9 ᠳ᠋ᠦ᠋ᠭᠡᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ | ᠣᠢ ᠶᠢ ᠪᠡᠯᠭᠡᠯᠡᠬᠦ ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠠᠮᠵᠢᠯᠲᠠ | ᠪᠦᠲᠦᠮᠵᠢ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ 70 ᠵᠢᠯ ᠤᠨ ᠲᠤᠷᠰᠢ᠂ ᠥᠪᠡᠷᠲᠡᠭᠡᠨ | ᠵᠠᠰᠠᠬᠤ ᠣᠷᠣᠨ ᠳᠤ ᠨᠡᠶᠢᠭᠡᠮ ᠤᠨ ᠪᠠᠲᠤᠯᠠᠭ᠎ᠠ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠪᠠᠭ᠎ᠠ ᠪᠠᠶᠢᠭᠰᠠᠨ | ᠠᠴᠠ ᠪᠠᠨ ᠶᠡᠭᠡ ᠪᠣᠯᠣᠭᠰᠠᠨ᠂ ᠠᠵᠤ ᠠᠬᠤᠶᠢᠯᠠᠯ ᠪᠠᠶᠢᠭᠤᠯᠭ᠎ᠠ ᠨᠢᠭᠡᠴᠢ ᠶᠢᠨ ᠪᠠᠲᠤᠯᠠᠭ᠎ᠠ ᠠᠴᠠ ᠪᠦᠬᠦ ᠨᠡᠶᠢᠭᠡᠮ | ᠪᠦᠬᠦ ᠠᠷᠠᠳ ᠤᠨ ᠪᠠᠲᠤᠯᠠᠭ᠎ᠠ ᠲᠠᠢ ᠪᠣᠯᠣᠭᠰᠠᠨ᠂ ᠠᠵᠤ ᠠᠬᠤᠶᠢᠯᠠᠯ ᠤᠨ ᠳᠠᠩ ᠭᠠᠭᠴᠠ ᠬᠠᠷᠢᠭᠤᠴᠠᠯᠭ᠎ᠠ ᠲᠠᠢ | ᠪᠠᠶᠢᠭᠰᠠᠨ ᠠᠴᠠ ᠤᠯᠤᠰ᠂ ᠠᠵᠤ ᠠᠬᠤᠶᠢᠯᠠᠯ ᠪᠠᠶᠢᠭᠤᠯᠭ᠎ᠠ ᠨᠢᠭᠡᠴᠢ ᠪᠣᠯᠤᠨ ᠬᠤᠪᠢ ᠬᠥᠮᠦᠨ ᠭᠤᠷᠪᠠᠨ ᠲᠠᠯ᠎ᠠ ᠶᠢᠨ | ᠬᠠᠮᠲᠤ ᠶᠢᠨ ᠬᠠᠷᠢᠭᠤᠴᠠᠯᠭ᠎ᠠ ᠲᠠᠢ ᠪᠣᠯᠣᠭᠰᠠᠨ᠂ ᠬᠤᠲᠠ ᠪᠠᠯᠭᠠᠰᠤ ᠠᠴᠠ ᠮᠠᠯᠵᠢᠬᠤ ᠲᠠᠷᠢᠶᠠᠯᠠᠬᠤ ᠣᠷᠣᠨ ᠬᠦᠷᠲᠡᠯ᠎ᠡ | ᠥᠷᠭᠡᠵᠢᠭᠰᠡᠨ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠢ | ᠪᠦᠷᠬᠦᠭᠰᠡᠨ ᠴᠢᠬᠤᠯᠠ ᠶᠡᠭᠡ ᠬᠤᠪᠢᠷᠠᠯᠲᠠ ᠲᠠᠢ ᠪᠣᠯᠵᠤ᠂ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ | ᠲᠠᠰᠤᠷᠠᠯᠲᠠ ᠦᠭᠡᠢ ᠥᠷᠭᠡᠳᠴᠦ᠂ ᠬᠠᠷᠠᠭᠠᠯᠵᠠᠯ ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠨ᠂ | ᠬᠠᠮᠢᠶᠠᠷᠤᠯᠲᠠ ᠪᠠ ᠦᠶᠯᠡᠴᠢᠯᠡᠭᠡᠨ ᠤ ᠴᠢᠳᠠᠪᠤᠷᠢ ᠲᠠᠰᠤᠷᠠᠯᠲᠠ ᠦᠭᠡᠢ ᠴᠢᠩᠭᠠᠷᠠᠨ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠷᠬᠡ ᠲᠡᠭᠰᠢ ᠲᠥᠪ ᠭᠤᠤᠯᠴᠢ ᠶᠢ ᠬᠠᠮᠠᠭᠠᠯᠠᠬᠤ᠂ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠳᠤ ᠴᠢᠬᠤᠯᠠ ᠦᠶᠯᠡᠳᠦᠯ ᠦᠵᠡᠭᠦᠯᠪᠡ᠃ | ᠣᠯᠠᠨ ᠵᠢᠯ ᠤᠨ ᠲᠤᠷᠰᠢ᠂ ᠮᠠᠨ ᠤ ᠣᠷᠣᠨ ᠨᠡᠶᠢᠭᠡᠮ ᠤᠨ ᠳᠠᠭᠠᠳᠬᠠᠯ ᠤᠨ ᠰᠢᠰᠲ᠋ᠧᠮᠵᠢ ᠶᠢᠨ ᠪᠠᠶᠢᠭᠤᠯᠤᠯᠲᠠ | ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠᠷ ᠳᠠᠮᠵᠢᠭᠤᠯᠤᠨ᠂ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ | ᠢᠶᠠᠷ ᠳᠡᠭᠡᠭᠰᠢᠯᠡᠭᠦᠯᠪᠡ᠃ 2019 ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠵᠤ | ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 606.3 | ᠲᠦᠮᠡ ᠳᠤ ᠬᠦᠷᠴᠦ᠂ 1986 ᠣᠨ ᠳᠤ ᠳᠦᠷᠢᠮ ᠢ ᠠᠩᠬ᠎ᠠ ᠪᠠᠶᠢᠭᠤᠯᠤᠭᠰᠠᠨ ᠦᠶ᠎ᠡ ᠶᠢᠨ 2.6 ᠲᠦᠮᠡᠨ ᠬᠥᠮᠦᠨ | ᠤ 233.2 ᠳᠠᠬᠢᠨ ᠪᠣᠯᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ | ᠣᠷᠣᠯᠴᠠᠭᠰᠠᠨ ᠬᠥᠮᠦᠨ ᠤ ᠲᠤᠭ᠎ᠠ 755.2 ᠲᠦᠮᠡ ᠪᠣᠯᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 98. | 4% ᠳᠤ ᠬᠦᠷᠴᠦ᠂ 2012 ᠣᠨ ᠳᠤ ᠳᠦᠷᠢᠮ ᠢ ᠪᠦᠷᠢᠨ ᠪᠦᠷᠬᠦᠭᠦᠯᠦᠭᠰᠡᠨ ᠠᠩᠬᠠᠨ ᠤ ᠦᠶ᠎ᠡ ᠶᠢᠨ ᠬᠢ ᠠᠴᠠ | 5.6 ᠵᠠᠭᠤᠨ ᠤ ᠴᠡᠭ ᠳᠡᠭᠡᠭᠰᠢᠯᠡᠪᠡ︔ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ | ᠶᠢᠨ ᠳᠠᠭᠠᠳᠬᠠᠯ ᠳᠤ 22811 ᠡᠷᠦᠬᠡ᠂ 139.8 ᠲᠦᠮᠡᠨ ᠬᠥᠮᠦᠨ ᠣᠷᠣᠯᠴᠠᠵᠤ᠂ ᠳᠠᠭᠠᠳᠬᠠᠯ ᠳᠤ | ᠣᠷᠣᠯᠴᠠᠭᠰᠠᠨ ᠨᠣᠷᠮ᠎ᠠ 100% ᠳᠤ ᠬᠦᠷᠪᠡ᠃ ᠡᠭᠦᠨ ᠤ ᠬᠠᠮᠲᠤ᠂ ᠬᠠᠷᠠᠭᠠᠯᠵᠠᠯ ᠤᠨ ᠬᠢᠷᠢ ᠲᠦᠪᠰᠢᠨ | ᠦᠷᠭᠦᠯᠵᠢᠯᠡᠨ ᠳᠡᠭᠡᠭᠰᠢᠯᠡᠪᠡ᠃ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠠᠷᠪᠠᠨ ᠲᠠᠪᠤᠨ ᠵᠢᠯ ᠳᠠᠷᠠᠭᠠᠯᠠᠨ ᠨᠡᠮᠡᠭᠳᠡᠭᠦᠯᠵᠦ᠂ ᠬᠥᠮᠥᠨ ᠳᠤᠮᠳᠠᠴᠢ | ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠢ 1986 ᠣᠨ ᠳᠤ ᠰᠠᠷ᠎ᠠ ᠪᠦᠷᠢ 32 | ᠲᠥᠭᠦᠷᠢᠭ ᠪᠠᠶᠢᠭᠰᠠᠨ ᠠᠴᠠ ᠨᠢ 2019 ᠣᠨ ᠳᠤ ᠰᠠᠷ᠎ᠠ ᠪᠦᠷᠢ 2613 ᠲᠥᠭᠦᠷᠢᠭ ᠪᠣᠯᠭᠠᠨ | ᠳᠡᠭᠡᠭᠰᠢᠯᠡᠭᠦᠯᠪᠡ᠃ | ᠣᠯᠠᠨ ᠵᠢᠯ ᠤᠨ ᠲᠤᠷᠰᠢ᠂ ᠮᠠᠨ ᠤ ᠣᠷᠣᠨ ᠪᠥᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠰᠢᠰᠲ᠋ᠧᠮᠵᠢ ᠶᠢ ᠪᠦᠷᠢᠨᠰᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ | ᠱᠠᠭᠠᠷᠳᠠᠯᠭ᠎ᠠ ᠶᠢ ᠴᠢᠷᠮᠠᠶᠢᠨ ᠬᠠᠩᠭᠠᠪᠠ᠃ 1999 ᠣᠨ ᠳᠤ ᠪᠦᠬᠦ ᠣᠷᠣᠨ ᠤ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠥᠷᠨᠢᠭᠦᠯᠦᠭᠰᠡᠨ | ᠠᠴᠠ ᠡᠬᠢᠯᠡᠨ᠂ 20 ᠵᠢᠯ ᠤᠨ ᠦᠶᠯᠡᠳᠦᠯᠭᠡ ᠶᠢᠨ ᠰᠦᠪᠡᠭᠴᠢᠯᠡᠯᠲᠡ ᠪᠠᠷ ᠳᠠᠮᠵᠢᠭᠠᠳ᠂ ᠡᠳᠦᠭᠡ ᠨᠢᠭᠡᠨᠲᠡ | ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠳᠦᠷᠢᠮ ᠢᠶᠠᠷ ᠭᠤᠤᠯ ᠴᠣᠭᠴᠠ ᠪᠣᠯᠭᠠᠵᠤ᠂ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ᠂ | ᠬᠦᠨᠳᠦ ᠡᠪᠡᠳᠴᠢᠨ ᠤ ᠳᠠᠭᠠᠳᠬᠠᠯ᠂ ᠠᠵᠤ ᠠᠬᠤᠶᠢᠯᠠᠯ ᠤᠨ ᠨᠥᠬᠦᠪᠥᠷᠢ ᠡᠮ ᠡᠮᠨᠡᠯᠭᠡ ᠶᠢᠨ ᠳᠠᠭᠠᠳᠬᠠᠯ᠂ ᠡᠮ | ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠵᠡᠷᠭᠡ ᠪᠠᠷ ᠨᠥᠬᠦᠪᠥᠷᠢ ᠪᠣᠯᠭᠠᠭᠰᠠᠨ ᠣᠯᠠᠨ ᠳᠡᠰ ᠳᠠᠪᠬᠤᠷᠭ᠎ᠠ ᠶᠢᠨ | ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠦᠬᠦ ᠣᠷᠣᠨ ᠢ ᠬᠠᠮᠤᠷᠤᠭᠰᠠᠨ ᠪᠦᠬᠦ ᠠᠷᠠᠳ | ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠤᠢ ᠪᠣᠯᠭᠠᠪᠠ᠃ | 2019 ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 2167 ᠲᠦᠮᠡ ᠳᠤ ᠬᠦᠷᠴᠦ᠂ ᠪᠠᠲᠤᠯᠠᠪᠠᠰᠤ ᠵᠣᠬᠢᠬᠤ | ᠪᠦᠬᠦᠨ ᠢ ᠪᠠᠲᠤᠯᠠᠬᠤ ᠶᠢ ᠦᠨᠳᠦᠰᠦᠨ ᠳᠤ ᠪᠠᠨ ᠪᠡᠶᠡᠯᠡᠭᠦᠯᠪᠡ᠃ | ᠣᠯᠠᠨ ᠵᠢᠯ ᠤᠨ ᠲᠤᠷᠰᠢ᠂ ᠮᠠᠨ ᠤ ᠣᠷᠣᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠵᠠᠭᠠᠷ ᠱᠤᠭᠤᠮ ᠢ ᠰᠠᠶᠢᠲᠤᠷ | ᠪᠠᠲᠤᠯᠠᠪᠠ᠃ 1997 ᠣᠨ ᠳᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ | ᠪᠠᠶᠢᠭᠤᠯᠤᠨ ᠬᠡᠷᠡᠭᠵᠢᠭᠦᠯᠦᠭᠰᠡᠨ ᠠᠴᠠ ᠡᠬᠢᠯᠡᠨ᠂ ᠮᠠᠨ ᠤ ᠣᠷᠣᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ | ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠣᠯᠠᠨ ᠵᠢᠯ ᠤᠨ ᠴᠢᠷᠮᠠᠶᠢᠯᠭ᠎ᠠ ᠪᠠᠷ | ᠳᠠᠮᠵᠢᠭᠠᠳ᠂ ᠣᠳᠣᠬᠠᠨ ᠳᠤ ᠪᠦᠬᠦ ᠣᠷᠣᠨ ᠳᠤ ᠨᠢᠭᠡᠨᠲᠡ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ | ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠭᠠᠮᠰᠢᠭᠳᠠᠭᠰᠠᠨ ᠬᠥᠮᠦᠰ ᠢ ᠠᠪᠤᠷᠠᠨ ᠲᠤᠰᠠᠯᠠᠬᠤ᠂ ᠡᠮ | ᠡᠮᠨᠡᠯᠭᠡ ᠪᠠᠷ ᠠᠪᠤᠷᠠᠨ ᠲᠤᠰᠠᠯᠠᠬᠤ᠂ ᠰᠤᠷᠭᠠᠨ ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠬᠤ᠂ ᠣᠷᠣᠨ ᠰᠠᠭᠤᠴᠠ ᠪᠠᠷ | ᠲᠡᠩᠬᠡᠷᠡᠭᠦᠯᠦᠨ ᠲᠤᠰᠠᠯᠠᠬᠤ᠂ ᠠᠵᠢᠯ ᠣᠯᠭᠤᠯᠲᠠ ᠶᠢᠨ ᠠᠪᠤᠷᠠᠨ ᠲᠤᠰᠠᠯᠠᠬᠤ᠂ ᠲᠦᠷ ᠴᠠᠭ ᠲᠡᠩᠬᠡᠷᠡᠭᠦᠯᠦᠨ | ᠲᠤᠰᠠᠯᠠᠬᠤ ᠪᠠ ᠨᠡᠶᠢᠭᠡᠮ ᠤᠨ ᠬᠦᠴᠦᠨ ᠣᠷᠣᠯᠴᠠᠬᠤ ᠪᠠᠷ ᠭᠤᠤᠯ ᠠᠭᠤᠯᠭ᠎ᠠ ᠪᠣᠯᠭᠠᠭᠰᠠᠨ 《 8 + 1 》 | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠵᠤ᠂ ᠠᠪᠤᠷᠠᠨ ᠲᠤᠰᠠᠯᠠᠬᠤ ᠪᠠᠷᠢᠮᠵᠢᠶ᠎ᠠ ᠲᠠᠰᠤᠷᠠᠯᠲᠠ | ᠦᠭᠡᠢ ᠳᠡᠭᠡᠭᠰᠢᠯᠡᠨ᠂ ᠰᠢᠨᠵᠢᠯᠡᠬᠦ ᠤᠬᠠᠭᠠᠨᠴᠢᠯᠠᠭᠰᠠᠨ᠂ ᠵᠢᠷᠤᠮᠵᠢᠭᠤᠯᠤᠭᠰᠠᠨ ᠬᠢᠷᠢ ᠲᠦᠪᠰᠢᠨ ᠡᠳᠦᠷ ᠢᠷᠡᠬᠦᠶ᠎ᠡ | ᠳᠡᠭᠡᠭᠰᠢᠯᠡᠵᠦ᠂ ᠤᠯᠠᠮᠵᠢᠯᠠᠯᠲᠤ ᠨᠡᠶᠢᠭᠡᠮ ᠤᠨ ᠠᠪᠤᠷᠠᠨ ᠲᠤᠰᠠᠯᠠᠬᠤ ᠠᠴᠠ ᠣᠳᠣ ᠦᠶ᠎ᠡ ᠶᠢᠨ ᠨᠡᠶᠢᠭᠡᠮ ᠤᠨ ᠠᠪᠤᠷᠠᠨ | ᠲᠤᠰᠠᠯᠠᠬᠤ ᠲᠡᠰᠢ ᠲᠡᠦᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠪᠡ᠃ | ᠣᠯᠠᠨ ᠵᠢᠯ ᠤᠨ ᠲᠤᠷᠰᠢ᠂ ᠮᠠᠨ ᠤ ᠣᠷᠣᠨ ᠨᠡᠶᠢᠭᠡᠮ ᠤᠨ ᠠᠰᠠᠷᠠᠮᠵᠢ ᠶᠢᠨ ᠬᠥᠭᠵᠢᠯᠲᠡ ᠶᠢ ᠲᠦᠷᠭᠡᠳᠬᠡᠵᠦ᠂ | ᠠᠷᠠᠳ ᠲᠦᠮᠡᠨ ᠤ ᠰᠠᠶᠢᠨ ᠰᠠᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠪᠠ᠃ 80 ᠨᠠᠰᠤᠨ | ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ | 100 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠨᠡᠮᠡᠭᠦᠷᠢ ᠶᠢ ᠬᠥᠮᠦᠨ ᠨᠢᠭᠡᠪᠦᠷᠢ ᠰᠠᠷ᠎ᠠ ᠳᠤ 300 | ᠲᠥᠭᠦᠷᠢᠭ ᠪᠠᠶᠢᠭᠰᠠᠨ ᠠᠴᠠ ᠨᠢ 600 ᠲᠥᠭᠦᠷᠢᠭ ᠪᠣᠯᠭᠠᠨ ᠳᠡᠭᠡᠭᠰᠢᠯᠡᠭᠦᠯᠪᠡ︔ ᠥᠨᠥᠴᠢᠨ ᠵᠡᠮᠳᠡᠭ ᠬᠡᠦᠬᠡᠳ ᠤᠨ | ᠦᠨᠳᠦᠰᠦᠨ ᠠᠮᠢᠳᠤᠷᠠᠯ ᠤᠨ ᠰᠤᠪᠢᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠠᠪᠤᠳᠠᠯ ᠢ ᠠᠷᠠᠳ | ᠤᠨ ᠠᠮᠢᠳᠤᠷᠠᠯ ᠤᠨ ᠵᠢᠷᠭᠤᠭᠠᠨ ᠵᠦᠶᠯ ᠤᠨ ᠭᠦᠶᠴᠡᠳᠬᠡᠯ ᠲᠤᠭ᠎ᠠ ᠳᠤ ᠣᠷᠣᠭᠤᠯᠵᠤ᠂ 2010 ᠣᠨ ᠠᠴᠠ | ᠨᠠᠭᠠᠰᠢ ᠥᠨᠥᠴᠢᠨ ᠬᠡᠦᠬᠡᠳ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠ ᠲᠠᠷᠠᠬᠠᠶ ᠪᠠᠷ ᠠᠰᠠᠷᠠᠨ ᠲᠡᠵᠢᠭᠡᠬᠦ | ᠪᠠᠷᠢᠮᠵᠢᠶ᠎ᠠ ᠶᠢ ᠤᠷᠢᠳ ᠬᠤᠵᠢᠳ 6 ᠤᠳᠠᠭ᠎ᠠ ᠳᠡᠭᠡᠭᠰᠢᠯᠡᠭᠦᠯᠪᠡ︔ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ | ᠤᠨ ᠨᠥᠬᠦᠪᠥᠷᠢ ᠪᠣᠯᠤᠨ ᠵᠡᠮᠳᠡᠭ ᠬᠥᠮᠦᠨ ᠢ ᠠᠰᠠᠷᠠᠨ ᠰᠤᠪᠢᠯᠠᠬᠤ ᠨᠥᠬᠦᠪᠥᠷᠢ ᠶᠢᠨ ᠳᠦᠷᠢᠮ ᠢ ᠲᠡᠭᠦᠯᠳᠡᠷᠵᠢᠭᠦᠯᠵᠦ᠂ | ᠵᠢᠯ ᠪᠦᠷᠢ ᠳᠤᠮᠳᠠᠴᠢ ᠪᠠᠷ 50 ᠲᠦᠮᠡ ᠰᠢᠬᠠᠮ ᠬᠦᠴᠢᠷᠳᠡᠯᠲᠡᠶ ᠵᠡᠮᠳᠡᠭᠴᠦᠳ ᠪᠣᠯᠤᠨ ᠵᠡᠮᠳᠡᠭ ᠬᠥᠮᠦᠨ ᠳᠤ ᠠᠰᠢᠭ | ᠬᠦᠷᠲᠡᠭᠡᠪᠡ᠃ |