᠢ ᠦᠢᠯᠡᠳᠤᠯᠭᠡᠵᠢᠬᠦᠯᠵᠤ᠂ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢᠨ ᠳᠤᠭᠳᠠᠯ ᠬᠦᠴᠦ ᠶᠢ | ᠴᠢᠩᠭᠠᠳᠬᠠᠬᠤ ᠶᠢ ᠪᠠᠳᠤᠯᠠᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠦᠭᠡᠢ | ᠬᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠭᠤᠶᠢᠪᠢᠰᠢ | ᠦᠭᠡᠢ ᠵᠠᠮᠨᠠᠵᠤ᠂ ᠴᠢᠨᠠᠷ ᠰᠠᠶᠢᠳᠠᠢ ᠬᠦᠭᠵᠢᠯᠳᠡ ᠶᠢᠨ ᠳᠤᠮᠳᠠ ᠦᠨᠳᠤᠷ ᠬᠢᠷᠢ ᠲᠦᠪᠰᠢᠨ ᠤ ᠬᠠᠮᠠᠭᠠᠯᠠᠯᠳᠠ ᠶᠢ | ᠠᠬᠢᠭᠤᠯᠵᠤ᠂ ᠦᠨᠳᠤᠷ ᠬᠢᠷᠢ ᠲᠦᠪᠰᠢᠨ ᠤ ᠬᠠᠮᠠᠭᠠᠯᠠᠯᠳᠠ ᠳᠤᠮᠳᠠ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠤᠨ᠎ᠠ᠃ | ︵ᠠᠷᠪᠠᠨ ᠨᠠᠢᠮᠠ︶ ᠤᠯᠤᠰ ᠤᠨ ᠠᠮᠢ ᠠᠬᠤᠢ ᠶᠢᠨ ᠪᠤᠯᠪᠠᠰᠤᠨ ᠤ ᠳᠤᠷᠰᠢᠯᠳᠠ ᠶᠢᠨ ᠳᠤᠭᠤᠷᠢᠭ ᠢ ᠡᠬᠦᠳᠦᠨ | ᠪᠠᠶᠢᠭᠤᠯᠵᠤ᠂ ︽ᠭᠤᠷᠪᠠᠨ ᠳᠤᠭᠤᠷᠢᠭ ᠭᠤᠷᠪᠠᠨ ᠱᠤᠭᠤᠮ︾ ᠢ ᠬᠤᠪᠢᠶᠠᠷᠢᠯᠠᠨ ᠳᠤᠭᠳᠠᠭᠠᠬᠤ ᠶᠢᠨ ᠬᠠᠮᠳᠤ ᠪᠠᠳᠤ | ᠰᠠᠬᠢᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠦᠨᠡᠯᠡᠨ ᠵᠢᠱᠢᠯᠳᠠ ᠶᠢ ᠳᠤᠬᠢᠷᠠᠭᠤᠯᠤᠨ | ᠰᠢᠯᠢᠳᠡᠭᠵᠢᠬᠦᠯᠬᠦ᠂ ᠪᠠᠶᠢᠡᠭᠭᠤ ᠶᠢᠨ ᠴᠢᠨᠠᠷᠳᠠᠢ ᠦᠨᠳᠦᠰᠤᠨ ᠲᠠᠷᠢᠶᠠᠨ ᠭᠠᠵᠠᠷ ᠢ ᠴᠡᠭᠴᠡᠯᠡᠨ ᠦᠭᠡᠷᠡᠴᠢᠯᠡᠵᠤ ᠨᠦᠬᠦᠵᠤ | ᠬᠤᠪᠢᠶᠠᠷᠢᠯᠠᠬᠤ᠂ ᠬᠤᠳᠠ ᠪᠠᠯᠭᠠᠰᠤ ᠶᠢᠨ ᠨᠡᠭᠡᠭᠡᠯᠳᠠ ᠭᠢᠭᠦ ᠵᠠᠭᠠᠭ ᠭᠢᠵᠠᠭᠠᠷ ᠢ ᠬᠤᠪᠢᠶᠠᠷᠢᠯᠠᠨ ᠳᠤᠭᠳᠠᠭᠠᠬᠤ ᠠᠵᠢᠯ | ᠢ ᠪᠡᠶᠡᠯᠡᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ | ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠤ ᠬᠡᠷᠡᠭᠵᠢᠬᠦᠯᠦᠨ᠎ᠡ᠃ ᠠᠯᠢᠪᠠ ᠤᠯᠤᠰ ᠤᠨ ᠭᠠᠵᠠᠷ ᠰᠢᠷᠤᠢ ᠶᠢᠨ | ᠤᠷᠤᠨ ᠵᠠᠢ ᠶᠢ ᠳᠤᠭᠤᠷᠢᠭ ᠲᠦᠷᠦᠯ ᠬᠤᠪᠢᠶᠠᠵᠤ ᠭᠡᠷᠡᠭᠴᠡᠭᠡ ᠶᠢᠨ ᠬᠢᠵᠠᠭᠠᠷᠯᠠᠯ ᠭᠡᠷᠡᠭᠵᠢᠬᠦᠯᠬᠦ ᠶᠢ ᠰᠦᠪᠡᠭᠴᠢᠯᠡᠨ᠎ᠡ᠃ | ᠦᠪᠡᠷᠳᠡᠭᠡᠨ ᠵᠠᠰᠠᠬᠤ ᠤᠷᠤᠨ ᠤ ᠳᠡᠰ ᠠᠴᠠ ᠳᠡᠭᠡᠭᠰᠢᠬᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠵᠠᠭᠠᠬ | ᠬᠢᠵᠠᠭᠠᠷ ᠤᠨ ᠬᠢᠨᠠᠨ ᠳᠤᠭᠳᠠᠭᠠᠯᠳᠠ ᠪᠠ ᠬᠢᠯᠢ ᠬᠠᠶᠢᠵᠤ ᠴᠠᠮᠬᠠᠭ ᠪᠤᠰᠬᠠᠬᠤ ᠶᠢ ᠪᠡᠶᠡᠯᠡᠬᠦᠯᠵᠤ᠂ ᠪᠠᠶᠢᠭᠠᠯᠢ ᠶᠢᠨ | ᠬᠠᠮᠠᠭᠠᠯᠠᠯᠳᠠ ᠶᠢᠨ ᠤᠷᠤᠨ ᠳᠤᠳᠤᠷᠠᠬᠢ ᠦᠢᠯᠡᠳᠪᠦᠷᠢ ᠠᠭᠤᠷᠬᠠᠢ ᠶᠢᠨ ᠲᠦᠷᠦᠯ ᠤᠨ ᠠᠵᠤ ᠠᠬᠤᠢᠢᠯᠠᠯ ᠤᠨ | ᠨᠡᠭᠡᠭᠡᠯᠳᠠ ᠭᠢᠵᠤ ᠪᠦᠳᠦᠭᠡᠨ ᠪᠠᠶᠢᠭᠤᠯᠬᠤ ᠠᠵᠢᠯᠯᠠᠭ᠎ᠠ ᠶᠢ ᠪᠦᠬᠦ ᠳᠠᠯ᠎ᠠ ᠪᠠᠷ ᠵᠤᠬᠰᠤᠭᠠᠵᠤ᠂ ᠬᠠᠤᠯᠢ ᠲᠦᠷᠢᠮ | ᠶᠤᠰᠤᠭᠠᠷ ᠠᠭᠤᠷᠬᠠᠢ ᠶᠢᠨ ᠦᠢᠯᠡᠰ ᠤᠨ ᠡᠷᠭᠡ ᠶᠢ ᠵᠦᠢ ᠵᠤᠬᠢᠰᠳᠠᠢ ᠤᠬᠤᠷᠢᠨ ᠭᠠᠷᠭᠠᠬᠤ ᠠᠰᠠᠭᠤᠳᠠᠯ ᠢ | ᠰᠢᠢᠳᠪᠦᠷᠢᠯᠡᠨ᠎ᠡ᠃ ᠪᠤᠬᠢᠷᠳᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯᠯᠠᠭ᠎ᠠ ᠶᠢ ᠦᠷᠨᠢᠬᠦᠯᠵᠤ᠂ | ᠠᠭᠤᠷᠬᠠᠢ ᠶᠢᠨ ᠳᠤᠭᠤᠷᠢᠭ ᠤᠨ ᠤᠷᠴᠢᠨ ᠳᠤᠭᠤᠷᠢᠨ ᠳᠤ ᠵᠠᠰᠠᠯᠳᠠ ᠬᠢᠵᠤ᠂ ᠡᠨᠧᠷᠬᠢ ᠶᠢᠨ ᠰᠦᠢᠳᠤᠯ ᠤᠨ | ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠤᠰ ᠡᠵᠡᠮᠳᠡᠯ ᠢ ᠴᠢᠩᠭᠠᠳᠬᠠᠵᠤ᠂ ᠡᠨᠧᠷᠬᠢ ᠠᠷᠪᠢᠯᠠᠬᠤ ᠦᠨᠡᠯᠡᠯᠳᠡ | ᠵᠢᠱᠢᠯᠳᠡ ᠶᠢᠨ ᠬᠢᠨᠠᠨ ᠪᠠᠶᠢᠴᠠᠭᠠᠯᠳᠠ ᠪᠠ ᠡᠨᠧᠷᠬᠢ ᠠᠷᠪᠢᠯᠠᠬᠤ ᠬᠢᠨᠠᠨ ᠪᠠᠶᠢᠴᠠᠭᠠᠯᠳᠠ ᠶᠢ ᠴᠢᠩᠭᠠᠳᠬᠠᠨ᠎ᠠ᠃ ᠡᠨᠧᠷᠬᠢ | ᠬᠡᠷᠡᠭᠯᠡᠬᠦ ᠡᠷᠭᠡ᠂ ᠨᠡᠬᠦᠷᠡᠰᠦᠳᠦ᠋ᠷᠦᠭᠴᠢ ᠭᠠᠳᠠᠭᠰᠢᠯᠠᠭᠤᠯᠬᠤ ᠡᠷᠭᠡ᠂ ᠪᠤᠬᠢᠷᠳᠤᠯ ᠭᠠᠳᠠᠭᠰᠢᠯᠠᠭᠤᠯᠬᠤ ᠡᠷᠭᠡ ᠶᠢᠨ | ᠠᠷᠠᠯᠵᠢᠶ᠎ᠠ ᠵᠡᠷᠭᠡ ᠦᠭᠡᠷᠡᠴᠢᠯᠡᠯᠳᠡ ᠶᠢ ᠠᠬᠢᠭᠤᠯᠤᠨ᠎ᠠ᠃ ᠪᠤᠬᠢᠷᠳᠤᠯ ᠦᠭᠡᠢ ᠮᠦᠡᠭᠬᠦᠨ ᠬᠦᠢᠯᠭᠡᠭᠡ ᠶᠢ | ᠬᠦᠭᠵᠢᠬᠦᠯᠤᠨ᠎ᠡ᠃ ᠠᠮᠢ ᠠᠬᠤᠢ ᠶᠢᠨ ᠨᠦᠬᠦᠪᠦᠷᠢ ᠶᠢᠨ ᠳᠤᠭᠳᠠᠴᠠ ᠶᠢ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ | ᠠᠮᠢ ᠠᠬᠤᠢ ᠶᠢᠨ ᠴᠢᠳᠠᠪᠬᠢᠳᠤ ᠤᠷᠤᠨ ᠳᠤ ᠰᠢᠯᠵᠢᠬᠦᠯᠤᠨ ᠲᠦᠯᠦᠬᠦ ᠶᠢ ᠠᠯᠬᠤᠮ ᠳᠠᠷᠠᠭᠠᠯᠠᠨ ᠨᠡᠮᠡᠭᠳᠡᠬᠦᠯᠵᠤ᠂ ᠠᠮᠢ | ᠠᠬᠤᠢ ᠶᠢᠨ ᠬᠠᠮᠠᠭᠠᠯᠠᠯᠳᠠ ᠶᠢᠨ ᠦᠷ᠎ᠡ ᠪᠦᠳᠦᠮᠵᠢ ᠪᠠ ᠪᠡᠯᠡ ᠮᠦᠡᠭᠬᠦ ᠶᠢᠨ ᠬᠤᠪᠢᠶᠠᠷᠢᠯᠠᠯᠳᠠ ᠶᠢ ᠬᠤᠯᠪᠤᠭᠠᠯᠠᠬᠤ ᠶᠢ | ᠬᠡᠷᠡᠭᠵᠢᠬᠦᠯᠵᠤ᠂ ᠨᠤᠳᠤᠭ ᠪᠡᠯᠴᠢᠭᠡᠷ ᠤᠢ ᠰᠢᠭᠤᠢ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠢ | ᠠᠬᠤᠢ ᠶᠢᠨ ᠨᠦᠬᠦᠪᠦᠷᠢ ᠶᠢ ᠪᠦᠬᠦᠨ ᠢ ᠪᠦᠷᠬᠦᠬᠦᠯᠬᠦ ᠶᠢ ᠠᠬᠢᠭᠤᠯᠵᠤ᠂ ᠤᠷᠤᠨ ᠨᠤᠳᠤᠭ ᠤᠨ ᠨᠡᠶᠢᠳᠡ ᠶᠢᠨ | ᠠᠰᠠᠷᠠᠮᠵᠢ ᠶᠢᠨ ᠤᠢ ᠶᠢᠨ ᠨᠦᠬᠦᠪᠦᠷᠢ ᠤᠯᠭᠤᠬᠤ ᠳᠠᠯᠠᠪᠠᠢ ᠶᠢ ᠦᠷᠭᠡᠳᠬᠡᠵᠤ᠂ ᠨᠦᠬᠦᠪᠦᠷᠢ ᠶᠢᠨ ᠪᠠᠷᠢᠮᠵᠢᠶ᠎ᠠ ᠶᠢ | ᠵᠤᠬᠢᠰᠳᠠᠢ ᠳᠤᠭᠳᠠᠭᠠᠨ᠎ᠠ᠃ ᠭᠤᠷᠪᠠᠳᠠᠬᠢ ᠡᠳᠡᠭᠡᠳ ᠤᠨ ᠠᠮᠢ ᠠᠬᠤᠢ ᠶᠢᠨ ᠨᠦᠬᠦᠪᠦᠷᠢ ᠶᠢᠨ ᠠᠷᠠᠯᠵᠢᠶᠠᠨ ᠤ ᠵᠠᠬ᠎ᠠ | ᠳᠡᠯᠭᠡᠭᠦᠷ ᠲᠤ ᠤᠷᠤᠬᠤ ᠶᠢ ᠵᠤᠷᠢᠭᠵᠢᠭᠤᠯᠵᠤ᠂ ᠭᠠᠵᠠᠷ ᠤᠷᠤᠨ ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ᠂ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤᠭᠤᠷᠢᠭ ᠢ ᠪᠦᠷᠬᠦᠭᠰᠡᠨ ᠵᠠᠬ᠎ᠠ ᠳᠡᠯᠭᠡᠭᠦᠷᠴᠢᠯᠡᠭᠰᠡᠨ ᠤᠯᠠᠨ ᠡᠰᠢᠴᠢᠯᠡᠭᠰᠡᠨ | ᠨᠦᠬᠦᠪᠦᠷᠢ ᠶᠢᠨ ᠳᠤᠭᠳᠠᠴᠠ ᠶᠢ ᠰᠦᠪᠡᠭᠴᠢᠯᠡᠨ ᠪᠠᠶᠢᠭᠤᠯᠵᠤ᠂ ᠠᠮᠢ ᠠᠬᠤᠢ ᠶᠢᠨ ᠤᠷᠴᠢᠨ ᠳᠤᠭᠤᠷᠢᠨ ᠤ | ᠬᠠᠮᠠᠭᠠᠯᠠᠯᠳᠠ ᠶᠢᠨ ᠬᠠᠤᠯᠢ ᠳᠤᠭᠳᠠᠭᠠᠯᠳᠠ᠂ ᠬᠠᠤᠯᠢ ᠬᠡᠷᠡᠭᠵᠢᠬᠦᠯᠤᠯᠳᠠ ᠪᠠ ᠨᠡᠶᠢᠳᠡ ᠶᠢᠨ ᠠᠰᠠᠷᠠᠮᠵᠢ ᠶᠢᠨ ᠵᠠᠷᠭᠤ ᠶᠢ | ᠴᠢᠩᠭᠠᠳᠬᠠᠵᠤ᠂ ᠤᠳᠤᠷᠢᠳᠬᠤ ᠺᠠᠳ᠋ᠷ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠠᠮᠤᠭ ᠴᠢᠩᠭ᠎ᠠ ᠲᠦᠷᠢᠮ ᠳᠤᠭᠳᠠᠭᠠᠯ ᠬᠠᠮᠤᠭ ᠨᠢᠭᠳᠠ | ᠬᠠᠤᠯᠢᠵᠢᠯ ᠢᠶᠠᠷ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠨ᠎ᠠ᠃ ᠠᠮᠢ ᠠᠬᠤᠢ ᠶᠢᠨ ᠪᠤᠯᠪᠠᠰᠤᠨ ᠤ ᠦᠷ᠎ᠡ | ᠪᠦᠳᠦᠮᠵᠢ ᠶᠢᠨ ᠦᠨᠡᠯᠡᠯᠳᠡ ᠬᠢᠨᠠᠨ ᠰᠢᠯᠭᠠᠷᠠᠭᠤᠯᠤᠯᠳᠠ ᠪᠠ ᠬᠠᠷᠢᠭᠤᠴᠠᠯᠭ᠎ᠠ ᠨᠡᠭᠡᠮᠵᠢᠯᠡᠬᠦ ᠲᠦᠷᠢᠮ ᠢ ᠪᠦᠷᠢᠨᠰᠢᠬᠦᠯᠵᠤ᠂ | ᠪᠤᠬᠢᠷᠳᠤᠯ ᠦᠭᠡᠢ ᠬᠦᠭᠵᠢᠯᠳᠡ ᠶᠢᠨ ᠬᠦᠢᠴᠡᠳᠬᠡᠯ ᠳᠤᠭ᠎ᠠ ᠶᠢᠨ ᠰᠢᠰᠲ᠋ᠧᠮ ᠢ ᠳᠡᠬᠦᠯᠳᠡᠷᠵᠢᠬᠦᠯᠵᠤ᠂ ᠪᠠᠶᠢᠭᠠᠯᠢ ᠶᠢᠨ | ᠡᠬᠢ ᠪᠠᠶᠠᠯᠢᠭ ᠤᠨ ᠬᠦᠷᠦᠩᠭᠡ ᠶᠢᠨ ᠥᠷᠢ ᠰᠢᠷᠢ ᠶᠢᠨ ᠬᠦᠰᠦᠨᠦᠭᠳᠤ ᠶᠢ ᠨᠠᠶᠢᠷᠠᠭᠤᠯᠤᠨ ᠵᠤᠬᠢᠶᠠᠬᠤ ᠶᠢ ᠦᠷᠬᠦᠯᠵᠢᠯᠡᠨ | ᠠᠬᠢᠭᠤᠯᠵᠤ᠂ ᠠᠮᠢ ᠠᠬᠤᠢ ᠶᠢᠨ ᠤᠷᠴᠢᠨ ᠳᠤᠭᠤᠷᠢᠨ ᠢ ᠬᠤᠬᠢᠷᠠᠭᠤᠯᠤᠬᠰᠡᠨ ᠬᠠᠷᠢᠭᠤᠴᠠᠯᠭ᠎ᠠ ᠶᠢ ᠨᠠᠰᠤᠨ ᠳᠤᠷᠰᠢ | ᠨᠡᠬᠡᠮᠵᠢᠯᠡᠬᠦ ᠳᠤᠭᠳᠠᠴᠠ ᠶᠢ ᠪᠦᠷᠢᠨᠰᠢᠬᠦᠯᠤᠨ᠎ᠡ᠃ ᠮᠠᠨ ᠤ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠳᠤᠮᠤ | ᠳ᠋ᠡᠶᠢᠲ᠋ᠠ ᠶᠢᠨ ᠳᠠᠪᠴᠠᠩ ᠢ ᠪᠠᠶᠢᠭᠤᠯᠬᠤ ᠪᠠᠷ ᠴᠢᠷᠮᠠᠶᠢᠨ᠎ᠡ᠃ | ︵ᠠᠷᠪᠠ ᠶᠢᠰᠦ︶ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠡᠯᠴᠢᠭᠡᠷᠯᠡᠭᠦᠯᠭᠦ ᠶᠢ ᠵᠤᠭᠰᠤᠭᠠᠨ ᠰᠡᠯᠭᠦᠨ ᠮᠠᠯᠵᠢᠬᠤ ᠪᠠ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠠᠯ ᠰᠦᠷᠦᠭ ᠤᠨ ᠪᠦᠲᠦᠴᠡ ᠳᠤ | ᠲᠣᠬᠢᠷᠠᠭᠤᠯᠤᠯᠲᠠ ᠬᠢᠵᠦ᠂ ᠨᠤᠳᠤᠭ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ | ᠬᠢᠨᠠᠨ ᠲᠣᠭᠲᠠᠭᠠᠵᠤ᠂ ᠬᠢᠨᠠᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠨ᠂ ᠨᠤᠲᠤᠭ ᠪᠡᠯᠴᠢᠭᠡᠷ ᠤᠨ | ᠳᠠᠴᠢᠷᠳᠠᠬᠤ ᠶᠢ ᠰᠡᠷᠭᠡᠶᠢᠯᠡᠨ᠎ᠡ᠃ ᠨᠤᠲᠤᠭ ᠪᠡᠯᠴᠢᠭᠡᠷ ᠤᠨ ᠦᠢᠯᠡᠳᠪᠦᠷᠢᠯᠡᠯ ᠬᠢᠭᠡᠳ ᠠᠮᠢ ᠠᠬᠤᠢ ᠶᠢᠨ ᠴᠢᠳᠠᠮᠵᠢ ᠶᠢ | ᠨᠢᠭᠡᠳᠦᠯᠲᠡᠶ ᠲᠥᠯᠥᠪᠵᠢᠭᠦᠯᠵᠤ᠂ ᠥᠨᠳᠥᠷ ᠤᠨᠠᠯᠲᠠ ᠲᠠᠢ ᠲᠡᠵᠢᠭᠡᠯ ᠪᠣᠷᠳᠣᠭᠠᠨ ᠤ ᠭᠠᠵᠠᠷ᠂ ᠲᠣᠤᠷ ᠬᠦᠷᠢᠶ᠎ᠡ | ᠵᠡᠷᠭᠡ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠵᠦᠢ ᠵᠣᠬᠢᠰᠲᠠᠶ ᠲᠣᠬᠢᠷᠠᠭᠤᠯᠤᠯᠳᠠ | ᠬᠢᠵᠤ᠂ ᠨᠤᠲᠤᠭ ᠪᠡᠯᠴᠢᠭᠡᠷ ᠢ ᠵᠣᠬᠢᠰ ᠦᠭᠡᠢ ᠠᠰᠢᠬᠯᠠᠬᠤ ᠶᠢ ᠰᠡᠷᠭᠡᠶᠢᠯᠡᠨ ᠬᠤᠷᠢᠬᠯᠠᠨ᠎ᠠ᠃ ᠮᠠᠯ ᠠᠵᠤ ᠠᠬᠤᠢ ᠶᠢᠨ | ᠡᠵᠡᠩᠨᠡᠯᠳᠡ ᠶᠢᠨ ᠬᠡᠯᠪᠡᠷᠢ ᠶᠢ ᠬᠤᠪᠢᠷᠠᠭᠤᠯᠤᠨ᠂ ᠡᠷᠴᠢᠮᠵᠢᠭᠦᠯᠦᠭᠰᠡᠨ ᠥᠨᠳᠥᠷ ᠪᠦᠲᠦᠮᠵᠢᠲᠡᠢ᠂ ᠴᠢᠨᠠᠷ ᠰᠠᠶᠢᠲᠠᠢ | ᠪᠣᠬᠢᠷᠲᠤᠯ ᠦᠭᠡᠢ᠂ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ ᠣᠳᠣ ᠦᠶ᠎ᠡ ᠶᠢᠨ ᠮᠠᠯ ᠠᠵᠤ ᠠᠬᠤᠢ ᠶᠢᠨ ᠰᠢᠨ᠎ᠡ | ᠵᠠᠮ ᠢᠶᠠᠷ ᠵᠠᠮᠨᠠᠬᠤ ᠶᠢ ᠲᠦᠷᠭᠡᠳᠭᠡᠨ᠎ᠠ᠃ ᠲᠠᠷᠢᠶᠠᠯᠠᠬᠤ ᠣᠷᠣᠨ ᠤ ᠮᠠᠯ ᠠᠵᠤ ᠠᠬᠤᠶ ᠶᠢ ᠬᠥᠭᠵᠢᠭᠦᠯᠵᠦ᠂ | ᠳᠠᠷᠢᠶᠠᠯᠠᠬᠤ ᠶᠢ ᠵᠤᠭᠰᠤᠭᠠᠨ ᠪᠡᠯᠴᠢᠭᠡᠷ ᠢ ᠰᠡᠷᠭᠦᠭᠡᠬᠦ᠂ ᠲᠠᠷᠢᠵᠤ ᠲᠡᠵᠢᠭᠡᠬᠦ ᠶᠢ ᠤᠶᠠᠯᠳᠤᠭᠤᠯᠵᠤ᠂ ᠪᠠᠶᠢᠭᠠᠯᠢ ᠶᠢᠨ | ᠬᠠᠳᠤᠯᠠᠩ ᠪᠡᠯᠴᠢᠭᠡᠷ ᠤᠨ ᠠᠮᠢ ᠠᠬᠤᠢ ᠶᠢᠨ ᠳᠠᠷᠤᠯᠲᠠ ᠶᠢ ᠬᠥᠩᠭᠡᠷᠡᠭᠦᠯᠦᠨ᠎ᠡ᠃ ᠨᠤᠲᠤᠭ ᠪᠡᠯᠴᠢᠭᠡᠷ ᠤᠨ ᠠᠮᠢ | ᠠᠬᠤᠶ ᠶᠢᠨ ᠨᠥᠬᠦᠪᠥᠷᠢ ᠤᠯᠭᠤᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠭᠦᠪᠦᠷᠢ ᠪᠠ ᠱᠠᠩᠨᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠬᠤ ᠪᠡᠯᠡ | ᠣᠷᠣᠭᠤᠯᠤᠯᠲᠠ ᠶᠢ ᠨᠡᠮᠡᠭᠳᠡᠭᠦᠯᠦᠨ᠎ᠡ᠃ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢᠳᠦ ᠠᠷᠠᠯᠵᠢᠶᠠᠨ ᠤ ᠵᠠᠬ᠎ᠠ | ᠳᠡᠯᠭᠡᠭᠦᠷ ᠢ ᠰᠦᠪᠡᠭᠴᠢᠯᠡᠨ ᠪᠠᠶᠢᠭᠤᠯᠤᠨ᠎ᠠ᠃ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠭᠦ ᠬᠢᠨᠠᠨ ᠬᠠᠷᠭᠤᠭᠤᠯᠬᠤ | ᠬᠢᠨᠠᠨ ᠵᠥᠪᠰᠢᠶᠡᠷᠡᠬᠦ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ | ᠪᠤᠰᠤ ᠬᠡᠷᠡᠭᠯᠡᠯᠳᠡ ᠶᠢ ᠴᠢᠩᠭ᠎ᠠ ᠬᠢᠵᠠᠭᠠᠷᠯᠠᠨ᠎ᠠ᠃ ᠲᠠᠯ᠎ᠠ ᠨᠤᠲᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯ ᠢ ᠴᠢᠩᠭᠠᠳᠬᠠᠨ᠎ᠠ᠃ ᠨᠤᠲᠤᠭ ᠪᠡᠯᠴᠢᠭᠡᠷ ᠢ ᠬᠢᠨᠠᠨ ᠬᠡᠮᠵᠢᠬᠦ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠨ᠎ᠠ᠃ | ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠦᠷᠢᠮ ᠳᠤ ᠵᠠᠰᠠᠪᠤᠷᠢ | ᠣᠷᠣᠭᠤᠯᠤᠨ᠎ᠠ᠃ | ︵ᠬᠤᠷᠢ︶ ᠭᠠᠵᠡᠷ ᠰᠢᠷᠣᠶ ᠶᠢᠨ ᠡᠯᠡᠰᠦᠷᠬᠡᠭᠵᠢᠯ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠵᠢᠶᠢ | ᠴᠢᠩᠭᠠᠷᠠᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠶᠡᠭᠡ ᠬᠡᠪᠴᠢᠶᠡᠨ ᠤ ᠨᠣᠭᠤᠭᠠᠷᠠᠭᠤᠯᠤᠯᠲᠠ ᠶᠢ | ᠠᠬᠢᠭᠤᠯᠵᠤ᠂ ᠪᠡᠭᠡᠵᠢᠩ ᠳᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ︽ᠤᠮᠠᠷᠠᠲᠤ ᠶᠢᠨ ᠭᠤᠷᠪᠡᠨ ᠤᠷᠤᠨ︾ | ᠤ ᠬᠠᠯᠬᠠᠪᠴᠢ ᠤᠢ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢᠯᠢᠭ ᠤᠢ ᠰᠢᠭᠤᠢ ᠶᠢᠨ ᠬᠠᠮᠠᠭᠠᠯᠠᠯᠲᠠ᠂ | ᠲᠠᠷᠢᠶᠠᠯᠠᠬᠤ ᠶᠢ ᠵᠣᠭᠰᠣᠭᠠᠵᠤ ᠣᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ᠂ ᠪᠡᠯᠴᠢᠭᠡᠷᠯᠡᠭᠦᠯᠭᠦ ᠶᠢ ᠵᠤᠭᠰᠤᠭᠠᠨ | ᠡᠪᠡᠰᠦ ᠪᠡᠯᠴᠢᠭᠡᠷ ᠢ ᠰᠡᠷᠭᠦᠭᠡᠬᠦ᠂ ᠭᠠᠵᠡᠷ ᠰᠢᠷᠣᠶ ᠶᠢᠨ ᠬᠠᠮᠠᠭᠠᠯᠠᠯᠳᠠ ᠵᠡᠷᠭᠡ ᠠᠮᠢ ᠠᠬᠤᠶ ᠶᠢ ᠵᠠᠰᠠᠨ ᠰᠡᠷᠭᠦᠭᠡᠬᠦ | ᠭᠤᠤᠯᠳᠠᠯᠭ᠎ᠠ ᠲᠠᠢ ᠢᠨᠵᠧᠨᠧᠷᠢᠩ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠦᠪᠴᠢ ᠶᠢᠨ | ᠡᠯᠡᠰᠦ ᠶᠢ ᠵᠠᠰᠠᠬᠰᠠᠨ ᠵᠠᠭᠪᠤᠷ ᠢ ᠳ᠋ᠦᠩᠨᠡᠨ ᠳᠡᠯᠭᠡᠷᠡᠭᠦᠯᠵᠦ᠂ ᠡᠯ᠎ᠡ ᠲᠥᠷᠥᠯ ᠤᠨ ᠭᠤᠤᠯ ᠴᠣᠭᠴᠠ ᠶᠢᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠦᠢᠯᠡᠰ ᠲᠤ ᠣᠷᠣᠯᠴᠠᠬᠤ ᠶᠢ ᠵᠣᠷᠢᠭᠵᠢᠭᠤᠯᠤᠨ ᠳᠠᠮᠵᠢᠨ᠎ᠠ᠃ | ᠡᠯᠡᠰᠦᠷᠬᠡᠭ ᠭᠠᠵᠠᠷ ᠤᠨ ᠬᠥᠨᠥᠭᠡᠯ ᠶᠡᠭᠡ ᠲᠠᠢ ᠣᠷᠣᠨ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠬᠤᠷᠴᠢᠨ᠂ | ᠬᠤᠯᠠᠨ ᠰᠢᠷᠭ᠎ᠠ ᠲᠠᠭ᠎ᠠ᠂ ᠦᠵᠦᠮᠦᠴᠢᠨ᠂ ᠬᠥᠯᠥᠨ ᠪᠤᠶᠢᠷ᠂ ᠮᠤᠤᠠᠤᠰᠤ ᠵᠢᠴᠢ ᠤᠯᠠᠭᠠᠨᠪᠤᠬ᠎ᠠ ᠪᠣᠯᠤᠨ ᠵᠡᠭᠦᠨ | ᠬᠡᠰᠡᠭ ᠤᠨ ᠡᠯᠡᠰᠦᠷᠬᠡᠭ ᠭᠠᠵᠠᠷ ᠢ ᠵᠠᠰᠠᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠡᠯᠡᠰᠦ ᠮᠠᠩᠬᠠᠨ ᠤ ᠬᠦᠪᠡᠭᠡ | ᠵᠠᠬ᠎ᠠ ᠶᠢ ᠪᠠᠬᠢᠯᠡᠬᠦ ᠬᠠᠮᠠᠭᠠᠯᠠᠯᠳᠠ ᠶᠢᠨ ᠰᠢᠰᠲ᠋ᠧᠮ ᠢ ᠪᠠᠶᠢᠭᠤᠯᠵᠤ᠂ ᠡᠯᠡᠰᠦᠷᠬᠡᠭ ᠭᠠᠵᠠᠷ ᠤᠨ ᠣᠢ ᠮᠤᠳᠤ ᠡᠪᠡᠰᠦ | ᠤᠷᠭᠤᠮᠠᠯ ᠤᠨ ᠪᠦᠷᠭᠦᠴᠠ ᠶᠢ ᠠᠯᠬᠤᠮ ᠠᠯᠬᠤᠮ ᠢᠶᠠᠷ ᠰᠡᠷᠭᠦᠭᠡᠨ᠎ᠡ᠃ ᠬᠤᠯᠠᠨ ᠰᠢᠷᠭ᠎ᠠ ᠳᠠᠭ᠎ᠠ ᠶᠢᠨ | ᠬᠡᠪᠴᠢᠶᠡᠵᠢᠭᠰᠡᠨ ᠣᠢ ᠰᠢᠭᠤᠢ ᠶᠢᠨ ᠲᠠᠯᠠᠪᠠᠢ ᠶᠢ ᠪᠦᠲᠦᠭᠡᠨ ᠪᠠᠶᠢᠭᠤᠯᠤᠨ᠎ᠠ᠃ ᠡᠯᠡᠰᠦᠷᠭᠡᠭᠵᠢᠭᠰᠡᠨ ᠭᠠᠵᠠᠷ | ᠰᠢᠷᠣᠶ ᠶᠢᠨ ᠪᠢᠲᠡᠭᠦᠮᠵᠢᠯᠡᠭᠰᠡᠨ ᠬᠤᠷᠢᠭ᠎ᠠ ᠲᠠᠢ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠡᠯᠡᠰᠦᠷᠬᠡᠭᠵᠢᠭᠰᠡᠨ ᠭᠠᠵᠡᠷ ᠰᠢᠷᠣᠶ ᠶᠢᠨ ᠵᠠᠰᠠᠯᠲᠠ ᠶᠢ ᠴᠢᠩᠭᠠᠳᠬᠠᠨ᠎ᠠ᠃ ᠣᠢ ᠰᠢᠭᠤᠶ ᠡᠯᠡᠰᠦ | ᠡᠪᠡᠰᠦᠨ ᠤ ᠠᠵᠤ ᠦᠢᠯᠡᠰ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠣᠢ ᠰᠢᠭᠤᠶ ᠶᠢᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠨᠠᠯᠠᠤ ᠲᠠᠷᠢᠶᠠᠨ ᠭᠠᠵᠠᠷ ᠤᠨ ᠬᠥᠷᠥᠰᠥ | ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠵᠡᠭᠦᠨ ᠬᠤᠶᠢᠲᠤ ᠶᠢᠨ ᠬᠠᠷ᠎ᠠ ᠬᠥᠷᠥᠰᠥᠨ ᠤ ᠬᠥᠷᠥᠰᠥ | ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠭᠤᠤᠯᠳᠠᠯᠭ᠎ᠠ ᠲᠠᠢ ᠵᠢᠵᠢᠭ ᠰᠠᠪᠠ ᠭᠠᠵᠠᠷ ᠢ ᠶᠡᠷᠦᠩᠬᠡᠶᠢᠯᠡᠨ | ᠵᠠᠰᠠᠬᠤ ᠵᠡᠷᠭᠡ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠭᠤᠤᠯᠳᠠᠯᠭ᠎ᠠ ᠲᠠᠢ ᠵᠠᠰᠠᠬᠤ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠵᠦ᠂ ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠣᠷᠣᠨ ᠤ ᠠᠮᠢ ᠠᠬᠤᠢ ᠶᠢᠨ ᠣᠷᠴᠢᠨ | ᠲᠣᠭᠤᠷᠢᠨ ᠤ ᠡᠷᠬᠢᠯᠳᠡ ᠶᠢ ᠪᠡᠶᠡᠯᠡᠭᠦᠯᠦᠨ᠎ᠡ᠃ ᠬᠠᠳᠤᠨ ᠭᠤᠤᠯ ᠳᠠᠭᠠᠤ ᠶᠢᠨ ᠠᠮᠢ ᠠᠬᠤᠢ ᠶᠢᠨ ᠣᠷᠴᠢᠨ ᠲᠣᠭᠤᠷᠢᠨ | ᠢ ᠬᠠᠮᠠᠭᠠᠯᠠᠬᠤ ᠡᠷᠴᠢᠮ ᠢᠶᠠᠨ ᠨᠡᠮᠡᠭᠳᠡᠭᠦᠯᠵᠦ᠂ ᠬᠠᠳᠤᠨ ᠭᠤᠤᠯ ᠤᠨ ᠥᠪᠥᠷ ᠮᠣᠩᠭᠤᠯ ᠤᠨ ᠠᠷᠪᠠᠨ ᠶᠡᠭᠡ | ᠬᠥᠨᠳᠡᠶ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠠᠬᠢᠭᠤᠯᠵᠤ᠂ ᠬᠠᠳᠤᠨ ᠭᠤᠤᠯ ᠤᠨ ᠪᠦᠳᠦᠭᠦᠯᠢᠭ ᠡᠯᠡᠰᠦ | ᠰᠢᠷᠤᠢ ᠲᠥᠪᠯᠡᠷᠡᠭᠰᠡᠨ ᠢᠷᠡᠯᠲᠡ ᠶᠢᠨ ᠣᠷᠣᠨ ᠤ ᠡᠯᠡᠰᠦ ᠶᠢ ᠬᠠᠰᠢᠬᠤ ᠢᠨᠵᠧᠨᠧᠷᠢᠩ ᠢ ᠬᠡᠷᠡᠭᠵᠢᠭᠦᠯᠵᠦ᠂ ᠬᠠᠳᠤᠨ | ᠭᠤᠤᠯ ᠳᠤ ᠤᠷᠤᠰᠤᠨ ᠤᠷᠤᠬᠤ ᠡᠯᠡᠰᠦ ᠰᠢᠷᠤᠢ ᠶᠢᠨ ᠬᠡᠮᠵᠢᠶ᠎ᠡ ᠶᠢ ᠶᠡᠭᠡ ᠪᠠᠷ ᠪᠠᠭᠠᠰᠬᠠᠨ᠎ᠠ᠃ | ︵ᠬᠤᠷᠢᠨ ᠨᠢᠭᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ | ᠴᠢᠩᠭ᠎ᠠ ᠬᠡᠷᠡᠭᠵᠢᠭᠦᠯᠦᠨ᠎ᠠ᠃ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ | ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠬᠤᠷᠤᠭᠳᠡᠯ ᠤᠨ ᠶᠡᠷᠦᠩᠬᠡᠢ ᠬᠡᠮᠵᠢᠶ᠎ᠠ ᠪᠡ ᠬᠢᠵᠠᠭᠠᠷᠯᠠᠯ ᠶᠢ | ᠴᠢᠩᠭᠠᠳᠬᠠᠵᠦ᠂ ᠤᠰᠤᠨ ᠤ ᠬᠡᠮᠵᠢᠶ᠎ᠠ ᠪᠠᠷ ᠬᠡᠷᠡᠭᠴᠡᠭᠡ ᠪᠠᠨ ᠲᠤᠭᠲᠠᠭᠠᠵᠦ᠂ ᠤᠰᠤᠨ ᠤ ᠬᠡᠮᠵᠢᠶ᠎ᠠ ᠪᠠᠷ | ᠬᠡᠷᠡᠭᠵᠢᠭᠦᠯᠦᠨ᠎ᠠ᠃ ᠦᠪᠡᠷᠳᠡᠭᠡᠨ ᠵᠠᠰᠠᠬᠤ ᠤᠷᠤᠨ ᠤ ᠭᠠᠵᠠᠷ ᠳᠤᠤᠷᠠᠬᠢ ᠤᠰᠤᠨ ᠤ ᠬᠠᠮᠠᠭᠠᠯᠠᠯᠲᠠ ᠪᠠ ᠵᠠᠰᠠᠯᠲᠠ | ᠶᠢᠨ ᠲᠦᠢᠮᠤ ᠶᠢ ᠨᠠᠶᠢᠷᠠᠭᠤᠯᠤᠨ ᠲᠤᠭᠲᠠᠭᠠᠨ᠎ᠠ᠃ ᠤᠰᠤᠨ ᠤ ᠡᠬᠢ ᠪᠠᠶᠠᠯᠢᠭ ᠤᠨ ᠬᠤᠪᠢᠶᠠᠷᠢᠯᠠᠯᠲᠠ ᠶᠢ | ᠰᠢᠯᠢᠳᠡᠭᠵᠢᠬᠦᠯᠵᠦ᠂ ᠢᠨᠵᠧᠨᠧᠷᠢᠩ ᠤᠨ ᠴᠢᠨᠠᠷᠲᠠᠢ ᠤᠰᠤ ᠲᠤᠲᠠᠬᠤ ᠪᠤᠯᠤᠨ ᠡᠬᠢ ᠪᠠᠶᠠᠯᠢᠭ ᠤᠨ ᠴᠢᠨᠠᠷᠲᠠᠢ ᠤᠰᠤ | ᠲᠤᠲᠠᠬᠤ ᠵᠦᠷᠢᠴᠡᠯ ᠢ ᠨᠠᠮᠳᠠᠭᠤᠯᠵᠦ᠂ ᠬᠤᠲᠠ ᠬᠦᠳᠡᠭᠡ ᠶᠢᠨ ᠤᠰᠤᠨ ᠤ ᠬᠠᠩᠭᠠᠯᠲᠠ ᠶᠢᠨ ᠪᠠᠲᠤᠯᠠᠭ᠎ᠠ ᠶᠢᠨ | ᠨᠤᠷᠮ᠎ᠠ ᠶᠢ ᠳᠡᠭᠡᠭᠰᠢᠯᠡᠭᠦᠯᠦᠨ᠎ᠠ᠃ ᠤᠰᠤᠨ ᠤ ᠡᠬᠢ ᠪᠠᠶᠠᠯᠢᠭ ᠤᠨ ᠬᠡᠷᠡᠭᠯᠡᠭᠡᠨ ᠤ ᠬᠠᠮᠢᠶᠠᠷᠤᠯᠲᠠ ᠶᠢᠨ ᠲᠦᠷᠢᠮ ᠢ | ᠴᠢᠩᠭᠠᠳᠬᠠᠵᠦ᠂ ᠤᠷᠢᠳ ᠢᠶᠠᠷ ᠠᠮᠢᠳᠤᠷᠠᠯ ᠤᠨ ᠬᠡᠷᠡᠭᠯᠡᠭᠡᠨ ᠤ ᠤᠰᠤ ᠶᠢ ᠪᠠᠲᠤᠯᠠᠵᠦ᠂ ᠠᠮᠢ ᠠᠬᠤᠢ ᠶᠢᠨ | ᠦᠨᠳᠦᠰᠦᠨ ᠬᠡᠷᠡᠭᠯᠡᠭᠡᠨ ᠤ ᠤᠰᠤ ᠶᠢ ᠪᠠᠲᠤᠯᠠᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠵᠤᠬᠢᠰᠲᠠᠢ ᠤᠰᠤ | ᠬᠡᠷᠡᠭᠯᠡᠬᠦ ᠶᠢ ᠪᠠᠲᠤᠯᠠᠵᠦ᠂ ᠦᠢᠯᠡᠳᠪᠦᠷᠢᠯᠠᠯ ᠡᠵᠡᠩᠨᠡᠯᠲᠡ ᠶᠢᠨ ᠬᠡᠷᠡᠭᠯᠡᠬᠦ ᠤᠰᠤ ᠶᠢ ᠰᠢᠯᠢᠳᠡᠭᠵᠢᠭᠦᠯᠦᠨ | ᠬᠤᠪᠢᠶᠠᠷᠢᠯᠠᠨ᠎ᠠ᠃ ᠤᠰᠤᠨ ᠤ ᠡᠬᠢ ᠪᠠᠶᠠᠯᠢᠭ ᠢ ᠠᠰᠢᠬᠯᠠᠬᠤ ᠨᠤᠷᠮ᠎ᠠ ᠶᠢ ᠳᠡᠭᠡᠭᠰᠢᠯᠡᠭᠦᠯᠵᠦ᠂ ᠦᠢᠯᠡᠳᠪᠦᠷᠢᠯᠡᠯᠢ ᠤᠨ | ᠮᠡᠷᠭᠡᠵᠢᠯ ᠢ ᠰᠠᠶᠢᠵᠢᠷᠠᠭᠤᠯᠵᠦ᠂ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠳᠠᠬᠢᠨ ᠠᠰᠢᠬᠯᠠᠬᠤ ᠨᠤᠷᠮ᠎ᠠ ᠶᠢ | ᠳᠡᠭᠡᠭᠰᠢᠯᠡᠭᠦᠯᠦᠨ᠎ᠠ᠃ ᠦᠨᠳᠦᠷ ᠦᠷ᠎ᠠ ᠪᠦᠲᠦᠮᠵᠢᠲᠤ ᠤᠰᠤ ᠠᠷᠪᠢᠯᠠᠬᠤ ᠲᠠᠷᠢᠶᠠᠯᠠᠩ ᠢ ᠬᠦᠭᠵᠢᠭᠦᠯᠵᠦ᠂ ᠲᠠᠷᠢᠶᠠᠯᠠᠩ | ᠤᠨ ᠤᠰᠤ ᠠᠷᠪᠢᠯᠠᠬᠤ ᠦᠭᠡᠷᠡᠴᠢᠯᠡᠯᠲᠡ ᠶᠢ ᠠᠭᠢᠭᠤᠯᠵᠦ᠂ ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠪᠡ | ᠲᠦᠬᠦᠭᠡᠷᠦᠮᠵᠢ ᠶᠢ ᠲᠦᠭᠡᠮᠡᠯᠵᠢᠬᠦᠯᠦᠨ᠎ᠡ᠃ ᠤᠰᠤᠨ ᠤ ᠡᠬᠢ ᠪᠠᠶᠠᠯᠢᠭ ᠳᠤᠲᠠᠭᠳᠠᠵᠦ ᠪᠠᠶᠢᠭ᠎ᠠ ᠭᠠᠵᠠᠷ ᠤᠷᠤᠨ ᠳᠤ | ᠤᠰᠤ ᠶᠡᠭᠡ ᠬᠤᠷᠤᠭᠳᠠᠬᠤ ᠲᠦᠷᠦᠯ ᠵᠦᠢᠯ ᠢ ᠴᠢᠩᠭ᠎ᠠ ᠬᠢᠵᠠᠭᠠᠷᠯᠠᠵᠦ᠂ ᠢᠳᠡᠭᠡᠨ ᠤ ᠵᠦᠢᠯ᠂ ᠡᠮ ᠤᠨ ᠵᠦᠢᠯ ᠠᠴᠠ | ᠪᠤᠰᠤᠳ ᠰᠢᠨ᠎ᠠ ᠪᠠᠷ ᠨᠡᠮᠡᠭᠳᠡᠭᠰᠡᠨ ᠠᠵᠦ ᠦᠢᠯᠡᠳᠪᠦᠷᠢ ᠳᠤ ᠭᠠᠵᠠᠷ ᠳᠤᠤᠷᠠᠬᠢ ᠤᠰᠤ ᠶᠢ ᠬᠡᠷᠡᠭᠯᠡᠬᠦ ᠶᠢ ᠡᠷᠡᠰ | ᠬᠤᠷᠢᠬᠯᠠᠨ᠎ᠠ᠃ ᠤᠰᠤᠨ ᠤ ᠦᠨ᠎ᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠠ᠃ ᠤᠰᠤᠨ ᠤ ᠡᠬᠢ ᠪᠠᠶᠠᠯᠢᠭ | ᠤᠨ ︽ᠰᠦᠢᠳᠭᠡᠯ ᠢ ᠭᠠᠶᠢᠯᠢ ᠪᠤᠯᠭᠠᠬᠤ︾ ᠲᠤᠷᠰᠢᠯᠲᠠ ᠶᠢᠨ ᠴᠡᠭ ᠢ ᠠᠭᠢᠭᠤᠯᠤᠨ᠎ᠠ᠃ ᠤᠰᠤᠨ ᠤ ᠡᠷᠭᠡ ᠶᠢ | ᠰᠢᠯᠵᠢᠭᠦᠯᠦᠨ ᠦᠭᠬᠦ ᠪᠠ ᠤᠰᠤᠨ ᠤ ᠡᠷᠭᠡ ᠶᠢᠨ ᠠᠷᠠᠯᠵᠢᠶ᠎ᠠ ᠶᠢ ᠯᠠᠪᠳᠠᠭᠤᠨ ᠢᠶᠠᠷ ᠠᠭᠢᠭᠤᠯᠤᠨ᠎ᠠ᠃ ᠭᠠᠵᠠᠷ | ᠳᠤᠤᠷᠠᠬᠢ ᠤᠰᠤ ᠶᠢ ᠬᠡᠲᠦᠷᠡᠲᠡᠯ᠎ᠠ ᠭᠠᠷᠭᠠᠬᠰᠡᠨ ᠤᠷᠤᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠨᠢᠭᠦᠯᠵᠦ᠂ ᠭᠠᠵᠠᠷ | ᠳᠤᠤᠷᠠᠬᠢ ᠤᠰᠤ ᠶᠢ ᠨᠢᠭᠤᠵᠦ ᠮᠠᠯᠳᠠᠬᠤ᠂ ᠳᠤᠷ᠎ᠠ ᠪᠠᠷ ᠢᠶᠠᠨ ᠮᠠᠯᠳᠠᠬᠤ ᠪᠤᠯᠤᠨ ᠠᠵᠤ ᠦᠢᠯᠡᠳᠪᠦᠷᠢ ᠶᠢᠨ | ᠬᠠᠶᠠᠭᠳᠠᠮᠠᠯ ᠤᠰᠤ ᠶᠢ ᠨᠢᠭᠤᠴᠡ ᠪᠠᠷ ᠭᠠᠳᠠᠭᠰᠢᠯᠠᠭᠤᠯᠬᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠲᠠ | ᠦᠭᠬᠦᠨ᠎ᠠ᠃ ᠪᠤᠷᠤᠭᠠᠨ ᠪᠠ ᠦᠶᠡᠷ ᠤᠨ ᠤᠰᠤᠨ ᠤ ᠡᠬᠢ ᠪᠠᠶᠠᠯᠢᠭ ᠢ ᠠᠰᠢᠬᠯᠠᠬᠤ ᠪᠠ ᠲᠠᠬᠢᠨ ᠠᠰᠢᠬᠯᠠᠬᠤ | ᠢᠨᠵᠧᠨᠧᠷᠢᠩ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠲᠤᠳᠠᠭᠳᠠᠬᠤ ᠶᠢ ᠨᠠᠮᠳᠠᠭᠤᠯᠤᠨ᠎ᠠ᠃ | ︵ᠬᠤᠷᠢᠨ ᠬᠤᠶᠠᠷ︶ ᠬᠦᠬᠡ ᠤᠭᠲᠠᠷᠭᠤᠢ᠂ ᠬᠦᠬᠡᠮᠳᠦᠭ ᠤᠰᠤ᠂ ᠴᠡᠪᠡᠷ ᠭᠦᠷᠦᠰᠤ ᠰᠢᠷᠤᠢ ᠪᠠᠨ | ᠬᠠᠮᠠᠭᠠᠯᠠᠬᠤ ᠲᠠᠶᠢᠯᠠᠯᠳᠤᠭᠠᠨ ᠢ ᠰᠠᠶᠢᠳᠤᠷ ᠬᠢᠨ᠎ᠠ᠃ ᠦᠪᠡᠷᠲᠡᠭᠡᠨ ᠵᠠᠰᠠᠬᠤ ᠤᠷᠤᠨ ᠤ ᠬᠦᠬᠡ ᠤᠭᠲᠠᠷᠭᠤᠢ ᠪᠠᠨ | ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠪᠤᠯᠤᠨ | ᠤᠰᠤᠨ ᠤ ᠪᠤᠬᠢᠷᠳᠤᠯ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠪᠤᠭᠤᠮᠲᠠ | ᠰᠢᠪᠲᠤᠯᠬᠤ ᠲᠦᠯᠦᠪᠯᠡᠭᠡ ᠶᠢ ᠨᠠᠶᠢᠳᠠᠪᠤᠷᠢᠵᠢᠭᠤᠯᠵᠦ᠂ ᠳᠤᠪᠤᠶᠢᠮ᠎ᠠ ᠤᠷᠴᠢᠨ ᠲᠤᠭᠤᠷᠢᠨ ᠤ ᠠᠰᠠᠭᠤᠳᠠᠯ ᠤᠨ | ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠦ᠂ ᠭᠤᠤᠯ ᠪᠤᠯᠬᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠢ | ᠪᠠᠭᠠᠰᠬᠠᠬᠤ ᠬᠠᠷᠠᠯᠲᠠ ᠪᠠ ᠡᠭᠦᠷᠭᠡ ᠪᠠᠨ ᠪᠡᠶᠡᠯᠡᠭᠦᠯᠵᠦ᠂ ᠪᠦᠬᠦ ᠤᠷᠤᠨ ᠤ ᠤᠷᠴᠢᠨ ᠲᠤᠭᠤᠷᠢᠨ ᠤ ᠶᠠᠰᠦ ᠴᠢᠨᠠᠷ | ᠤᠨ ᠶᠡᠷᠦᠩᠬᠡᠢ ᠳᠡᠭᠡᠨ ᠰᠠᠶᠢᠵᠢᠷᠠᠬᠤ ᠶᠢ ᠪᠡᠶᠡᠯᠡᠭᠦᠯᠦᠨ᠎ᠠ᠃ ᠬᠦᠬᠡᠬᠤᠲᠠ ᠪᠤᠭᠤᠲᠤ ᠤᠷᠳᠤᠰ ᠦᠬᠠᠢ ᠵᠢᠴᠢ ᠡᠷᠬᠢᠨ | ᠲᠤᠭᠤᠷᠢᠨ ᠤ ᠭᠠᠵᠠᠷ ᠤᠷᠤᠨ ᠵᠡᠷᠭᠡ ᠭᠤᠤᠯᠳᠠᠯᠭ᠎ᠠ ᠲᠠᠢ ᠤᠷᠤᠨ ᠪᠦᠰᠡ ᠶᠢᠨ ᠤᠷᠴᠢᠨ ᠲᠤᠭᠤᠷᠢᠨ ᠤ | ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠵᠦ᠂ ᠪᠠᠷᠢᠮᠵᠢᠶ᠎ᠠ ᠳᠤ ᠨᠡᠶᠢᠴᠡᠬᠦ ᠦᠬᠡᠢ ᠠᠵᠤ ᠠᠬᠤᠢᠢᠯᠠᠯ ᠢ ᠪᠦᠬᠦ | ᠲᠠᠯ᠎ᠠ ᠪᠠᠷ ᠪᠠᠶᠢᠴᠠᠭᠠᠨ ᠵᠠᠰᠠᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠭᠤᠷᠢᠬ ᠤᠨ ᠬᠦᠨᠳᠤ | ᠪᠤᠬᠢᠷᠳᠤᠯ ᠲᠠᠢ ᠠᠵᠤ ᠠᠬᠤᠢᠢᠯᠠᠯ ᠢ ᠬᠤᠲᠠ ᠠᠴᠠ ᠭᠠᠷᠭᠠᠵᠦ ᠬᠦᠷᠢᠶᠠᠯᠡᠩ ᠳᠤ ᠤᠷᠤᠭᠤᠯᠬᠤ ᠶᠢ ᠠᠭᠢᠭᠤᠯᠵᠤ᠂ | ᠬᠦᠷᠢᠶᠡᠯᠡᠩ ᠲᠤᠭᠤᠷᠢᠭ ᠤᠨ ᠡᠷᠭᠢᠯᠳᠡᠳᠤ ᠦᠭᠡᠷᠡᠴᠢᠯᠡᠯᠲᠠ ᠶᠢ ᠠᠬᠢᠭᠤᠯᠬᠤ ᠲᠦᠯᠦᠪᠯᠡᠭᠡ ᠶᠢ ᠬᠡᠷᠡᠭᠵᠢᠭᠦᠯᠦᠨ᠎ᠠ᠃ | ᠭᠤᠤᠯ ᠮᠦᠷᠡᠨ ᠨᠠᠭᠤᠷ ᠪᠦᠷᠢᠲᠤ ᠶᠢᠨ ᠲᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠬᠦᠯᠦᠨ ᠨᠠᠭᠤᠷ᠂ | ᠤᠯᠠᠭᠠᠨᠰᠤᠬᠠᠢ᠂ ᠳᠠᠭ᠎ᠠ ᠶᠢᠨ ᠨᠠᠭᠤᠷ ᠵᠡᠷᠭᠡ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ | ᠦᠷ᠎ᠠ ᠪᠦᠲᠦᠮᠵᠢ ᠶᠢ ᠪᠠᠬᠢᠵᠢᠭᠦᠯᠦᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠭᠤᠷᠢᠬ ᠤᠨ ᠬᠠᠷ᠎ᠠ | ᠪᠤᠬᠢᠷ ᠤᠰᠤᠨ ᠴᠤᠭᠴᠠ ᠶᠢ ᠠᠷᠢᠯᠭᠠᠨ᠎ᠠ᠃ ᠬᠦᠷᠤᠰᠦᠨ ᠤ ᠪᠤᠬᠢᠷᠳᠤᠯ ᠤᠨ ᠵᠠᠰᠠᠯᠲᠠ ᠵᠢᠴᠢ ᠰᠡᠷᠭᠦᠭᠡᠯᠲᠡ ᠶᠢᠨ | ᠲᠦᠷᠦᠯ ᠵᠦᠢᠯ ᠢ ᠬᠡᠷᠡᠭᠵᠢᠭᠦᠯᠵᠦ᠂ ᠪᠤᠬᠢᠷᠳᠤᠭᠰᠠᠨ ᠭᠠᠵᠠᠷ ᠤᠨ ᠨᠡᠷᠡᠰ ᠵᠢᠴᠢ ᠲᠡᠭᠦᠨ ᠢ ᠨᠡᠭᠡᠭᠡᠨ ᠠᠰᠢᠬᠯᠠᠬᠤ | ᠨᠠᠵᠠᠭᠠᠢ ᠨᠠᠷᠢᠨ ᠲᠠᠩᠰᠠ ᠶᠢ ᠭᠠᠷᠭᠠᠨ᠎ᠠ᠃ ᠬᠢᠮᠢ ᠶᠢᠨ ᠪᠤᠷᠳᠤᠭᠤᠷ᠂ ᠲᠠᠷᠢᠶᠠᠨ ᠡᠮ᠂ ᠪᠦᠷᠬᠦᠪᠴᠢ ᠶᠢ ᠬᠢᠵᠠᠭᠠᠷᠯᠠᠬᠤ | ᠠᠵᠢᠯᠯᠠᠭ᠎ᠠ ᠶᠢ ᠬᠡᠷᠡᠭᠵᠢᠭᠦᠯᠵᠦ᠂ ᠪᠦᠷᠬᠦᠪᠴᠢ ᠶᠢ ᠬᠤᠷᠢᠶᠠᠨ ᠠᠪᠴᠦ ᠲᠠᠬᠢᠨ ᠠᠰᠢᠬᠯᠠᠬᠤ ᠶᠢ ᠠᠭᠢᠭᠤᠯᠵᠦ᠂ | ᠭᠦᠳᠡᠭᠡ ᠲᠤᠰᠬᠤᠨ ᠤ ᠠᠮᠢᠳᠤᠷᠡᠯ ᠪᠡ ᠲᠠᠷᠢᠶᠠᠯᠠᠩ ᠦᠢᠯᠡᠳᠪᠤᠷᠢᠯᠡᠯ ᠤᠨ ᠠᠵᠢᠯᠯᠠᠭ᠎ᠠ ᠲᠤᠮᠳᠠ ᠡᠭᠦᠰᠦᠭᠰᠡᠨ | ᠪᠤᠬᠢᠷᠳᠤᠯ ᠢ ᠪᠦᠲᠦᠮᠵᠢᠲᠠᠢ ᠰᠡᠷᠭᠡᠶᠢᠯᠡᠨ ᠵᠠᠰᠠᠨ᠎ᠠ᠃ ᠬᠤᠭ ᠨᠤᠪᠰᠢ ᠶᠢ ᠲᠦᠷᠦᠯ ᠬᠤᠪᠢᠶᠠᠬᠤ ᠵᠢᠴᠢ ᠡᠬᠢ | ᠪᠠᠶᠠᠯᠢᠬᠵᠢᠭᠤᠯᠤᠨ ᠠᠰᠢᠬᠯᠠᠬᠤ ᠶᠢ ᠠᠬᠢᠭᠤᠯᠤᠨ᠎ᠠ᠃ | ᠲᠦᠷᠪᠡ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢᠦᠭᠡᠢ ᠭᠦᠨᠵᠡᠭᠡᠶᠢᠷᠡᠭᠦᠯᠦᠨ᠎ᠡ | ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠦᠯᠢᠶᠡᠰᠤᠯᠠᠵᠤ ᠪᠠᠢᠶ᠋ᠭ᠎ᠠ ᠪᠠᠶᠢᠭᠤᠯᠤᠮᠵᠢ | ᠲᠣᠭᠲᠠᠴᠠ ᠶᠢᠨ ᠬᠠᠷᠰᠢ ᠰᠠᠭᠠᠳ ᠢ ᠲᠠᠷᠤᠢ ᠲᠦᠷᠭᠡᠨ ᠠᠷᠢᠯᠭᠠᠵᠤ᠂ ᠵᠠᠬ᠎ᠠ ᠲᠡᠯᠬᠡᠬᠦᠷ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠳᠤᠮᠳᠠᠬᠢ ᠰᠢᠢᠳᠪᠤᠷᠢᠯᠡᠭᠴᠢ ᠴᠢᠨᠠᠷᠲᠠᠶ ᠦᠢᠯᠡᠳᠦᠯ ᠢ ᠭᠦᠶ᠋ᠴᠡᠳ ᠪᠠᠳᠠᠷᠠᠭᠤᠯᠵᠤ᠂ ᠵᠠᠰᠠᠭ ᠤᠨ | ᠣᠷᠳᠣᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠠᠰᠢᠭ ᠢ | ᠢᠯᠡᠷᠡᠬᠦᠯᠦᠨ᠎ᠠ᠃ | ︵ᠬᠤᠷᠢᠨ ᠭᠤᠷᠪᠠ︶ ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠶᠡᠭᠡ ᠪᠠᠷ ᠰᠠᠶᠢᠵᠢᠷᠠᠭᠤᠯᠤᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠵᠦ᠂ | ᠣᠷᠣᠬᠤ ᠶᠢ ᠵᠥᠪᠰᠢᠶᠡᠷᠡᠬᠦ᠂ ᠥᠪᠡᠷ ᠤᠨ ᠥᠷᠲᠡᠭ᠂ ᠭᠠᠶᠢᠯᠢ ᠰᠦᠶ᠋ᠳᠬᠡᠯ᠂ ᠪᠡᠯᠡ ᠬᠤᠷᠠᠮᠳᠤᠭᠤᠯᠬᠤ᠂ ᠰᠠᠭᠤᠷᠢ | ᠲᠥᠬᠦᠭᠡᠷᠦᠮᠵᠢ᠂ ᠠᠵᠤ ᠦᠢᠯᠡᠰ ᠢ ᠢᠵᠢ ᠪᠦᠷᠢᠳᠦᠭᠦᠯᠬᠦ᠂ ᠥᠮᠴᠢᠯᠡᠯ ᠤᠨ ᠡᠷᠬᠡ ᠶᠢ ᠬᠠᠮᠠᠭᠠᠯᠠᠬᠤ᠂ ᠬᠥᠮᠦᠨ ᠤ | ᠬᠦᠴᠦᠨ ᠤ ᠡᠬᠢ ᠪᠠᠶᠠᠯᠢᠭ᠂ ᠣᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ | ᠶᠡᠷᠤᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠳᠤᠮᠳᠠᠳᠤ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ | ᠲᠤᠭᠤᠷᠢᠨ ᠤ ᠦᠨᠡᠯᠡᠯᠳᠡ ᠶᠢᠨ ᠡᠮᠤᠨ᠎ᠠ ᠡᠩᠨᠡᠭᠡᠨ ᠳᠤ ᠣᠷᠣᠬᠤ ᠪᠠᠷ ᠴᠢᠷᠮᠠᠶᠢᠨ᠎ᠠ᠃ ᠵᠠᠰᠠᠭ ᠢ ᠴᠤᠮᠬᠠᠳᠬᠠᠨ ᠡᠷᠬᠡ | ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠤᠢᠢᠯᠡᠴᠢᠯᠡᠭᠡ ᠶᠢ ᠰᠢᠯᠢᠳᠡᠭᠵᠢᠬᠦᠯᠬᠦ ᠦᠬᠡᠷᠡᠴᠢᠯᠡᠯᠳᠡ | ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠳᠤ ᠰᠢᠭᠤᠳ | ᠭᠠᠷ ᠲᠦᠷᠦᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠵᠠᠰᠠᠭ ᠤᠨ ᠣᠷᠳᠣᠨ ᠤ ᠬᠡᠷᠡᠭ ᠶᠠᠪᠤᠳᠠᠯ ᠢ | ᠬᠠᠮᠢᠶᠠᠷᠬᠤ ᠪᠤᠯᠤᠨ ᠪᠣᠳᠠᠲᠠᠶ ᠬᠢᠨᠠᠨ ᠵᠥᠪᠰᠢᠶᠡᠷᠡᠬᠦ ᠵᠦᠶ᠋ᠯᠡᠰ ᠢ ᠴᠦᠭᠡᠤᠨᠭᠡᠨ᠂ ︽ᠬᠤᠷᠢᠭ᠎ᠠ ᠥᠬᠡᠶ ᠪᠣᠯ | ᠣᠷᠣᠭᠤᠯᠬᠤ︾ ᠶᠢ ᠨᠡᠶᠢᠳᠡᠮ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠳᠡᠯᠡᠬᠡᠶ ᠶᠢᠨ ᠪᠠᠩᠬᠢ ᠶᠢᠨ ︽ᠪᠦᠬᠦ | ᠪᠥᠮᠪᠥᠷᠴᠡᠭ ᠤᠨ ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠤ ᠮᠡᠳᠡᠭᠦᠯᠦᠯᠲᠡ︾ ᠶᠢᠨ ᠭᠤᠤᠯ ᠦᠨᠡᠯᠡᠯᠳᠡ ᠶᠢᠨ | ᠭᠦᠶ᠋ᠴᠡᠳᠬᠡᠯ ᠲᠤᠭ᠎ᠠ ᠲᠠᠢ ᠬᠠᠷᠢᠴᠠᠭᠤᠯᠵᠤ᠂ ᠭᠤᠭᠴᠤᠭ᠎ᠠ᠂ ᠴᠠᠭ᠂ ᠵᠠᠷᠤᠳᠠᠯ ᠢ ᠤᠯᠠᠮ ᠨᠢᠬᠡ ᠠᠯᠬᠤᠮ | ᠴᠤᠮᠬᠠᠳᠬᠠᠵᠤ᠂ ᠳᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ ᠥᠭᠡᠷᠡᠴᠢᠯᠡᠯᠲᠡ | ᠪᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠠᠬᠢᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠯ᠂ ᠣᠷᠴᠢᠨ ᠲᠤᠭᠤᠷᠢᠨ ᠤ ᠦᠨᠡᠯᠡᠯᠳᠠ ᠶᠢᠨ ᠬᠢᠨᠠᠨ ᠵᠥᠪᠰᠢᠶᠡᠷᠡᠯ᠂ ᠴᠠᠭᠢᠯᠭᠠᠨ ᠭᠡᠷᠡᠭᠰᠡᠭᠦ ᠵᠦᠪᠰᠢᠶᠡᠷᠡᠯ | ᠢ ᠤᠯᠬᠤ ᠴᠠᠬ ᠢ ᠶᠡᠭᠡ ᠪᠠᠷ ᠪᠤᠭᠤᠨᠢᠰᠬᠠᠨ᠎ᠠ᠃ ︽ᠬᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ | ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠤᠭ᠎ᠠ ᠪᠡᠷᠢᠮᠳᠡ | ᠶᠢ ᠬᠠᠮᠲᠤ ᠪᠠᠷ ᠡᠳ᠋ᠯᠡᠬᠦ ᠶᠢ ᠲᠦᠷᠭᠡᠳᠬᠡᠨ ᠠᠬᠢᠭᠤᠯᠤᠨ᠎ᠠ᠃ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠮᠡᠷᠭᠡᠵᠢᠯ᠂ ᠰᠢᠨ᠎ᠡ ᠠᠵᠤ | ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ ᠳᠤ ᠪᠠᠭᠲᠠᠭᠠᠮᠵᠢᠲᠠᠶ ᠪᠥᠭᠡᠳ ᠪᠣᠯᠭᠤᠮᠵᠢᠲᠠᠶ ᠬᠢᠨᠠᠯᠲᠠ ᠬᠠᠮᠢᠶᠠᠷᠤᠯᠲᠠ | ᠶᠢ ᠬᠡᠷᠡᠭᠵᠢᠭᠦᠯᠦᠨ᠎ᠡ᠃ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠵᠠᠰᠠᠭ ᠤᠨ ᠣᠷᠳᠣᠨ ᠤ ᠦᠨᠡᠨᠴᠢ ᠢᠳᠡᠭᠡᠮᠵᠢ ᠶᠢ ᠪᠠᠷᠢᠮᠳᠠᠯᠠᠵᠤ ᠠᠮᠠᠯᠠᠯᠲᠠ ᠪᠠᠨ ᠭᠦᠶ᠋ᠴᠡᠳᠬᠡᠬᠦ ᠲᠤᠭᠳᠠᠴᠡ ᠶᠢ | ᠪᠠᠶᠢᠭᠤᠯᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠪᠠᠨ ᠠᠯᠳᠠᠭᠰᠠᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ | ᠵᠢᠴᠢ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ | ᠢᠯᠡ ᠲᠣᠳᠣ᠂ ᠡᠷᠬᠡ ᠲᠡᠭᠰᠢ ᠲᠥᠪ ᠭᠤᠤᠯᠴᠢ ᠬᠠᠤᠯᠢ ᠶᠣᠰᠣᠨ ᠤ ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ | ᠡᠬᠦᠳᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠣᠭᠲᠠᠭᠤᠨ ᠤᠷᠴᠢᠨ ᠢ ᠪᠦᠷᠢᠯᠳᠦᠬᠦᠯᠵᠤ ᠦᠭᠬᠦᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠰᠢᠯᠢᠳᠡᠭᠵᠢᠭᠦᠯᠦᠨ᠂ ᠵᠠᠭᠠᠯᠳᠤᠵᠤ ᠢᠯᠡᠴᠢᠯᠡᠨ ᠮᠡᠳᠡᠭᠦᠯᠬᠦ ᠲᠠᠪᠴᠠᠩ | ᠢ ᠪᠠᠶᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠬᠤᠬᠢᠷᠠᠭᠤᠯᠤᠭᠰᠠᠨ ᠡᠯ᠎ᠡ ᠲᠥᠷᠥᠯ ᠤᠨ ᠦᠢᠯᠡ | ᠠᠵᠢᠯᠯᠠᠭ᠎ᠠ ᠶᠢ ᠡᠷᠡᠰ ᠵᠠᠯᠬᠠᠭᠠᠨ ᠰᠢᠢᠳᠬᠡᠨ᠎ᠡ᠃ ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠦᠨᠡᠯᠡᠬᠦ | ᠰᠢᠰᠲ᠋ᠧᠮ ᠢ ᠲᠡᠬᠦᠯᠳᠡᠷᠵᠢᠬᠦᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠭᠤᠷᠪᠠᠳᠠᠬᠢ ᠡᠲᠡᠭᠡᠳ ᠠᠴᠠ | ᠦᠨᠡᠯᠡᠨ ᠵᠢᠱᠢᠬᠦ ᠶᠢ ᠥᠷᠨᠢᠭᠦᠯᠦᠨ᠎ᠡ᠃ | ︵ᠬᠤᠷᠢᠨ ᠲᠦᠷᠪᠡ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ | ᠤᠯᠤᠰ ᠤᠨ ᠦᠮᠴᠢᠯᠡᠯ ᠤᠨ ᠡᠳ᠋ ᠬᠥᠷᠥᠩᠭᠡ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ | ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠬᠥᠷᠥᠩᠭᠡ ᠶᠢᠨ ᠬᠤᠯᠢᠮᠠᠭ ᠥᠮᠴᠢᠯᠡᠯ ᠤᠨ ᠳᠦᠷᠢᠮ ᠤᠨ | ᠥᠭᠡᠷᠡᠴᠢᠯᠡᠯᠲᠡ ᠳᠤ ᠣᠷᠣᠯᠴᠠᠬᠤ ᠶᠢ ᠵᠣᠷᠢᠭᠵᠢᠭᠤᠯᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠪᠡᠯᠡ | ᠣᠷᠣᠭᠤᠯᠤᠯᠲᠠ᠂ ᠡᠵᠡᠩᠨᠡᠯᠲᠡ ᠶᠢᠨ ᠺᠣᠮᠫᠠᠨᠢ ᠶᠢᠨ ᠥᠭᠡᠷᠡᠴᠢᠯᠡᠯᠲᠡ ᠶᠢᠨ ᠲᠤᠷᠰᠢᠯᠳᠡ ᠶᠢᠨ ᠴᠡᠭ ᠢ ᠲᠦᠯᠬᠢᠨ | ᠠᠬᠢᠭᠤᠯᠤᠨ᠎ᠠ᠃ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠯ ᠤᠨ ᠪᠦᠲᠦᠴᠡ ᠶᠢ ᠲᠤᠬᠢᠷᠠᠭᠤᠯᠤᠨ | ᠰᠢᠯᠢᠳᠡᠭᠵᠢᠭᠦᠯᠵᠦ᠂ ᠴᠢᠬᠤᠯᠠ ᠠᠵᠢᠯ ᠲᠥᠷᠥᠯ ᠪᠠ ᠵᠠᠩᠭᠢᠯᠠᠭ᠎ᠠ ᠶᠢᠨ ᠬᠦᠷᠢᠶᠡᠨ ᠳᠠᠬᠢ ᠤᠯᠤᠰ ᠤᠨ ᠥᠮᠴᠢᠯᠡᠯ ᠤᠨ | ᠭᠤᠤᠯᠯᠠᠭᠴᠢ ᠠᠵᠤ ᠠᠬᠤᠶᠢᠯᠠᠯ ᠤᠨ ᠬᠦᠴᠦᠷᠬᠡᠭᠵᠢᠨ ᠪᠤᠵᠠᠭᠠᠶᠢᠷᠠᠬᠤ ᠶᠢ ᠲᠦᠯᠬᠢᠨ ᠠᠬᠢᠭᠤᠯᠤᠨ᠎ᠠ᠃ ᠠᠷᠠᠳ ᠤᠨ | ᠡᠵᠡᠩᠨᠡᠯᠳᠡ ᠶᠢᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠲᠥᠷᠦ ᠶᠢᠨ ᠪᠣᠳᠣᠯᠭ᠎ᠠ ᠶᠢᠨ ᠳᠡᠮᠵᠢᠯᠭᠡ ᠶᠢ | ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢᠢᠯᠠᠯ ᠤᠨ ᠨᠡᠭᠦᠷᠡᠰᠦᠨ ᠤ ᠪᠤᠰᠤ ᠠᠵᠤ ᠦᠢᠯᠡᠰ᠂ | ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢᠢᠯᠠᠯ ᠤᠨ ᠰᠢᠨ᠎ᠡ ᠶᠢ ᠡᠭᠦᠳᠦᠨ ᠪᠦᠲᠦᠭᠡᠬᠦ ᠶᠢ ᠳᠠᠮᠵᠢᠵᠤ᠂ ᠠᠷᠠᠳ ᠤᠨ ᠡᠵᠡᠩᠨᠡᠯᠲᠡ | ᠶᠢᠨ ᠠᠵᠤ ᠠᠬᠤᠢ ᠶᠢᠨ ᠲᠦᠷᠭᠡᠨ ᠬᠦᠭᠵᠢᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠣᠯᠠᠨ ᠡᠰᠢᠵᠢᠨ | ᠬᠥᠭᠵᠢᠬᠦ ᠶᠢ ᠠᠬᠢᠭᠤᠯᠤᠨ᠎ᠠ᠃ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠵᠣᠭᠤᠰ ᠥᠷᠢᠲᠦᠬᠦ ᠠᠰᠠᠭᠤᠳᠠᠯ ᠢ ᠰᠢᠶ᠋ᠳᠪᠦᠷᠢᠯᠡᠬᠦ ᠤᠷᠲᠤ | ᠬᠤᠭᠤᠴᠠᠭᠠᠨ ᠤ ᠪᠦᠲᠦᠮᠵᠢᠳᠤ ᠲᠣᠭᠲᠠᠴᠠ ᠶᠢ ᠪᠠᠶᠢᠭᠤᠯᠤᠨ᠎ᠠ᠃ ᠠᠵᠦ ᠠᠬᠤᠢᠢᠯᠠᠯ ᠤᠨ ᠤᠯᠤᠰ ᠠᠴᠠ ᠪᠠᠷᠠᠭᠤᠨ | ᠤᠷᠤᠨ ᠤ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠤᠯᠭᠤᠵᠦ ᠦᠭᠭᠦᠭᠰᠡᠨ ᠠᠵᠦ ᠠᠬᠤᠢᠢᠯᠠᠯ ᠤᠨ ᠰᠲ᠋ᠤᠺ ᠢᠶᠠᠨ | ᠵᠠᠬ᠎ᠠ ᠲᠡᠯᠬᠡᠬᠦᠷ ᠲᠤ ᠭᠠᠷᠭᠠᠵᠦ ᠪᠡᠯᠡ ᠬᠤᠷᠠᠮᠳᠤᠭᠤᠯᠬᠤ᠂ ᠵᠢᠬᠡᠯᠡᠯᠬᠡ ᠶᠢᠨ ᠲᠡᠮᠳᠡᠭᠳᠤ ᠲᠠᠷᠬᠠᠭᠠᠬᠤ᠂ ᠬᠤᠳᠠᠯᠳᠤᠨ | ᠠᠪᠴᠤ ᠲᠠᠬᠢᠨ ᠵᠤᠬᠢᠶᠠᠨ ᠪᠠᠶᠢᠭᠤᠯᠬᠤ ᠵᠡᠷᠬᠡ ᠰᠠᠭᠠᠳ ᠦᠬᠡᠢ ᠨᠡᠪᠲᠡᠷᠡᠬᠦ ᠵᠠᠮ ᠤᠨ ᠲᠦᠷᠦ ᠶᠢᠨ ᠪᠤᠳᠤᠯᠭ᠎ᠠ ᠶᠢ | ᠰᠠᠶᠢᠳᠤᠷ ᠬᠡᠷᠡᠭᠯᠡᠨ᠂ ᠠᠷᠠᠳ ᠤᠨ ᠡᠵᠡᠩᠨᠡᠯᠳᠡ ᠶᠢᠨ ᠠᠵᠦ ᠠᠬᠤᠢᠢᠯᠠᠯ ᠤᠨᠴᠠᠭᠠᠢᠢᠯᠠᠨ ᠲᠤᠮᠳᠠ ᠪᠠᠭ᠎ᠠ ᠠᠵᠦ | ᠠᠬᠤᠢᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠳᠡᠢ ᠠᠰᠠᠭᠤᠳᠠᠯ ᠢ ᠦᠨᠡᠨ | ᠬᠦ ᠰᠢᠢᠳᠪᠦᠷᠢᠯᠡᠨ᠎ᠠ᠃ ᠠᠷᠠᠳ ᠤᠨ ᠡᠵᠡᠩᠨᠡᠯᠳᠡ ᠶᠢᠨ ᠠᠵᠦ ᠠᠬᠤᠢ ᠶᠢ ᠲᠡᠮᠵᠢᠬᠦ ᠲᠦᠷᠦ ᠶᠢᠨ ᠪᠤᠳᠤᠯᠭ᠎ᠠ ᠶᠢ | ᠬᠡᠷᠡᠭᠵᠢᠬᠦᠯᠦᠭᠰᠡᠨ ᠪᠠᠶᠢᠳᠠᠯ ᠳᠠᠬᠢ ᠬᠢᠨᠠᠨ ᠪᠠᠶᠢᠴᠠᠭᠠᠯᠳᠠ ᠶᠢ ᠴᠢᠩᠭᠠᠳᠬᠠᠨ᠎ᠠ᠃ ᠤᠯᠠᠨ ᠢᠶᠠᠷ ᠢᠶᠠᠨ ᠦᠢᠯᠡᠰ | ᠪᠤᠰᠬᠠᠵᠦ᠂ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠶᠢ ᠬᠦᠨᠵᠡᠬᠡᠢ ᠠᠬᠢᠭᠤᠯᠤᠨ᠂ ᠦᠪᠦᠷ ᠮᠤᠩᠭᠤᠯ ᠨᠤᠳᠤᠬ ᠲᠠᠢ | ᠴᠢᠳᠠᠪᠤᠷᠢᠳᠠᠨ ᠤ ᠨᠤᠳᠤᠬ ᠲᠤ ᠪᠠᠨ ᠪᠤᠴᠠᠵᠦ ᠦᠢᠯᠡᠰ ᠪᠤᠰᠬᠠᠬᠤ ᠶᠢ ᠵᠤᠷᠢᠬᠵᠢᠭᠤᠯᠤᠨ᠂ ᠬᠦᠯᠦᠰᠦᠨ ᠮᠠᠯᠴᠢᠨ | ᠲᠠᠷᠢᠶᠠᠴᠢᠨ ᠤ ᠨᠤᠳᠤᠭ ᠲᠤ ᠪᠠᠨ ᠪᠤᠴᠠᠵᠦ ᠦᠢᠯᠡᠰ ᠪᠤᠰᠬᠠᠬᠤ ᠪᠠ ᠴᠡᠷᠢᠭ ᠠᠴᠠ ᠬᠠᠯᠠᠬᠳᠠᠬᠰᠠᠳ ᠤᠨ ᠪᠡᠶ᠎ᠠ ᠪᠠᠨ | ᠲᠠᠭᠠᠭᠠᠵᠦ ᠦᠢᠯᠡᠰ ᠪᠤᠰᠬᠠᠬᠤ ᠦᠢᠯᠡᠴᠢᠯᠡᠬᠡᠨ ᠤ ᠰᠢᠰᠲ᠋ᠧᠮ ᠢ ᠪᠦᠷᠢᠨᠰᠢᠬᠦᠯᠦᠨ᠂ ᠦᠢᠯᠡᠰ ᠪᠤᠰᠬᠠᠬᠤ | ᠨᠡᠪᠴᠢᠬᠦᠯᠦᠯᠳᠡ ᠶᠢᠨ ᠪᠠᠶᠢᠭᠤᠯᠤᠮᠵᠢ ᠪᠠ ᠤᠯᠠᠨ ᠢᠶᠠᠷ ᠢᠶᠠᠨ ᠡᠬᠦᠳᠬᠦ ᠤᠷᠤᠨ ᠵᠠᠢ ᠶᠢᠨ ᠦᠢᠯᠡᠴᠢᠯᠡᠬᠡᠨ ᠤ | ᠲᠦᠪᠰᠢᠨ ᠢ ᠲᠡᠭᠡᠭᠰᠢᠯᠡᠬᠦᠯᠦᠨ᠎ᠠ᠃ ᠬᠤᠪᠢ ᠶᠢᠨ ᠡᠵᠡᠩᠨᠡᠯᠳᠡ ᠶᠢᠨ ᠡᠷᠦᠬᠡ ᠠᠵᠦ ᠠᠬᠤᠢᠢᠯᠠᠯ ᠪᠤᠯᠵᠦ ᠬᠤᠪᠢᠷᠠᠬᠤ᠂ | ᠪᠠᠭ᠎ᠠ ᠠᠵᠦ ᠠᠬᠤᠢᠢᠯᠠᠯ ᠤᠨ ᠬᠡᠪᠴᠢᠶᠡᠵᠢᠯ ᠢᠶᠠᠨ ᠲᠡᠭᠡᠭᠰᠢᠯᠡᠬᠦᠯᠬᠦ ᠶᠢ ᠲᠡᠮᠵᠢᠬᠦ ᠲᠦᠷᠦ ᠶᠢᠨ ᠪᠤᠳᠤᠯᠭ᠎ᠠ ᠶᠢ | ᠲᠤᠬᠳᠠᠭᠠᠵᠦ᠂ ᠲᠤᠮᠳᠠ ᠪᠠᠭ᠎ᠠ ᠵᠢᠵᠢᠭ ᠠᠵᠦ ᠠᠬᠤᠢᠢᠯᠠᠯ ᠤᠨ ᠬᠦᠭᠵᠢᠯᠳᠡ ᠶᠢ ᠲᠡᠳᠬᠦᠨ ᠲᠡᠮᠵᠢᠨ᠎ᠠ᠃ ᠠᠷᠠᠳ ᠤᠨ | ᠡᠳ᠋ ᠬᠦᠷᠦᠩᠬᠡ ᠶᠢᠨ ᠪᠡᠯᠡ ᠤᠷᠤᠭᠤᠯᠤᠯᠳᠠ ᠶᠢ ᠲᠠᠳᠠᠬᠤ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠲᠦᠷᠦᠯ ᠵᠦᠢᠯ | ᠤᠨ ᠬᠦᠮᠦᠷᠬᠡ ᠶᠢ ᠪᠠᠶᠢᠭᠤᠯᠵᠦ᠂ ᠠᠷᠠᠳ ᠤᠨ ᠡᠳ᠋ ᠬᠦᠷᠦᠩᠬᠡ ᠶᠢ ᠲᠠᠨᠢᠯᠴᠠᠭᠤᠯᠬᠤ ᠲᠦᠷᠦᠯ ᠵᠦᠢᠯ ᠤᠨ ᠨᠠᠷᠢᠨ | ᠲᠠᠩᠰᠠ ᠶᠢ ᠪᠠᠶᠢᠩᠭᠤ ᠨᠡᠶᠢᠳᠡᠯᠡᠨ᠎ᠠ᠃ ᠠᠵᠦ ᠠᠬᠤᠢᠢᠯᠠᠯ ᠪᠠ ᠠᠵᠦ ᠠᠬᠤᠢᠢᠯᠠᠯᠳᠠᠨ ᠤ ᠬᠠᠤᠯᠢ ᠶᠤᠰᠤᠨ ᠤ ᠡᠷᠬᠡ | ᠠᠰᠢᠬ ᠢ ᠬᠠᠮᠠᠭᠠᠯᠠᠨ᠂ ᠠᠵᠦ ᠠᠬᠤᠢᠢᠯᠠᠯ ᠪᠠ ᠠᠵᠦ ᠠᠬᠤᠢᠢᠯᠠᠯᠳᠠᠨ ᠤ ᠰᠢᠨ᠎ᠠ ᠶᠢ ᠡᠬᠦᠳᠬᠦ ᠦᠢᠯᠡᠰ ᠪᠤᠰᠬᠠᠬᠤ | ᠤᠷᠮ᠎ᠠ ᠶᠢ ᠬᠦᠭᠵᠢᠬᠡᠨ᠎ᠠ᠃ | ︵ᠬᠤᠷᠢᠨ ᠲᠠᠪᠤ︶ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠠᠬᠢᠭᠤᠯᠤᠨ᠎ᠠ᠃ | ᠦᠮᠴᠢᠯᠡᠯ ᠤᠨ ᠡᠷᠬᠡ ᠶᠢᠨ ᠬᠠᠮᠠᠭᠠᠯᠠᠯᠳᠠ ᠶᠢᠨ ᠲᠦᠷᠢᠮ ᠲᠠᠢ ᠬᠠᠷᠰᠢᠯᠳᠤᠬᠰᠡᠨ᠂ ᠡᠷᠬᠡ ᠲᠡᠭᠰᠢ ᠬᠠᠮᠠᠭᠠᠯᠠᠯᠳᠠ ᠶᠢᠨ | ᠵᠠᠷᠴᠢᠮ ᠠᠴᠠ ᠵᠦᠷᠢᠴᠡᠭᠰᠡᠨ ᠬᠠᠮᠢᠶ᠎ᠠ ᠪᠦᠬᠦᠢ ᠲᠤᠭᠳᠠᠭᠠᠯ ᠳᠤ ᠵᠠᠰᠠᠪᠤᠷᠢ ᠤᠷᠤᠭᠤᠯᠵᠦ ᠬᠦᠴᠦᠨ ᠦᠬᠡᠢ ᠪᠤᠯᠭᠠᠨ᠎ᠠ᠃ | ᠤᠯᠤᠰ ᠤᠨ ᠦᠮᠴᠢᠯᠡᠯ ᠤᠨ ᠡᠳ᠋ ᠬᠦᠷᠦᠩᠬᠡ ᠶᠢᠨ ᠦᠮᠴᠢᠯᠡᠯ ᠤᠨ ᠡᠷᠬᠡ ᠶᠢ ᠲᠠᠩᠰᠠᠯᠠᠭᠤᠯᠬᠤ᠂ ᠦᠮᠴᠢᠯᠡᠯ ᠤᠨ | ᠡᠷᠬᠡ ᠶᠢ ᠰᠢᠯᠵᠢᠬᠦᠯᠬᠦ᠂ ᠭᠠᠳᠠᠭᠠᠳᠤ ᠳᠤ ᠪᠡᠯᠡ ᠤᠷᠤᠭᠤᠯᠬᠤ᠂ ᠡᠳ᠋ ᠬᠦᠷᠦᠩᠬᠡ ᠶᠢ ᠡᠵᠡᠩᠨᠡᠬᠦ᠂ ᠬᠢᠨᠠᠨ ᠬᠠᠮᠢᠶᠠᠷᠴᠤ | ᠬᠠᠷᠢᠭᠤᠴᠠᠯᠭ᠎ᠠ ᠲᠤᠯᠭᠠᠬᠤ ᠵᠡᠷᠬᠡ ᠬᠢᠨᠠᠨ ᠬᠠᠮᠢᠶᠠᠷᠤᠯᠳᠠ ᠶᠢᠨ ᠲᠤᠬᠳᠠᠴᠠ ᠶᠢ ᠲᠦᠷᠬᠡᠳᠬᠡᠨ ᠪᠦᠷᠢᠨᠰᠢᠬᠦᠯᠦᠨ᠎ᠠ᠃ | ᠪᠠᠶᠢᠭᠠᠯᠢ ᠶᠢᠨ ᠡᠬᠢ ᠪᠠᠶᠠᠯᠢᠬ ᠤᠨ ᠡᠳ᠋ ᠬᠦᠷᠦᠩᠬᠡ ᠶᠢᠨ ᠦᠮᠴᠢᠯᠡᠯ ᠤᠨ ᠡᠷᠬᠡ ᠶᠢᠨ ᠰᠢᠰᠲ᠋ᠧᠮ ᠢ ᠪᠦᠷᠢᠨᠰᠢᠬᠦᠯᠦᠨ᠂ | ᠪᠠᠶᠢᠭᠠᠯᠢ ᠶᠢᠨ ᠡᠬᠢ ᠪᠠᠶᠠᠯᠢᠬ ᠤᠨ ᠨᠢᠬᠡᠳᠦᠯᠳᠡᠢ ᠡᠷᠬᠡ ᠶᠢ ᠲᠤᠳᠤᠷᠬᠠᠢᠢᠯᠠᠵᠦ ᠲᠠᠩᠰᠠᠯᠠᠭᠤᠯᠬᠤ ᠶᠢ ᠲᠦᠷᠬᠡᠳᠬᠡᠨ᠎ᠠ᠃ | ᠲᠠᠭᠠᠭᠠᠴᠢᠯᠠᠬᠰᠠᠨ ᠭᠠᠵᠠᠷ ᠰᠢᠷᠤᠢ ᠶᠢᠨ ᠦᠮᠴᠢᠯᠡᠯ ᠤᠨ ᠡᠷᠬᠡ᠂ ᠲᠠᠭᠠᠭᠠᠴᠢᠯᠠᠯᠳᠠ ᠶᠢᠨ ᠡᠷᠬᠡ᠂ ᠡᠵᠡᠩᠨᠡᠯᠳᠡ ᠶᠢᠨ | ᠡᠷᠬᠡ ︽ᠭᠤᠷᠪᠠᠨ ᠡᠷᠬᠡ ᠶᠢ ᠰᠠᠯᠭᠠᠬᠤ︾ ᠶᠢ ᠨᠠᠶᠢᠳᠠᠪᠤᠷᠢᠵᠢᠭᠤᠯᠤᠨ᠂ ᠡᠵᠡᠩᠨᠡᠯᠳᠡ ᠶᠢᠨ ᠡᠷᠬᠡ ᠪᠠᠷ ᠬᠤᠪᠢ | ᠤᠷᠤᠬᠤ᠂ ᠪᠠᠷᠢᠴᠠᠭᠠᠯᠠᠬᠤ ᠶᠢ ᠦᠷᠨᠢᠬᠦᠯᠦᠨ᠎ᠠ᠃ ᠨᠤᠳᠤᠬ ᠪᠡᠯᠴᠢᠬᠡᠷ ᠤᠨ ᠡᠵᠡᠩᠨᠡᠯᠳᠡ ᠶᠢᠨ ᠡᠷᠬᠡ ᠶᠢ | ᠲᠤᠳᠤᠷᠬᠠᠢᠢᠯᠠᠵᠦ ᠲᠠᠭᠠᠭᠠᠴᠢᠯᠠᠬᠤ ᠶᠢ ᠪᠦᠬᠦ ᠲᠠᠯ᠎ᠠ ᠪᠠᠷ ᠪᠡᠶᠡᠯᠡᠬᠦᠯᠵᠦ᠂ ᠲᠠᠯ᠎ᠠ ᠨᠤᠳᠤᠬ ᠤᠨ ︽ᠭᠤᠷᠪᠠᠨ ᠡᠷᠬᠡ ᠶᠢ | ᠰᠠᠯᠭᠠᠬᠤ︾ ᠲᠤᠷᠰᠢᠯᠳᠠ ᠶᠢᠨ ᠴᠢᠬ ᠢ ᠠᠬᠢᠭᠤᠯᠤᠨ᠎ᠠ᠃ ᠤᠷᠤᠨ ᠰᠠᠭᠤᠴᠠ ᠳᠤ ᠬᠡᠷᠡᠭᠯᠡᠬᠦ ᠭᠠᠵᠠᠷ ᠰᠢᠷᠤᠢ ᠶᠢᠨ | ᠦᠮᠴᠢᠯᠡᠯ ᠤᠨ ᠡᠷᠬᠡ᠂ ᠬᠢᠷᠢ ᠬᠡᠮ ᠤᠨ ᠡᠷᠬᠡ᠂ ᠬᠡᠷᠡᠭᠯᠡᠯᠳᠡ ᠶᠢᠨ ᠡᠷᠬᠡ ︽ᠭᠤᠷᠪᠠᠨ ᠡᠷᠬᠡ ᠶᠢ ᠰᠠᠯᠭᠠᠬᠤ︾ ᠶᠢ | ᠬᠠᠶᠢᠨ ᠰᠦᠪᠡᠭᠴᠢᠯᠡᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ | ᠲᠦᠷᠢᠮ ᠤᠨ ᠦᠬᠡᠷᠡᠴᠢᠯᠡᠯᠳᠡ ᠶᠢ ᠠᠬᠢᠭᠤᠯᠤᠨ᠂ ᠬᠠᠮᠳᠤ ᠶᠢᠨ ᠠᠵᠦ ᠠᠬᠤᠢ ᠶᠢᠨ ᠤᠯᠠᠨ ᠵᠦᠢᠯ ᠤᠨ ᠪᠦᠲᠦᠮᠵᠢᠳᠡᠢ | ᠪᠡᠶᠡᠯᠡᠭᠳᠡᠯ ᠤᠨ ᠬᠡᠯᠪᠡᠷᠢ ᠶᠢ ᠬᠠᠶᠢᠨ ᠰᠦᠪᠡᠭᠴᠢᠯᠡᠨ᠎ᠠ᠃ ᠮᠡᠳᠡᠯᠬᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠳᠠ ᠶᠢ | ᠴᠢᠩᠭᠠᠳᠬᠠᠨ᠎ᠠ᠃ | ︵ᠬᠤᠷᠢᠨ ᠵᠢᠷᠭᠤᠭ᠎ᠠ︶ ᠡᠯᠧᠮᠧᠨ᠋ᠲ ᠢ ᠵᠠᠬ᠎ᠠ ᠲᠡᠯᠬᠡᠬᠦᠷᠴᠢᠯᠡᠨ ᠲᠤᠬᠢᠷᠠᠭᠤᠯᠬᠤ ᠦᠬᠡᠷᠡᠴᠢᠯᠡᠯᠳᠡ ᠶᠢ | ᠬᠦᠨᠵᠡᠬᠡᠶᠢᠷᠡᠬᠦᠯᠦᠨ᠎ᠠ᠃ ᠤᠯᠠᠨ ᠨᠡᠶᠢᠳᠡ ᠶᠢᠨ ᠡᠬᠢ ᠪᠠᠶᠠᠯᠢᠬ ᠢ ᠲᠤᠬᠢᠷᠠᠭᠤᠯᠬᠤ ᠠᠷᠭ᠎ᠠ ᠬᠡᠯᠪᠡᠷᠢ ᠶᠢᠨ ᠰᠢᠨ᠎ᠠ ᠶᠢ | ᠡᠬᠦᠳᠴᠤ᠂ ᠦᠷᠢᠰᠦᠯᠳᠦᠬᠡᠨ ᠤ ᠴᠢᠨᠠᠷᠳᠠᠢ ᠤᠯᠠᠨ ᠨᠡᠶᠢᠳᠡ ᠶᠢᠨ ᠡᠬᠢ ᠪᠠᠶᠠᠯᠢᠬ ᠢ ᠲᠤᠬᠢᠷᠠᠭᠤᠯᠬᠤ ᠬᠦᠷᠢᠶ᠎ᠠ | ᠬᠡᠪᠴᠢᠶ᠎ᠠ ᠶᠢ ᠦᠷᠬᠡᠵᠢᠬᠦᠯᠦᠨ᠂ ᠤᠯᠠᠨ ᠨᠡᠶᠢᠳᠡ ᠶᠢᠨ ᠡᠬᠢ ᠪᠠᠶᠠᠯᠢᠬ ᠤᠨ ᠠᠷᠠᠯᠵᠢᠶᠠᠨ ᠤ ᠲᠠᠪᠴᠠᠩ ᠢ ᠨᠢᠭᠡᠳᠬᠡᠨ | ᠬᠠᠮᠳᠤ ᠪᠠᠷ ᠡᠳ᠋ᠯᠡᠵᠦ᠂ ᠰᠢᠨᠵᠢᠯᠡᠬᠦ ᠤᠬᠠᠭᠠᠨᠴᠢ᠂ ᠵᠦᠢ ᠵᠤᠬᠢᠰᠳᠠᠢ᠂ ᠲᠦᠷᠢᠮᠵᠢᠩᠬᠦᠢ ᠤᠯᠠᠨ ᠨᠡᠶᠢᠳᠡ ᠶᠢᠨ ᠡᠬᠢ | ᠪᠠᠶᠠᠯᠢᠬ ᠢ ᠲᠤᠬᠢᠷᠠᠭᠤᠯᠬᠤ ᠤᠷᠳᠤ ᠬᠤᠭᠤᠴᠠᠭᠠᠨ ᠤ ᠪᠦᠲᠦᠮᠵᠢᠳᠤ ᠲᠤᠬᠳᠠᠴᠠ ᠶᠢ ᠪᠠᠶᠢᠭᠤᠯᠤᠨ᠎ᠠ᠃ ᠬᠦᠳᠡᠭᠡ | ᠲᠤᠰᠬᠤᠨ ᠮᠠᠯᠵᠢᠬᠤ ᠤᠷᠤᠨ ᠤ ᠭᠠᠵᠠᠷ ᠰᠢᠷᠤᠢ ᠶᠢ ᠲᠠᠳᠠᠪᠤᠷᠢᠯᠠᠬᠤ᠂ ᠬᠠᠮᠳᠤ ᠶᠢᠨ ᠡᠵᠡᠩᠨᠡᠯᠳᠡ ᠶᠢᠨ ᠴᠢᠨᠠᠷᠳᠠᠢ | ᠪᠦᠲᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢ ᠵᠠᠬ᠎ᠠ ᠲᠡᠯᠬᠡᠬᠦᠷ ᠳᠤ ᠭᠠᠷᠭᠠᠬᠤ᠂ ᠤᠷᠤᠨ | ᠰᠠᠭᠤᠴᠠ ᠳᠤ ᠬᠡᠷᠡᠭᠯᠡᠬᠦ ᠭᠠᠵᠠᠷ ᠰᠢᠷᠤᠢ ᠶᠢᠨ ᠲᠦᠷᠢᠮ ᠤᠨ ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ ᠢ | ᠯᠠᠪᠳᠠᠭᠤᠨ ᠢᠶᠠᠷ ᠦᠷᠨᠢᠬᠦᠯᠦᠨ᠎ᠠ᠃ ᠪᠦᠲᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢᠨ ᠬᠡᠷᠡᠭᠯᠡᠯᠳᠡ ᠶᠢᠨ | ᠡᠷᠬᠡ ᠶᠢ ᠰᠢᠯᠵᠢᠬᠦᠯᠬᠦ᠂ ᠲᠦᠷᠢᠶᠡᠰᠦᠯᠡᠬᠦ᠂ ᠪᠠᠷᠢᠴᠠᠭᠠᠯᠠᠬᠤ ᠬᠤᠶᠠᠳᠤᠭᠠᠷ ᠲᠡᠰ ᠤᠨ ᠵᠠᠬ᠎ᠠ ᠲᠡᠯᠬᠡᠬᠦᠷ ᠢ | ᠲᠡᠬᠦᠯᠳᠡᠷᠵᠢᠬᠦᠯᠦᠨ᠂ ᠦᠮᠴᠢᠯᠡᠯ ᠤᠨ ᠡᠷᠬᠡ ᠲᠤᠳᠤ᠂ ᠵᠠᠬ᠎ᠠ ᠲᠡᠯᠬᠡᠬᠦᠷ ᠦᠨ᠎ᠠ ᠬᠠᠩᠰᠢ ᠶᠢ ᠲᠤᠭᠳᠠᠭᠠᠬᠤ᠂ ᠮᠡᠳᠡᠭᠡ | ᠵᠠᠩᠬᠢ ᠲᠦᠪᠯᠡᠷᠡᠬᠦ᠂ ᠠᠷᠠᠯᠵᠢᠶ᠎ᠠ ᠠᠮᠤᠷ ᠲᠦᠪᠰᠢᠨ᠂ ᠬᠢᠨᠠᠨ ᠬᠠᠮᠢᠶᠠᠷᠤᠯᠳᠠ ᠪᠦᠲᠦᠮᠵᠢᠳᠡᠢ ᠭᠠᠵᠠᠷ ᠰᠢᠷᠤᠢ ᠶᠢᠨ | ᠬᠤᠶᠠᠳᠤᠭᠠᠷ ᠲᠡᠰ ᠤᠨ ᠵᠠᠬ᠎ᠠ ᠲᠡᠯᠬᠡᠬᠦᠷ ᠢ ᠪᠠᠶᠢᠭᠤᠯᠤᠨ᠎ᠠ᠃ ᠠᠭᠤᠷᠬᠠᠢ ᠶᠢᠨ ᠦᠢᠯᠡᠰ ᠤᠨ ᠡᠷᠬᠡ ᠶᠢ | ᠦᠷᠢᠰᠦᠯᠳᠦᠬᠡᠨ ᠤ ᠴᠢᠨᠠᠷᠳᠠᠢ ᠪᠠᠷ ᠰᠢᠯᠵᠢᠬᠦᠯᠬᠦ ᠶᠢ ᠪᠦᠬᠦ ᠲᠠᠯ᠎ᠠ ᠪᠠᠷ ᠠᠬᠢᠭᠤᠯᠤᠨ᠂ ᠠᠭᠤᠷᠬᠠᠢ ᠶᠢᠨ ᠦᠢᠯᠡᠰ ᠤᠨ | ᠲᠡᠰ ᠬᠤᠪᠢᠶᠠᠵᠦ ᠲᠦᠷᠦᠯ ᠬᠤᠪᠢᠶᠠᠵᠦ ᠰᠢᠯᠵᠢᠬᠦᠯᠬᠦ ᠲᠦᠷᠢᠮ ᠢ ᠪᠦᠷᠢᠨᠰᠢᠬᠦᠯᠦᠨ᠂ ᠠᠭᠤᠷᠬᠠᠢ ᠶᠢᠨ ᠦᠢᠯᠡᠰ ᠤᠨ | ᠡᠷᠬᠡ ᠶᠢ ᠦᠨ᠎ᠠ ᠲᠦᠯᠦᠪᠦᠷᠢ ᠲᠠᠢ ᠡᠵᠡᠯᠡᠬᠦ ᠪᠠ ᠠᠭᠤᠷᠬᠠᠢ ᠶᠢᠨ ᠡᠬᠢ ᠪᠠᠶᠠᠯᠢᠬ ᠤᠨ ᠭᠠᠶᠢᠯᠢ ᠰᠦᠢᠳᠬᠡᠯ ᠤᠨ | ᠲᠦᠷᠢᠮ ᠢ ᠲᠡᠬᠦᠯᠳᠡᠷᠵᠢᠬᠦᠯᠦᠨ᠎ᠠ᠃ ᠡᠯᠧᠮᠧᠨ᠋ᠲ ᠤᠨ ᠦᠨ᠎ᠠ ᠬᠠᠩᠰᠢ ᠶᠢ ᠵᠠᠬ᠎ᠠ ᠲᠡᠯᠬᠡᠬᠦᠷᠴᠢᠯᠡᠬᠦ ᠦᠬᠡᠷᠡᠴᠢᠯᠡᠯᠳᠡ ᠶᠢ | ᠲᠦᠷᠬᠡᠳᠬᠡᠨ᠎ᠠ᠃ ᠴᠠᠬᠢᠯᠭᠠᠨ ᠬᠦᠴᠦᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ | ᠴᠠᠬᠢᠯᠭᠠᠨ ᠬᠦᠴᠦᠨ ᠤ ᠲᠤᠮᠳᠠ ᠤᠷᠳᠤ ᠬᠤᠭᠤᠴᠠᠭᠠᠨ ᠤ ᠠᠷᠠᠯᠵᠢᠶ᠎ᠠ ᠶᠢ ᠠᠬᠢᠭᠤᠯᠤᠨ᠂ ᠦᠪᠦᠷ ᠮᠤᠩᠭᠤᠯ ᠤᠨ | ᠪᠠᠷᠠᠭᠤᠨ ᠪᠡᠶ᠎ᠠ ᠶᠢᠨ ᠴᠠᠬᠢᠯᠭᠠᠨ ᠬᠦᠴᠦᠨ ᠤ ᠪᠡᠯᠡᠨ ᠪᠠᠷᠠᠭ᠎ᠠ ᠶᠢᠨ ᠵᠠᠬ᠎ᠠ ᠲᠡᠯᠬᠡᠬᠦᠷ ᠤᠨ ᠪᠦᠲᠦᠬᠡᠨ | ᠪᠠᠶᠢᠭᠤᠯᠤᠯᠳᠠ ᠶᠢ ᠲᠦᠷᠬᠡᠳᠬᠡᠨ᠂ ᠨᠡᠮᠡᠭᠳᠡᠯ ᠴᠠᠬᠢᠯᠭᠠᠨ ᠢ ᠲᠤᠬᠢᠷᠠᠭᠤᠯᠬᠤ ᠲᠤᠬᠠᠢᠢᠯᠠᠬᠰᠠᠨ ᠠᠵᠢᠯ ᠤᠨ | ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ ᠢ ᠡᠮᠬᠢ ᠵᠢᠷᠤᠮ ᠲᠠᠢ ᠠᠬᠢᠭᠤᠯᠤᠨ᠂ ᠴᠠᠬᠢᠯᠭᠠᠨ ᠢ ᠪᠤᠷᠤᠯᠠᠭᠤᠯᠬᠤ | ᠲᠠᠯ᠎ᠠ ᠶᠢᠨ ᠦᠬᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠤᠨ᠎ᠠ᠃ | ︵ᠬᠤᠷᠢᠨ ᠲᠤᠯᠤᠭ᠎ᠠ︶ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ | ᠪᠠᠶᠢᠭᠤᠯᠤᠯᠳᠠ ᠳᠤ ᠬᠦᠨᠵᠡᠭᠡᠢ ᠤᠷᠤᠯᠴᠠᠨ᠎ᠠ᠃ ᠪᠤᠭᠤᠮᠳᠠ ᠶᠢᠨ ᠠᠵᠤ ᠠᠬᠤᠢ ᠶᠢ ᠬᠦᠭᠵᠢᠬᠦᠯᠵᠤ᠂ | ᠡᠳ᠋ᠰᠢᠭᠦᠯᠦᠯᠳᠡ ᠶᠢᠨ ᠭᠠᠳᠠᠭᠠᠳᠤ ᠠᠷᠠᠯᠵᠢᠶ᠎ᠠ ᠶᠢ ᠦᠷᠭᠦᠯᠵᠢᠯᠡᠨ ᠬᠦᠭᠵᠢᠬᠦᠯᠵᠤ᠂ ᠭᠠᠳᠠᠨ᠎ᠠ ᠳᠤᠳᠤᠨ᠎ᠠ ᠶᠢ | ᠨᠠᠪᠲᠡᠷᠡᠭᠦᠯᠦᠭᠰᠡᠨ᠂ ᠤᠢᠢᠷ᠎ᠠ ᠬᠠᠪᠢ ᠶᠢᠨ ᠭᠠᠵᠠᠷ ᠤᠷᠤᠨ ᠢ ᠨᠦᠯᠦᠭᠡᠯᠡᠭᠦ᠋ᠢᠴᠡ᠂ ᠡᠬᠢ ᠪᠠᠶᠠᠯᠢᠬ ᠢ ᠨᠢᠭᠡᠳᠦᠯᠲᠡᠢ | ᠲᠦᠪᠯᠡᠷᠡᠭᠦᠯᠦᠨ ᠳᠠᠷᠬᠠᠭᠠᠵᠤ᠂ ᠡᠯᠧᠮᠧᠨ᠋ᠲ ᠢ ᠠᠭᠤᠰᠤᠯᠴᠠᠭᠤᠯᠤᠨ ᠨᠡᠪᠳᠡᠷᠡᠭᠦᠯᠦᠭᠰᠡᠨ ᠪᠦᠬᠦ ᠤᠷᠤᠨ ᠬᠡᠪᠴᠢᠶᠡᠨ ᠤ | ᠴᠢᠯᠦᠭᠡᠳᠡᠢ ᠨᠡᠭᠡᠭᠡᠬᠦ ᠳᠠᠪᠴᠠᠩ ᠢ ᠪᠠᠶᠢᠭᠤᠯᠤᠨ᠎ᠠ᠃ ᠮᠠᠨᠵᠤᠤᠷ᠂ ᠡᠷᠢᠶᠡᠨ ᠬᠤᠳᠠ ᠶᠢᠨ ᠤᠯᠤᠰ ᠤᠨ | ᠭᠤᠤᠯᠳᠠᠯᠭ᠎ᠠ ᠲᠠᠢ ᠨᠡᠭᠡᠭᠡᠨ ᠬᠦᠭᠵᠢᠭᠦᠯᠬᠦ ᠨᠡᠭᠡᠭᠡᠯᠳᠡ ᠬᠢᠬᠦ ᠲᠤᠷᠰᠢᠯᠳᠠ ᠶᠢᠨ ᠲᠤᠭᠤᠷᠢᠭ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠵᠦ᠂ ᠭᠠᠭᠴᠠᠮᠤᠳᠤ᠂ ᠴᠡᠭᠡ᠂ ᠵᠡᠭᠦᠨ ᠬᠠᠳᠠᠪᠴᠢ ᠶᠢᠨ ᠦᠪᠡᠷᠳᠡᠭᠡᠨ ᠵᠠᠰᠠᠬᠤ ᠤᠷᠤᠨ | ᠤ ᠨᠡᠭᠡᠭᠡᠨ ᠬᠦᠭᠵᠢᠭᠦᠯᠵᠦ ᠨᠡᠭᠡᠭᠡᠯᠳᠡ ᠬᠢᠬᠦ ᠲᠤᠷᠰᠢᠯᠳᠠ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠡᠷᠢᠶᠡᠨ ᠬᠤᠳᠠ — ᠵᠠᠮ ᠤᠨ ᠡᠭᠦᠳᠡ ᠶᠢᠨ ᠬᠢᠯᠢ ᠠᠯᠤᠰᠯᠠᠬᠰᠠᠨ ᠠᠵᠤ ᠠᠬᠤᠢ ᠶᠢᠨ | ᠬᠠᠮᠳᠤᠷᠠᠯᠴᠠᠭᠠᠨ ᠤ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢ ᠠᠭᠢᠭᠤᠯᠤᠨ᠎ᠠ᠃ ᠪᠤᠭᠤᠮᠳᠠ ᠶᠢᠨ ᠰᠠᠭᠤᠷᠢ | ᠲᠦᠭᠦᠭᠡᠷᠦᠮᠵᠢ ᠪᠠ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠠᠭᠠᠷ ᠤᠨ ᠠᠶᠠᠯᠠᠯ ᠤᠨ ᠪᠤᠭᠤᠮᠳᠠ ᠶᠢᠨ | ᠪᠠᠳᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠤ᠂ ᠪᠤᠭᠤᠮᠳᠠ ᠶᠢᠨ ᠦᠢᠯᠡᠴᠢᠯᠡᠭᠡ ᠪᠤᠯᠤᠨ ᠨᠡᠪᠳᠡᠷᠡᠭᠦᠯᠬᠦ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠦᠯᠦᠨ ᠪᠤᠶᠢᠷ ᠤᠨ ᠳᠤᠮᠳᠠᠳᠤ ᠮᠤᠩᠭᠤᠯ ᠤᠷᠤᠰ ᠤᠨ | ᠬᠠᠮᠳᠤᠷᠠᠯᠴᠠᠭᠠᠨ ᠤ ᠵᠢᠯᠤᠭᠤᠳᠤᠮᠵᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠤ᠂ | ᠤᠯᠠᠭᠠᠨᠴᠠᠪ ᠲᠤ ᠠᠯᠪᠠᠨ ᠤ ᠭᠤᠤᠯ ᠠᠭᠤᠯᠵᠠᠷ ᠤᠨ ᠬᠤᠳᠠ ᠪᠠᠶᠢᠭᠤᠯᠬᠤ ᠶᠢ ᠳᠡᠮᠵᠢᠨ᠎ᠡ᠃ ᠳᠤᠮᠳᠠᠳᠤ ︵ | ᠬᠦᠬᠡᠬᠤᠳᠠ︶ ᠶᠢᠨ ᠬᠢᠯᠢ ᠠᠯᠤᠰᠯᠠᠬᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠳᠠ ᠶᠢᠨ | ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢ ᠳᠡᠮᠵᠢᠨ᠎ᠡ᠃ ᠳᠠᠯᠠᠢ ᠶᠢᠨ ᠪᠤᠭᠤᠮᠳᠠ ᠶᠢᠨ ᠤᠨᠴᠠᠭᠠᠢ ᠬᠢᠨᠠᠯᠲᠠ | ᠬᠠᠮᠢᠶᠠᠷᠤᠯᠳᠠ ᠶᠢᠨ ᠤᠷᠤᠨ ᠪᠠ ᠭᠠᠶᠢᠯᠢ ᠶᠢ ᠪᠠᠲᠤᠯᠠᠬᠤ ᠬᠢᠨᠠᠯᠲᠠ ᠬᠠᠮᠢᠶᠠᠷᠤᠯᠳᠠ ᠶᠢᠨ ᠳᠠᠯᠠᠪᠠᠢ ᠶᠢᠨ | ᠪᠠᠶᠢᠭᠤᠯᠤᠯᠳᠠ ᠶᠢ ᠳᠡᠮᠵᠢᠨ᠎ᠡ᠃ ᠮᠠᠨ ᠤ ᠤᠷᠤᠨ ᠠᠴᠠ ᠡᠬᠢᠯᠡᠨ ᠠᠶᠠᠯᠠᠵᠤ ᠪᠠᠶᠢᠭ᠎ᠠ ᠳᠤᠮᠳᠠᠳᠤ ᠡᠸᠦ᠋ᠷᠦᠫᠠ ᠶᠢᠨ | ᠵᠢᠰᠢᠶᠠᠨ ᠤ ᠭᠠᠯᠲᠤ ᠲᠡᠷᠭᠡ ᠶᠢ ᠨᠡᠮᠡᠭᠳᠡᠭᠦᠯᠦᠨ ᠦᠷᠭᠡᠳᠭᠡᠬᠦ ᠶᠢ ᠠᠭᠢᠭᠤᠯᠵᠤ᠂ ᠳᠤᠮᠳᠠᠳᠤ ᠮᠤᠩᠭᠤᠯ ᠤᠷᠤᠰ ᠤᠨ | ᠳᠤᠬᠳᠠᠬᠰᠠᠨ ᠬᠤᠭᠤᠴᠠᠭᠠᠨ ᠤ ᠤᠯᠠᠨ ᠤᠯᠤᠰ ᠤᠨ ᠴᠢᠩᠬᠡᠯᠢᠭ ᠤᠨ ᠲᠡᠭᠡᠭᠡᠪᠦᠷᠢ ᠶᠢᠨ ᠵᠢᠰᠢᠶᠠᠨ ᠤ ᠭᠠᠯᠲᠤ | ᠲᠡᠷᠭᠡ ᠶᠢ ᠬᠦᠭᠵᠢᠭᠦᠯᠦᠨ᠎ᠡ᠃ ᠮᠤᠩᠭᠤᠯ ᠤᠯᠤᠰ ᠯᠤᠭ᠎ᠠ ᠶᠢᠨ ᠡᠯ᠎ᠡ ᠬᠦᠷᠢᠶᠡᠨ ᠳᠠᠬᠢ ᠪᠤᠳᠠᠳᠠᠢ ᠶᠢ ᠡᠷᠬᠢᠮᠯᠡᠬᠦ | ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠵᠤ᠂ ᠤᠷᠤᠰ ᠲᠠᠢ ᠬᠦᠷᠰᠢᠯᠡᠵᠤ ᠪᠠᠶᠢᠭ᠎ᠠ ᠡᠯ᠎ᠠ ᠭᠠᠵᠠᠷ ᠤᠷᠤᠨ ᠤ ᠤᠷᠤᠨ | ᠨᠤᠳᠤᠭ ᠤᠨ ᠵᠠᠰᠠᠬ ᠤᠨ ᠤᠷᠳᠤᠨ ᠲᠠᠢ ᠬᠠᠮᠳᠤᠷᠠᠯᠴᠠᠬᠤ ᠳᠤᠬᠳᠠᠴᠠ ᠶᠢ ᠪᠠᠶᠢᠭᠤᠯᠵᠤ᠂ ᠭᠠᠳᠠᠭᠠᠳᠤ ᠤᠬᠠᠭᠤᠯᠭ᠎ᠠ | ᠪᠠ ᠰᠤᠶᠤᠯ ᠢᠷᠭᠡᠨᠰᠢᠯ ᠤᠨ ᠶᠠᠪᠤᠯᠴᠠᠭ᠎ᠠ ᠶᠢ ᠴᠢᠩᠭᠠᠳᠬᠠᠵᠤ᠂ ᠬᠢᠯᠢ ᠠᠯᠤᠰᠯᠠᠬᠰᠠᠨ ᠵᠢᠭᠤᠯᠴᠢᠯᠠᠯ ᠤᠨ | ᠶᠡᠷᠦᠩᠬᠡᠶᠢᠯᠡᠭᠰᠡᠨ ᠠᠮᠤᠷ ᠲᠦᠪᠰᠢᠨ ᠤ ᠪᠠᠳᠤᠯᠠᠭ᠎ᠠ ᠶᠢᠨ ᠳᠤᠬᠳᠠᠴᠠ ᠶᠢ ᠪᠠᠶᠢᠭᠤᠯᠵᠤ᠂ ᠤᠢ ᠰᠢᠭᠤᠢ᠂ ᠲᠠᠯ᠎ᠠ | ᠨᠤᠳᠤᠭ ᠤᠨ ᠭᠠᠯ ᠢ ᠰᠡᠷᠭᠡᠶᠢᠯᠡᠬᠦ ᠬᠠᠮᠳᠤᠷᠠᠯᠴᠠᠭ᠎ᠠ ᠶᠢ ᠥᠷᠨᠢᠭᠦᠯᠦᠨ᠎ᠡ᠃ ᠳᠤᠮᠳᠠᠳᠤ ᠮᠤᠩᠭᠤᠯ ᠤᠨ ᠦᠵᠡᠰᠭᠦᠯᠡᠩ | ᠤᠨ ᠴᠤᠬᠯᠠᠭᠠᠨ ᠢ ᠰᠠᠶᠢᠳᠤᠷ ᠡᠷᠬᠢᠯᠡᠨ᠎ᠠ᠃ | ︵ᠬᠤᠷᠢᠨ ᠨᠠᠢᠮᠠ︶ ᠤᠯᠤᠰ ᠤᠨ ᠳᠤᠳᠤᠭᠠᠳᠤ ᠪᠠ ᠤᠯᠠᠨ ᠤᠯᠤᠰ ᠤᠨ ᠲᠤᠮᠤ ᠵᠠᠬ᠎ᠠ ᠳᠡᠯᠭᠡᠭᠦᠷ ᠲᠤ ᠪᠦᠬᠦ | ᠤᠷᠤᠨ ᠪᠠᠶᠢᠷᠢ ᠪᠠᠷ ᠠᠭᠤᠰᠤᠯᠴᠠᠨ᠎ᠠ᠃ ᠪᠦᠸᠧᠬᠠᠢ ᠲᠠᠩᠬᠢᠰ ᠢ ᠲᠤᠭᠤᠷᠢᠬᠰᠠᠨ ᠳᠠᠯᠠᠢ ᠶᠢᠨ ᠭᠠᠷᠠᠮ ᠤᠨ ᠵᠠᠮ | ᠬᠠᠷᠢᠯᠴᠠᠭᠠᠨ ᠤ ᠰᠠᠭᠤᠷᠢ ᠲᠦᠭᠦᠭᠡᠷᠦᠮᠵᠢ ᠲᠠᠢ ᠵᠤᠯᠭᠠᠯᠴᠠᠬᠤ ᠶᠢ ᠴᠢᠩᠭᠠᠳᠬᠠᠵᠤ᠂ ᠤᠰᠤ ᠦᠭᠡᠢ ᠭᠠᠷᠠᠮ | ᠭᠠᠷᠭᠠᠬᠤ ᠪᠠᠷ ᠢᠳᠡᠪᠭᠢᠲᠡᠢ ᠴᠢᠷᠮᠠᠶᠢᠵᠤ᠂ ᠭᠤᠤᠯ ᠪᠤᠯᠬᠤ ᠤᠯᠤᠰ ᠪᠠ ᠬᠤᠳᠠ ᠶᠢᠨ ᠠᠭᠠᠷ ᠤᠨ ᠠᠶᠠᠯᠠᠯ ᠤᠨ | ᠡᠭᠡᠯᠵᠢ ᠶᠢᠨ ᠨᠢᠰᠭᠡᠯ ᠢ ᠨᠡᠮᠡᠭᠳᠡᠭᠦᠯᠵᠤ᠂ ᠳᠠᠯᠠᠢ ᠬᠠᠭᠤᠷᠠᠢ ᠶᠢᠨ ᠬᠤᠯᠪᠤᠭᠠᠯᠠᠭᠰᠠᠨ ᠵᠦᠭᠡᠭᠡᠪᠦᠷᠢ᠂ ᠠᠭᠠᠷ ᠤᠨ | ᠠᠶᠠᠯᠠᠯ ᠭᠠᠯᠳᠤ ᠲᠡᠷᠭᠡᠨ ᠤ ᠬᠤᠯᠪᠤᠭᠠᠯᠠᠭᠰᠠᠨ ᠵᠦᠭᠡᠭᠡᠪᠦᠷᠢ᠂ ᠳᠤᠮᠳᠠᠳᠤ ᠡᠸᠦ᠋ᠷᠦᠫᠠ ᠶᠢᠨ ᠵᠢᠰᠢᠶᠠᠨ ᠤ ᠭᠠᠯᠲᠤ | ᠲᠡᠷᠭᠡ ᠶᠢ ᠤᠷᠭᠠᠨᠢᠭ ᠢᠶᠠᠷ ᠤᠶᠠᠯᠳᠤᠭᠤᠯᠬᠤ ᠬᠤᠯᠪᠤᠭᠠᠯᠠᠭᠰᠠᠨ ᠵᠦᠭᠡᠭᠡᠪᠦᠷᠢ ᠶᠢᠨ ᠦᠢᠯᠡᠴᠢᠯᠡᠭᠡ ᠶᠢᠨ ᠬᠡᠪ ᠵᠠᠭᠪᠤᠷ ᠢ | ᠬᠦᠭᠵᠢᠭᠦᠯᠦᠨ᠎ᠠ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠳᠠ ᠳᠤ ᠭᠦᠨᠵᠡᠭᠡᠢ ᠠᠭᠤᠰᠤᠯᠴᠠᠨ᠂ | ᠵᠠᠮ ᠳᠠᠭᠠᠤ ᠤᠯᠤᠰ ᠤᠨ ᠵᠡᠪᠰᠡᠭ ᠲᠤᠨᠤᠬᠯᠠᠯ ᠤᠨ ᠦᠢᠯᠡᠳᠭᠡᠯ᠂ ᠰᠤᠶᠤᠯ ᠵᠢᠭᠤᠯᠴᠢᠯᠠᠯ᠂ ᠰᠤᠷᠭᠠᠨ ᠬᠦᠮᠦᠵᠢᠯ ᠡᠮ | ᠡᠮᠨᠡᠯᠭᠡ᠂ ᠮᠡᠳᠡᠭᠡ ᠵᠠᠩᠬᠢ ᠴᠢᠮᠡᠭᠡ ᠬᠤᠯᠪᠤᠭ᠎ᠠ᠂ ᠡᠬᠢ ᠪᠠᠶᠠᠯᠢᠭ ᠤᠨ ᠨᠡᠭᠡᠭᠡᠨ ᠠᠰᠢᠬᠯᠠᠯᠳᠠ᠂ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠵᠡᠷᠭᠡ ᠬᠦᠷᠢᠶᠡᠨ ᠳᠠᠬᠢ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠶᠢ | ᠭᠦᠨᠵᠡᠭᠡᠶᠢᠷᠡᠭᠦᠯᠵᠤ᠂ ᠠᠷᠠᠯᠵᠢᠶᠠᠨ ᠤ ᠬᠦᠷᠢᠶ᠎ᠡ ᠬᠡᠪᠴᠢᠶ᠎ᠠ ᠶᠢ ᠦᠷᠭᠡᠳᠭᠡᠨ᠂ ᠨᠢᠭᠡ ᠪᠦᠯᠦᠭ ᠬᠢᠯᠢ ᠠᠯᠤᠰᠯᠠᠬᠤ ᠡᠬᠢ | ᠪᠠᠶᠠᠯᠢᠭ ᠤᠨ ᠡᠳ᠋ᠰᠢᠭᠦᠯᠦᠯᠳᠡ ᠶᠢᠨ ᠬᠦᠷᠢᠶᠡᠯᠡᠩ ᠲᠤᠭᠤᠷᠢᠭ ᠪᠠ ᠲᠦᠷᠦᠯ ᠵᠦᠢᠯ ᠢ ᠲᠦᠪᠯᠡᠷᠡᠩᠭᠦᠢ ᠪᠠᠶᠢᠷᠢᠯᠠᠭᠤᠯᠵᠤ᠂ | ᠮᠠᠨ ᠤ ᠤᠯᠤᠰ ᠤᠨ ᠤᠮᠠᠷᠠᠰᠢ ᠴᠢᠯᠦᠭᠡᠳᠡᠢ ᠨᠡᠭᠡᠭᠡᠯᠲᠠ ᠬᠢᠬᠦ ᠴᠢᠬᠤᠯᠠ ᠪᠠᠬᠢᠯᠡᠯᠳᠡ ᠶᠢᠨ ᠦᠢᠯᠡᠳᠦᠯ ᠢᠶᠠᠨ | ᠪᠠᠳᠠᠷᠠᠭᠤᠯᠤᠨ᠎ᠠ᠃ ᠪᠡᠭᠡᠵᠢᠩ ᠲᠢᠶᠠᠨᠵᠢᠨ ᠾᠧᠪᠸᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ | ᠰᠢᠶᠠᠩᠭᠠᠩ ᠤᠤᠮᠧᠨ ᠤ ᠭᠠᠵᠠᠷ ᠤᠷᠤᠨ ᠤ ᠬᠠᠮᠳᠤᠷᠠᠯᠴᠠᠭ᠎ᠠ ᠰᠤᠯᠢᠯᠴᠠᠭ᠎ᠠ ᠶᠢ ᠴᠢᠩᠭᠠᠳᠬᠠᠵᠤ᠂ ᠬᠠᠷᠪᠢᠨ | ᠴᠠᠩᠴᠦ᠋ᠨ ᠤ ᠬᠤᠳᠠ ᠶᠢᠨ ᠰᠦᠷᠦᠭ᠂ ᠯᠢᠶᠤᠤᠨᠢᠩ ᠤᠨ ᠳᠤᠮᠳᠠ ᠡᠮᠦᠨᠡᠲᠦ ᠬᠡᠰᠡᠭ ᠤᠨ ᠬᠤᠳᠠ ᠶᠢᠨ ᠰᠦᠷᠦᠭ᠂ | ᠸᠧᠢᠢᠾᠧ ᠭᠤᠤᠯ ᠤᠨ ᠬᠤᠲᠤᠭᠤᠷ ᠭᠠᠵᠠᠷ ᠤᠨ ᠬᠤᠳᠠ ᠶᠢᠨ ᠰᠦᠷᠦᠭ ᠯᠦᠭᠡ ᠶᠢᠨ ᠤᠷᠤᠨ ᠬᠡᠪᠴᠢᠶᠡᠨ ᠤ | ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠦᠨ᠂ ᠬᠦᠭᠵᠢᠭᠰᠡᠨ ᠭᠠᠵᠠᠷ ᠤᠷᠤᠨ ᠤ ᠪᠡᠯᠡ ᠮᠦᠩᠬᠦ᠂ ᠮᠡᠷᠭᠡᠵᠢᠯ᠂ | ᠴᠢᠳᠠᠪᠤᠷᠢᠳᠠᠨ ᠵᠡᠷᠭᠡ ᠶᠢᠨ ᠡᠯᠧᠮᠧᠨ᠋ᠲ ᠢ ᠰᠠᠶᠢᠳᠤᠷ ᠬᠡᠷᠡᠭᠯᠡᠵᠤ᠂ ᠬᠦᠴᠦᠨ ᠢ ᠨᠢ ᠠᠰᠢᠬᠯᠠᠨ ᠬᠦᠭᠵᠢᠬᠦ ᠶᠢ | ᠪᠡᠶᠡᠯᠡᠭᠦᠯᠦᠨ᠎ᠡ᠃ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠠᠭᠢᠭᠤᠯᠵᠤ᠂ ︽ᠦᠪᠦᠷ ᠮᠤᠩᠭᠤᠯ ᠤᠨ | ᠪᠠᠷᠢᠮᠵᠢᠶ᠎ᠡ︾ ᠪᠠᠷ ᠨᠤᠲᠠᠯᠠᠬᠤ ᠶᠢ ᠬᠡᠷᠡᠭᠵᠢᠭᠦᠯᠵᠤ᠂ ᠨᠡᠩ ᠤᠯᠠᠨ ︽ᠦᠪᠦᠷ ᠮᠤᠩᠭᠤᠯ ᠤᠨ ᠳᠡᠮᠳᠡᠭ︾ ᠲᠠᠢ | ᠰᠢᠯᠢᠳᠡᠭ ᠪᠦᠲᠦᠭᠡᠭᠳᠡᠭᠦᠨ ᠤ ᠪᠦᠬᠦ ᠤᠯᠤᠰ᠂ ᠳᠡᠯᠡᠬᠡᠢ ᠳᠤ ᠭᠠᠷᠬᠤ ᠶᠢ ᠠᠭᠢᠭᠤᠯᠤᠨ᠎ᠠ᠃ ᠠᠷᠠᠯᠵᠢᠶᠠᠴᠢᠨ ᠤᠷᠢᠵᠤ | ᠪᠡᠯᠡ ᠤᠷᠤᠭᠤᠯᠬᠤ ᠬᠦᠴᠦᠯᠡᠴᠡ ᠪᠠᠨ ᠨᠡᠮᠡᠭᠳᠡᠭᠦᠯᠵᠤ᠂ ᠠᠷᠠᠯᠵᠢᠶ᠎ᠠ ᠪᠠᠷ ᠠᠷᠠᠯᠵᠢᠶᠠᠴᠢᠨ ᠤᠷᠢᠵᠤ᠂ ᠠᠵᠤ ᠦᠢᠯᠡᠰ | ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠡᠷᠴᠢᠮᠵᠢᠭᠦᠯᠵᠤ᠂ ᠵᠤᠷᠢᠬᠵᠢᠭᠤᠯᠬᠤ ᠲᠦᠷᠦᠯ ᠤᠨ ᠠᠵᠤ ᠦᠢᠯᠡᠰ | ᠤᠨ ᠭᠠᠷᠴᠠᠭ ᠳᠤᠲᠤᠷᠠᠬᠢ ᠤᠷᠴᠢᠨ ᠲᠤᠭᠤᠷᠢᠨ ᠤ ᠬᠠᠮᠠᠭᠠᠯᠠᠯᠲᠠ᠂ ᠡᠨᠧᠷᠬᠢ ᠶᠢᠨ ᠬᠤᠷᠤᠬᠳᠠᠯ᠂ ᠤᠰᠤᠨ ᠤ | ᠬᠤᠷᠤᠬᠳᠠᠯ᠂ ᠠᠮᠤᠷ ᠲᠦᠪᠰᠢᠨ᠂ ᠭᠠᠵᠠᠷ ᠬᠡᠷᠡᠭᠯᠡᠬᠦ ᠵᠡᠷᠭᠡ ᠶᠢᠨ ᠪᠠᠷᠢᠮᠵᠢᠶ᠎ᠠ ᠳᠤ ᠨᠡᠶᠢᠴᠡᠭᠰᠡᠨ ᠠᠵᠤ ᠦᠢᠯᠡᠰ ᠢ | ᠢᠳᠡᠪᠬᠢᠳᠡᠢ ᠪᠠᠷ ᠬᠦᠯᠢᠶᠡᠨ ᠠᠪᠴᠤ᠂ ᠬᠦᠯᠢᠶᠡᠨ ᠠᠪᠤᠭᠰᠠᠨ ᠠᠵᠤ ᠦᠢᠯᠡᠰ ᠢ ᠰᠢᠯᠵᠢᠭᠦᠯᠦᠨ ᠵᠢᠱᠢᠶ᠎ᠡ ᠦᠵᠡᠭᠦᠯᠬᠦ | ᠤᠷᠤᠨ ᠢ ᠪᠠᠶᠢᠭᠤᠯᠵᠤ᠂ ᠪᠤᠰᠤᠳ ᠮᠤᠵᠢ ᠬᠤᠳᠠ᠂ ᠳᠠᠯᠠᠢ ᠳᠠᠭᠠᠤ ᠶᠢᠨ ᠭᠠᠷᠠᠮ ᠲᠠᠢ ᠬᠠᠮᠳᠤ ᠪᠠᠷ ᠠᠵᠤ ᠦᠢᠯᠡᠰ | ᠤᠨ ᠬᠦᠷᠢᠶᠡᠯᠡᠩ ᠲᠤᠭᠤᠷᠢᠭ ᠪᠠᠶᠢᠭᠤᠯᠬᠤ ᠶᠢ ᠳᠡᠮᠵᠢᠨ᠎ᠡ᠃ | ᠲᠠᠪᠤ᠂ ᠠᠷᠠᠳ ᠤᠨ ᠠᠮᠢᠳᠤᠷᠠᠯ ᠢ ᠪᠠᠳᠤᠯᠠᠬᠤ ᠪᠠ ᠨᠡᠶᠢᠭᠡᠮ ᠤᠨ ᠵᠠᠰᠠᠯᠳᠠ ᠶᠢ ᠴᠢᠩᠭᠠᠳᠬᠠᠨ᠎ᠠ | ᠪᠤᠳᠠᠳᠤ ᠪᠠᠶᠢᠳᠠᠯ ᠠᠴᠠ ᠪᠠᠨ ᠡᠬᠦᠰᠬᠦ ᠶᠢ ᠪᠠᠷᠢᠮᠳᠠᠯᠠᠵᠥ᠂ ᠴᠢᠨᠠᠭᠡᠯᠢᠭ ᠨᠡᠶᠢᠭᠡᠮ ᠢ ᠪᠥᠬᠦ ᠲᠠᠯ᠎ᠠ ᠪᠠᠷ | ᠪᠡᠶᠡᠯᠡᠭᠦᠯᠬᠦ ᠲᠤᠪᠤᠶᠢᠮ᠎ᠠ ᠠᠰᠠᠭᠤᠳᠠᠯ ᠪᠠ ᠪᠠᠭᠤᠷᠠᠢ ᠭᠤᠬᠴᠤᠭ᠎ᠠ ᠶᠢ ᠠᠳᠬᠤᠵᠤ᠂ ᠬᠤᠷᠢᠭ᠎ᠠ ᠱᠤᠭᠤᠮ ᠢ ᠰᠠᠬᠢᠨ᠂ | ᠰᠠᠭᠤᠷᠢ ᠶᠢ ᠪᠠᠲᠤᠯᠠᠵᠤ᠂ ᠲᠤᠳᠠᠭᠤᠳᠠᠯ ᠢᠶᠠᠨ ᠨᠥᠬᠦᠪᠤᠷᠢᠯᠡᠨ᠂ ᠪᠠᠭᠤᠷᠠᠢ ᠵᠦᠢᠯ ᠢᠶᠠᠨ ᠴᠢᠩᠭᠠᠳᠬᠠᠵᠤ᠂ ᠡᠯ᠎ᠠ | ᠵᠦᠢᠯ ᠤᠨ ᠠᠷᠠᠳ ᠤᠨ ᠠᠮᠢᠳᠤᠷᠠᠯ ᠤᠨ ᠠᠵᠢᠯ ᠢᠶᠠᠨ ᠨᠡᠷᠢᠯᠢᠬ ᠰᠠᠶᠢᠲᠤᠷ ᠬᠢᠵᠦ᠂ ᠠᠷᠠᠳ ᠤᠯᠠᠨ ᠳᠤ ᠨᠠᠩ ᠤᠯᠠᠨ | ᠬᠥᠷᠳᠡᠮᠵᠢ ᠶᠢᠨ ᠲᠥᠷᠥᠭᠳᠠᠯ᠂ ᠵᠤᠯ ᠵᠢᠷᠭᠠᠯᠲᠦ ᠲᠥᠷᠥᠭᠳᠡᠯ᠂ ᠠᠮᠤᠷ ᠲᠥᠪᠰᠢᠨ ᠤ ᠲᠥᠷᠥᠭᠳᠡᠯ ᠢ ᠤᠯᠭᠤᠨ᠎ᠠ᠃ | ︵ᠬᠤᠷᠢ ᠶᠢᠰᠥ︶ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ | ᠶᠢ ᠤᠯᠤᠨ᠎ᠠ᠃ ᠴᠢᠭᠯᠡᠯᠲᠡ ᠲᠥᠷᠥ ᠶᠢᠨ ᠪᠤᠳᠤᠯᠭ᠎ᠠ ᠶᠢ ᠤᠨᠢᠨ ᠲᠡᠭᠡᠷ᠎ᠠ ᠨᠢ ᠲᠤᠭᠤᠰᠢᠯᠠᠭᠤᠯᠵᠥ᠂ ᠬᠦᠨᠳᠦ ᠬᠡᠴᠡᠭᠦᠦ | ᠶᠠᠳᠠᠭᠤ ᠬᠥᠴᠢᠷᠳᠠᠯᠳᠠᠢ ᠬᠤᠰᠢᠭᠤ ᠰᠢᠶᠠᠨ᠂ ᠭᠠᠴᠠᠭ᠎ᠠ ᠲᠤᠰᠬᠤᠨ ᠳᠤ ᠠᠩᠬᠠᠷᠤᠯ ᠢᠶᠠᠨ ᠲᠥᠪᠯᠡᠷᠡᠬᠦᠯᠥᠨ᠂ ᠪᠡᠯᠡ | ᠤᠷᠤᠭᠤᠯᠬᠤ ᠪᠠ ᠪᠤᠭᠤᠮᠲᠠ ᠰᠢᠪᠳᠤᠯᠬᠤ ᠡᠷᠴᠢᠮ ᠢ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ | ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠥ᠂ 2020 ᠣᠨ ᠪᠤᠯᠬᠤ ᠳᠤ ᠤᠳᠤ ᠶᠢᠨ ᠭᠡᠷᠡᠭᠵᠢᠬᠦᠯᠵᠥ ᠪᠠᠶᠢᠭ᠎ᠠ | ᠪᠠᠷᠢᠮᠵᠢᠶᠠᠨ ᠳᠠᠬᠢ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠥᠴᠢᠷᠳᠠᠯᠳᠠᠢ ᠬᠥᠮᠥᠨ ᠠᠮᠠ ᠶᠢᠨ ᠶᠠᠳᠠᠭᠤ ᠠᠴᠠ | ᠠᠩᠭᠢᠵᠢᠷᠠᠬᠤ᠂ ᠶᠠᠳᠠᠭᠤ ᠬᠥᠴᠢᠷᠳᠠᠯᠳᠠᠢ ᠬᠤᠰᠢᠭᠤ ᠰᠢᠶᠠᠨ ᠤ ᠶᠠᠳᠠᠭᠤ ᠶᠢᠨ ᠮᠠᠯᠠᠭᠠᠢ ᠪᠠᠨ ᠪᠥᠬᠦᠨ ᠢ ᠠᠪᠴᠦ | ᠬᠠᠶᠠᠬᠤ ᠶᠢ ᠦᠨᠡᠨ ᠬᠦ ᠪᠠᠳᠤᠯᠠᠨ᠎ᠠ᠃ ︽ᠪᠥᠬᠦᠨ ᠢ ᠪᠡᠷᠢᠮᠵᠢᠶᠠᠨ ᠳᠤ ᠬᠥᠷᠭᠡᠬᠦ︾ ᠲᠤᠰᠬᠠᠢ ᠲᠥᠷᠥᠯ ᠤᠨ | ᠠᠵᠢᠯᠯᠠᠭ᠎ᠠ ᠶᠢ ᠭᠡᠷᠡᠭᠵᠢᠬᠦᠯᠵᠥ᠂ ︽ᠬᠤᠶᠠᠷ ᠲᠤ ᠵᠤᠪᠠᠭ᠋ᠤ ᠥᠬᠡᠢ ᠭᠤᠷᠪᠠ ᠶᠢ ᠪᠠᠳᠤᠯᠠᠬᠤ︾ ᠲᠤᠪᠤᠶᠢᠮ᠎ᠠ | ᠠᠰᠠᠭᠤᠳᠠᠯ ᠢ ᠬᠦᠴᠦᠯᠡᠨ ᠰᠢᠢᠳᠪᠤᠷᠢᠯᠠᠵᠥ᠂ ᠠᠯᠪᠠᠨ ᠵᠢᠷᠤᠮ ᠤᠨ ᠰᠤᠷᠭᠠᠨ ᠬᠥᠮᠥᠵᠢᠯ᠂ ᠥᠨᠳᠤᠰᠤᠨ ᠡᠮ ᠡᠮᠨᠡᠯᠭᠡ᠂ | ᠤᠷᠤᠨ ᠰᠠᠭᠤᠴᠠ ᠶᠢᠨ ᠠᠮᠤᠷ ᠲᠥᠪᠰᠢᠨ᠂ ᠠᠮᠤᠷ ᠲᠥᠪᠰᠢᠨ ᠤᠤᠭᠤᠬᠤ ᠤᠰᠤ ᠵᠡᠷᠭᠡ ᠲᠡᠯ᠎ᠠ ᠪᠠᠷ ᠬᠢ ᠵᠢᠭᠠᠯᠳᠠ | ᠲᠤᠭ᠎ᠠ ᠶᠢᠨ ᠡᠬᠦᠷᠭᠡ ᠶᠢ ᠪᠥᠬᠦ ᠲᠠᠯ᠎ᠠ ᠪᠠᠷ ᠪᠡᠶᠡᠯᠡᠬᠦᠯᠵᠥ᠂ ᠪᠠᠷᠢᠮᠵᠢᠶᠠᠨ ᠳᠤ ᠬᠥᠷᠥᠭᠡ ᠥᠬᠡᠢ ᠶᠢ ᠨᠢ ᠪᠥᠷ | ᠪᠡᠷᠢᠮᠵᠢᠶᠠᠨ ᠳᠤ ᠬᠥᠷᠭᠡᠵᠥ᠂ ᠪᠡᠷᠢᠮᠵᠢᠶ᠎ᠠ ᠠᠴᠠ ᠭᠡᠳᠤᠷᠡᠭᠰᠡᠨ ᠠᠰᠠᠭᠤᠳᠠᠯ ᠢ ᠪᠥᠬᠦᠨ ᠢ ᠵᠠᠯᠠᠷᠠᠭᠤᠯᠤᠨ᠎ᠠ᠃ ᠡᠷᠥᠭᠡ | ᠪᠠ ᠬᠦᠮᠦᠨ ᠠᠮᠠ ᠪᠠᠷ ᠤᠨᠢᠨ ᠲᠡᠭᠡᠷ᠎ᠠ ᠨᠢ ᠲᠥᠷᠥ ᠶᠢᠨ ᠪᠤᠳᠤᠯᠭ᠎ᠠ ᠶᠢ ᠭᠡᠷᠡᠭᠵᠢᠬᠦᠯᠵᠥ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠷᠭ᠎ᠠ ᠬᠡᠮᠵᠢᠶ᠎ᠡ ᠶᠢ ᠪᠤᠳᠠᠳᠠᠢ ᠭᠡᠷ ᠪᠥᠯᠢ᠂ ᠪᠤᠳᠠᠳᠠᠢ ᠬᠥᠮᠥᠨ ᠠᠮᠠ ᠳᠤ | ᠲᠤᠭᠤᠰᠢᠯᠠᠭᠤᠯᠬᠤ ᠶᠢ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠲᠡᠭᠡᠭᠰᠢᠯᠡᠬᠦᠯᠥᠨ᠎ᠠ᠃ | ᠠᠵᠤ ᠥᠢᠯᠡᠰ ᠢᠶᠠᠷ ᠶᠠᠳᠠᠭᠤ ᠶᠢ ᠲᠡᠳᠬᠦᠬᠦ ᠶᠢ ᠰᠠᠶᠢᠳᠤᠷ ᠠᠳᠬᠤᠨ᠂ ᠶᠠᠳᠠᠭᠤ ᠡᠷᠥᠭᠡ ᠶᠢ ᠲᠠᠭᠠᠭᠤᠯᠬᠤ ᠶᠠᠳᠠᠭᠤ | ᠡᠷᠥᠭᠡ ᠶᠢ ᠪᠠᠭᠠᠰᠬᠠᠬᠤ ᠲᠤᠬᠳᠠᠴᠠ ᠶᠢ ᠰᠢᠯᠢᠳᠡᠭᠵᠢᠬᠦᠯᠵᠦ᠂ ᠨᠢᠬᠡ ᠪᠥᠯᠥᠭ ᠲᠡᠵᠢᠭᠡᠨ ᠥᠷᠡᠵᠢᠬᠦᠯᠬᠦ | ᠪᠠᠷᠢᠮᠵᠢᠶᠠᠵᠢᠬᠰᠠᠨ ᠥᠢᠯᠡᠳᠪᠤᠷᠢᠯᠡᠯ ᠤᠨ ᠰᠠᠭᠤᠷᠢᠨ᠂ ᠰᠠᠶᠢᠨ ᠡᠬᠦᠯᠳᠡᠷ ᠢ ᠥᠷᠡᠵᠢᠬᠦᠯᠥᠨ ᠪᠤᠶᠢᠵᠢᠭᠤᠯᠬᠤ ᠰᠠᠭᠤᠷᠢᠨ | ᠪᠠ ᠠᠵᠢᠯ ᠤᠯᠭᠤᠯᠳᠠ ᠪᠠᠷ ᠶᠠᠳᠠᠭᠤ ᠶᠢ ᠲᠡᠳᠬᠦᠬᠦ ᠰᠠᠭᠤᠷᠢᠨ ᠢ ᠪᠠᠶᠢᠭᠤᠯᠤᠨ᠎ᠠ᠃ ᠪᠡᠭᠡᠵᠢᠩ ᠥᠪᠥᠷ ᠮᠤᠩᠭᠤᠯ ᠤᠨ | ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠬᠥᠨᠵᠡᠬᠡᠶᠢᠷᠡᠬᠦᠯᠵᠥ᠂ ᠲᠥᠪ ᠤᠨ ᠪᠠᠶᠢᠭᠤᠯᠭ᠎ᠠ ᠨᠢᠬᠡᠴᠢ ᠶᠢᠨ ᠲᠤᠬᠳᠠᠬᠰᠠᠨ | ᠴᠡᠭ ᠢᠶᠠᠷ ᠶᠠᠳᠠᠭᠤ ᠶᠢ ᠬᠠᠪᠰᠤᠷᠤᠨ ᠲᠡᠳᠬᠦᠬᠦ ᠪᠠ ᠪᠡᠭᠡᠵᠢᠩ ᠥᠪᠥᠷ ᠮᠤᠩᠭᠤᠯ ᠤᠨ ᠠᠵᠢᠯ ᠲᠥᠷᠥᠯ ᠢᠶᠠᠷ ᠶᠠᠳᠠᠭᠤ | ᠶᠢ ᠬᠠᠪᠰᠤᠷᠤᠨ ᠲᠡᠳᠬᠦᠬᠦ ᠡᠬᠢ ᠪᠠᠶᠠᠯᠢᠬ ᠢ ᠰᠠᠶᠢᠳᠤᠷ ᠭᠡᠷᠡᠭᠯᠡᠨ᠎ᠠ᠃ ᠲᠥᠷᠢᠮ ᠤᠨ ᠵᠢᠷᠤᠭ ᠲᠥᠯᠥᠪᠯᠡᠭᠡ ᠶᠢ | ᠲᠡᠬᠦᠯᠳᠡᠷᠵᠢᠬᠦᠯᠵᠦ᠂ ᠶᠠᠳᠠᠭᠤ ᠶᠢ ᠲᠡᠳᠬᠦᠬᠦ ᠶᠢ ᠤᠶᠤᠨ ᠰᠠᠨᠠᠭ᠎ᠠ ᠶᠢ ᠨᠢ ᠲᠡᠳᠬᠦᠬᠦ᠂ ᠤᠶᠤᠨ ᠤᠬᠠᠭᠠᠨ ᠢ | ᠲᠡᠳᠬᠦᠬᠦ ᠲᠠᠢ ᠤᠶᠠᠯᠳᠤᠭᠤᠯᠬᠤ ᠶᠢ ᠴᠢᠩᠭᠠᠳᠬᠠᠵᠥ᠂ ᠤᠯᠠᠨ ᠠᠷᠭ᠎ᠠ ᠠᠪᠴᠠᠯ ᠢ ᠵᠡᠷᠭᠡ ᠪᠠᠷ ᠭᠡᠷᠡᠭᠵᠢᠬᠦᠯᠥᠨ | ᠶᠠᠳᠠᠭᠤ ᠬᠥᠴᠢᠷᠳᠠᠯᠳᠠᠢ ᠤᠯᠠᠨ ᠲᠥᠮᠡᠨ ᠤ ᠲᠤᠳᠤᠭᠠᠳᠤ ᠬᠥᠳᠡᠯᠭᠡᠭᠦ ᠬᠥᠴᠥᠨ ᠢ ᠬᠦᠭᠵᠢᠭᠡᠨ᠎ᠡ᠃ ᠶᠠᠳᠠᠭᠤ ᠠᠴᠠ | ᠠᠩᠭᠢᠵᠢᠷᠠᠭᠤᠯᠬᠤ ᠪᠡᠷᠢᠮᠵᠢᠶ᠎ᠠ ᠶᠢ ᠴᠢᠩᠭ᠎ᠠ ᠭᠡᠷᠡᠭᠵᠢᠬᠦᠯᠦᠨ᠂ ᠶᠠᠳᠠᠭᠤ ᠠᠴᠠ ᠬᠠᠰᠤᠬᠤ ᠪᠤᠭᠤᠮᠳᠠ ᠶᠢ ᠴᠢᠩᠭ᠎ᠠ | ᠰᠠᠬᠢᠵᠥ᠂ ᠶᠠᠳᠠᠭᠤ ᠠᠴᠠ ᠦᠨᠡᠨ ᠠᠩᠬᠢᠵᠢᠷᠠᠭᠤᠯᠬᠤ᠂ ᠦᠨᠡᠨ ᠶᠠᠳᠠᠭᠤ ᠠᠴᠠ ᠠᠩᠭᠢᠵᠢᠷᠠᠭᠤᠯᠬᠤ ᠶᠢ ᠦᠨᠡᠨ ᠬᠦ | ᠪᠠᠳᠤᠯᠠᠨ᠎ᠠ᠃ ᠶᠠᠳᠠᠭᠤ ᠠᠴᠠ ᠠᠩᠭᠢᠵᠢᠷᠠᠭᠤᠯᠤᠬᠰᠠᠨ ᠥᠷ᠎ᠠ ᠪᠥᠳᠥᠭᠡᠯ ᠢ ᠪᠠᠬᠢᠵᠢᠭᠦᠯᠵᠥ᠂ ᠶᠠᠳᠠᠭᠤ ᠠᠴᠠ | ᠠᠩᠭᠢᠵᠢᠷᠠᠭᠤᠯᠬᠤ ᠶᠢ ᠳᠤᠭᠲᠠᠪᠤᠷᠢᠵᠢᠭᠤᠯᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠳᠤ ᠬᠤᠭᠤᠴᠠᠭᠠᠨ ᠤ | ᠪᠦᠲᠦᠮᠵᠢᠲᠡᠢ ᠲᠤᠬᠳᠠᠴᠠ ᠶᠢ ᠪᠠᠶᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠠ | ᠬᠥᠳᠡᠭᠡ ᠲᠤᠰᠬᠤᠨ ᠢ ᠬᠥᠭᠵᠢᠬᠦᠯᠥᠨ ᠮᠠᠨᠳᠤᠭᠤᠯᠬᠤ ᠶᠢ ᠤᠷᠭᠠᠨᠢᠬ ᠢᠶᠠᠷ ᠵᠤᠯᠭᠠᠭᠤᠯᠬᠤ ᠶᠢ ᠠᠬᠢᠭᠤᠯᠤᠨ᠎ᠠ᠃ | ︵ᠭᠤᠴᠢ︶ ᠨᠡᠶᠢᠳᠠᠮ ᠳᠤᠨᠢ ᠬᠠᠷᠠᠭᠠᠯᠵᠠᠬᠤ ᠴᠢᠨᠠᠷ᠂ ᠰᠠᠭᠤᠷᠢ ᠴᠢᠨᠠᠷ᠂ ᠬᠤᠷᠢᠭᠠᠳᠤ ᠴᠢᠨᠠᠷ ᠤᠨ ᠠᠷᠠᠳ ᠤᠨ | ᠠᠮᠢᠳᠤᠷᠠᠯ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠰᠤᠷᠭᠠᠨ ᠬᠥᠮᠥᠵᠢᠯ ᠤᠨ ᠪᠠᠶᠢᠭᠤᠯᠤᠮᠵᠢ ᠲᠤᠬᠳᠠᠴᠠ ᠶᠢᠨ | ᠥᠬᠡᠷᠡᠴᠢᠯᠠᠯᠳᠠ ᠶᠢ ᠬᠥᠨᠵᠡᠭᠡᠶᠢᠷᠡᠬᠦᠯᠵᠥ᠂ ᠨᠡᠶᠢᠳᠠᠮ ᠳᠤᠨᠢ ᠬᠠᠷᠠᠭᠠᠯᠵᠠᠬᠤ ᠴᠢᠨᠠᠷᠳᠠᠢ ᠰᠤᠷᠭᠠᠭᠤᠯᠢ ᠶᠢᠨ | ᠨᠠᠰᠤᠨ ᠠᠴᠠ ᠡᠮᠥᠨᠡᠬᠢ ᠰᠤᠷᠭᠠᠨ ᠬᠥᠮᠥᠵᠢᠯ ᠤᠨ ᠡᠬᠢ ᠪᠠᠶᠠᠯᠢᠬ ᠤᠨ ᠬᠠᠨᠭ᠍ᠭᠠᠯᠭ᠎ᠠ ᠶᠢ ᠥᠷᠭᠡᠳᠭᠡᠵᠥ᠂ ᠬᠤᠳᠠ | ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠴᠢᠨᠠᠷ ᠰᠠᠶᠢᠳᠠᠢ ᠲᠡᠩᠴᠡᠬᠦᠷᠢᠳᠠᠢ ᠬᠥᠭᠵᠢᠯᠳᠠ ᠶᠢ | ᠠᠬᠢᠭᠤᠯᠵᠥ᠂ ᠥᠨᠳᠤᠰᠤᠳᠠᠨ ᠤ ᠰᠤᠷᠭᠠᠨ ᠬᠥᠮᠥᠵᠢᠯ ᠢ ᠤᠷᠢᠳ ᠢᠶᠠᠷ ᠭᠤᠤᠯᠳᠠᠯᠭ᠎ᠠ ᠲᠠᠢ ᠪᠠᠷ ᠬᠥᠭᠵᠢᠬᠦᠯᠵᠥ᠂ | ᠥᠨᠳᠤᠷ ᠲᠤᠮᠳᠠᠳᠤ ᠶᠢᠨ ᠱᠠᠳᠤᠨ ᠤ ᠰᠤᠷᠭᠠᠨ ᠬᠥᠮᠥᠵᠢᠯ ᠤᠨ ᠲᠡᠰ ᠲᠠᠪᠰᠢᠬᠤ ᠵᠢᠴᠢ ᠪᠤᠭᠤᠮᠳᠠ ᠰᠢᠪᠳᠤᠯᠬᠤ | ᠠᠵᠢᠯ ᠤᠨ ᠡᠷᠴᠢᠮ ᠢᠶᠠᠨ ᠴᠢᠩᠭᠠᠳᠬᠠᠵᠥ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠥᠢᠯᠡᠳᠪᠤᠷᠢᠯᠡᠬᠦ | ᠰᠤᠷᠭᠠᠬᠤ ᠶᠢ ᠠᠭᠤᠰᠤᠯᠴᠠᠭᠤᠯᠬᠤ ᠪᠠ ᠰᠤᠷᠭᠠᠭᠤᠯᠢ ᠠᠵᠤ ᠠᠬᠤᠢᠢᠯᠠᠯ ᠤᠨ ᠬᠠᠮᠳᠤᠷᠠᠨ ᠠᠵᠢᠯᠯᠠᠬᠤ ᠶᠢ | ᠬᠥᠨᠵᠡᠭᠡᠶᠢᠷᠡᠬᠦᠯᠵᠥ᠂ ᠲᠡᠭᠡᠳᠤ ᠵᠡᠷᠭᠡ ᠶᠢᠨ ᠰᠤᠷᠭᠠᠨ ᠬᠥᠮᠥᠵᠢᠯ ᠤᠨ ᠲᠤᠳᠤᠭᠠᠳᠤ ᠠᠭᠤᠯᠬᠤᠨ ᠤ ᠬᠡᠯᠪᠡᠷᠢ ᠶᠢᠨ | ᠭᠥᠭᠵᠢᠯᠳᠠ ᠶᠢ ᠠᠬᠢᠭᠤᠯᠤᠨ᠎ᠠ᠃ ᠨᠡᠭᠡᠭᠡᠯᠳᠠ ᠶᠢᠨ ᠲᠤᠮᠳᠠ ᠰᠤᠷᠭᠠᠭᠤᠯᠢ ᠡᠷᠬᠢᠯᠡᠬᠦ᠂ ᠥᠷᠢᠰᠥᠯᠳᠥᠭᠡᠨ ᠤ ᠲᠤᠮᠳᠠ | ᠬᠥᠭᠵᠢᠬᠦᠯᠬᠦ ᠶᠢ ᠪᠠᠷᠢᠮᠳᠠᠯᠠᠨ ᠥᠪᠥᠷ ᠮᠤᠩᠭᠤᠯ ᠤᠨ ᠶᠡᠭᠡ ᠰᠤᠷᠭᠠᠭᠤᠯᠢ ᠶᠢ ᠤᠨᠴᠠᠯᠢᠬ ᠢᠶᠠᠷ ᠲᠤᠪᠤᠶᠢᠮ᠎ᠠ ᠲᠡᠷᠢᠬᠦᠨ | ᠤ ᠶᠡᠭᠡ ᠰᠤᠷᠭᠠᠭᠤᠯᠢ ᠪᠤᠯᠭᠠᠨ ᠰᠠᠶᠢᠳᠤᠷ ᠡᠷᠭᠢᠯᠡᠬᠦ ᠶᠢ ᠲᠠᠮᠵᠢᠨ᠎ᠠ᠃ ᠠᠵᠢᠯ ᠤᠯᠭᠤᠯᠳᠠ ᠶᠢ ᠤᠷᠢᠳ ᠢᠶᠠᠷ | ᠪᠤᠳᠤᠯᠬᠢᠯᠠᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠥ᠂ ᠠᠵᠢᠯ ᠤᠯᠭᠤᠯᠳᠠ ᠶᠢᠨ ᠪᠠᠭᠳᠠᠭᠠᠮᠵᠢ ᠶᠡᠭᠡ | ᠬᠥᠳᠡᠯᠮᠥᠷᠢ ᠬᠦᠴᠦ ᠨᠢᠬᠳᠠᠷᠠᠬᠰᠠᠨ ᠬᠡᠯᠪᠡᠷᠢ ᠶᠢᠨ ᠠᠵᠤ ᠥᠢᠯᠡᠰ ᠪᠠ ᠥᠢᠯᠡᠴᠢᠯᠡᠭᠡᠨ ᠤ ᠥᠢᠯᠡᠰ ᠢ ᠬᠥᠭᠵᠢᠬᠦᠯᠵᠥ᠂ | ᠤᠯᠠᠨ ᠨᠠᠶᠢᠳᠠ ᠶᠢᠨ ᠠᠵᠢᠯ ᠤᠯᠭᠤᠯᠳᠠ ᠶᠢᠨ ᠥᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ | ᠴᠢᠩᠭᠠᠳᠬᠠᠵᠥ᠂ ᠠᠵᠢᠯ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠢ ᠶᠡᠭᠡ ᠪᠠᠷ ᠥᠷᠨᠢᠬᠦᠯᠵᠥ᠂ ᠤᠯᠠᠨ ᠨᠡᠶᠢᠳᠠ | ᠶᠢᠨ ᠪᠤᠯᠪᠠᠰᠤᠷᠠᠯ ᠤᠨ ᠰᠠᠭᠤᠷᠢᠨ ᠤ ᠪᠠᠶᠢᠭᠤᠯᠤᠯᠳᠠ ᠶᠢ ᠠᠬᠢᠭᠤᠯᠤᠨ ᠠᠵᠢᠯ ᠤᠯᠭᠤᠯᠳᠠ ᠪᠠ ᠰᠢᠨ᠎ᠠ ᠠᠵᠢᠯ | ᠤᠯᠭᠤᠯᠳᠠ ᠶᠢᠨ ᠬᠡᠯᠪᠡᠷᠢ ᠶᠢ ᠠᠮᠢᠳᠤᠯᠢᠬ ᠢᠶᠠᠷ ᠲᠠᠮᠵᠢᠨ ᠭᠤᠤᠯᠳᠠᠯᠭ᠎ᠠ ᠲᠠᠢ ᠤᠯᠠᠨ ᠲᠥᠮᠡᠨ ᠤ ᠠᠵᠢᠯ | ᠤᠯᠭᠤᠯᠳᠠ ᠶᠢ ᠲᠤᠪᠤᠶᠢᠯᠭᠠᠨ ᠰᠠᠶᠢᠳᠤᠷ ᠠᠳᠬᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ | ᠬᠤᠯᠪᠤᠭᠠᠯᠠᠨ ᠬᠦᠳᠡᠯᠦᠯᠴᠡᠬᠦ ᠥᠭᠡᠷᠡᠴᠢᠯᠡᠯᠲᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠡᠪᠡᠳᠴᠢᠨ | ᠵᠠᠰᠠᠬᠤ ᠪᠠᠷ ᠭᠤᠤᠯ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠤ ᠪᠠᠷ ᠭᠤᠤᠯ ᠪᠣᠯᠭᠠᠬᠤ ᠲᠡᠶᠢᠰᠢ | ᠬᠤᠪᠢᠷᠠᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠳᠤ ᠠᠩᠬ᠎ᠠ ᠡᠮᠨᠡᠬᠦ᠂ ᠬᠤᠤᠰ ᠴᠢᠭᠯᠡᠯ ᠢᠶᠠᠷ ᠰᠢᠯᠵᠢᠭᠦᠯᠦᠨ | ᠡᠮᠨᠡᠬᠦ᠂ ᠲᠥᠷᠭᠡᠨ ᠪᠠ ᠤᠳᠠᠭᠠᠨ ᠴᠢᠨᠠᠷ ᠲᠠᠢ ᠡᠪᠡᠳᠴᠢᠨ ᠢ ᠰᠠᠯᠭᠠᠨ ᠵᠠᠰᠠᠬᠤ᠂ ᠳᠡᠭᠡᠳᠦ ᠳᠣᠣᠷᠠᠳᠤ | ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠢ ᠠᠯᠬᠤᠮ ᠠᠯᠬᠤᠮ | ᠢᠶᠠᠷ ᠪᠦᠷᠢᠯᠳᠦᠬᠦᠯᠦᠨ᠎ᠡ᠃ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠮ ᠡᠮᠨᠡᠯᠬᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠮᠣᠩᠭᠤᠯ | ᠬᠢᠲᠠᠳ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠡᠮᠴᠢ ᠶᠢᠨ | ᠡᠩᠨᠡᠭᠡ ᠶᠢ ᠳᠤᠭᠳᠠᠪᠤᠷᠢᠵᠢᠭᠤᠯᠬᠤ ᠪᠠ ᠬᠥᠭᠵᠢᠭᠦᠯᠦᠨ᠎ᠡ᠃ ᠲᠣᠮᠣ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢᠨ | ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠪᠠᠶᠢᠭᠤᠯᠬᠤ ᠶᠢ ᠳᠠᠮᠵᠢᠨ᠎ᠠ᠃ ᠨᠡᠶᠢᠭᠡᠮ ᠤᠨ ᠪᠠᠳᠤᠯᠠᠭ᠎ᠠ | ᠶᠢᠨ ᠦᠢᠯᠡᠴᠢᠯᠡᠭᠡ ᠶᠢ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠦᠨᠳᠦᠰᠦᠨ ᠳᠠᠭᠠᠳᠬᠠᠯ ᠤᠨ ᠨᠢᠭᠡᠳᠦᠯᠲᠡᠶ ᠳᠦᠷᠢᠮᠢ ᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠨᠠᠭᠠᠳᠤ ᠵᠠᠬ᠎ᠠ | ᠶᠢᠨ ᠠᠮᠢᠳᠤᠷᠠᠯ ᠤᠨ ᠪᠠᠲᠤᠯᠠᠪᠤᠷᠢ᠂ ᠲᠦᠷ ᠴᠠᠭ ᠠᠪᠤᠷᠠᠨ ᠲᠤᠰᠠᠯᠠᠬᠤ ᠵᠡᠷᠭᠡ ᠳᠦᠷᠢᠮ ᠢ ᠪᠦᠷᠢᠨᠰᠢᠬᠦᠯᠵᠦ᠂ | ᠨᠠᠰᠤᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠠᠵᠤ ᠠᠬᠤᠶᠢᠯᠠᠯ ᠪᠣᠯᠤᠨ ᠠᠵᠢᠯᠲᠠᠨ | ᠠᠵᠢᠯᠴᠢᠨ ᠤ ᠨᠠᠰᠤᠵᠢᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠶ | ᠲᠥᠯᠥᠪᠵᠢᠭᠦᠯᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠳᠠᠮᠵᠢᠵᠤ᠂ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ᠂ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ᠂ | ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠬᠦᠯᠬᠦ ᠲᠥᠪ ᠢ ᠰᠠᠶᠢᠲᠤᠷ ᠪᠠᠶᠢᠭᠤᠯᠤᠨ᠎ᠠ᠃ ᠪᠦᠬᠦ ᠠᠷᠠᠳ | ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠪᠡᠶ᠎ᠡ | ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠳᠠᠮᠵᠢᠵᠤ᠂ ᠣᠯᠠᠨ ᠲᠦᠮᠡᠨ ᠤ ᠪᠡᠶ᠎ᠡ | ᠴᠢᠭᠢᠷᠠᠭᠵᠢᠭᠤᠯᠬᠤ ᠬᠥᠳᠡᠯᠭᠡᠭᠡᠨ ᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠪᠠ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠶᠢ ᠴᠢᠩᠭᠠᠳᠬᠠᠨ᠎ᠠ᠃ ᠬᠥᠯ ᠪᠥᠮᠪᠦᠭᠡ ᠶᠢᠨ | ᠥᠭᠡᠷᠡᠴᠢᠯᠡᠯᠲᠡ ᠬᠥᠭᠵᠢᠭᠦᠯᠦᠯᠲᠡ ᠶᠢᠨ ᠦᠷ᠎ᠡ ᠪᠦᠲᠦᠭᠡᠯ ᠢ ᠪᠠᠳᠤᠳᠬᠠᠨ ᠳᠡᠭᠡᠭᠰᠢᠯᠡᠭᠦᠯᠵᠦ᠂ ᠥᠨᠳᠥᠷ ᠬᠢᠷᠢ | ᠲᠦᠪᠰᠢᠨ ᠪᠦᠬᠦᠢ ᠴᠢᠳᠠᠪᠤᠷᠢᠲᠠᠨ ᠢ ᠬᠥᠮᠦᠵᠢᠭᠦᠯᠬᠦ ᠶᠢ ᠰᠠᠶᠢᠲᠤᠷ ᠠᠳᠬᠤᠵᠤ᠂ ᠬᠥᠯ ᠪᠥᠮᠪᠦᠭᠡ ᠶᠢᠨ ᠪᠣᠯᠪᠠᠰᠤᠷᠠᠯ | ᠤᠨ ᠰᠠᠭᠤᠷᠢᠨ ᠢ ᠰᠠᠶᠢᠲᠤᠷ ᠪᠠᠶᠢᠭᠤᠯᠵᠤ᠂ ᠵᠠᠯᠠᠭᠤᠴᠤᠳ ᠤᠨ ᠣᠨᠴᠠᠯᠢᠭᠲᠤ ᠪᠣᠯᠪᠠᠰᠤᠷᠠᠯ ᠤᠨ ᠰᠢᠰᠲ᠋ᠧᠮ ᠢ | ᠪᠠᠶᠢᠭᠤᠯᠵᠤ᠂ ᠣᠨᠴᠠᠯᠢᠭᠲᠤ ᠲᠦᠷᠦᠯ ᠲᠡᠮᠳᠡᠭ ᠢ ᠡᠭᠦᠳᠴᠦ᠂ ᠬᠥᠯ ᠪᠥᠮᠪᠦᠭᠡ ᠶᠢᠨ ᠦᠢᠯᠡᠰ ᠤᠨ ᠬᠥᠭᠵᠢᠯᠲᠡ ᠶᠢ | ᠠᠬᠢᠭᠤᠯᠤᠨ᠎ᠠ᠃ ᠭᠡᠷ ᠭᠠᠵᠠᠷ ᠤᠨ ᠬᠥᠷᠥᠩᠭᠡ ᠶᠢᠨ ᠲᠥᠷᠥᠯ ᠵᠦᠶ᠋ᠯ ᠤᠨ ᠬᠠᠭᠠᠰ ᠳᠤᠳᠠᠭᠤ ᠤᠷᠬᠢᠭᠰᠠᠨ᠂ ᠳᠠᠬᠢᠨ | ᠨᠡᠭᠦᠵᠦ ᠤᠷᠤᠬᠤ ᠵᠢᠴᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠳᠠᠩᠰᠠᠯᠠᠬᠤ ᠵᠡᠷᠭᠡ ᠶᠢᠨ ᠲᠣᠪᠤᠶᠢᠮ᠎ᠠ | ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ᠭᠡᠷ ᠭᠠᠵᠠᠷ ᠤᠨ ᠬᠥᠷᠥᠩᠭᠡ ᠶᠢᠨ ᠦᠢᠯᠡᠰ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠤᠨ᠎ᠠ᠃ | ︵ᠭᠤᠴᠢᠨ ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠬᠢᠵᠢᠭᠦᠯᠦᠨ᠎ᠡ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠢᠯᠠᠭᠠᠭᠳᠠᠬᠤᠨ ᠢ ᠭᠦᠨᠵᠡᠭᠡᠶ | ᠦᠢᠯᠡᠳᠦᠯᠭᠡᠵᠢᠭᠦᠯᠵᠦ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠭᠡ ᠪᠠᠷ ᠪᠤᠶᠢᠵᠢᠭᠤᠯᠤᠨ | ᠦᠢᠯᠡᠳᠦᠯᠭᠡᠵᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠤᠯ ᠪᠣᠯᠭᠠᠭᠰᠠᠨ ᠦᠨᠳᠦᠰᠦᠲᠡᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯᠤᠨ ᠳᠤᠮᠳᠠᠳᠤ | ᠶᠢᠨ ᠵᠡᠭᠦᠳᠦ ᠶᠢᠨ ᠳᠤᠬᠠᠢ ᠰᠤᠷᠳᠠᠯ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ ᠨᠦᠭᠦᠳ | ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ | ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ | ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ | ᠤ ᠭᠡᠷ ᠣᠷᠣᠨ ᠢ ᠪᠦᠲᠦᠭᠡᠨ ᠪᠠᠶᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ | ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠰᠣᠶᠣᠯ | ᠢᠷᠬᠡᠨᠰᠢᠯᠡᠬᠦ᠂ ᠤᠯᠠᠨ ᠲᠦᠮᠡᠨᠴᠢᠯᠡᠬᠦ᠂ ᠪᠣᠳᠠᠲᠤ ᠴᠣᠭᠴᠠᠵᠢᠬᠤ ᠶᠢ ᠠᠬᠢᠭᠤᠯᠤᠨ᠎ᠠ᠃ ᠪᠣᠳᠠᠰ ᠤᠨ ᠪᠤᠰᠤ ᠰᠣᠶᠣᠯ | ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠠᠰᠢᠬᠯᠠᠬᠤ ᠶᠢ ᠴᠢᠩᠭᠠᠳᠬᠠᠵᠤ᠂ ᠴᠥᠭᠡᠨ ᠲᠣᠭᠠᠲᠤ | ᠦᠨᠳᠦᠰᠦᠲᠡᠨ ᠤ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ | ᠴᠢᠩᠭᠠᠳᠬᠠᠵᠤ᠂ ᠲᠡᠭᠦᠨ ᠳᠤ ᠠᠭᠤᠯᠤᠭᠳᠠᠵᠤ ᠪᠠᠢᠶ᠋ᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ | ᠰᠠᠨᠠᠭᠠᠨ ᠤ ᠠᠭᠤᠯᠤᠭᠳᠠᠬᠤᠨ ᠢ ᠠᠭᠤᠳᠠᠯᠤᠨ ᠪᠠᠳᠠᠷᠠᠭᠤᠯᠵᠤ᠂ ᠣᠯᠠᠨ ᠶᠠᠩᠵᠤᠲᠤ ᠴᠢᠨᠠᠷ ᠢ ᠨᠢ ᠬᠠᠮᠠᠭᠠᠯᠠᠬᠤ | ᠶᠠᠪᠤᠴᠠ ᠳᠤ ᠨᠡᠶᠢᠲᠡᠯᠢᠭ ᠴᠢᠨᠠᠷ᠂ ᠪᠠᠭᠳᠠᠭᠠᠮᠵᠢᠳᠤ ᠴᠢᠨᠠᠷ ᠢ ᠨᠢ ᠨᠡᠮᠡᠭᠳᠡᠭᠦᠯᠦᠨ᠎ᠡ᠃ ᠴᠥᠭᠡᠨ ᠲᠣᠭᠠᠲᠤ | ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠷᠢᠰᠢᠭ᠎ᠠ ᠣᠷᠣᠨ ᠤ ᠰᠤᠷᠭᠠᠨ ᠬᠥᠮᠦᠵᠢᠯ᠂ ᠰᠣᠶᠣᠯ᠂ ᠡᠮ | ᠡᠮᠨᠡᠯᠭᠡ᠂ ᠠᠵᠢᠯ ᠣᠯᠭᠤᠯᠲᠠ ᠵᠡᠷᠭᠡ ᠨᠥᠬᠦᠴᠡᠯ ᠢ ᠶᠡᠭᠡ ᠪᠠᠷ ᠰᠠᠶᠢᠵᠢᠷᠠᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠬᠤᠤᠰ | ᠬᠡᠯᠡᠨ ᠤ ᠰᠤᠷᠭᠠᠨ ᠬᠥᠮᠦᠵᠢᠯ ᠢ ᠴᠢᠩᠭᠠᠳᠬᠠᠨ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ | ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠬᠦ ᠪᠠ ᠬᠡᠷᠡᠭᠯᠡᠬᠦ ᠴᠢᠳᠠᠪᠤᠷᠢ ᠪᠣᠯᠤᠨ ᠬᠢᠷᠢ | ᠳᠦᠪᠰᠢᠨ ᠢ ᠳᠡᠭᠡᠭᠰᠢᠯᠡᠭᠦᠯᠦᠨ᠎ᠡ᠃ ᠴᠦᠬᠡᠨ ᠳᠤᠭᠠᠳᠤ ᠦᠨᠳᠦᠰᠦᠲᠡᠨ ᠤ ᠦᠪᠡᠷ ᠤᠨ ᠦᠨᠳᠦᠰᠦᠲᠡᠨ ᠤ ᠪᠠᠨ | ᠦᠭᠡ ᠬᠡᠯᠡ ᠦᠰᠦᠭ ᠪᠢᠴᠢᠭ ᠢ ᠬᠡᠷᠡᠭᠯᠡᠵᠤ ᠰᠤᠷᠭᠠᠨ ᠬᠦᠮᠦᠵᠢᠯ ᠬᠦᠷᠳᠡᠬᠦ ᠡᠷᠭᠡ ᠶᠢ ᠬᠦᠨᠳᠦᠳᠭᠡᠬᠦ ᠪᠦᠬᠡᠳ | ᠪᠠᠳᠤᠯᠠᠨ᠎ᠠ᠃ ᠦᠨᠳᠦᠰᠦᠲᠡᠨ ᠨᠦᠭᠦᠳ ᠰᠤᠯᠢᠯᠴᠠᠭ᠎ᠠ ᠶᠠᠪᠤᠯᠴᠠᠭ᠎ᠠ ᠬᠢᠵᠤ ᠠᠭᠤᠰᠤᠯᠴᠠᠬᠤ ᠶᠢ ᠴᠢᠩᠭᠠᠳᠬᠠᠨ᠂ | ᠰᠢᠭᠢᠳᠦᠨ ᠤᠷᠤᠬᠰᠠᠨ ᠬᠡᠯᠪᠡᠷᠢ ᠶᠢᠨ ᠨᠡᠶᠢᠬᠡᠮ ᠤᠨ ᠪᠦᠳᠦᠴᠡ ᠬᠢᠬᠡᠳ ᠨᠡᠶᠢᠬᠡᠮ ᠲᠤᠭᠤᠷᠢᠭ ᠤᠨ ᠤᠷᠴᠢᠨ | ᠳᠤᠭᠤᠷᠢᠨ ᠢ ᠰᠢᠯᠢᠳᠡᠭᠵᠢᠭᠦᠯᠦᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ ᠬᠡᠷ | ᠤᠷᠤᠨ ᠢᠶᠠᠨ ᠬᠠᠮᠲᠤ ᠪᠠᠷ ᠪᠠᠶᠢᠭᠤᠯᠬᠤ ᠶᠢ ᠠᠬᠢᠭᠤᠯᠤᠨ᠎ᠠ᠃ | ︵ᠭᠤᠴᠢᠨ ᠬᠤᠶᠠᠷ︶ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠳᠤᠭᠳᠠᠭᠤᠨ ᠤ | ᠬᠠᠯᠬᠠᠪᠴᠢ ᠶᠢ ᠪᠠᠬᠢᠵᠢᠭᠦᠯᠦᠨ᠎ᠡ᠃ ᠤᠯᠤᠰ ᠤᠨ ᠶᠠᠷᠦᠩᠬᠡᠢ ᠠᠮᠤᠷ ᠲᠦᠪᠰᠢᠨ ᠤ ᠦᠵᠡᠯᠳᠡ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠡᠯ᠎ᠡ ᠬᠦᠷᠢᠶ᠎ᠡ ᠴᠠᠷᠠᠭ᠎ᠠ ᠡᠯ᠎ᠡ ᠳᠡᠰ ᠳᠠᠪᠬᠤᠷᠭ᠎ᠠ ᠶᠢ ᠬᠠᠮᠤᠷᠤᠭᠰᠠᠨ᠂ ᠬᠤᠷᠴᠠ ᠰᠡᠷᠭᠡᠢ | ᠵᠤᠬᠢᠴᠠᠩᠭᠤᠢ ᠦᠨᠳᠦᠷ ᠪᠦᠳᠦᠮᠵᠢᠳᠡᠢ ᠤᠯᠤᠰ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠳᠤᠤᠷ ᠢ | ᠪᠠᠶᠢᠭᠤᠯᠵᠤ᠂ ᠳᠠᠶᠢᠰᠤᠩᠨᠠᠬᠴᠢ ᠬᠦᠴᠦᠨ ᠤ ᠨᠠᠪᠴᠢᠯᠲᠡ ᠬᠢᠬᠦ ᠳᠦᠯᠬᠢᠨ ᠤᠨᠠᠭᠠᠬᠤ ᠡᠪᠳᠡᠬᠦ ᠠᠵᠢᠯᠯᠠᠭ᠎ᠠ ᠶᠢ ᠨᠢᠬᠲᠠ | ᠴᠢᠩᠭ᠎ᠠ ᠰᠡᠷᠭᠡᠶᠢᠯᠡᠵᠤ᠂ ᠡᠷᠡᠰ ᠴᠤᠬᠢᠯᠳᠠ ᠦᠭᠴᠦ᠂ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ | ᠨᠡᠶᠢᠬᠡᠮ ᠤᠨ ᠵᠠᠰᠠᠯᠲᠠ ᠶᠢᠨ ᠰᠢᠰᠲ᠋ᠧᠮ ᠬᠢᠬᠡᠳ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠵᠤ᠂ | ᠨᠡᠶᠢᠬᠡᠮ ᠤᠨ ᠵᠦᠷᠢᠴᠡᠯ ᠬᠢᠬᠡᠳ ᠠᠶᠤᠯ ᠲᠦᠭᠰᠢᠭᠦᠷᠢ ᠶᠢᠨ ᠳᠠᠯᠳᠠ ᠭᠡᠮ ᠰᠤᠭᠤᠭ ᠢ ᠴᠠᠭᠳᠠᠨ ᠪᠠᠶᠢᠴᠠᠭᠠᠵᠦ | ᠴᠡᠭᠴᠡᠯᠡᠨ ᠵᠠᠰᠠᠬᠤ ᠶᠢ ᠴᠢᠩᠭᠠᠳᠬᠠᠨ᠂ ᠪᠤᠰᠤᠭ᠎ᠠ ᠴᠤᠭᠴᠠᠵᠢᠭᠰᠠᠨ ᠮᠡᠳᠡᠭᠡ ᠵᠠᠩᠬᠢᠴᠢᠯᠠᠯᠳᠠ ᠶᠢᠨ ᠨᠡᠶᠢᠬᠡᠮ ᠤᠨ | ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨ ᠳᠡᠭᠦᠯᠳᠡᠷᠵᠢᠭᠦᠯᠵᠤ᠂ ᠬᠠᠮᠳᠤ ᠪᠠᠷ | ᠪᠠᠶᠢᠭᠤᠯᠤᠨ ᠬᠠᠮᠳᠤ ᠪᠠᠷ ᠵᠠᠰᠠᠵᠤ ᠬᠠᠮᠳᠤ ᠪᠠᠷ ᠡᠳ᠋ᠯᠡᠬᠦ ᠨᠡᠶᠢᠬᠡᠮ ᠤᠨ ᠠᠮᠤᠷ ᠢ ᠬᠠᠮᠠᠭᠠᠯᠠᠬᠤ ᠪᠠᠶᠢᠷᠢᠰᠢᠯ ᠢ | ᠪᠦᠷᠢᠯᠳᠦᠭᠦᠯᠦᠨ᠎ᠡ᠃ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠢ ᠬᠦᠨᠵᠡᠭᠡᠶᠢᠷᠡᠭᠦᠯᠦᠨ | ᠠᠬᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠳᠠ ᠶᠢ | ᠴᠢᠩᠭᠠᠳᠬᠠᠨ᠂ ᠠᠶᠤᠯ ᠠᠴᠠ ᠰᠡᠷᠭᠡᠶᠢᠯᠡᠬᠦ ᠠᠶᠤᠯ ᠢ ᠪᠠᠭᠠᠰᠬᠠᠬᠤ ᠠᠶᠤᠯ ᠠᠴᠠ ᠠᠪᠤᠷᠠᠬᠤ ᠰᠢᠰᠲ᠋ᠧᠮ ᠢ | ᠳᠡᠭᠦᠯᠳᠡᠷᠵᠢᠭᠦᠯᠵᠦ᠂ ᠪᠠᠶᠢᠭᠠᠯᠢ ᠶᠢᠨ ᠭᠠᠮᠰᠢᠭ ᠢ ᠬᠢᠨᠠᠨ ᠬᠡᠮᠵᠢᠵᠤ ᠤᠷᠢᠳᠴᠢᠯᠡᠨ ᠰᠡᠷᠡᠮᠵᠢᠯᠡᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠬᠢᠯᠢ ᠬᠢᠵᠠᠭᠠᠷ ᠢ ᠬᠦᠴᠦᠯᠡᠨ ᠬᠦᠴᠦᠷᠭᠡᠭᠵᠢᠭᠦᠯᠵᠦ ᠪᠠᠬᠢᠵᠢᠭᠦᠯᠦᠨ᠂ ᠨᠠᠮ ᠵᠠᠰᠠᠭ ᠴᠡᠷᠢᠭ | ᠴᠠᠭᠳᠠᠭ᠎ᠠ ᠠᠷᠠᠳ ᠤᠨ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠬᠦ ᠤᠷᠳᠤ ᠬᠤᠭᠤᠴᠠᠭᠠᠨ ᠤ ᠪᠦᠳᠦᠮᠵᠢᠳᠦ | ᠳᠤᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠦᠰᠡᠯ ᠱᠠᠭᠠᠷᠳᠠᠯᠭ᠎ᠠ ᠶᠢ ᠳᠤᠰᠬᠠᠵᠤ ᠮᠡᠳᠡᠭᠦᠯᠬᠦ ᠳᠤᠭᠲᠠᠴᠠ᠂ | ᠮᠡᠳᠡᠭᠡ ᠵᠠᠩᠬᠢ ᠶᠢ ᠬᠠᠮᠳᠤ ᠪᠠᠷ ᠡᠳ᠋ᠯᠡᠬᠦ ᠳᠤᠭᠲᠠᠴᠠ ᠪᠠ ᠪᠠᠴᠢᠮ ᠬᠡᠨᠡᠳᠳᠡ ᠶᠢᠨ ᠬᠡᠷᠡᠭ ᠶᠠᠪᠤᠳᠠᠯ ᠢ ᠠᠷᠭᠠᠴᠠᠭᠠᠬᠤ | ᠳᠤᠭᠲᠠᠴᠠ ᠶᠢ ᠳᠡᠭᠦᠯᠳᠡᠷᠵᠢᠭᠦᠯᠦᠨ᠂ ᠬᠢᠯᠢ ᠬᠢᠵᠠᠭᠠᠷ ᠤᠨ ᠠᠷᠠᠳ ᠲᠦᠮᠡᠨ ᠤ ᠬᠢᠯᠢ ᠲᠠᠢ ᠤᠢᠢᠷᠠᠳᠤᠭᠰᠠᠨ | ᠦᠢᠯᠡᠳᠪᠦᠷᠢᠯᠡᠯ ᠪᠠ ᠬᠢᠯᠢ ᠠᠴᠠ ᠤᠢᠢᠷᠠᠬᠠᠨ ᠤᠷᠤᠰᠢᠨ ᠰᠠᠭᠤᠷᠢᠰᠢᠬᠤ ᠶᠢ ᠵᠢᠯᠤᠭᠤᠳᠤᠨ ᠳᠡᠮᠵᠢᠵᠦ᠂ ᠬᠢᠯᠢ ᠶᠢᠨ | ᠰᠡᠷᠭᠡᠶᠢᠯᠡᠯᠲᠡ ᠶᠢᠨ ᠯᠠᠪᠳᠠᠭᠤᠨ ᠪᠠᠲᠤ᠂ ᠬᠢᠯᠢ ᠬᠢᠵᠠᠭᠠᠷ ᠤᠨ ᠠᠮᠤᠷ ᠲᠠᠶᠢᠪᠤᠩ ᠪᠠᠶᠢᠬᠤ ᠶᠢ ᠦᠨᠡᠨ ᠬᠦ | ᠪᠠᠳᠤᠯᠠᠨ᠎ᠠ᠃ | ︵ᠭᠤᠴᠢᠨ ᠭᠤᠷᠪᠠ︶ ᠬᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠭᠡ ᠶᠢ ᠴᠢᠩᠭ᠎ᠠ ᠡᠵᠡᠮᠳᠡᠨ᠂ ᠤᠯᠤᠰ ᠲᠦᠷᠦ ᠶᠢᠨ | ᠠᠮᠤᠷ ᠲᠦᠪᠰᠢᠨ ᠪᠠ ᠨᠠᠶᠢᠭᠡᠮ ᠤᠨ ᠳᠤᠭᠳᠠᠭᠤᠨ ᠤ ᠬᠦᠷᠢᠶᠡᠨ ᠳᠠᠬᠢ ᠠᠶᠤᠯ ᠳᠦᠭᠰᠢᠭᠦᠷᠢ ᠳᠠᠯᠳᠠ ᠭᠡᠮ ᠰᠤᠭᠤᠭ ᠢ | ᠨᠢᠬᠲᠠ ᠴᠢᠩᠭ᠎ᠠ ᠰᠡᠷᠭᠡᠶᠢᠯᠡᠨ ᠪᠦᠳᠦᠮᠵᠢᠳᠠᠢ ᠠᠷᠢᠯᠭᠠᠨ᠎ᠡ᠃ ᠮᠦᠩᠬᠦᠨ ᠬᠦᠢᠯᠭᠡᠭᠡᠨ ᠤ ᠬᠢᠨᠠᠯᠲᠠ ᠬᠠᠮᠢᠶᠠᠷᠤᠯᠳᠠ ᠶᠢ | ᠴᠢᠩᠭᠠᠳᠬᠠᠨ᠂ ᠤᠷᠤᠨ ᠨᠤᠳᠤᠭ ᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠳᠡ ᠶᠢᠨ | ᠠᠵᠢᠯᠯᠠᠭ᠎ᠠ ᠶᠢ ᠳᠦᠷᠢᠮᠵᠢᠭᠦᠯᠵᠦ᠂ ᠪᠠᠩᠬᠢ ᠶᠢᠨ ᠡᠷᠡᠭᠦᠯ ᠪᠤᠰᠤ ᠬᠦᠷᠦᠩᠬᠡ ᠶᠢ ᠠᠷᠢᠯᠭᠠᠨ᠎ᠡ᠃ ᠦᠪᠡᠷᠳᠡᠭᠡᠨ ᠵᠠᠰᠠᠬᠤ | ᠤᠷᠤᠨ ᠤ ᠬᠤᠪᠢᠴᠠᠭ᠎ᠠ ᠶᠢᠨ ᠡᠷᠭᠡ ᠶᠢᠨ ᠰᠤᠯᠢᠯᠴᠠᠭᠠᠨ ᠤ ᠵᠠᠬ᠎ᠠ ᠳᠡᠯᠭᠡᠬᠦᠷ ᠢ ᠲᠦᠷᠭᠡᠳᠭᠡᠨ ᠬᠦᠭᠵᠢᠭᠦᠯᠦᠨ᠎ᠡ᠃ | ᠠᠵᠤ ᠠᠬᠤᠢᠢᠯᠠᠯ ᠤᠨ ᠰᠲ᠋ᠤᠺ ᠢ ᠵᠠᠬ᠎ᠠ ᠲᠡᠯᠭᠡᠭᠦᠷ ᠲᠤ ᠭᠠᠷᠭᠠᠬᠤ᠂ ᠳᠠᠯᠠᠪᠠᠢ ᠶᠢᠨ ᠭᠠᠳᠠᠨ᠎ᠠ ᠫᠠᠶᠢᠰᠠ ᠡᠯᠭᠦᠵᠤ ᠪᠡᠯᠡ | ᠮᠦᠩᠬᠦ ᠬᠤᠷᠠᠮᠳᠤᠭᠤᠯᠬᠤ ᠵᠡᠷᠭᠡ ᠶᠢ ᠳᠡᠮᠵᠢᠬᠦ ᠤᠷᠮᠠᠰᠢᠭᠤᠯᠬᠤ ᠳᠤᠭᠳᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠤ | ᠠᠬᠤᠢᠢᠯᠠᠯ ᠤᠨ ᠤᠯᠠᠨ ᠲᠡᠰ ᠳᠠᠪᠬᠤᠷᠭ᠎ᠠ ᠶᠢᠨ ᠬᠦᠷᠦᠩᠬᠡ ᠶᠢ ᠰᠠᠶᠢᠲᠤᠷ ᠬᠡᠷᠡᠭᠯᠡᠬᠦ ᠶᠢ ᠵᠤᠷᠢᠬᠵᠢᠭᠤᠯᠵᠤ᠂ ᠠᠵᠤ | ᠠᠬᠤᠢᠢᠯᠠᠯ ᠤᠨ ᠬᠦᠰᠢᠭᠦᠷᠭᠡ ᠶᠢᠨ ᠨᠤᠷᠮ᠎ᠠ ᠶᠢ ᠳᠤᠷᠤᠭᠰᠢᠯᠠᠭᠤᠯᠤᠨ᠂ ᠠᠵᠤ ᠠᠬᠤᠢᠢᠯᠠᠯ ᠤᠨ ᠬᠦᠳᠡᠯᠭᠡᠭᠡᠨᠳᠦ ᠠᠶᠤᠯ | ᠲᠦᠭᠰᠢᠭᠦᠷᠢ ᠶᠢ ᠰᠡᠷᠭᠡᠶᠢᠯᠡᠨ᠎ᠡ᠃ ᠬᠠᠤᠯᠢ ᠲᠦᠷᠢᠮ ᠠᠴᠠ ᠵᠦᠷᠢᠴᠡᠭᠰᠡᠨ ᠢᠨᠲ᠋ᠧᠷ ᠰᠦᠯᠵᠢᠶᠡᠨ ᠤ ᠮᠦᠩᠬᠦᠨ | ᠬᠦᠢᠯᠭᠡᠭᠡ᠂ ᠬᠠᠤᠯᠢ ᠪᠤᠰᠤ ᠪᠠᠷ ᠪᠡᠯᠡ ᠮᠦᠩᠬᠦ ᠬᠤᠷᠠᠮᠳᠤᠭᠤᠯᠤᠭᠰᠠᠨ ᠬᠡᠷᠡᠭ ᠲᠤ ᠴᠢᠩᠭ᠎ᠠ ᠴᠤᠬᠢᠯᠳᠠ ᠦᠭᠴᠤ᠂ | ᠬᠦᠳᠡᠭᠡ ᠲᠤᠰᠬᠤᠨ ᠮᠠᠯᠵᠢᠬᠤ ᠤᠷᠤᠨ ᠤ ᠦᠨᠳᠦᠷ ᠬᠦᠦ ᠲᠠᠢ ᠵᠢᠭᠡᠯᠡᠯᠭᠡ ᠶᠢ ᠶᠡᠷᠦᠩᠭᠡᠶᠢᠯᠡᠨ ᠵᠠᠰᠠᠬᠤ ᠶᠢ ᠯᠠᠪᠳᠠᠭᠤᠨ | ᠪᠠᠳᠤᠳᠠᠢ ᠠᠬᠢᠭᠤᠯᠵᠤ᠂ ᠮᠦᠩᠬᠦᠨ ᠬᠦᠢᠯᠭᠡᠭᠡᠨ ᠤ ᠠᠮᠢ ᠠᠬᠤᠢ ᠶᠢ ᠰᠠᠶᠢᠵᠢᠷᠠᠭᠤᠯᠤᠨ᠎ᠠ᠃ ᠵᠠᠰᠠᠭ ᠤᠨ ᠤᠷᠳᠤᠨ ᠤ | ᠦᠷᠢ ᠦᠭᠴᠡᠭᠡ ᠶᠢᠨ ᠬᠢᠵᠠᠭᠠᠷ ᠤᠨ ᠬᠠᠮᠢᠶᠠᠷᠤᠯᠳᠠ ᠶᠢ ᠴᠢᠩᠭᠠᠳᠬᠠᠨ᠂ ᠳᠦᠰᠦᠪ ᠤᠨ ᠬᠢᠵᠠᠭᠠᠷᠯᠠᠯ ᠢ | ᠴᠢᠩᠭᠠᠳᠬᠠᠵᠤ᠂ ᠪᠡᠯᠡ ᠬᠤᠷᠠᠮᠳᠤᠭᠤᠯᠬᠤ ᠠᠵᠢᠯᠯᠠᠭ᠎ᠠ ᠶᠢ ᠳᠦᠷᠢᠮᠵᠢᠭᠦᠯᠦᠨ᠂ ᠦᠷᠢ ᠦᠭᠴᠡᠭᠡ ᠶᠢ ᠠᠷᠢᠯᠭᠠᠬᠤ ᠳᠤ | ᠰᠢᠨ᠎ᠡ ᠶᠢ ᠡᠭᠦᠳᠴᠦ᠂ ᠳᠠᠯᠳᠠ ᠮᠠᠶ᠋ᠢᠭ ᠤᠨ ᠦᠷᠢ ᠦᠭᠴᠡᠭᠡ ᠶᠢᠨ ᠨᠡᠮᠡᠭᠳᠡᠬᠦ ᠬᠡᠮᠵᠢᠶ᠎ᠡ ᠶᠢ ᠡᠷᠡᠰ ᠬᠤᠷᠢᠬᠯᠠᠨ | ᠵᠤᠭᠰᠤᠭᠠᠵᠤ᠂ ᠳᠠᠯᠳᠠ ᠮᠠᠶ᠋ᠢᠭ ᠤᠨ ᠦᠷᠢ ᠦᠭᠴᠡᠭᠡ ᠶᠢᠨ ᠬᠤᠷᠠᠮᠳᠤᠭᠰᠠᠨ ᠬᠡᠮᠵᠢᠶ᠎ᠡ ᠶᠢ ᠳᠤᠬᠢᠲᠠᠢ ᠠᠷᠢᠯᠭᠠᠨ᠎ᠠ᠃ | ᠮᠦᠩᠬᠦᠨ ᠬᠦᠢᠯᠭᠡᠭᠡᠨ ᠤ ᠦᠪ ᠬᠦᠷᠦᠩᠬᠡ ᠶᠢᠨ ᠰᠤᠯᠢᠯᠴᠠᠭᠠᠨ ᠤ ᠲᠦᠪ ᠪᠠᠶᠢᠭᠤᠯᠵᠤ᠂ ᠵᠠᠰᠠᠭ ᠤᠨ ᠤᠷᠳᠤᠨ ᠤ | ᠦᠷᠢ ᠦᠭᠴᠡᠭᠡ ᠶᠢ ᠰᠢᠢᠳᠪᠦᠷᠢᠯᠡᠬᠦ ᠮᠦᠩᠭᠦᠨ ᠭᠦᠢᠯᠭᠡᠭᠡᠨ ᠤ ᠳᠡᠳᠭᠦᠮᠵᠢ ᠶᠢᠨ ᠬᠡᠯᠬᠢᠶ᠎ᠡ ᠶᠢ ᠪᠦᠷᠢᠨᠰᠢᠭᠦᠯᠵᠦ᠂ ᠡᠯ᠎ᠡ | ᠵᠦᠢᠯ ᠤᠨ ᠬᠤᠷᠠᠮᠳᠤᠭᠰᠠᠨ ᠪᠡᠯᠡ ᠮᠦᠩᠬᠦ ᠦᠪ ᠬᠦᠷᠦᠩᠭᠡ ᠶᠢ ᠰᠡᠷᠭᠦᠭᠡᠨ ᠰᠠᠶᠢᠲᠤᠷ ᠬᠡᠷᠡᠭᠯᠡᠨ᠎ᠡ᠃ ᠨᠡᠮᠡᠭᠳᠡᠯ ᠢ | ᠳᠤᠭᠳᠠᠭᠤᠨ ᠪᠠᠶᠢᠯᠭᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠶᠢᠨ ᠬᠤᠭᠤᠷᠤᠨᠳᠤᠬᠢ ᠬᠠᠷᠢᠴᠠᠭ᠎ᠠ ᠶᠢ | ᠳᠡᠩᠴᠡᠭᠦᠷᠢᠰᠢᠭᠦᠯᠵᠦ᠂ ᠰᠢᠨ᠎ᠡ ᠪᠠᠷ ᠨᠡᠮᠡᠭᠳᠡᠭᠦ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢᠨ | ᠬᠢᠵᠠᠭᠠᠷ ᠢ ᠢᠳᠡᠪᠬᠢᠳᠠᠢ ᠴᠢᠷᠮᠠᠶᠢᠨ ᠤᠯᠵᠤ᠂ ᠰᠢᠨ᠎ᠡ ᠪᠠᠷ ᠨᠡᠮᠡᠭᠳᠡᠬᠦ ᠦᠷᠢ ᠦᠭᠴᠡᠭᠡ ᠶᠢᠨ ᠲᠦᠷᠦᠯ ᠵᠦᠢᠯ ᠤᠨ | ᠬᠦᠮᠦᠷᠭᠡ ᠶᠢᠨ ᠪᠠᠶᠢᠭᠤᠯᠤᠯᠳᠠ ᠶᠢ ᠳᠡᠭᠦᠯᠳᠡᠷᠵᠢᠭᠦᠯᠦᠨ᠎ᠡ᠃ | ᠵᠢᠷᠭᠤᠭ᠎ᠠ᠂ ︽ᠤᠭ ᠰᠠᠨᠠᠭ᠎ᠠ ᠪᠡᠨᠦᠯᠦ ᠮᠠᠷᠳᠠᠵᠦ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ | ᠰᠡᠳᠦᠪᠲᠦ ᠬᠦ᠋ᠮᠦᠵᠢᠯ ᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠦᠨ᠎ᠡ | ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠡᠷᠭᠡᠪᠰᠢ︾᠂ ︽ᠳᠦᠷᠪᠡ ᠶᠢ ᠪᠤᠳᠠᠳᠠᠶᠢᠵᠢᠭᠤᠯᠬᠤ︾ | ᠴᠢᠬᠤᠯᠠ ᠵᠢᠭᠠᠪᠤᠷᠢ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠤᠭ ᠰᠠᠨᠠᠭ᠎ᠠ ᠪᠠᠨ ᠦᠯᠦ ᠮᠠᠷᠳᠠᠵᠤ ᠡᠭᠦᠷᠭᠡ | ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ ᠶᠢ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠦᠨᠢᠳᠡ ᠶᠢᠨ ᠰᠡᠳᠦᠪ | ᠪᠤᠯᠭᠠᠨ᠂ ᠪᠦᠬᠦ ᠨᠠᠮ ᠤᠨ ᠭᠡᠰᠢᠬᠦᠨ ᠺᠠᠳ᠋ᠷ ᠤᠨ ᠨᠠᠰᠤᠨ ᠳᠤᠷᠰᠢᠲᠠ ᠶᠢᠨ ᠰᠡᠳᠦᠪ ᠪᠤᠯᠭᠠᠵᠦ᠂ ᠠᠰᠠᠭᠤᠳᠠᠯ ᠳᠤ | ᠵᠦᠪ ᠢᠶᠠᠷ ᠬᠠᠨᠳᠤᠬᠤ ᠤᠬᠠᠮᠰᠠᠷ ᠪᠠ ᠬᠢᠳᠤᠭᠠᠨ ᠤ ᠢᠷ ᠢ ᠳᠤᠳᠤᠭᠰᠢ ᠬᠠᠨᠳᠤᠭᠤᠯᠬᠤ ᠰᠦᠰᠦ ᠵᠤᠷᠢᠭ ᠭᠠᠷᠭᠠᠵᠤ᠂ | ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠠᠴᠠ ᠳᠡᠷᠰᠯᠡᠭᠰᠡᠨ ᠡᠯ᠎ᠡ ᠵᠦᠢᠯ ᠤᠨ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠭᠤᠤᠯ ᠰᠡᠳᠦᠪᠳᠦ ᠬᠦᠮᠦᠵᠢᠯ ᠤᠨ ᠪᠤᠳᠠᠳᠠᠢ ᠦᠷ᠎ᠡ ᠪᠦᠲᠦᠮᠵᠢ ᠤᠯᠬᠤ ᠶᠢ ᠦᠨᠡᠨ ᠬᠦ | ᠪᠠᠲᠤᠯᠠᠨ᠎ᠠ᠃ | ︵ᠭᠤᠴᠢᠨ ᠲᠦᠷᠪᠡ︶ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠨ᠎ᠠ᠃ ᠰᠢ ᠶᠢᠨ ᠫᠢᠡᠭ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠷᠠᠲᠠᠯ᠎ᠠ | ᠰᠤᠷᠤᠯᠴᠠᠨ ᠨᠡᠪᠲᠡᠷᠡᠲᠡᠯ᠎ᠡ ᠤᠢᠢᠯᠠᠭᠠᠵᠤ ᠪᠤᠳᠠᠲᠠᠶᠢᠵᠢᠭᠤᠯᠬᠤ ᠶᠢ ᠭᠤᠤᠯ ᠰᠡᠳᠦᠪᠳᠦ ᠬᠦᠮᠦᠵᠢᠯ ᠤᠨ ᠪᠦᠬᠦ | ᠶᠠᠪᠤᠴᠠ ᠳᠤ ᠳᠤᠭᠤᠰᠢᠯᠠᠭᠤᠯᠤᠨ᠂ ᠤᠨᠤᠯ ᠢ ᠪᠤᠳᠠᠳᠠᠢ ᠲᠠᠢ ᠤᠶᠠᠯᠳᠤᠭᠤᠯᠬᠤ ᠰᠤᠷᠳᠠᠯ ᠢ ᠪᠠᠳᠠᠷᠠᠭᠤᠯᠵᠦ᠂ | ᠬᠦᠨᠵᠡᠭᠡᠢ ᠰᠤᠷᠤᠯᠴᠠᠨ ᠨᠡᠪᠲᠡᠷᠬᠡᠢ ᠤᠢᠢᠯᠠᠭᠠᠵᠦ᠂ ᠨᠠᠷᠢᠨ ᠬᠠᠷᠭᠤᠭᠤᠯᠵᠦ ᠪᠠᠳᠤᠲᠠᠢ ᠭᠡᠷᠡᠭᠵᠢᠭᠦᠯᠵᠦ᠂ ᠨᠠᠮ ᠤᠨ | ᠤᠭ ᠰᠠᠨᠠᠭ᠎ᠠ ᠪᠤᠯᠤᠨ ᠡᠭᠦᠷᠭᠡ ᠬᠠᠷᠢᠭᠤᠴᠠᠯᠭ᠎ᠠ ᠶᠢᠨ ᠲᠤᠬᠠᠢ ᠦᠢᠯᠠᠭᠠᠯᠲᠡ ᠶᠢ ᠲᠠᠰᠤᠷᠠᠯᠲᠠ ᠦᠭᠡᠢ | ᠬᠦᠨᠵᠡᠭᠡᠶᠢᠷᠡᠭᠦᠯᠵᠦ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ | ᠨᠠᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠤᠢᠢᠯᠠᠭᠠᠯᠲᠠ ᠶᠢ ᠬᠦᠨᠵᠡᠭᠡᠶᠢᠷᠡᠭᠦᠯᠵᠦ᠂ ᠶᠡᠷᠦᠩᠭᠡᠢ ᠱᠦᠵᠢ | ᠰᠢ ᠶᠢᠨ ᠫᠢᠡᠭ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ | ᠰᠠᠨᠠᠭᠠᠨ ᠤ ᠲᠤᠬᠠᠢ ᠤᠢᠢᠯᠠᠭᠠᠯᠲᠠ ᠶᠢ ᠬᠦᠨᠵᠡᠭᠡᠶᠢᠷᠡᠬᠦᠯᠵᠦ᠂ ︽ᠲᠦᠷᠪᠡᠨ ᠤᠬᠠᠮᠰᠡᠷ︾ ᠢ ᠤᠯᠠᠮ ᠨᠢᠭᠡ ᠠᠯᠬᠤᠮ | ᠴᠢᠩᠭᠠᠳᠬᠠᠨ᠂ ︽ᠲᠦᠷᠪᠡᠨ ᠢᠳᠡᠭᠡᠯ︾ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ | ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠡᠭ ᠨᠦᠭᠦᠷ ᠢᠶᠠᠷ | ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠠᠢ ᠪᠠᠶᠢᠯᠭᠠᠨ᠎ᠠ᠃ | ︵ᠭᠤᠴᠢᠨ ᠲᠠᠪᠤ︶ ᠨᠠᠮ ᠢ ᠴᠢᠩᠭ᠎ᠠ ᠵᠠᠰᠠᠬᠤ ᠶᠢ ᠬᠦᠨᠵᠡᠭᠡᠶᠢᠷᠡᠭᠦᠯᠦᠨ᠎ᠡ᠃ ᠵᠦᠪ ᠤᠨᠤᠪᠴᠢᠲᠠᠢ ᠬᠦᠮᠦᠨ | ᠰᠤᠩᠭᠤᠵᠦ ᠬᠦᠮᠦᠨ ᠭᠡᠷᠡᠭᠯᠡᠬᠦ ᠤᠳᠤᠷᠢᠳᠤᠮᠵᠢ᠂ ᠠᠵᠢᠯ ᠤᠨ ᠤᠳᠤᠷᠢᠳᠤᠮᠵᠢ᠂ ᠬᠢᠨᠠᠨ ᠰᠢᠯᠭᠠᠬᠤ ᠤᠳᠤᠷᠢᠳᠤᠮᠵᠢ ᠶᠢ | ᠪᠤᠢ ᠪᠤᠯᠭᠠᠵᠦ᠂ ᠺᠠᠳ᠋ᠷ ᠤᠨ ᠠᠯᠳᠠᠭ᠎ᠠ ᠪᠤᠷᠤᠭᠤ ᠶᠢ ᠠᠭᠤᠴᠢᠯᠠᠨ ᠵᠠᠯᠠᠷᠠᠭᠤᠯᠬᠤ ᠲᠤᠭᠲᠠᠴᠠ ᠶᠢ ᠨᠠᠷᠢᠯᠢᠭᠵᠢᠭᠤᠯᠤᠨ | ᠨᠠᠶᠢᠳᠠᠪᠤᠷᠢᠵᠢᠭᠤᠯᠵᠦ᠂ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠺᠡᠳ᠋ᠷ ᠢ ᠤᠷᠮᠠᠰᠢᠭᠤᠯᠤᠨ ᠡᠷᠴᠢ ᠵᠤᠷᠢᠭ ᠢ ᠨᠢ | ᠬᠦᠪᠴᠢᠯᠡᠵᠦ᠂ ᠦᠨᠡᠨ ᠪᠤᠳᠠᠲᠠᠢ ᠠᠵᠢᠯ ᠬᠢᠳᠡᠭ ᠺᠠᠳ᠋ᠷ ᠲᠤ ᠲᠠᠪᠴᠠᠩ ᠬᠠᠨᠭ᠍ᠭᠠᠵᠦ᠂ ᠦᠨᠡᠨᠴᠢ ᠰᠢᠳᠤᠷᠭᠤ ᠠᠷᠢᠭᠤᠨ | ᠴᠢᠭᠡᠴᠢ ᠬᠠᠷᠢᠭᠤᠴᠠᠯᠭ᠎ᠠ ᠡᠭᠦᠷᠭᠡᠯᠡᠳᠡᠭ ᠦᠨᠳᠦᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠳᠠᠪᠲᠠᠨ | ᠪᠤᠯᠪᠠᠰᠤᠷᠠᠭᠤᠯᠤᠨ᠎ᠠ᠃ ᠡᠯ᠎ᠡ ᠬᠦᠷᠢᠶᠡᠨ ᠳᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ | ᠪᠠᠶᠢᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠦ᠂ ᠰᠤᠯᠠ ᠵᠠᠳᠠᠭᠠᠢ ᠦᠨᠳᠦᠰᠦᠨ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠨ᠎ᠡ᠃ ᠨᠠᠮ ᠤᠨ ᠤᠯᠤᠰ ᠲᠦᠷᠦ ᠶᠢᠨ ᠪᠦᠲᠦᠭᠡᠨ ᠪᠠᠶᠢᠭᠤᠯᠤᠯᠲᠠ ᠪᠠᠷ | ᠨᠢᠭᠡᠳᠦᠯᠲᠡᠢ ᠵᠢᠯᠤᠭᠤᠳᠤᠭᠤᠯᠤᠨ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠦ᠂ ᠰᠤᠷᠲᠠᠯ ᠢ ᠴᠡᠭᠴᠡᠯᠡᠨ | ᠰᠠᠬᠢᠯᠭ᠎ᠠ ᠪᠠᠳᠤ ᠶᠢ ᠴᠢᠩᠳᠠᠯᠠᠬᠤ ᠶᠢ ᠢᠮᠠᠭᠲᠠ ᠪᠠᠷᠢᠮᠲᠠᠯᠠᠨ᠂ ︽ᠲᠦᠷᠪᠡᠨ ᠰᠤᠷᠲᠠᠯ︾ ᠢ ᠲᠠᠰᠤᠯᠲᠠᠭᠤᠯᠤᠯ ᠦᠭᠡᠢ | ᠴᠡᠭᠴᠡᠯᠡᠨ ᠵᠠᠰᠠᠵᠦ᠂ ᠢᠯᠵᠠᠷᠠᠬᠤ ᠵᠤᠷᠢᠭ ᠦᠭᠡᠢ᠂ ᠢᠯᠵᠠᠷᠠᠵᠦ ᠲᠡᠶᠢᠯᠬᠦ ᠦᠭᠡᠢ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠦ᠂ ᠵᠠᠯᠢᠷᠬᠠᠭ ᠨᠤᠶᠠᠨ᠂ ᠬᠤᠶᠢᠷᠭᠤ ᠨᠤᠶᠠᠨ᠂ ᠦᠭᠡᠨᠴᠡ ᠨᠤᠶᠠᠨ᠂ | ᠬᠤᠪᠳᠤᠭ ᠨᠤᠶᠠᠨ ᠢ ᠪᠦᠬᠦ ᠲᠠᠯ᠎ᠠ ᠪᠠᠷ ᠴᠡᠭᠴᠡᠯᠡᠨ ᠵᠠᠰᠠᠵᠦ᠂ ᠬᠦᠳᠭᠡᠨ ᠬᠤᠤᠷᠯᠠᠬᠤ ᠤᠢᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠢᠭᠤᠨ ᠴᠢᠭᠡᠴᠢ ᠤᠯᠤᠰ ᠲᠦᠷᠦ ᠶᠢᠨ ᠠᠮᠢ ᠠᠬᠤᠢ ᠪᠠ ᠠᠵᠢᠯ ᠬᠢᠵᠦ | ᠦᠢᠯᠡᠰ ᠪᠤᠰᠬᠠᠬᠤ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ᠃ | ︵ᠭᠤᠴᠢᠨ ᠵᠢᠷᠭᠤᠭ᠎ᠠ︶ ᠨᠢᠭᠡ ᠯᠡ ᠰᠡᠳᠬᠢᠯ ᠢᠶᠠᠷ ᠠᠷᠠᠳ ᠲᠦᠮᠡᠨ ᠤ ᠲᠦᠯᠦᠭᠡ ᠵᠢᠳᠭᠦᠭᠦ ᠶᠢ | ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠲᠠᠯᠠᠵᠦ᠂ ᠨᠠᠮ ᠤᠨ ᠭᠡᠰᠢᠭᠦᠨ ᠺᠠᠳ᠋ᠷ ᠤᠨ ᠨᠠᠮ | ᠤᠨ ᠵᠤᠷᠢᠯᠲᠠ ᠶᠢ ᠪᠠᠳᠤ ᠴᠡᠭᠡᠵᠢᠯᠡᠵᠦ᠂ ᠠᠷᠠᠳ ᠲᠦᠮᠡᠨ ᠤ ᠵᠤᠭᠰᠤᠯᠲᠠ ᠳᠤ ᠪᠠᠳᠤ ᠵᠤᠭᠰᠤᠵᠦ᠂ ᠠᠷᠠᠳ ᠲᠦᠮᠡᠨ | ᠤ ᠠᠮᠤᠷ ᠲᠦᠪᠰᠢᠨ ᠠᠶᠤᠯ ᠲᠦᠭᠰᠢᠭᠦᠷᠢ ᠪᠠ ᠬᠠᠯᠠᠭᠤᠨ ᠲᠤᠯᠠᠭᠠᠨ ᠢ ᠢᠮᠠᠭᠲᠠ ᠰᠡᠳᠬᠢᠯ ᠳᠡᠭᠡᠨ ᠪᠤᠳᠤᠵᠦ᠂ | ᠤᠯᠠᠨ ᠲᠦᠮᠡᠨ ᠤ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠴᠠᠭ ᠢᠮᠠᠭᠲᠠ ᠰᠡᠳᠬᠢᠯ ᠳᠡᠭᠡᠨ ᠪᠤᠳᠤᠵᠦ᠂ ᠤᠯᠠᠨ | ᠲᠦᠮᠡᠨ ᠤ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠳᠤᠷ ᠬᠢᠵᠦ᠂ ᠨᠠᠮ ᠪᠤᠯᠤᠨ ᠠᠷᠠᠳ | ᠤᠯᠠᠨ ᠤ ᠴᠢᠰᠦ ᠮᠢᠬᠠᠨ ᠤ ᠬᠠᠷᠢᠴᠠᠭ᠎ᠠ ᠶᠢ ᠨᠢᠭᠲᠠᠷᠠᠭᠤᠯᠬᠤ ᠶᠢ ᠵᠢᠯᠤᠭᠤᠳᠤᠨ ᠬᠦᠮᠦᠵᠢᠭᠦᠯᠦᠨ᠎ᠡ᠃ ᠤᠯᠠᠨ ᠲᠦᠮᠡᠨ | ᠤ ᠳᠤᠮᠲᠠ ᠠᠴᠠ ᠢᠷᠡᠵᠦ᠂ ᠤᠯᠠᠨ ᠲᠦᠮᠡᠨ ᠤ ᠳᠤᠮᠳᠠ ᠪᠤᠴᠠᠬᠤ ᠶᠢ ᠪᠠᠷᠢᠮᠲᠠᠯᠠᠵᠦ᠂ ᠤᠯᠠᠨ ᠲᠦᠮᠡᠨ ᠤ ᠰᠡᠳᠬᠢᠯ | ᠬᠠᠨᠤᠮᠵᠢᠲᠠᠢ ᠡᠰᠡᠬᠦ᠂ ᠪᠠᠶᠠᠷ ᠬᠦᠷ ᠲᠠᠢ ᠡᠰᠡᠬᠦ᠂ ᠲᠠᠭᠠᠰᠢᠶᠠᠬᠤ ᠡᠰᠡᠬᠦ ᠪᠠᠷ ᠠᠯᠢᠪᠠ ᠠᠵᠢᠯ ᠢᠶᠠᠨ ᠰᠢᠯᠭᠠᠬᠤ | ᠦᠨᠳᠦᠰᠦᠨ ᠪᠠᠷᠢᠮᠵᠢᠶ᠎ᠠ ᠪᠤᠯᠭᠠᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠠᠩᠬᠠᠷᠤᠨ ᠰᠤᠨᠤᠰᠴᠦ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠬᠠᠯᠠᠭᠤᠨ ᠳᠤᠲᠤᠨᠤ ᠪᠠᠷ ᠤᠢᠢᠯᠠᠭᠠᠵᠦ᠂ ᠭᠡᠷᠡᠭᠴᠡᠭᠡ ᠱᠠᠭᠠᠷᠳᠠᠯᠭ᠎ᠠ᠂ ᠠᠷᠭ᠎ᠠ | ᠪᠤᠳᠤᠯᠭ᠎ᠠ᠂ ᠦᠷ᠎ᠡ ᠪᠦᠲᠦᠮᠵᠢ ᠶᠢ ᠠᠷᠠᠳ ᠤᠯᠠᠨ ᠠᠴᠠ ᠠᠰᠠᠭᠤᠵᠦ᠂ ᠤᠯᠠᠨ ᠲᠦᠮᠡᠨ ᠤ ᠦᠵᠡᠯᠲᠡ ᠪᠠ ᠤᠯᠠᠨ | ᠲᠦᠮᠡᠨᠴᠢ ᠱᠤᠭᠤᠮ ᠢ ᠦᠵᠡᠯ ᠰᠠᠨᠠᠭᠠᠨ ᠳᠠᠭᠠᠨ ᠬᠦᠨ ᠦᠨᠳᠦᠰᠦᠯᠡᠭᠦᠯᠵᠦ᠂ ᠪᠤᠳᠠᠲᠠᠢ ᠠᠵᠢᠯᠯᠠᠭ᠎ᠠ ᠳᠠᠭᠠᠨ | ᠨᠠᠶᠢᠳᠠᠪᠤᠷᠢᠵᠢᠭᠤᠯᠤᠨ᠎ᠠ᠃ | ︵ᠭᠤᠴᠢᠨ ᠲᠤᠯᠤᠭ᠎ᠠ︶ ᠰᠢᠯᠢᠳᠡᠭ ᠬᠡᠪ ᠰᠤᠷᠳᠠᠯ ᠢᠶᠠᠨ ᠪᠠᠳᠠᠷᠠᠭᠤᠯᠤᠨ᠎ᠠ᠃ ᠦᠵᠡᠯ ᠰᠠᠨᠠᠭ᠎ᠠ ᠪᠠᠨ | ᠴᠢᠯᠦᠭᠡᠯᠡᠬᠦ ᠶᠢ ᠪᠠᠷᠢᠮᠳᠠᠯᠠᠨ᠂ ᠪᠡᠶᠡᠴᠢ ᠴᠢᠳᠠᠮᠠᠭᠠᠢ ᠴᠢᠨᠠᠷ ᠢᠶᠠᠨ ᠭᠦᠢᠴᠡᠳ ᠪᠠᠳᠠᠷᠠᠭᠤᠯᠵᠦ᠂ ᠨᠠᠮ ᠤᠨ ᠲᠦᠪ | ᠬᠤᠷᠢᠶ᠎ᠠ ᠶᠢᠨ ᠵᠤᠷᠢᠭ ᠰᠠᠨᠠᠭ᠎ᠠ ᠶᠢ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠰᠠᠶᠢᠳᠤᠷ ᠤᠶᠠᠯᠳᠤᠭᠤᠯᠵᠦ᠂ | ᠪᠤᠳᠠᠳᠠᠢ ᠰᠡᠳᠬᠢᠮᠵᠢ ᠪᠤᠯᠤᠨ ᠠᠷᠭ᠎ᠠ ᠪᠠᠷᠢᠯ ᠲᠤᠭᠳᠠᠭᠠᠵᠦ᠂ ᠪᠦᠲᠦᠭᠡᠯᠴᠢ ᠴᠢᠨᠠᠷ ᠲᠠᠢ ᠠᠵᠢᠯ ᠢᠶᠠᠨ ᠦᠷᠨᠢᠬᠦᠯᠦᠨ᠎ᠡ᠃ | ᠦᠨᠡᠨ ᠠᠴᠠ ᠵᠦᠪ ᠢ ᠡᠷᠢᠬᠦ᠂ ᠠᠯᠢᠪᠠ ᠳᠤ ᠪᠤᠳᠠᠳᠠᠢ ᠠᠴᠠ ᠡᠭᠦᠰᠬᠦ᠂ ᠵᠦᠪ ᠤᠨᠤᠪᠴᠢᠳᠠᠢ ᠵᠠᠰᠠᠭ ᠤᠨ ᠠᠵᠢᠯ ᠤᠨ | ᠪᠦᠲᠦᠮᠵᠢ ᠶᠢᠨ ᠦᠵᠡᠯᠳᠡ ᠶᠢ ᠪᠤᠢ ᠪᠤᠯᠭᠠᠨ᠂ ᠦᠵᠡᠯ ᠰᠠᠨᠠᠭ᠎ᠠ ᠪᠠᠨ ᠲᠦᠪᠯᠡᠬᠦᠨ ᠪᠤᠯᠭᠠᠵᠦ᠂ ᠬᠠᠷᠢᠭᠤᠴᠠᠯᠭ᠎ᠠ ᠪᠠᠨ | ᠵᠤᠷᠢᠬᠲᠠᠢ ᠡᠭᠦᠷᠭᠡᠯᠡᠨ ᠠᠵᠢᠯ ᠦᠢᠯᠡᠰ ᠪᠦᠲᠦᠭᠡᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ | ᠡᠰᠡᠷᠬᠦᠴᠡᠨ᠂ ᠭᠠᠵᠠᠷ ᠤᠷᠤᠨ ᠤ ᠬᠦᠭᠵᠢᠯᠳᠡ ᠶᠢ ᠠᠬᠢᠭᠤᠯᠵᠦ᠂ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠢ | ᠪᠤᠳᠠᠳᠠᠢ ᠰᠠᠶᠢᠳᠤᠷ ᠬᠢᠨ᠎ᠡ᠃ ᠦᠢᠯᠡᠳᠦᠯᠭᠡ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠨ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠵᠦ᠂ ᠬᠠᠷᠠᠯᠳᠠ ᠪᠠᠷ ᠬᠦᠳᠦᠯᠦᠮᠵᠢ ᠪᠤᠯᠭᠠᠨ᠂ ᠬᠤᠭᠤᠰᠤᠨ ᠶᠠᠷᠢᠬᠤ ᠦᠭᠡᠢ ᠳᠤᠷ᠎ᠠ ᠪᠠᠷ | ᠦᠢᠯᠡᠳᠬᠦ ᠦᠭᠡᠢ᠂ ᠨᠠᠶᠢᠳᠠᠪᠤᠷᠢᠵᠢᠭᠤᠯᠬᠤ ᠶᠢ ᠠᠳᠬᠤᠵᠦ᠂ ᠦᠢᠯᠡᠳᠦᠯᠭᠡᠵᠢᠬᠦᠯᠭᠦ ᠶᠢ ᠪᠠᠷᠢᠮᠳᠠᠯᠠᠨ᠂ | ᠬᠦᠭᠵᠢᠯᠳᠡ ᠶᠢᠨ ᠬᠦᠴᠢᠷ ᠰᠡᠳᠦᠪ ᠢ ᠲᠠᠰᠤᠷᠠᠯᠲᠠ ᠦᠭᠡᠢ ᠰᠢᠢᠳᠪᠦᠷᠢᠯᠡᠨ᠎ᠡ᠃ | ︵ᠭᠤᠴᠢᠨ ᠨᠠᠢᠮᠠ︶ ᠲᠡᠮᠡᠴᠡᠯ ᠤᠨ ᠵᠤᠷᠢᠭ ᠰᠠᠨᠠᠭ᠎ᠠ ᠶᠢ ᠬᠦᠭᠵᠢᠭᠡᠨ᠎ᠡ᠃ ᠳᠡᠮᠡᠴᠡᠯ ᠤᠨ ᠰᠦᠰᠦ ᠵᠤᠷᠢᠭ ᠢ | ᠴᠢᠩᠭᠠᠳᠬᠠᠨ᠂ ᠪᠤᠰᠤᠳᠴᠢ ᠶᠢᠷᠳᠢᠨᠴᠦ ᠶᠢ ᠦᠭᠡᠷᠡᠴᠢᠯᠡᠬᠦ ᠶᠢᠨ ᠬᠠᠮᠲᠤ ᠪᠡᠶᠡᠴᠢ ᠶᠢᠷᠳᠢᠨᠴᠦ ᠪᠠᠨ ᠦᠭᠡᠷᠡᠴᠢᠯᠡᠵᠦ᠂ | ᠨᠠᠮ ᠤᠨ ᠤᠳᠤᠷᠢᠳᠤᠯᠭ᠎ᠠ ᠶᠢ ᠰᠤᠯᠠᠷᠠᠭᠤᠯᠬᠤ᠂ ᠨᠠᠮ ᠤᠨ ᠵᠠᠰᠠᠭ ᠪᠠᠷᠢᠬᠤ ᠰᠠᠭᠤᠷᠢ ᠶᠢ ᠭᠤᠶᠢᠪᠢᠯᠵᠠᠭᠤᠯᠬᠤ᠂ ᠨᠠᠮ | ᠤᠨ ᠤᠯᠤᠰ ᠲᠦᠷᠦ ᠶᠢᠨ ᠰᠠᠬᠢᠯᠭ᠎ᠠ ᠪᠠᠳᠦ ᠪᠠ ᠤᠯᠤᠰ ᠲᠦᠷᠦ ᠶᠢᠨ ᠶᠤᠰᠤ ᠳᠦᠷᠢᠮ ᠢ ᠵᠦᠷᠢᠴᠡᠭᠦ ᠠᠯᠢᠪᠠ ᠦᠢᠯᠡ | ᠠᠵᠢᠯᠯᠠᠭ᠎ᠠ ᠲᠠᠢ ᠳᠡᠮᠡᠴᠡᠯ ᠶᠠᠪᠤᠭᠤᠯᠬᠤ ᠶᠢ ᠪᠠᠷᠢᠮᠳᠠᠯᠠᠵᠦ᠂ ᠨᠠᠮ ᠤᠨ ᠳᠤᠳᠤᠭᠠᠳᠦ ᠳᠤ ᠤᠷᠤᠰᠢᠵᠦ ᠪᠦᠬᠦᠢ | ᠳᠤᠪᠤᠶᠢᠮ᠎ᠠ ᠠᠰᠠᠭᠤᠳᠠᠯ ᠢ ᠰᠢᠢᠳᠪᠦᠷᠢᠯᠡᠨ᠎ᠡ᠃ ᠲᠡᠮᠡᠴᠡᠯ ᠤᠨ ᠢᠲᠡᠭᠡᠯ ᠵᠤᠷᠢᠭ ᠢᠶᠠᠨ ᠪᠠᠲᠤᠳᠬᠠᠨ᠂ ᠠᠰᠠᠭᠤᠳᠠᠯ ᠢ | ᠴᠢᠳᠠᠮᠠᠭᠠᠢ ᠪᠠᠷ ᠢᠯᠡᠷᠡᠬᠦᠯᠵᠦ᠂ ᠠᠰᠠᠭᠤᠳᠠᠯ ᠳᠤ ᠵᠤᠷᠢᠭᠲᠠᠢ ᠬᠠᠨᠳᠤᠵᠤ᠂ ᠠᠵᠦ ᠠᠬᠤᠢ ᠨᠡᠶᠢᠭᠡᠮ ᠤᠨ | ᠬᠦᠭᠵᠢᠯᠳᠡ ᠳᠤ ᠲᠤᠯᠭᠠᠷᠠᠭᠰᠠᠨ ᠡᠯ᠎ᠡ ᠵᠦᠢᠯ ᠤᠨ ᠵᠦᠷᠢᠴᠡᠯ ᠬᠦᠴᠢᠷᠳᠡᠯ ᠪᠠ ᠠᠶᠤᠯ ᠲᠦᠭᠰᠢᠬᠦᠷᠢ | ᠦᠷᠢᠰᠦᠯᠳᠦᠭᠡᠨ ᠲᠠᠢ ᠡᠷᠡᠰ ᠳᠡᠮᠡᠴᠡᠯ ᠶᠠᠪᠤᠭᠤᠯᠵᠤ᠂ ᠭᠤᠤᠯ ᠲᠠᠯ᠎ᠠ ᠶᠢ ᠠᠳᠬᠤᠨ᠂ ᠵᠠᠩᠬᠢᠯᠠᠭ᠎ᠠ ᠶᠢ ᠪᠠᠷᠢᠵᠤ᠂ | ᠬᠤᠷᠢᠭ᠎ᠠ ᠰᠠᠭᠠᠳ ᠢ ᠳᠠᠪᠠᠨ᠂ ᠬᠦᠴᠢᠷ ᠢ ᠲᠡᠰᠪᠦᠷᠢᠯᠡᠨ ᠪᠤᠭᠤᠮᠲᠠ ᠰᠢᠪᠲᠤᠯᠤᠨ᠎ᠠ᠃ ᠳᠡᠮᠡᠴᠡᠯ ᠬᠢᠬᠦ ᠴᠢᠳᠠᠪᠤᠷᠢ ᠶᠢ | ᠴᠢᠩᠭᠠᠳᠬᠠᠨ᠂ ᠰᠤᠷᠤᠯᠴᠠᠬᠤ ᠰᠤᠷᠳᠠᠯ᠂ ᠪᠠᠶᠢᠴᠠᠭᠠᠨ ᠰᠤᠳᠤᠯᠬᠤ ᠰᠤᠷᠳᠠᠯ ᠢ ᠶᠡᠭᠡ ᠪᠠᠷ ᠪᠠᠳᠠᠷᠠᠭᠤᠯᠵᠤ᠂ ᠤᠯᠤᠰ | ᠲᠦᠷᠦ ᠶᠢᠨ ᠳᠠᠪᠲᠠᠯᠲᠠ ᠬᠢᠭᠡᠳ ᠦᠢᠯᠡᠳᠦᠯᠭᠡ ᠶᠢᠨ ᠪᠤᠯᠪᠠᠰᠤᠷᠠᠯ ᠢ ᠴᠢᠩᠭᠠᠳᠬᠠᠨ᠂ ᠤᠯᠤᠰ ᠲᠦᠷᠦ ᠶᠢᠨ ᠬᠡᠪ | ᠪᠤᠯᠪᠠᠰᠤᠷᠠᠯ ᠪᠠ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠢ ᠴᠢᠩᠭᠠᠷᠠᠭᠤᠯᠵᠤ᠂ ᠦᠪᠦᠷ ᠮᠤᠩᠭᠤᠯ ᠤᠨ ᠡᠯ᠎ᠡ | ᠲᠦᠷᠦᠯ ᠤᠨ ᠠᠵᠢᠯ ᠦᠢᠯᠡᠰ ᠢ ᠤᠷᠤᠭᠰᠢ ᠠᠬᠢᠭᠤᠯᠤᠨ᠎ᠠ᠃ | ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ | ᠭᠡᠰᠢᠬᠦᠨ ᠺᠠᠳ᠋ᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ | ᠨᠡᠩ ᠢᠯᠡᠭᠦᠦ ᠨᠢᠭᠳᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ | ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ | ᠮᠤᠩᠭᠤᠯ ᠳᠤ ᠰᠢᠨᠵᠢᠯᠠᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠳᠠᠭᠠᠭᠠᠴᠠ ᠲᠠᠢ᠂ ᠲᠡᠰᠪᠦᠷᠢ ᠲᠠᠢ᠂ ᠴᠤᠴᠠᠰᠢ ᠦᠭᠡᠢ | ᠤᠷᠤᠭᠰᠢᠯᠠᠬᠤ᠂ ᠵᠤᠷᠢᠭᠰᠠᠨ ᠳᠠᠭᠠᠨ ᠵᠠᠪᠠᠯ ᠬᠦᠷᠬᠦ︾ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠵᠦ᠂ | ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠳᠡᠮᠡᠴᠡᠵᠦ᠂ ᠡᠬᠡ ᠤᠯᠤᠰ ᠤᠨ ᠤᠮᠠᠷᠠᠳᠦ ᠶᠢᠨ | ᠦᠵᠡᠮᠵᠢ ᠶᠢᠨ ᠤᠷᠤᠨ ᠢ ᠨᠡᠩ ᠦᠵᠡᠰᠬᠦᠯᠡᠩᠳᠦ ᠰᠠᠶᠢᠬᠠᠨ ᠪᠤᠯᠭᠠᠨ ᠪᠦᠲᠦᠬᠡᠨ ᠪᠠᠶᠢᠭᠤᠯᠬᠤ ᠪᠠᠷ ᠴᠦᠬᠦᠷᠡᠰᠢ ᠦᠭᠡᠢ | ᠲᠡᠮᠡᠴᠡᠬᠦ ᠬᠡᠷᠡᠭᠲᠡᠢ︕ |