ᠥᠪᠥᠷ ᠮᠣᠩᠭᠤᠯ ᠲᠦᠷᠭᠡᠨ ᠢᠯᠡᠭᠡᠯᠲᠡ ᠶᠢᠨ ᠲᠡᠭᠦᠰᠬᠡᠯ ᠤᠨ ᠦᠶᠯᠡᠴᠢᠯᠡᠭᠡᠨ ᠤ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠭᠰᠠᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2019/9/23
     ᠲᠦᠷᠭᠡᠨ ᠢᠯᠡᠭᠡᠯᠲᠡ ᠶᠢᠨ ᠲᠡᠭᠦᠰᠬᠡᠯ ᠤᠨ ᠦᠶᠯᠡᠴᠢᠯᠡᠭᠡᠨ ᠤ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠬᠤ ᠦᠵᠡᠭᠳᠡᠯ ᠢ ᠤᠯᠠᠮ ᠨᠢᠭᠡ ᠠᠯᠬᠤᠮ ᠬᠤᠷᠢᠭᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠮᠠᠨ ᠤ ᠣᠷᠣᠨ ᠤ ᠲᠦᠷᠭᠡᠨ ᠢᠯᠡᠭᠡᠯᠲᠡ ᠶᠢᠨ ᠲᠡᠭᠦᠰᠬᠡᠯ ᠤᠨ ᠲᠣᠤᠷ ᠴᠢᠭ ᠤᠨ ᠦᠶᠯᠡᠴᠢᠯᠡᠭᠡᠨ ᠢ ᠠᠯᠬᠤᠮ ᠠᠯᠬᠤᠮ ᠢᠶᠠᠷ ᠵᠢᠷᠤᠮᠵᠢᠭᠤᠯᠬᠤ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠦᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠲᠦᠷᠭᠡᠨ ᠢᠯᠡᠭᠡᠯᠲᠡ ᠶᠢᠨ ᠲᠡᠭᠦᠰᠬᠡᠯ ᠤᠨ ᠦᠶᠯᠡᠴᠢᠯᠡᠭᠡᠨ ᠤ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠵᠠᠷᠯᠠᠯ︾᠎ ᠢ ᠳᠠᠷᠤᠮᠠᠯᠯᠠᠨ ᠲᠠᠷᠬᠠᠭᠠᠪᠠ᠃      ︽ᠵᠠᠷᠯᠠᠯ︾᠎ ᠳᠤ᠂ ᠪᠦᠬᠦ ᠣᠷᠣᠨ ᠤ ᠰᠢᠦᠳᠠᠨ ᠤ ᠲᠦᠷᠭᠡᠨ ᠢᠯᠡᠭᠡᠯᠲᠡ ᠶᠢᠨ ᠠᠵᠤ ᠠᠬᠤᠶᠢᠯᠠᠯ᠂ ᠰᠠᠯᠪᠤᠷᠢ ᠪᠠᠶᠢᠭᠤᠯᠤᠮᠵᠢ ᠪᠣᠯᠤᠨ ᠲᠡᠭᠦᠰᠬᠡᠯ ᠤᠨ ᠲᠣᠤᠷ ᠴᠢᠭ ᠤᠳ ᠬᠤᠷᠢᠭ᠎ᠠ ᠱᠤᠭᠤᠮ ᠢ ᠴᠢᠩᠭ᠎ᠠ ᠰᠠᠬᠢᠵᠤ᠂ ︽ᠪᠠᠶᠢᠷᠢᠯᠠᠭᠤᠯᠬᠤ ᠨᠢ ᠶᠡᠷᠦᠩᠬᠡᠶ ᠬᠡᠯᠲᠡᠰ᠂ ᠥᠪᠡᠷ ᠢ ᠪᠠᠨ ᠪᠠᠶᠢᠴᠠᠭᠠᠬᠤ ᠨᠢ ᠪᠦᠬᠦ ᠲᠣᠤᠷ ᠰᠦᠯᠵᠢᠶ᠎ᠡ᠂ ᠠᠰᠠᠭᠤᠳᠠᠯ ᠎ ᠨᠢ ᠲᠡᠭᠦᠰᠬᠡᠯ ᠦᠵᠦᠭᠦᠷ ᠲᠤ ᠪᠠᠶᠢᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠵᠦ᠂ ᠲᠦᠷᠭᠡᠨ ᠢᠯᠡᠭᠡᠯᠲᠡ ᠶᠢᠨ ᠲᠡᠭᠦᠰᠬᠡᠯ ᠤᠨ ᠦᠶᠯᠡᠴᠢᠯᠡᠭᠡᠨ ᠤ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠬᠤ ᠦᠢᠯᠡ ᠠᠵᠢᠯᠯᠠᠭ᠎ᠠ ᠶᠢ ᠤᠭᠲᠤ ᠠᠭᠤᠴᠢᠯᠠᠬᠤ ᠦᠭᠡᠢ ᠣᠪᠣᠷ ᠢᠶᠠᠷ ᠲᠣᠶᠢᠯᠪᠤᠷᠢᠲᠠᠢ ᠴᠡᠭᠴᠡᠯᠡᠨ ᠵᠠᠰᠠᠵᠤ᠂ ᠦᠶᠯᠡᠴᠢᠯᠡᠭᠡᠨ ᠤ ᠪᠠᠷᠢᠮᠵᠢᠶ᠎ᠠ ᠪᠠᠨ ᠵᠢᠷᠤᠮᠯᠠᠨ᠂ ᠦᠶᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠣᠯᠠᠨ ᠲᠦᠮᠡᠨ ᠤ ᠰᠢᠦᠳᠠᠨ ᠬᠡᠷᠡᠭᠯᠡᠬᠦ ᠬᠦᠷᠲᠡᠮᠵᠢ ᠶᠢᠨ ᠲᠥᠷᠥᠭᠳᠡᠯ ᠪᠣᠯᠤᠨ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠶ ᠭᠡᠵᠦ ᠲᠣᠳᠣᠷᠬᠠᠶ ᠵᠢᠭᠠᠵᠤ ᠭᠠᠷᠭᠠᠪᠠ᠃      ᠲᠦᠷᠭᠡᠨ ᠢᠯᠡᠭᠡᠯᠲᠡ ᠶᠢᠨ ᠲᠡᠭᠦᠰᠬᠡᠯ ᠤᠨ ᠦᠢᠯᠡᠴᠢᠯᠡᠭᠡᠨ ᠤ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠬᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠤ ᠰᠢᠦᠳᠠᠨ ᠎ ᠤ ᠬᠠᠮᠢᠶᠠᠷᠤᠯᠲᠠ ᠶᠢᠨ ᠰᠠᠯᠠᠭ᠎ᠠ ᠮᠥᠴᠢᠷ 12305 ᠭᠤᠮᠣᠳᠠᠯ ᠲᠣᠭᠠᠴᠢᠬᠤ ᠳ᠋ᠢᠶᠠᠩᠬᠤᠸᠠ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠲᠦᠷᠭᠡᠨ ᠢᠯᠡᠭᠡᠯᠲᠡ ᠶᠢᠨ ᠲᠡᠭᠦᠰᠬᠡᠯ ᠤᠨ ᠦᠢᠯᠡᠴᠢᠯᠡᠭᠡᠨ ᠤ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠬᠤ ᠠᠰᠠᠭᠤᠳᠠᠯ ᠤᠨ ᠰᠦᠪᠡᠭᠴᠢ ᠶᠢ 32 ᠢᠯᠡᠷᠡᠭᠦᠯᠵᠦ᠂ 1012 ᠲᠣᠣᠷ ᠴᠢᠭ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠵᠦ ᠪᠠᠶᠢᠬᠤ ᠶᠢ ᠣᠯᠵᠤ ᠮᠡᠳᠡᠪᠡ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠢᠯᠡᠳᠬᠡᠭᠰᠡᠨ ᠎ ᠨᠢ᠂ ︽ᠲᠦᠷᠭᠡᠨ ᠢᠯᠡᠭᠡᠯᠲᠡ ᠶᠢᠨ ᠲᠦᠷ ᠬᠡᠷᠡᠭᠵᠢᠭᠦᠯᠬᠦ ᠳᠦᠷᠢᠮ︾᠂ ︽ᠲᠦᠷᠭᠡᠨ ᠢᠯᠡᠭᠡᠯᠲᠡ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ︾᠂ ︽ᠲᠦᠷᠭᠡᠨ ᠢᠯᠡᠭᠡᠯᠲᠡ ᠶᠢᠨ ᠦᠶᠯᠡᠴᠢᠯᠡᠭᠡᠨ ᠤ ᠪᠠᠷᠢᠮᠵᠢᠶ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠠᠶᠢᠳᠠᠯ ᠢ ᠣᠶᠢᠯᠭᠠᠨ ᠵᠢᠭᠰᠠᠭᠠᠵᠤ ᠪᠠᠶᠢᠴᠠᠭᠠᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠳᠤᠮᠳᠠ ᠣᠯᠵᠤ ᠮᠡᠳᠡᠭᠰᠡᠨ ᠠᠵᠤ ᠠᠬᠤᠶᠢᠯᠠᠯ ᠤᠨ ᠲᠣᠭᠲᠠᠭᠠᠯ ᠎ ᠠᠴᠠ ᠵᠥᠷᠢᠴᠡᠨ ᠰᠦᠶᠳᠬᠡᠯ ᠬᠤᠷᠢᠶᠠᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠶᠳᠪᠦᠷᠢᠯᠡᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠷᠡᠰ ᠴᠡᠭᠴᠡᠯᠡᠨ ᠰᠠᠶᠢᠵᠢᠷᠠᠭᠤᠯᠤᠨ᠎ᠠ︔ ᠣᠯᠠᠨ ᠲᠦᠮᠡᠨ ᠤ ᠭᠤᠮᠣᠳᠠᠯ ᠲᠣᠭᠠᠴᠢᠨ ᠲᠤᠰᠬᠠᠭᠰᠠᠨ ᠲᠣᠭᠲᠠᠭᠠᠯ ᠢ ᠵᠥᠷᠢᠴᠡᠨ ᠰᠦᠶᠳᠬᠡᠯ ᠬᠤᠷᠢᠶᠠᠭᠰᠠᠨ ᠦᠢᠯᠡ ᠠᠵᠢᠯᠯᠠᠭ᠎ᠠ ᠪᠣᠯᠣᠨ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤ ᠨᠢ ᠪᠠᠶᠢᠴᠠᠭᠠᠨ ᠰᠢᠶᠳᠪᠦᠷᠢᠯᠡᠨ᠎ᠡ︔ ᠭᠤᠣᠯ ᠴᠣᠭᠴᠠ ᠎ ᠶᠢᠨ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠭᠰᠡᠨ ᠦᠭᠡᠢ᠂ ᠲᠡᠭᠦᠰᠬᠡᠯ ᠤᠨ ᠦᠢᠯᠡᠴᠢᠯᠡᠭᠡᠨ ᠤ ᠲᠣᠣᠷ ᠴᠢᠭ ᠤᠨ ᠠᠰᠠᠭᠤᠳᠠᠯ ᠢᠶᠠᠨ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠤᠭᠰᠠᠨ ᠦᠭᠡᠢ ᠶᠡᠷᠦᠩᠬᠡᠢ ᠬᠡᠯᠲᠡᠰ ᠠᠵᠤ ᠠᠬᠤᠶᠢᠯᠠᠯ ᠯᠦᠭᠡ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠤᠣᠯᠳᠠᠯᠭ᠎ᠠ ᠲᠠᠢ ᠪᠣᠯᠵᠣᠨ ᠶᠠᠷᠢᠯᠴᠠᠨ᠎ᠠ︔ ᠠᠰᠠᠭᠤᠳᠠᠯ ᠨᠢ ᠬᠦᠨᠳᠦ ᠨᠣᠴᠢᠲᠠᠢ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠠᠵᠤ ᠠᠬᠤᠶᠢᠯᠠᠯ ᠵᠢᠴᠢ ᠲᠣᠣᠷ ᠴᠢᠭ ᠢ ᠬᠠᠮᠢᠶ᠎ᠠ ᠪᠦᠬᠦᠢ ᠬᠠᠤᠯᠢ ᠲᠣᠭᠲᠠᠭᠠᠯ ᠶᠣᠰᠤᠭᠠᠷ ᠴᠢᠩᠭ᠎ᠠ ᠰᠢᠳᠭᠡᠨ᠎ᠡ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号