ᠥᠪᠥᠷ ᠵᠠᠰᠠᠭ ᠠᠯᠪᠠᠨ ᠲᠠᠷᠬᠠᠭᠠᠭᠰᠠᠨ ﹇2019﹈ 19 ᠳ᠋ᠤᠭᠡᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠬᠡᠴᠢ ᠳᠤ᠄ | ︽ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠶᠢ ᠭᠦᠨᠵᠡᠬᠡᠢ ᠦᠷᠨᠢᠬᠦᠯᠵᠦ ᠶᠠᠳᠠᠭᠤ ᠠᠴᠠ ᠠᠩᠭᠢᠵᠢᠷᠠᠭᠤᠯᠬᠤ | ᠰᠢᠪᠳᠤᠯᠤᠯᠳᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠭᠦᠴᠦᠨ ᠨᠡᠮᠡᠷᠢᠯᠡᠬᠦ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇ | 2018﹈ 129 ᠳ᠋ᠤᠬᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠠᠨ ᠤ | ᠣᠷᠣᠨ ᠤ ᠨᠡᠶᠢᠬᠡᠮ ᠤᠨ ᠡᠯ᠎ᠡ ᠡᠲᠡᠭᠡᠳ ᠢ ᠳᠠᠶᠢᠴᠢᠯᠠᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠬᠦᠨ ᠪᠠ | ᠦᠢᠯᠡᠴᠢᠯᠡᠬᠡᠨ ᠤ ᠬᠡᠷᠡᠭᠯᠡᠬᠡᠨ ᠢ ᠥᠷᠭᠡᠳᠬᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠤᠪᠢ ᠶᠢᠨ | ᠴᠢᠷᠮᠠᠶᠢᠯᠭ᠎ᠠ ᠳᠤ ᠪᠠᠨ ᠲᠦᠰᠢᠭᠯᠡᠨ ᠶᠠᠳᠠᠭᠤ ᠠᠴᠠ ᠠᠩᠬᠢᠵᠢᠷᠠᠨ ᠪᠠᠶᠠᠵᠢᠨ ᠴᠢᠨᠡᠬᠡᠯᠢᠭᠵᠢᠬᠦ ᠢᠳᠡᠪᠬᠢᠵᠢᠯ ᠢ ᠲᠠᠶᠢᠴᠢᠯᠠᠨ᠂ | ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠶᠠᠳᠠᠭᠤ | ᠬᠦᠴᠢᠷᠳᠡᠯᠲᠡᠶ ᠭᠠᠵᠠᠷ ᠣᠷᠣᠨ ᠤ ᠠᠵᠤ ᠦᠢᠯᠡᠰ ᠤᠨ ᠦᠷᠭᠦᠯᠵᠢᠯᠡᠨ ᠭᠦᠭᠵᠢᠬᠦ ᠶᠢ ᠠᠬᠢᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ | ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ | ᠪᠠᠶᠢᠷᠢᠰᠢᠭᠤᠯᠤᠯᠲᠠ ᠶᠢ ᠨᠢᠬᠡᠳᠦᠯᠳᠡᠢ ᠲᠥᠯᠥᠪᠵᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢᠨ ᠲᠤᠭᠤᠷᠢᠨ ᠳᠤ ᠴᠢᠩᠭ᠎ᠠ | ᠨᠢᠬᠳᠠᠷᠠᠵᠦ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠨᠠᠶᠢᠳᠠᠪᠤᠷᠢᠵᠢᠭᠤᠯᠤᠨ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ | ᠬᠤᠷᠢᠶᠠᠨ ᠤ ᠰᠶᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠶᠣᠰᠣᠭᠠᠷ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠠᠷᠢᠮᠲᠠᠯᠠᠨ᠂ ᠲᠦᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠵᠦ ᠲᠦᠢᠯ ᠤᠨ | ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠶᠠᠳᠠᠭᠤ ᠬᠦᠴᠢᠷᠳᠡᠯᠲᠡᠶ | ᠭᠠᠵᠠᠷ ᠣᠷᠣᠨ ᠤ ᠠᠯᠤᠰ ᠬᠡᠲᠦ ᠶᠢᠨ ᠬᠥᠭᠵᠢᠯᠲᠡ ᠶᠢ ᠠᠬᠢᠭᠤᠯᠬᠤ ᠲᠤᠭᠤᠷᠢᠨ ᠳᠤ᠂ ᠵᠠᠰᠠᠭ ᠤᠨ ᠣᠷᠳᠣᠨ | ᠬᠥᠲᠥᠯᠥᠨ ᠵᠢᠯᠣᠭᠤᠳᠬᠤ᠂ ᠨᠡᠶᠢᠭᠡᠮ ᠤᠨ ᠬᠢᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ | ᠲᠣᠭᠲᠠᠴᠠ ᠳᠤ ᠰᠢᠨ᠎ᠡ ᠶᠢ ᠡᠭᠦᠳᠬᠦ ᠶᠢ ᠪᠠᠷᠢᠮᠳᠠᠯᠠᠨ᠂ ᠪᠥᠬᠦ ᠨᠡᠶᠢᠭᠡᠮ ᠤᠨ ᠬᠢᠨ ᠤ ᠬᠡᠷᠡᠭᠯᠡᠬᠡᠨ ᠢᠶᠠᠷ ᠶᠠᠳᠠᠭᠤ ᠶᠢ | ᠲᠡᠳᠬᠦᠬᠦ ᠳᠤ ᠣᠷᠣᠯᠴᠠᠬᠤ ᠢᠳᠡᠪᠬᠢᠵᠢᠯ ᠢ ᠬᠦᠴᠦᠯᠡᠨ ᠬᠥᠭᠵᠢᠭᠡᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠤᠷᠤᠯᠠᠭᠤᠯᠬᠤ ᠠᠷᠭ᠎ᠠ ᠵᠠᠮ ᠢ ᠬᠦᠴᠦᠯᠡᠨ | ᠦᠷᠬᠡᠳᠬᠡᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠬᠠᠩᠭᠠᠯᠭ᠎ᠠ ᠶᠢᠨ ᠲᠦᠪᠰᠢᠨ ᠪᠠ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠶᠠᠳᠠᠭᠤ | ᠬᠦᠴᠢᠷᠳᠡᠯᠲᠡᠶ ᠭᠠᠵᠠᠷ ᠣᠷᠣᠨ ᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ | ᠲᠦᠷᠬᠡᠨ ᠭᠦᠭᠵᠢᠯᠳᠡ ᠶᠢ ᠬᠦᠴᠦᠯᠡᠨ ᠠᠬᠢᠭᠤᠯᠵᠤ᠂ ᠦᠢᠯᠡᠳᠪᠦᠷᠢᠯᠡᠯ᠂ ᠭᠦᠢᠯᠬᠡᠬᠡ᠂ ᠬᠡᠷᠡᠭᠯᠡᠭᠡ ᠶᠢᠨ ᠡᠯ᠎ᠡ | ᠭᠤᠭᠴᠣᠭᠠᠨ ᠳᠤ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠶᠢ ᠭᠦᠯᠢᠶᠡᠰᠦᠯᠡᠵᠦ ᠪᠠᠶᠢᠭ᠎ᠠ ᠡᠮᠵᠡᠭᠳᠡᠢ ᠲᠠᠯ᠎ᠠ᠂ | ᠬᠦᠴᠢᠷᠲᠡᠢ ᠠᠰᠠᠭᠤᠳᠠᠯ᠂ ᠲᠦᠪᠡᠭᠲᠡᠢ ᠵᠦᠢᠯ ᠢ ᠨᠡᠪᠲᠡᠷᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠦᠢᠯᠡᠳᠭᠦᠨ ᠪᠠ ᠦᠢᠯᠡᠴᠢᠯᠡᠭᠡ ᠶᠢ ᠪᠦᠬᠦ ᠤᠯᠤᠰ ᠤᠨ ᠵᠠᠬ᠎ᠠ ᠳᠡᠯᠭᠡᠭᠦᠷ ᠲᠠᠢ ᠠᠭᠤᠰᠤᠯᠴᠠᠭᠤᠯᠬᠤ ᠶᠢ ᠠᠬᠢᠭᠤᠯᠤᠨ᠎ᠠ᠃ | 2020 ᠣᠨ ᠪᠣᠯᠲᠠᠯ᠎ᠠ᠂ ᠪᠥᠬᠦ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ︵ᠬᠤᠲᠠ᠂ ᠲᠣᠭᠤᠷᠢᠭ︶ | ᠢᠯᠠᠩᠭᠤᠶ᠎ᠠ ᠲᠤᠩ ᠶᠠᠳᠠᠭᠤ ᠬᠦᠴᠢᠷᠳᠡᠯᠲᠡᠶ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠲᠤᠩ ᠶᠠᠳᠠᠭᠤ | ᠬᠦᠴᠢᠷᠳᠡᠯᠲᠡᠶ ᠭᠠᠴᠠᠭ᠎ᠠ ᠲᠣᠰᠬᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠠᠭᠠᠨ ᠤ | ᠭᠦᠢᠯᠬᠡᠬᠡᠨ ᠤ ᠦᠢᠯᠡᠴᠢᠯᠡᠬᠡᠨ ᠤ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠵᠤ᠂ ᠶᠠᠳᠠᠭᠤ ᠬᠦᠴᠢᠷᠳᠡᠯᠲᠡᠶ | ᠭᠠᠵᠠᠷ ᠣᠷᠣᠨ ᠤ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠬᠡᠨ ᠤ ᠬᠢᠷᠢ ᠬᠡᠮᠵᠢᠶ᠎ᠡ ᠶᠢ ᠢᠯᠡᠳᠲᠡ | ᠰᠠᠶᠢᠵᠢᠷᠠᠭᠤᠯᠤᠨ᠂ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠶᠢᠨ ᠪᠠᠳᠤᠯᠠᠨ ᠲᠤᠯᠭᠠᠭᠤᠷᠢᠯᠠᠬᠤ ᠴᠢᠳᠠᠪᠤᠷᠢ ᠶᠢ | ᠮᠡᠳᠡᠭᠳᠡᠭᠦ᠋ᠢᠴᠡ ᠳᠡᠭᠡᠭᠰᠢᠯᠡᠭᠦᠯᠦᠨ᠎ᠡ︔ ᠶᠠᠳᠠᠭᠤ ᠬᠦᠴᠢᠷᠳᠡᠯᠲᠡᠶ ᠭᠠᠵᠠᠷ ᠣᠷᠣᠨ ᠢ ᠦᠷᠭᠦᠯᠵᠢᠯᠡᠨ ᠭᠦᠭᠵᠢᠬᠦᠯᠵᠦ᠂ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠦᠨ᠂ ᠶᠠᠳᠠᠭᠤ ᠠᠴᠠ | ᠠᠩᠭᠢᠵᠢᠷᠠᠭᠤᠯᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠬᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠬᠦᠯᠦᠯᠳᠠ ᠶᠢ ᠠᠬᠢᠭᠤᠯᠬᠤ ᠳᠤ | ᠬᠤᠪᠢ ᠨᠡᠮᠡᠷᠢ ᠦᠵᠡᠭᠦᠯᠦᠨ᠎ᠡ᠃ | ᠬᠤᠶᠠᠷ᠂ ᠭᠤᠤᠯᠳᠠᠯᠭ᠎ᠠ ᠲᠠᠢ ᠡᠭᠦᠷᠭᠡ | ︵ᠨᠢᠭᠡ︶ ᠨᠡᠶᠢᠬᠡᠮ ᠤᠨ ᠬᠤᠳᠠᠯᠳᠤᠨ ᠠᠪᠬᠤ ᠠᠵᠢᠯᠯᠠᠭ᠎ᠠ ᠶᠢ ᠥᠷᠭᠡᠨ ᠢᠶᠠᠷ ᠦᠷᠨᠢᠬᠦᠯᠦᠨ᠎ᠠ | 1. ᠡᠯ᠎ᠡ ᠱᠠᠲᠤᠨ ᠤ ᠪᠠᠶᠢᠭᠤᠯᠭ᠎ᠠ ᠪᠣᠯᠤᠨ ᠤᠯᠤᠰ ᠤᠨ ᠦᠮᠴᠢᠯᠡᠯᠳᠦ ᠠᠵᠤ ᠠᠬᠤᠶᠢᠯᠠᠯ ᠠᠵᠢᠯ ᠦᠢᠯᠡᠰ ᠤᠨ | ᠨᠢᠬᠡᠴᠢ ᠵᠡᠷᠭᠡ ᠶᠢ ᠵᠣᠬᠢᠶᠠᠨ ᠪᠠᠶᠢᠭᠤᠯᠵᠦ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠳᠤ ᠲᠦᠷᠦᠭᠦᠯᠡᠨ | ᠤᠷᠤᠯᠴᠠᠭᠤᠯᠤᠨ᠎ᠠ᠃ ᠬᠠᠪᠰᠤᠷᠤᠨ ᠲᠡᠳᠬᠦᠬᠦ ᠶᠢ ᠭᠦᠷᠳᠡᠵᠦ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ | ᠨᠢ ᠲᠥᠪ ᠤᠨ ᠴᠡᠭ ᠲᠤᠨᠨᠳᠠᠭᠠᠨᠨᠰᠠᠨ ᠬᠠᠪᠰᠤᠷᠤᠨ ᠲᠡᠳᠬᠦᠬᠦ ᠨᠢᠬᠡᠴᠢ ᠯᠦᠭᠡ ᠢᠳᠡᠪᠬᠢᠲᠡᠢ ᠪᠥᠭᠡᠳ | ᠰᠠᠨᠠᠭᠠᠴᠢᠯᠠᠭ᠎ᠠ ᠠᠴᠠ ᠪᠠᠨ ᠵᠠᠯᠭᠠᠯᠳᠤᠭᠤᠯᠵᠦ᠂ ᠬᠠᠪᠰᠤᠷᠤᠨ ᠲᠡᠳᠬᠦᠬᠦ ᠨᠢᠬᠡᠴᠢ ᠶᠢᠨ ᠬᠡᠷᠡᠭᠯᠡᠭᠡᠨ ᠤ ᠰᠠᠨᠠᠮᠵᠢ ᠶᠢ | ᠤᠶᠢᠯᠠᠭᠠᠨ᠂ ᠬᠠᠪᠰᠤᠷᠤᠨ ᠲᠡᠳᠬᠦᠭᠦᠯᠬᠦ ᠡᠲᠡᠭᠡᠳ ᠢ ᠵᠣᠬᠢᠶᠠᠨ ᠪᠠᠶᠢᠭᠤᠯᠤᠨ ᠦᠢᠯᠡᠳᠪᠦᠷᠢᠯᠡᠯ ᠢ ᠨᠢ ᠬᠥᠭᠵᠢᠭᠦᠯᠵᠦ᠂ | ᠬᠠᠪᠰᠤᠷᠤᠨ ᠲᠡᠳᠬᠦᠬᠦ ᠨᠢᠬᠡᠴᠢ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠨᠳᠤᠯᠭᠠᠳᠤ ᠴᠢᠨᠠᠷ ᠲᠠᠢ ᠪᠠᠷ | ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠤᠤᠰᠯᠠᠯ ᠪᠤᠯᠵᠦ ᠬᠠᠪᠰᠤᠷᠤᠨ ᠲᠡᠳᠬᠦᠬᠦ | ᠨᠢᠬᠡᠴᠢ ᠨᠦᠭᠦᠳ ᠬᠠᠪᠰᠤᠷᠤᠨ ᠲᠡᠳᠬᠦᠭᠦᠯᠬᠦ ᠡᠲᠡᠭᠡᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠭᠦᠨᠵᠡᠭᠡᠶ | ᠣᠶᠢᠯᠠᠭᠠᠵᠤ᠂ ︽ᠬᠤᠳᠠᠯᠳᠤᠵᠦ ᠠᠪᠬᠤ ᠪᠠᠷ ᠬᠠᠪᠰᠤᠷᠬᠤ ᠶᠢ ᠣᠷᠣᠯᠠᠭᠤᠯᠬᠤ᠂ ᠬᠤᠳᠠᠯᠳᠤᠵᠦ ᠠᠪᠬᠤ ᠪᠠᠷ | ᠬᠠᠨᠳᠢᠪᠯᠠᠬᠤ ᠶᠢ ᠣᠷᠣᠯᠠᠭᠤᠯᠬᠤ︾ ᠠᠷᠭ᠎ᠠ ᠬᠡᠯᠪᠡᠷᠢ ᠶᠢ ᠠᠪᠴᠤ ᠪᠠᠶᠢᠭᠠᠳ᠂ ᠬᠠᠪᠰᠤᠷᠤᠨ ᠲᠡᠳᠬᠦᠭᠦᠯᠬᠦ | ᠡᠲᠡᠭᠡᠳ ᠯᠦᠭᠡ ᠦᠷᠭᠦᠯᠵᠢᠯᠡᠬᠦ᠋ᠢᠴᠡ ᠲᠤᠨᠨᠳᠠᠭᠤᠨ ᠪᠦᠭᠦᠢ ᠬᠤᠳᠠᠯᠳᠤᠨ ᠠᠪᠬᠤ ᠪᠠ ᠪᠣᠷᠣᠯᠠᠭᠤᠯᠬᠤ ᠲᠠᠯ᠎ᠠ ᠶᠢᠨ | ᠬᠠᠮᠳᠤᠷᠠᠯᠴᠠᠭᠠᠨ ᠤ ᠬᠠᠷᠢᠴᠠᠭ᠎ᠠ ᠪᠠᠶᠢᠭᠤᠯᠤᠨ᠎ᠠ᠃ ᠡᠯ᠎ᠡ ᠱᠠᠲᠤᠨ ᠤ ᠪᠠᠶᠢᠭᠤᠯᠭ᠎ᠠ᠂ ᠤᠯᠤᠰ ᠤᠨ ᠦᠮᠴᠢᠯᠡᠯᠳᠦ ᠠᠵᠤ | ᠠᠬᠤᠶᠢᠯᠠᠯ ᠠᠵᠢᠯ ᠦᠢᠯᠡᠰ ᠤᠨ ᠨᠢᠬᠡᠴᠢ᠂ ᠮᠥᠩᠭᠦᠨ ᠭᠦᠢᠯᠬᠡᠬᠡᠨ ᠤ ᠪᠠᠶᠢᠭᠤᠯᠤᠮᠵᠢ᠂ ᠶᠡᠭᠡ ᠲᠡᠬᠡᠳᠦ ᠰᠤᠷᠭᠠᠭᠤᠯᠢ᠂ | ᠬᠤᠲᠠ ᠶᠢᠨ ᠡᠮᠴᠢᠯᠡᠭᠡ ᠵᠢᠴᠢ ᠨᠠᠰᠤᠵᠢᠯ ᠤᠨ ᠦᠢᠯᠡᠴᠢᠯᠡᠬᠡᠨ ᠤ ᠪᠠᠶᠢᠭᠤᠯᠤᠮᠵᠢ᠂ ᠠᠵᠢᠯᠴᠢᠨ ᠤ ᠡᠪᠯᠡᠯ ᠵᠡᠷᠭᠡ ᠶᠢ | ᠵᠤᠷᠢᠨᠨᠵᠢᠭᠤᠯᠵᠦ ᠪᠠᠶᠢᠭᠠᠳ ᠲᠦᠷᠦᠭᠦᠯᠡᠨ ᠬᠢᠵᠦ ᠵᠢᠱᠢᠶ᠎ᠡ ᠦᠵᠡᠭᠦᠯᠬᠦ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ | ᠠᠳᠠᠯᠢ ᠨᠦᠭᠦᠴᠡᠯ ᠤᠨ ᠲᠤᠤᠷ᠎ᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠭᠦᠨ ᠢ ᠡᠩ ᠲᠡᠷᠢᠬᠦᠨ ᠳᠤ | ᠬᠤᠳᠠᠯᠳᠤᠨ ᠠᠪᠬᠤ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠴᠢᠯᠡᠬᠡᠨ ᠤ ᠠᠵᠢᠯᠲᠠᠨ ᠢ ᠤᠷᠢᠨ | ᠬᠡᠷᠡᠭᠯᠡᠵᠦ᠂ ᠺᠠᠳ᠋ᠷ ᠠᠵᠢᠯᠲᠠᠨ ᠠᠵᠢᠯᠴᠢᠨ ᠢ ᠭᠦᠳᠦᠯᠦᠨ ᠵᠢᠯᠤᠭᠤᠳᠴᠤ ᠪᠠᠶᠢᠭᠠᠳ ᠶᠠᠳᠠᠭᠤ ᠬᠦᠴᠢᠷᠳᠡᠯᠲᠡᠶ ᠭᠠᠵᠠᠷ | ᠣᠷᠣᠨ ᠤ ᠦᠢᠯᠡᠳᠬᠦᠨ ᠢ ᠰᠠᠶᠢᠨ ᠲᠤᠷ᠎ᠠ ᠠᠴᠠ ᠬᠤᠳᠠᠯᠳᠤᠨ ᠠᠪᠤᠭᠤᠯᠬᠤ ᠪᠠ ᠶᠠᠳᠠᠭᠤ ᠬᠦᠴᠢᠷᠳᠡᠯᠲᠡᠶ ᠭᠠᠵᠠᠷ | ᠣᠷᠣᠨ ᠳᠤ ᠤᠴᠢᠭᠤᠯᠵᠦ ᠵᠢᠭᠤᠯᠴᠢᠯᠠᠭᠤᠯᠤᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯᠲᠠᠨ ᠢ ᠵᠣᠬᠢᠶᠠᠨ | ᠪᠠᠶᠢᠭᠤᠯᠵᠦ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠤᠴᠢᠭᠤᠯᠵᠦ ᠠᠵᠢᠯᠴᠢᠨ ᠤ ᠡᠪᠯᠡᠯ ᠤᠨ ᠠᠵᠢᠯᠯᠠᠭ᠎ᠠ ᠶᠢ | ᠦᠷᠨᠢᠭᠦᠯᠦᠬᠦᠯᠦᠨᠠ᠃ ᠶᠠᠳᠠᠭᠤ ᠭᠦᠴᠢᠷᠳᠡᠯᠳᠡᠢ ᠭᠠᠵᠠᠷ ᠣᠷᠣᠨ ᠤ ᠲᠠᠷᠢᠶᠠᠯᠠᠩ ᠤᠨ ᠪᠦᠳᠦᠬᠡᠭᠳᠡᠬᠦᠨ ᠢ ᠰᠢᠭᠤᠳ | ᠬᠠᠩᠭᠠᠵᠦ ᠰᠢᠭᠤᠳ ᠪᠤᠷᠤᠯᠠᠭᠤᠯᠬᠤ ᠶᠢ ᠬᠤᠭᠤᠯᠠᠨ ᠭᠡᠷ ᠲᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠶᠠᠳᠠᠭᠤ | ᠭᠦᠴᠢᠷᠳᠡᠯᠳᠡᠢ ᠭᠠᠵᠠᠷ ᠣᠷᠣᠨ ᠤ ᠦᠢᠯᠡᠳᠬᠦᠨ ᠪᠠ ᠦᠢᠯᠡᠴᠢᠯᠡᠬᠡᠨ ᠤ ᠬᠡᠷᠡᠭᠯᠡᠭᠡ ᠶᠢ ᠨᠢ ᠥᠷᠭᠡᠳᠬᠡᠨ᠎ᠡ᠃ ᠥᠪᠥᠷ | ᠮᠣᠩᠭᠤᠯ ᠤᠨ ᠴᠡᠷᠢᠭ ᠤᠨ ᠲᠣᠭᠤᠷᠢᠭ ᠵᠡᠷᠭᠡ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢ | ᠵᠣᠷᠢᠬᠵᠢᠭᠤᠯᠵᠤ ᠪᠠᠶᠢᠭᠠᠳ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠬᠠᠮᠢᠶ᠎ᠠ | ᠪᠦᠬᠦᠢ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠠᠵᠢᠯᠯᠠᠭ᠎ᠠ ᠳᠤ | ᠢᠳᠡᠪᠬᠢᠲᠡᠢ ᠣᠷᠣᠯᠴᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ | ᠠᠯᠪᠠᠨ ᠭᠡᠷ᠂ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ᠂ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠤᠯᠤᠰ ᠤᠨ ᠦᠮᠴᠢᠯᠡᠯᠳᠦ ᠡᠳ᠋ ᠭᠦᠷᠦᠩᠬᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ᠂ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠯᠤᠰ | ᠲᠥᠷᠥ ᠶᠢᠨ ᠠᠵᠢᠯ ᠶᠢᠨ ᠲᠣᠪᠴᠢᠶ᠎ᠠ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠬᠠᠷᠢᠭᠤᠴᠠᠨ᠎ᠠ︶ | 2. ᠪᠡᠬᠡᠵᠢᠩ ᠪᠠ ᠦᠪᠦᠷ ᠮᠤᠩᠭᠤᠯ ᠤᠨ ᠬᠤᠭᠤᠷᠤᠨᠳᠤᠬᠢ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠶᠢᠨ | ᠬᠠᠮᠵᠢᠯᠴᠠᠨ ᠠᠵᠢᠯᠯᠠᠬᠤ ᠲᠤᠨᠨᠳᠠᠴᠠ ᠶᠢ ᠪᠠᠶᠢᠭᠤᠯᠤᠨ᠎ᠠ᠃ ᠢᠳᠡᠪᠬᠢᠳᠡᠢ ᠪᠦᠬᠡᠳ ᠰᠠᠨᠠᠭᠠᠴᠢᠯᠠᠭ᠎ᠠ ᠠᠴᠠ ᠪᠠᠨ | ᠪᠡᠬᠡᠵᠢᠩ ᠬᠤᠳᠠ ᠯᠤᠭ᠎ᠠ ᠤᠶᠢᠯᠠᠭᠠᠵᠦ ᠤᠯᠤᠯᠴᠠᠨ ᠬᠠᠮᠵᠢᠯᠴᠠᠬᠤ ᠪᠠᠨ ᠴᠢᠩᠭᠠᠳᠬᠠᠵᠦ᠂ ᠤᠷ᠎ᠠ ᠮᠡᠷᠬᠡᠵᠢᠯ ᠤᠨ | ᠪᠤᠯᠪᠠᠰᠤᠷᠠᠭᠤᠯᠤᠯ ᠦᠷᠨᠢᠬᠦᠯᠬᠦ᠂ ᠭᠦᠳᠡᠯᠮᠦᠷᠢ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠪᠠᠨ ᠨᠡᠮᠡᠭᠳᠡᠬᠦᠯᠬᠦ᠂ | ᠭᠦᠳᠡᠯᠮᠦᠷᠢ ᠬᠤᠷᠬᠠᠰᠠᠨ ᠬᠡᠯᠪᠡᠷᠢ ᠶᠢᠨ ᠠᠵᠦ ᠠᠬᠤᠶᠢᠯᠠᠯ ᠢ ᠲᠡᠳᠡᠨ ᠵᠢᠯᠤᠭᠤᠳᠴᠤ ᠪᠠᠶᠢᠭᠠᠳ ᠶᠠᠳᠠᠭᠤ | ᠭᠦᠴᠢᠷᠳᠡᠯᠳᠡᠢ ᠭᠠᠵᠠᠷ ᠤᠷᠤᠨ ᠳᠤ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠪᠠᠶᠢᠭᠤᠯᠬᠤ ᠵᠠᠷᠬᠡ ᠬᠡᠯᠪᠡᠷᠢ | ᠮᠠᠶ᠋ᠢᠭ ᠢᠶᠠᠷ᠂ ᠶᠠᠳᠠᠭᠤ ᠭᠦᠴᠢᠷᠳᠡᠯᠳᠡᠢ ᠭᠠᠵᠠᠷ ᠤᠷᠤᠨ ᠤ ᠶᠠᠳᠠᠭᠤ ᠭᠦᠴᠢᠷᠳᠡᠯᠳᠡᠢ ᠭᠦᠳᠡᠯᠮᠦᠷᠢ ᠶᠢᠨ ᠭᠦᠴᠦᠨ ᠢ | ᠬᠠᠪᠰᠤᠷᠴᠤ ᠪᠠᠶᠢᠭᠠᠳ ᠠᠵᠢᠯ ᠤᠯᠭᠤᠯᠳᠠ ᠶᠢ ᠨᠢ ᠨᠡᠮᠡᠭᠳᠡᠬᠦᠯᠦᠨ᠎ᠠ᠃ ᠪᠡᠬᠡᠵᠢᠩ ᠬᠤᠳᠠ ᠶᠢᠨ ᠲᠠᠷᠢᠶᠠᠯᠠᠩ ᠤᠨ | ᠪᠦᠳᠦᠬᠡᠭᠳᠡᠬᠦᠨ ᠤ ᠪᠦᠬᠡᠮ ᠢᠶᠠᠷ ᠬᠤᠳᠠᠯᠳᠤᠬᠤ ᠵᠠᠬ᠎ᠠ ᠲᠡᠯᠬᠡᠭᠦᠷ᠂ ᠠᠷᠠᠯᠵᠢᠶ᠎ᠠ ᠬᠤᠳᠠᠯᠳᠤᠭᠠᠨ ᠤ ᠭᠦᠢᠯᠬᠡᠬᠡᠨ ᠤ | ᠠᠵᠦ ᠠᠬᠤᠶᠢᠯᠠᠯ᠂ ᠪᠠᠶᠢᠭᠤᠯᠭ᠎ᠠ ᠪᠠ ᠠᠵᠦ ᠠᠬᠤᠶᠢᠯᠠᠯ ᠠᠵᠢᠯ ᠦᠢᠯᠡᠰ ᠤᠨ ᠨᠢᠬᠡᠴᠢ ᠵᠡᠷᠬᠡ ᠯᠦᠭᠡ ᠲᠠᠷᠢᠶᠠᠯᠠᠩ | ᠮᠠᠯ ᠤᠨ ᠠᠰᠢᠭ ᠰᠢᠮ᠎ᠠ ᠶᠢᠨ ᠤᠨᠴᠠᠯᠢᠨᠨᠳᠤ ᠪᠦᠳᠦᠬᠡᠭᠳᠡᠬᠦᠨ᠂ ᠭᠠᠷ ᠤᠷᠠᠯᠠᠯ ᠤᠨ ᠤᠨᠴᠠᠯᠢᠨᠨᠳᠤ ᠪᠦᠳᠦᠬᠡᠭᠳᠡᠬᠦᠨ ᠤ | ᠲᠠᠯ᠎ᠠ ᠪᠠᠷ ᠬᠢ ᠤᠷᠳᠤ ᠬᠤᠭᠤᠴᠠᠭᠠᠨ ᠤ ᠲᠤᠨᠨᠳᠠᠪᠤᠷᠢᠳᠠᠢ ᠬᠠᠩᠭᠠᠨ ᠪᠤᠷᠤᠯᠠᠭᠤᠯᠬᠤ ᠬᠠᠮᠳᠤᠷᠠᠯᠴᠠᠭᠠᠨ ᠤ ᠬᠠᠷᠢᠴᠠᠭ᠎ᠠ | ᠪᠠᠶᠢᠭᠤᠯᠬᠤ ᠪᠠᠷ ᠢᠳᠡᠪᠬᠢᠳᠡᠢ ᠰᠠᠨᠠᠭᠠᠴᠢᠯᠠᠨ ᠡᠷᠢᠯᠬᠢᠯᠡᠨ᠎ᠠ᠃ ᠶᠠᠳᠠᠭᠤ ᠭᠦᠴᠢᠷᠳᠡᠯᠳᠡᠢ ᠭᠠᠵᠠᠷ ᠤᠷᠤᠨ ᠤ ᠪᠤᠳᠠᠳᠠᠢ | ᠪᠠᠶᠢᠳᠠᠯ ᠳᠤ ᠰᠠᠭᠤᠷᠢᠯᠠᠨ᠂ ᠪᠡᠬᠡᠵᠢᠩ ᠬᠤᠳᠠ ᠶᠢᠨ ᠬᠠᠪᠰᠤᠷᠤᠨ ᠲᠡᠳᠬᠦᠵᠦ ᠪᠠᠶᠢᠭ᠎ᠠ ᠲᠤᠰᠠᠯᠠᠮᠵᠢ ᠪᠠᠷ᠂ ᠲᠠᠷᠢᠶᠠᠯᠠᠩ | ᠮᠠᠯ ᠠᠵᠦ ᠠᠬᠤᠢ ᠶᠢᠨ ᠪᠤᠯᠪᠠᠰᠤᠷᠠᠭᠤᠯᠬᠤ ᠠᠵᠦ ᠠᠬᠤᠶᠢᠯᠠᠯ ᠢ ᠶᠡᠭᠡ ᠪᠠᠷ ᠤᠷᠤᠭᠤᠯᠤᠨ ᠪᠤᠶᠢᠵᠢᠭᠤᠯᠵᠦ᠂ | ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠢ ᠲᠤᠰ ᠭᠠᠵᠠᠷ ᠲᠤ ᠪᠠᠨ ᠡᠳ᠋ᠰᠢᠬᠦᠯᠤᠨ ᠤᠯᠠᠷᠢᠭᠤᠯᠬᠤ ᠶᠢ | ᠠᠬᠢᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠯᠪᠠᠨ ᠬᠡᠷ᠂ | ᠭᠦᠭᠵᠢᠬᠦᠯᠦᠯᠳᠠ ᠪᠠ ᠦᠬᠡᠷᠡᠴᠢᠯᠡᠯᠳᠡ ᠶᠢᠨ ᠵᠦᠪᠯᠡᠯ᠂ ᠭᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠬᠡᠮ ᠤᠨ | ᠪᠠᠳᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠬᠡ᠂ ᠡᠯ᠎ᠡ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶ | 3. ᠨᠡᠶᠢᠬᠡᠮ ᠤᠨ ᠭᠦᠴᠦᠨ ᠢ ᠦᠷᠬᠡᠨ ᠢᠶᠠᠷ ᠲᠠᠶᠢᠴᠢᠯᠠᠵᠦ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠳᠤ | ᠤᠷᠤᠯᠴᠠᠭᠤᠯᠤᠨ᠎ᠠ᠃ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠶᠢ ᠤᠬᠠᠭᠤᠯᠤᠨ ᠰᠠᠨᠠᠭᠠᠴᠢᠯᠠᠬᠤ ᠠᠵᠢᠯᠯᠠᠭ᠎ᠠ ᠶᠢ | ᠵᠤᠬᠢᠶᠠᠨ ᠪᠠᠶᠢᠭᠤᠯᠤᠨ ᠦᠷᠨᠢᠬᠦᠯᠵᠦ᠂ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠶᠢ ᠭᠦᠨᠵᠡᠬᠡᠢ ᠦᠷᠨᠢᠬᠦᠯᠦᠨ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠳᠤ ᠭᠦᠴᠦᠨ ᠨᠡᠮᠡᠷᠢᠯᠡᠬᠦ ᠶᠢᠨ ᠴᠢᠬᠤᠯᠠ | ᠠᠴᠢ ᠬᠤᠯᠪᠤᠨᠨᠳᠠᠯ ᠪᠠ ᠦᠢᠯᠡᠳᠦᠯ ᠢ ᠦᠷᠬᠡᠨ ᠢᠶᠠᠷ ᠤᠬᠠᠭᠤᠯᠵᠦ᠂ ᠨᠡᠶᠢᠬᠡᠮ ᠤᠨ ᠡᠯ᠎ᠡ ᠡᠳᠡᠬᠡᠳ ᠢ ᠭᠦᠳᠦᠯᠦᠨ | ᠵᠢᠯᠤᠭᠤᠳᠴᠤ ᠪᠠᠶᠢᠭᠠᠳ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠳᠤ ᠤᠷᠤᠯᠴᠠᠭᠤᠯᠤᠨ᠎ᠠ᠃ ᠬᠡᠷᠡᠭᠯᠡᠬᠡᠨ ᠢᠶᠠᠷ | ᠶᠠᠳᠠᠭᠤ ᠶᠢ ᠲᠡᠳᠬᠦᠬᠦ ᠶᠢ ︽ᠲᠦᠮᠡᠨ ᠠᠵᠦ ᠠᠬᠤᠶᠢᠯᠠᠯ ᠲᠦᠮᠡᠨ ᠲᠤᠰᠬᠤᠨ ᠢ ᠬᠠᠪᠰᠤᠷᠬᠤ︾ ᠠᠵᠢᠯᠯᠠᠭᠠᠨ ᠳᠤ | ᠤᠷᠤᠭᠤᠯᠵᠦ᠂ ᠬᠠᠪᠰᠤᠷᠤᠨ ᠲᠡᠳᠬᠦᠬᠦ ᠠᠵᠦ ᠠᠬᠤᠶᠢᠯᠠᠯ ᠤᠳ ᠤᠨ ᠶᠠᠳᠠᠭᠤ ᠭᠦᠴᠢᠷᠳᠡᠯᠳᠡᠢ ᠭᠠᠵᠠᠷ ᠤᠷᠤᠨ ᠤ | ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠢ ᠪᠤᠷᠤᠯᠠᠭᠤᠯᠬᠤ ᠠᠷᠭ᠎ᠠ ᠵᠠᠮ ᠢᠶᠠᠨ ᠦᠷᠬᠡᠳᠬᠡᠬᠦ ᠶᠢ ᠨᠢ | ᠵᠤᠷᠢᠨᠨᠵᠢᠭᠤᠯᠵᠦ᠂ ᠶᠠᠳᠠᠭᠤ ᠭᠦᠴᠢᠷᠳᠡᠯᠳᠡᠢ ᠭᠠᠵᠠᠷ ᠤᠷᠤᠨ ᠤ ᠦᠢᠯᠡᠳᠬᠦᠨ ᠤ ᠬᠡᠷᠡᠭᠯᠡᠭᠡ ᠶᠢ ᠨᠢ ᠦᠷᠬᠡᠳᠬᠡᠨ᠎ᠠ᠃ | ᠠᠵᠢᠯ ᠲᠦᠷᠦᠯ ᠤᠨ ᠨᠡᠶᠢᠬᠡᠮᠯᠢᠭ᠂ ᠬᠤᠳᠠᠯᠳᠤᠭᠠᠴᠢᠳ ᠤᠨ ᠡᠪᠯᠡᠯ᠂ ᠨᠢᠭᠦᠯᠡᠰᠦᠩᠬᠦᠢ ᠶᠢᠨ ᠪᠠᠶᠢᠭᠤᠯᠤᠮᠵᠢ ᠵᠡᠷᠬᠡ | ᠨᠡᠶᠢᠬᠡᠮ ᠤᠨ ᠵᠤᠬᠢᠶᠠᠨ ᠪᠠᠶᠢᠭᠤᠯᠤᠯᠳᠠ ᠨᠤᠭᠤᠳ ᠢᠪᠡᠬᠡᠯ ᠬᠠᠶᠢᠷ᠎ᠠ ᠲᠠᠢ ᠠᠵᠦ ᠠᠬᠤᠶᠢᠯᠠᠯ᠂ ᠢᠪᠡᠬᠡᠯ ᠬᠠᠶᠢᠷ᠎ᠠ ᠲᠠᠢ | ᠭᠦᠮᠦᠰ ᠵᠡᠷᠬᠡ ᠨᠡᠶᠢᠬᠡᠮ ᠤᠨ ᠭᠦᠴᠦᠨ ᠢ ᠦᠷᠬᠡᠨ ᠢᠶᠠᠷ ᠲᠠᠶᠢᠴᠢᠯᠠᠵᠦ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠳᠤ | ᠤᠷᠤᠯᠴᠠᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ | ᠭᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ | ᠠᠵᠦ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠶᠠᠳᠠᠭᠤ ᠶᠢ ᠲᠡᠳᠬᠦᠬᠦ ᠨᠡᠬᠡᠬᠡᠯᠳᠡ ᠶᠢᠨ | ᠠᠯᠪᠠᠨ ᠬᠡᠷ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠳᠡᠶᠢᠴᠦᠳ ᠤᠨ ᠬᠤᠯᠪᠤᠭ᠎ᠠ ᠵᠡᠷᠬᠡ᠂ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶ | ︵ᠬᠤᠶᠠᠷ︶ ᠭᠦᠢᠯᠬᠡᠬᠡ ᠪᠠ ᠪᠤᠷᠤᠯᠠᠭᠤᠯᠭ᠎ᠠ ᠶᠢᠨ ᠠᠷᠭ᠎ᠠ ᠵᠠᠮ ᠢ ᠰᠠᠭᠠᠳ ᠦᠬᠡᠢ ᠨᠡᠪᠳᠡᠷᠡᠬᠦᠯᠬᠦ | ᠠᠵᠢᠯᠯᠠᠭᠠᠨ ᠢ ᠶᠡᠭᠡ ᠪᠠᠷ ᠬᠡᠷᠡᠭᠵᠢᠬᠦᠯᠦᠨ᠎ᠠ | 4. ᠪᠠᠷᠠᠭᠠᠨ ᠤ ᠭᠦᠢᠯᠬᠡᠬᠡᠨ ᠤ ᠲᠤᠬᠢᠷᠠᠭᠤᠯᠤᠨ ᠭᠦᠷᠬᠡᠬᠦ ᠰᠢᠰᠲ᠋ᠧᠮᠵᠢ ᠶᠢ ᠲᠡᠭᠦᠯᠳᠡᠷᠵᠢᠬᠦᠯᠦᠨ᠎ᠠ᠃ ᠶᠠᠳᠠᠭᠤ | ᠭᠦᠴᠢᠷᠳᠡᠯᠳᠡᠢ ᠭᠠᠵᠠᠷ ᠤᠷᠤᠨ ᠤ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠵᠠᠮ | ᠬᠠᠷᠢᠯᠴᠠᠭ᠎ᠠ᠂ ᠴᠢᠮᠡᠭᠡ ᠬᠤᠯᠪᠤᠭ᠎ᠠ᠂ ᠪᠠᠷᠠᠭᠠᠨ ᠤ ᠭᠦᠢᠯᠬᠡᠬᠡᠨ ᠤ ᠲᠤᠤᠷ ᠴᠡᠭ ᠵᠡᠷᠬᠡ ᠰᠠᠭᠤᠷᠢ ᠪᠡᠯᠡᠳᠬᠡᠮᠵᠢ ᠶᠢᠨ | ᠪᠦᠳᠦᠬᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠤᠨ᠂ ᠶᠠᠳᠠᠭᠤ ᠭᠦᠴᠢᠷᠳᠡᠯᠳᠡᠢ ᠭᠠᠵᠠᠷ ᠤᠷᠤᠨ ᠤ | ᠪᠠᠷᠠᠭᠠᠨ ᠤ ᠭᠦᠢᠯᠬᠡᠬᠡᠨ ᠤ ᠲᠤᠬᠢᠷᠠᠭᠤᠯᠤᠨ ᠭᠦᠷᠬᠡᠬᠦ ᠰᠢᠰᠲ᠋ᠧᠮᠵᠢ ᠶᠢ ᠲᠡᠭᠦᠯᠳᠡᠷᠵᠢᠬᠦᠯᠵᠦ᠂ ᠭᠦᠢᠯᠬᠡᠬᠡᠨ ᠤ ᠠᠷᠭ᠎ᠠ | ᠵᠠᠮ ᠢ ᠨᠢ ᠰᠠᠭᠠᠳ ᠦᠬᠡᠢ ᠨᠡᠪᠳᠡᠷᠡᠬᠦᠯᠵᠦ᠂ ᠭᠠᠷᠤᠯᠳᠠ ᠶᠢᠨ ᠤᠷᠤᠨ ᠠᠴᠠ ᠬᠡᠷᠡᠭᠯᠡᠬᠡᠨ ᠤ ᠦᠵᠦᠭᠦᠷ ᠭᠦᠷᠳᠡᠯᠡᠬᠢ | ᠬᠠᠩᠭᠠᠯᠭ᠎ᠠ ᠶᠢᠨ ᠬᠡᠯᠬᠢᠶᠡᠰᠦ ᠶᠢ ᠨᠡᠪᠳᠡᠷᠡᠬᠦᠯᠦᠨ᠂ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠶᠢ ᠠᠬᠢᠭᠤᠯᠬᠤ ᠳᠤ | ᠨᠦᠭᠦᠴᠡᠯ ᠪᠦᠷᠢᠯᠳᠦᠬᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠭᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠮᠠᠯ ᠠᠵᠦ ᠠᠬᠤᠢ ᠪᠠ ᠭᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠦᠪᠦᠷ ᠮᠤᠩᠭᠤᠯ ᠤᠨ ᠴᠢᠮᠡᠭᠡ | ᠬᠤᠯᠪᠤᠭᠠᠨ ᠤ ᠬᠠᠮᠢᠶᠠᠷᠤᠯᠳᠠ ᠶᠢᠨ ᠲᠤᠪᠴᠢᠶ᠎ᠡ ᠵᠡᠷᠬᠡ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ | ᠵᠠᠰᠠᠭ ᠤᠨ ᠤᠷᠳᠤᠨ ᠬᠠᠷᠢᠭᠤᠴᠠᠨ᠎ᠠ︶ | 5. ᠦᠢᠯᠡᠳᠬᠦᠨ ᠤ ᠪᠤᠷᠤᠯᠠᠭᠤᠯᠭ᠎ᠠ ᠶᠢᠨ ᠠᠷᠭ᠎ᠠ ᠵᠠᠮ ᠢ ᠦᠷᠬᠡᠳᠬᠡᠨ᠎ᠠ᠃ ᠬᠠᠩᠭᠠᠨ ᠪᠤᠷᠤᠯᠠᠭᠤᠯᠬᠤ | ᠬᠤᠷᠰᠢᠶ᠎ᠠ᠂ ᠠᠷᠠᠯᠵᠢᠶ᠎ᠠ ᠬᠤᠳᠠᠯᠳᠤᠭᠠᠨ ᠤ ᠭᠦᠢᠯᠬᠡᠬᠡᠨ ᠤ ᠠᠵᠦ ᠠᠬᠤᠶᠢᠯᠠᠯ᠂ ᠲᠠᠷᠢᠶᠠᠯᠠᠩ ᠮᠠᠯ ᠤᠨ ᠠᠰᠢᠭ | ᠰᠢᠮ᠎ᠠ ᠶᠢᠨ ᠪᠦᠳᠦᠬᠡᠭᠳᠡᠬᠦᠨ ᠢ ᠪᠦᠬᠡᠮ ᠢᠶᠠᠷ ᠬᠤᠳᠠᠯᠳᠤᠬᠤ ᠵᠠᠬ᠎ᠠ ᠲᠡᠯᠬᠡᠭᠦᠷ᠂ ᠬᠡᠯᠬᠢᠶ᠎ᠡ ᠬᠡᠳᠦ ᠲᠡᠯᠬᠡᠭᠦᠷ ᠵᠡᠷᠬᠡ | ᠭᠦᠢᠯᠬᠡᠬᠡᠨ ᠤ ᠠᠵᠦ ᠠᠬᠤᠶᠢᠯᠠᠯ ᠢ ᠵᠤᠬᠢᠶᠠᠨ ᠪᠠᠶᠢᠭᠤᠯᠵᠦ ᠭᠦᠳᠦᠯᠦᠨ ᠵᠢᠯᠤᠭᠤᠳᠴᠤ ᠪᠠᠶᠢᠭᠠᠳ ᠶᠠᠳᠠᠭᠤ | ᠭᠦᠴᠢᠷᠳᠡᠯᠳᠡᠢ ᠭᠠᠵᠠᠷ ᠤᠷᠤᠨ ᠯᠤᠭ᠎ᠠ ᠦᠢᠯᠡᠳᠪᠦᠷᠢᠯᠡᠯ ᠪᠤᠷᠤᠯᠠᠭᠤᠯᠭ᠎ᠠ ᠬᠤᠶᠠᠷ ᠢ ᠵᠠᠯᠭᠠᠯᠳᠤᠭᠤᠯᠬᠤ ᠠᠵᠢᠯ ᠢ | ᠦᠷᠨᠢᠬᠦᠯᠵᠦ᠂ ᠦᠢᠯᠡᠳᠪᠦᠷᠢᠯᠡᠯ ᠪᠤᠷᠤᠯᠠᠭᠤᠯᠭ᠎ᠠ ᠬᠤᠶᠠᠷ ᠢ ᠵᠠᠯᠭᠠᠯᠳᠤᠭᠤᠯᠬᠤ ᠤᠷᠳᠤ ᠬᠤᠭᠤᠴᠠᠭᠠᠨ ᠤ ᠲᠤᠨᠨᠳᠠᠭᠤᠨ | ᠪᠦᠭᠦᠢ ᠬᠠᠷᠢᠴᠠᠭ᠎ᠠ ᠶᠢ ᠪᠠᠶᠢᠭᠤᠯᠤᠨ᠎ᠠ᠃ ︽ᠠᠵᠦ ᠠᠬᠤᠶᠢᠯᠠᠯ + ᠶᠠᠳᠠᠭᠤ ᠭᠦᠴᠢᠷᠳᠡᠯᠳᠡᠢ ᠡᠷᠦᠬᠡ︾ ᠶᠢᠨ | ᠵᠬᠠᠪᠤᠷ ᠢ ᠶᠡᠭᠡ ᠪᠠᠷ ᠬᠡᠷᠡᠭᠵᠢᠬᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠢ ᠬᠤᠷᠢᠶᠠᠨ | ᠨᠦᠬᠡᠴᠡᠯᠡᠬᠦ᠂ ᠪᠤᠯᠪᠠᠰᠤᠷᠠᠭᠤᠯᠬᠤ ᠠᠵᠦ ᠠᠬᠤᠶᠢᠯᠠᠯ ᠪᠠ ᠲᠤᠰᠬᠠᠢ ᠬᠤᠷᠰᠢᠶᠠᠯᠠᠯ ᠵᠡᠷᠬᠡ ᠵᠠᠬ᠎ᠠ ᠲᠡᠯᠬᠡᠭᠦᠷ ᠤᠨ ᠭᠤᠤᠯ | ᠴᠤᠨᠨᠴᠠ ᠨᠤᠭᠤᠳ ᠤᠨ ᠮᠠᠯᠴᠢᠨ ᠲᠠᠷᠢᠶᠠᠴᠢᠨ ᠡᠷᠦᠬᠡ ᠯᠦᠭᠡ ᠵᠠᠬᠢᠶᠠᠯᠠᠭ᠎ᠠ ᠶᠢᠨ ᠦᠢᠯᠡᠳᠪᠦᠷᠢᠯᠡᠯ ᠦᠷᠨᠢᠬᠦᠯᠬᠦ ᠶᠢ | ᠵᠤᠷᠢᠨᠨᠵᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠢ ᠭᠦᠳᠡᠭᠡ ᠲᠤᠰᠬᠤᠨ ᠳᠤ ᠤᠷᠤᠭᠤᠯᠬᠤ | ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ ᠶᠢᠨ ᠬᠠᠮᠤᠷᠬᠤ ᠬᠡᠪᠴᠢᠶ᠎ᠡ ᠶᠢ ᠤᠯᠠᠮ ᠨᠢᠬᠡ ᠠᠯᠬᠤᠮ ᠦᠷᠬᠡᠳᠬᠡᠵᠦ᠂ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠡᠪᠴᠡᠩ ᠢᠶᠠᠷ ᠲᠤᠰᠠᠯᠠᠮᠵᠢ ᠪᠤᠯᠭᠠᠨ᠂ ᠲᠠᠷᠢᠶᠠᠯᠠᠩ ᠮᠠᠯ ᠤᠨ ᠠᠰᠢᠭ | ᠰᠢᠮ᠎ᠠ ᠶᠢᠨ ᠤᠨᠴᠠᠯᠢᠨᠨᠳᠤ ᠪᠦᠳᠦᠬᠡᠭᠳᠡᠬᠦᠨ᠂ ᠦᠨᠳᠦᠰᠦᠳᠡᠨ ᠤ ᠭᠠᠷ ᠤᠷᠠᠯᠠᠯ ᠤᠨ ᠪᠦᠳᠦᠬᠡᠭᠳᠡᠬᠦᠨ᠂ | ᠵᠢᠭᠤᠯᠴᠢᠯᠠᠯ ᠤᠨ ᠲᠤᠷᠠᠰᠬᠠᠯ ᠤᠨ ᠵᠦᠢᠯ ᠵᠡᠷᠬᠡ ᠪᠦᠳᠦᠬᠡᠭᠳᠡᠭᠦᠨ ᠤ ᠶᠠᠳᠠᠭᠤ ᠶᠢ ᠲᠡᠳᠬᠦᠬᠦ ᠲᠤᠰᠬᠠᠢ | ᠬᠤᠳᠠᠯᠳᠤᠭᠠᠨ ᠤ ᠲᠡᠪᠴᠡᠩ ᠢ ᠪᠠᠶᠢᠭᠤᠯᠤᠨ᠎ᠠ᠃ ᠶᠠᠳᠠᠭᠤ ᠭᠦᠴᠢᠷᠳᠡᠯᠳᠡᠢ ᠭᠠᠵᠠᠷ ᠤᠷᠤᠨ ᠢ ᠵᠤᠬᠢᠶᠠᠨ ᠪᠠᠶᠢᠭᠤᠯᠵᠦ | ᠪᠠᠶᠢᠭᠠᠳ ᠲᠠᠷᠢᠶᠠᠯᠠᠩ ᠤᠨ ᠦᠵᠡᠰᠭᠦᠯᠡᠩ᠂ ᠲᠠᠷᠢᠶᠠᠯᠠᠩ ᠤᠨ ᠠᠷᠠᠯᠵᠢᠶᠠᠨ ᠤ ᠴᠤᠨᠨᠯᠠᠭᠠᠨ᠂ ᠳᠡᠯᠭᠡᠨ ᠪᠣᠷᠣᠯᠠᠭᠤᠯᠬᠤ | ᠴᠤᠭᠯᠠᠭᠠᠨ ᠳᠤ ᠣᠷᠣᠯᠴᠠᠭᠤᠯᠵᠤ᠂ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠲᠤᠰᠬᠠᠢ ᠲᠤᠭᠤᠷᠢᠭ ᠲᠤᠬᠢᠷᠠᠭᠤᠯᠵᠦ᠂ | ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠬᠦᠨ ᠢ ᠲᠥᠪᠯᠡᠷᠡᠭᠦᠯᠦᠨ ᠲᠠᠨᠢᠯᠴᠠᠭᠤᠯᠬᠤ᠂ ᠳᠡᠯᠭᠡᠨ ᠦᠵᠡᠭᠦᠯᠬᠦ | ᠪᠠ ᠪᠤᠷᠤᠯᠠᠭᠤᠯᠤᠨ᠎ᠠ᠃ ᠬᠥᠳᠡᠭᠡ ᠲᠣᠰᠬᠤᠨ ᠮᠠᠯᠵᠢᠬᠤ ᠣᠷᠣᠨ ᠤ ᠵᠢᠭᠤᠯᠴᠢᠯᠠᠯ ᠤᠨ ᠲᠠᠸᠠᠷ ᠢ ᠶᠡᠭᠡ ᠪᠠᠷ ᠨᠡᠭᠡᠭᠡᠨ | ᠬᠥᠭᠵᠢᠭᠦᠯᠵᠦ᠂ ᠦᠵᠡᠮᠵᠢ ᠶᠢᠨ ᠣᠷᠣᠨ ᠦᠵᠡᠮᠦᠷᠢ ᠶᠢᠨ ᠭᠠᠵᠠᠷ᠂ ᠵᠢᠭᠤᠯᠴᠢᠳ ᠤᠨ ᠲᠥᠪᠯᠡᠷᠡᠵᠦ ᠲᠠᠷᠬᠠᠬᠤ ᠲᠥᠪ᠂ | ᠵᠣᠴᠢᠳ ᠤᠨ ᠪᠠᠭᠤᠳᠠᠯ ᠬᠤᠭᠤᠯᠠᠨ ᠭᠡᠷ᠂ ᠲᠡᠬᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠬᠡᠨ ᠤ | ᠲᠣᠭᠤᠷᠢᠭ ᠲᠤ ᠶᠠᠳᠠᠭᠤ ᠬᠦᠴᠢᠷᠳᠡᠯᠲᠡᠶ ᠭᠠᠵᠠᠷ ᠣᠷᠣᠨ ᠤ ᠵᠢᠭᠤᠯᠴᠢᠯᠠᠯ ᠤᠨ ᠲᠠᠸᠠᠷ ᠢ ᠪᠤᠷᠤᠯᠠᠭᠤᠯᠬᠤ ᠲᠤᠰᠬᠠᠢ | ᠲᠤᠭᠤᠷᠢᠭ ᠭᠠᠷᠭᠠᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠣᠨᠴᠠᠯᠢᠭᠲᠤ ᠪᠦᠳᠦᠬᠡᠭᠳᠡᠬᠦᠨ ᠪᠠ ᠭᠠᠷ | ᠤᠷᠠᠯᠠᠯ ᠤᠨ ᠪᠦᠳᠦᠬᠡᠭᠳᠡᠬᠦᠨ ᠢ ᠲᠥᠪᠯᠡᠷᠡᠭᠦᠯᠦᠨ ᠪᠤᠷᠤᠯᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠯᠪᠠᠨ ᠭᠡᠷ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠭᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠠᠮᠤ ᠪᠤᠳᠠᠭ᠎ᠠ ᠪᠠ ᠡᠳ᠋ | ᠪᠠᠷᠠᠭ᠎ᠠ ᠨᠥᠭᠡᠴᠡᠯᠡᠬᠦ ᠲᠣᠪᠴᠢᠶ᠎ᠠ᠂ ᠬᠠᠩᠭᠠᠨ ᠪᠤᠷᠤᠯᠠᠭᠤᠯᠬᠤ ᠬᠤᠷᠰᠢᠶᠠᠨ ᠤ ᠬᠤᠯᠪᠤᠭᠠᠳᠤ ᠬᠤᠷᠰᠢᠶ᠎ᠠ ᠵᠡᠷᠭᠡ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 6. ᠭᠦᠢᠯᠬᠡᠬᠡᠨ ᠤ ᠦᠢᠯᠡᠴᠢᠯᠡᠬᠡᠨ ᠤ ᠲᠤᠤᠷ ᠴᠡᠭ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠬᠠᠩᠭᠠᠨ | ᠪᠣᠷᠣᠯᠠᠭᠤᠯᠬᠤ ᠬᠤᠷᠰᠢᠶ᠎ᠠ᠂ ᠢᠯᠡᠬᠡᠵᠦ ᠶᠠᠪᠤᠭᠤᠯᠬᠤ ᠠᠵᠤ ᠠᠬᠤᠶᠢᠯᠠᠯ᠂ ᠡᠯᠧᠺᠲᠷᠣᠨ ᠬᠤᠳᠠᠯᠳᠤᠭᠠᠨ ᠤ ᠠᠵᠤ | ᠠᠬᠤᠶᠢᠯᠠᠯ᠂ ᠠᠷᠠᠯᠵᠢᠶ᠎ᠠ ᠬᠤᠳᠠᠯᠳᠤᠭᠠᠨ ᠤ ᠭᠦᠢᠯᠬᠡᠬᠡᠨ ᠤ ᠠᠵᠤ ᠠᠬᠤᠶᠢᠯᠠᠯ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠶᠢ ᠵᠤᠷᠢᠨᠨᠵᠢᠭᠤᠯᠵᠦ ᠪᠠᠶᠢᠭᠠᠳ | ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠨᠢᠭᠡ ᠪᠦᠯᠦᠭ ᠭᠦᠯᠳᠡᠬᠡᠵᠦ ᠬᠡᠯᠬᠢᠶᠡᠵᠢᠬᠦᠯᠦᠭᠰᠡᠨ ᠬᠥᠮᠥᠷᠭᠡᠯᠡᠨ | ᠨᠦᠬᠡᠴᠡᠯᠡᠬᠦ ᠪᠠᠷᠠᠭᠠᠨ ᠤ ᠭᠦᠢᠯᠬᠡᠬᠡᠨ ᠤ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ | ᠬᠥᠮᠥᠷᠭᠡᠯᠡᠨ ᠨᠦᠬᠡᠴᠡᠯᠡᠬᠦ᠂ ᠬᠤᠪᠢᠶᠠᠨ ᠢᠯᠭᠠᠬᠤ᠂ ᠪᠣᠭᠤᠳᠠᠯᠯᠠᠬᠤ᠂ ᠠᠩᠬ᠎ᠠ ᠡᠳ᠋ᠰᠢᠭᠦᠯᠬᠦ᠂ ᠲᠡᠭᠡᠭᠡᠪᠦᠷᠢᠯᠡᠬᠦ ᠵᠡᠷᠭᠡ | ᠭᠤᠨᠨᠴᠤᠭᠠᠨ ᠳᠠᠬᠢ ᠪᠠᠷᠠᠭᠠᠨ ᠤ ᠭᠦᠢᠯᠬᠡᠬᠡᠨ ᠤ ᠶᠡᠷᠦᠩᠬᠡᠶᠢᠯᠡᠭᠰᠡᠨ ᠦᠢᠯᠡᠴᠢᠯᠡᠬᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠪᠠ ᠰᠢᠤᠳᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠤᠳᠠᠨ ᠤ | ᠢᠯᠡᠭᠡᠯᠲᠡ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠢᠵᠢᠭ ᠵᠦᠢᠯ ᠤᠨ ᠲᠦᠷᠭᠡᠨ | ᠬᠦᠷᠭᠡᠯᠲᠡ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ᠂ ᠭᠦᠯᠳᠡᠬᠡᠵᠦ ᠬᠡᠯᠬᠢᠶᠡᠵᠢᠬᠦᠯᠦᠭᠰᠡᠨ ᠲᠡᠭᠡᠭᠡᠪᠦᠷᠢ | ᠵᠡᠷᠭᠡ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠬᠡᠬᠡᠨ ᠤ ᠬᠥᠭᠵᠢᠯᠲᠡ ᠶᠢ ᠠᠬᠢᠭᠤᠯᠤᠨ᠎ᠠ᠃ ᠬᠤᠰᠢᠭᠤ | ᠰᠢᠶᠠᠨ ᠤ ᠱᠠᠲᠤᠨ ᠤ ᠬᠥᠮᠥᠷᠭᠡᠯᠡᠨ ᠨᠦᠬᠡᠴᠡᠯᠡᠵᠦ ᠲᠤᠬᠢᠷᠠᠭᠤᠯᠤᠨ ᠬᠦᠷᠭᠡᠬᠦ ᠲᠥᠪ᠂ ᠰᠤᠮᠤ ᠰᠢᠶᠠᠩ ᠪᠠᠯᠭᠠᠰᠤ ᠶᠢᠨ | ᠪᠠᠷᠠᠭᠠᠨ ᠤ ᠭᠦᠢᠯᠬᠡᠬᠡᠨ ᠤ ᠦᠢᠯᠡᠴᠢᠯᠡᠬᠡᠨ ᠤ ᠥᠷᠲᠡᠭᠡ᠂ ᠭᠠᠴᠠᠭ᠎ᠠ ᠲᠣᠰᠬᠤᠨ ᠤ ᠪᠠᠷᠠᠭᠠᠨ ᠤ ᠭᠦᠢᠯᠬᠡᠬᠡᠨ ᠤ | ᠦᠢᠯᠡᠴᠢᠯᠡᠬᠡᠨ ᠤ ᠴᠡᠭ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠬᠡᠬᠡ ᠪᠠ ᠲᠦᠷᠭᠡᠨ ᠢᠯᠡᠬᠡᠯᠳᠡ ᠶᠢᠨ | ᠣᠯᠠᠨ ᠨᠡᠶᠢᠲᠡ ᠶᠢᠨ ᠬᠤᠷᠢᠶᠠᠨ ᠠᠪᠬᠤ ᠪᠠ ᠭᠦᠷᠬᠡᠬᠦ ᠴᠡᠭ ᠵᠡᠷᠭᠡ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠬᠡᠬᠡᠨ ᠤ ᠰᠠᠭᠤᠷᠢ ᠪᠡᠯᠡᠳᠬᠡᠮᠵᠢ ᠶᠢᠨ ᠲᠡᠭᠦᠰᠬᠡᠯ | ᠦᠵᠦᠭᠦᠷ ᠤᠨ ᠲᠤᠤᠷ ᠰᠦᠯᠵᠢᠶ᠎ᠡ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠠᠶᠠᠨᠴᠢᠳ ᠤᠨ ᠲᠡᠭᠡᠭᠡᠪᠦᠷᠢ᠂ | ᠪᠠᠷᠠᠭᠠᠨ ᠤ ᠭᠦᠢᠯᠬᠡᠬᠡᠨ᠂ ᠰᠢᠤᠳᠠᠨ᠂ ᠬᠠᠩᠭᠠᠨ ᠪᠤᠷᠤᠯᠠᠭᠤᠯᠬᠤ ᠵᠡᠷᠭᠡ ᠦᠢᠯᠡᠴᠢᠯᠡᠬᠡᠨ ᠤ ᠴᠢᠳᠠᠮᠵᠢ ᠲᠠᠢ ᠨᠢᠭᠡ | ᠪᠦᠯᠦᠭ ︽ᠣᠯᠠᠨ ᠥᠷᠲᠡᠭᠡ ᠶᠢ ᠨᠢᠬᠡᠳᠬᠡᠬᠡᠳ ᠨᠢᠬᠡ ᠪᠤᠯᠭᠠᠨᠨᠰᠠᠨ︾ ᠰᠢᠶᠠᠩ ᠪᠠᠯᠭᠠᠰᠤ ᠶᠢᠨ ᠲᠡᠭᠡᠭᠡᠪᠦᠷᠢ ᠶᠢᠨ | ᠦᠢᠯᠡᠴᠢᠯᠡᠬᠡᠨ ᠤ ᠥᠷᠲᠡᠭᠡ ᠶᠢ ᠪᠦᠲᠦᠭᠡᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ᠂ ᠬᠠᠩᠭᠠᠨ ᠪᠤᠷᠤᠯᠠᠭᠤᠯᠬᠤ ᠬᠤᠷᠰᠢᠶᠠᠨ ᠤ ᠬᠤᠯᠪᠤᠭᠠᠳᠤ ᠬᠤᠷᠰᠢᠶ᠎ᠠ᠂ ᠥᠪᠥᠷ ᠮᠣᠩᠭᠤᠯ ᠤᠨ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠬᠠᠷᠢᠭᠤᠴᠠᠨ᠎ᠠ︶ | ︵ᠭᠤᠷᠪᠠ︶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠬᠡᠭᠳᠡᠬᠦᠨ ᠤ ᠶᠠᠰᠤ ᠴᠢᠨᠠᠷ ᠢ ᠲᠡᠬᠡᠭᠰᠢᠯᠡᠬᠦᠯᠬᠦ | ᠠᠵᠢᠯᠯᠠᠭᠠᠨ ᠢ ᠭᠦᠨᠵᠡᠬᠡᠢ ᠬᠡᠷᠡᠭᠵᠢᠬᠦᠯᠦᠨ᠎ᠠ | 7. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠢᠮᠵᠢᠶᠠᠵᠢᠭᠤᠯᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠬᠢ ᠪᠠᠶᠠᠯᠢᠭ ᠤᠨ ᠲᠠᠪᠠᠭᠤᠯᠢᠭ ᠲᠤ ᠲᠦᠰᠢᠭᠯᠡᠵᠦ᠂ ᠨᠢᠬᠡ | ᠪᠦᠯᠦᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠣᠨᠴᠠᠯᠢᠭᠲᠤ ᠪᠦᠳᠦᠬᠡᠭᠳᠡᠬᠦᠨ ᠤ ᠪᠠᠷᠢᠮᠵᠢᠶᠠᠵᠢᠭᠤᠯᠤᠨᠨᠰᠠᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠡᠳᠬᠦᠨ ᠪᠠᠶᠢᠭᠤᠯᠤᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠪᠣᠬᠢᠷᠲᠤᠯ ᠦᠭᠡᠢ᠂ ᠣᠷᠭᠠᠨᠢᠭ᠂ ᠭᠠᠵᠠᠷ ᠵᠦᠶ ᠶᠢᠨ ᠪᠡᠯᠬᠡ ᠲᠡᠮᠳᠡᠭ ᠤᠨ ᠪᠦᠳᠦᠬᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠪᠠᠷᠢᠮᠵᠢᠶᠠᠵᠢᠭᠤᠯᠤᠨᠨᠰᠠᠨ ᠦᠢᠯᠡᠳᠪᠦᠷᠢᠯᠡᠯ ᠢ ᠥᠷᠨᠢᠭᠦᠯᠦᠨ᠎ᠡ᠃ ᠢᠳᠡᠰᠢᠨ ᠤ | ᠲᠠᠷᠢᠶᠠᠯᠠᠩ ᠤᠨ ᠪᠦᠳᠦᠬᠡᠭᠳᠡᠬᠦᠨ ᠤ ᠠᠮᠤᠷ ᠲᠦᠪᠰᠢᠨ ᠢ ᠡᠵᠡᠮᠳᠡᠬᠦ ᠵᠢᠷᠤᠮᠵᠢᠯ ᠪᠣᠯᠤᠨ ᠮᠡᠷᠭᠡᠵᠢᠯ ᠤᠨ ᠲᠦᠷᠢᠮᠯᠡᠯ ᠢ | ᠶᠡᠭᠡ ᠪᠠᠷ ᠳᠡᠯᠭᠡᠷᠡᠭᠦᠯᠵᠦ᠂ ᠤᠯᠤᠰ ᠤᠨ ᠲᠠᠷᠢᠶᠠᠯᠠᠩ ᠤᠨ ᠪᠦᠳᠦᠬᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ | ᠮᠥᠷᠳᠡᠨ ᠤᠬᠤᠴᠢᠯᠠᠬᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠮᠠᠯ ᠤᠨ ᠠᠰᠢᠭ ᠰᠢᠮ᠎ᠠ ᠶᠢᠨ | ᠣᠨᠴᠠᠯᠢᠭᠲᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠲᠠᠯ᠎ᠠ ᠪᠠᠷ ᠬᠢ | ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ | ᠮᠡᠷᠭᠡᠵᠢᠯ ᠤᠨ ᠵᠢᠯᠣᠭᠤᠳᠣᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠥᠷᠳᠡᠨ ᠤᠬᠤᠴᠢᠯᠠᠬᠤ ᠰᠢᠰᠲ᠋ᠧᠮᠵᠢ ᠶᠢᠨ | ᠪᠠᠶᠢᠭᠤᠯᠤᠯᠲᠠ᠂ ︽ᠭᠤᠷᠪᠠᠨ ᠪᠦᠳᠦᠬᠡᠭᠳᠡᠬᠦᠨ ᠬᠢᠬᠡᠳ ᠨᠢᠬᠡ ᠲᠡᠮᠳᠡᠭ︾ ᠤᠨ ᠦᠨᠡᠮᠰᠢᠨ ᠨᠤᠳᠠᠯᠠᠬᠤ ᠵᠡᠷᠭᠡ | ᠪᠣᠯᠪᠠᠰᠤᠷᠠᠭᠤᠯᠤᠯ ᠢ ᠡᠷᠬᠢᠯᠡᠨ ᠬᠢᠬᠦ ᠳᠤ ᠪᠠᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠣᠯᠪᠠᠰᠤᠷᠠᠭᠤᠯᠤᠯ ᠳᠤ | ᠣᠷᠣᠯᠴᠠᠬᠤ ᠣᠷᠣᠨ ᠲᠤᠭ᠎ᠠ ᠶᠢ ᠨᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 8. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠣᠨᠴᠠᠯᠢᠭᠲᠤ ᠪᠦᠲᠦᠭᠡᠭᠳᠡᠬᠦᠨ ᠤ ᠬᠡᠪᠴᠢᠶᠡᠵᠢᠭᠰᠡᠨ ᠪᠤᠯᠤᠨ | ᠠᠵᠦ ᠦᠢᠯᠡᠰᠵᠢᠭᠰᠡᠨ ᠭᠦᠭᠵᠢᠯᠳᠡ ᠶᠢ ᠶᠡᠭᠡ ᠪᠠᠷ ᠠᠬᠢᠭᠤᠯᠤᠨ᠎ᠠ᠃ ᠬᠡᠪᠴᠢᠶᠡᠵᠢᠭᠰᠡᠨ ᠦᠢᠯᠡᠳᠪᠦᠷᠢᠯᠡᠯ ᠤᠨ ᠲᠠᠯᠳᠠ | ᠬᠦᠴᠦᠨ ᠲᠠᠢ ᠨᠢᠭᠡ ᠪᠦᠯᠦᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠣᠨᠴᠠᠯᠢᠭᠲᠤ ᠪᠦᠲᠦᠭᠡᠭᠳᠡᠬᠦᠨ ᠢ ᠭᠦᠨᠵᠡᠭᠡᠶ | ᠠᠭᠤᠳᠠᠯᠵᠦ᠂ ᠠᠵᠤ ᠦᠢᠯᠡᠰ ᠤᠨ ᠪᠠᠶᠢᠷᠢᠰᠢᠭᠤᠯᠤᠯᠳᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ | ᠵᠠᠬᠢᠶᠠᠯᠠᠭ᠎ᠠ ᠶᠢᠨ ᠲᠠᠷᠢᠶᠠᠯᠠᠩ ᠢ ᠶᠡᠭᠡ ᠪᠠᠷ ᠭᠦᠭᠵᠢᠬᠦᠯᠦᠨ᠂ ᠬᠡᠪᠴᠢᠶᠡᠵᠢᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠳᠦᠬᠡᠭᠳᠡᠬᠦᠨ ᠤ ᠭᠠᠷᠤᠯᠲᠠ ᠶᠢᠨ ᠣᠷᠣᠨ ᠤ ᠠᠩᠬ᠎ᠠ ᠡᠳ᠋ᠰᠢᠬᠦᠯᠬᠡ ᠳᠤ | ᠨᠥᠬᠦᠪᠥᠷᠢ ᠦᠭᠬᠦ ᠲᠥᠷᠥ ᠶᠢᠨ ᠪᠣᠳᠣᠯᠭ᠎ᠠ ᠶᠢ ᠶᠠᠳᠠᠭᠤ ᠬᠦᠴᠢᠷᠳᠡᠯᠲᠡᠶ ᠭᠠᠵᠠᠷ ᠣᠷᠣᠨ ᠲᠡᠶᠢᠰᠢ ᠬᠡᠯᠪᠠᠶᠢᠯᠭᠡᠵᠦ᠂ | ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠬᠤ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ | ᠲᠤᠰᠬᠠᠶ ᠮᠡᠷᠬᠡᠵᠢᠯ ᠤᠨ ᠬᠤᠷᠰᠢᠶ᠎ᠠ ᠪᠣᠯᠤᠨ ᠲᠠᠷᠢᠶᠠᠯᠠᠩ ᠳᠤ ᠬᠤᠯᠪᠣᠭᠳᠠᠬᠤ ᠲᠤᠮᠳᠠ ᠵᠢᠵᠢᠭ ᠠᠵᠤ | ᠠᠬᠤᠶᠢᠯᠠᠯ ᠤᠳ ᠤᠨ ᠨᠦᠬᠡᠴᠡᠯᠡᠨ ᠬᠠᠳᠠᠭᠠᠯᠠᠬᠤ ᠵᠣᠭᠤᠷᠢ᠂ ᠰᠠᠯᠬᠢ ᠨᠡᠪᠲᠡᠷᠡᠭᠦᠯᠬᠦ ᠬᠥᠮᠥᠷᠭᠡ᠂ ᠬᠦᠢᠲᠡᠨ | ᠬᠠᠳᠠᠭᠠᠯᠠᠯᠳᠠ ᠶᠢᠨ ᠬᠥᠮᠥᠷᠭᠡ ᠪᠣᠯᠤᠨ ᠬᠠᠭᠰᠠᠭᠠᠵᠦ ᠬᠠᠳᠠᠭᠠᠬᠤ ᠬᠡᠷ ᠵᠡᠷᠭᠡ ᠭᠠᠷᠤᠯᠲᠠ ᠶᠢᠨ ᠣᠷᠣᠨ ᠤ ᠠᠩᠬ᠎ᠠ | ᠡᠳ᠋ᠰᠢᠬᠦᠯᠬᠡ ᠶᠢᠨ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠶᠢ ᠲᠡᠮᠵᠢᠨ᠎ᠠ᠃ ᠶᠠᠳᠠᠭᠤ ᠬᠦᠴᠢᠷᠳᠡᠯᠲᠡᠶ ᠭᠠᠵᠠᠷ | ᠣᠷᠣᠨ ᠤ ᠲᠥᠮᠥᠰᠥ᠂ ᠵᠢᠮᠢᠰ ᠨᠣᠭᠤᠭ᠎ᠠ᠂ ᠢᠳᠡᠰᠢᠨ ᠮᠥᠭᠦ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠡᠯᠳᠡᠪ | ᠠᠮᠤ ᠬᠤᠯᠢᠮᠠᠭ ᠪᠤᠷᠴᠠᠭ ᠵᠡᠷᠭᠡ ᠲᠠᠷᠢᠶᠠᠯᠠᠩ ᠤᠨ ᠪᠦᠳᠦᠬᠡᠭᠳᠡᠬᠦᠨ ᠤ ᠠᠩᠬ᠎ᠠ ᠡᠳ᠋ᠰᠢᠬᠦᠯᠬᠦ ᠴᠢᠳᠠᠪᠤᠷᠢ ᠶᠢ ᠨᠢ | ᠨᠡᠮᠡᠭᠳᠡᠭᠦᠯᠵᠦ᠂ ᠨᠦᠬᠡᠴᠡᠯᠡᠵᠦ ᠬᠠᠳᠠᠭᠠᠯᠠᠬᠤ ᠨᠥᠬᠦᠴᠡᠯ ᠢ ᠨᠢ ᠰᠠᠶᠢᠵᠢᠷᠠᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 9. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠤᠨᠴᠠᠯᠢᠨᠨᠳᠤ ᠪᠦᠲᠦᠭᠡᠭᠳᠡᠬᠦᠨ ᠤ ᠨᠡᠷᠡᠲᠦ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠨᠴᠠᠯᠢᠭᠲᠤ ᠪᠦᠲᠦᠭᠡᠭᠳᠡᠬᠦᠨ ᠲᠠᠢ ᠣᠷᠣᠨ ᠪᠦᠰᠡ ᠳᠤ | ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ ᠪᠠᠨ ᠴᠢᠩᠭᠠᠳᠬᠠᠵᠤ᠂ ᠶᠠᠳᠠᠭᠤ | ᠬᠦᠴᠢᠷᠳᠡᠯᠲᠡᠶ ᠭᠠᠵᠠᠷ ᠣᠷᠣᠨ ᠤ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ᠂ ᠮᠠᠭᠠᠳᠯᠠᠨ ᠲᠣᠭᠲᠠᠭᠠᠬᠤ ᠵᠡᠷᠭᠡ | ᠠᠵᠢᠯ ᠳᠤ ᠳᠡᠮᠵᠢᠯᠭᠡ ᠦᠵᠡᠬᠦᠯᠬᠦ ᠪᠠᠨ ᠴᠢᠩᠭᠠᠷᠠᠭᠤᠯᠤᠨ᠎ᠠ᠃ ᠣᠨᠴᠠᠯᠢᠭᠲᠤ ᠪᠦᠲᠦᠭᠡᠭᠳᠡᠬᠦᠨ ᠤ ᠳᠠᠪᠠᠭᠤᠯᠢᠭ | ᠣᠷᠣᠨ ᠳᠤ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠵᠤ᠂ ᠠᠵᠤ ᠠᠬᠤᠶᠢᠯᠠᠯ ᠤᠨ ᠨᠡᠷᠡᠲᠦ ᠲᠥᠷᠥᠯ | ᠲᠡᠮᠳᠡᠭᠲᠦ ᠬᠥᠭᠵᠢᠭᠦᠯᠬᠦ ᠶᠢ ᠵᠣᠷᠢᠬᠵᠢᠭᠤᠯᠤᠨ ᠳᠠᠮᠵᠢᠨ᠎ᠠ᠃ ᠨᠡᠷᠡᠲᠦ ᠲᠥᠷᠥᠯ ᠲᠡᠮᠳᠡᠭᠲᠦ ᠶᠢ ᠪᠠᠶᠢᠭᠤᠯᠬᠤ ᠬᠠᠮᠢᠶ᠎ᠠ | ᠪᠦᠬᠦᠢ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠪᠣᠯᠪᠠᠰᠤᠷᠠᠭᠤᠯᠤᠯ ᠤᠨ ᠠᠭᠤᠯᠭ᠎ᠠ᠂ | ᠪᠣᠯᠪᠠᠰᠤᠷᠠᠭᠤᠯᠤᠯ ᠳᠤ ᠣᠷᠣᠯᠴᠠᠭᠰᠠᠳ ᠤᠨ ᠭᠦᠢᠴᠡᠳᠬᠡᠯ ᠲᠤᠭ᠎ᠠ ᠵᠡᠷᠭᠡ ᠲᠠᠯ᠎ᠠ ᠪᠠᠷ ᠶᠠᠳᠠᠭᠤ ᠬᠦᠴᠢᠷᠳᠡᠯᠲᠡᠶ ᠭᠠᠵᠠᠷ | ᠣᠷᠣᠨ ᠲᠡᠶᠢᠰᠢ ᠬᠡᠯᠪᠠᠶᠢᠯᠭᠡᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠨᠡᠷᠡᠳᠦ ᠲᠦᠷᠦᠯ ᠲᠡᠮᠳᠡᠭᠳᠦ ᠶᠢ | ᠤᠬᠠᠭᠤᠯᠬᠤ ᠪᠠ ᠲᠠᠨᠢᠯᠴᠠᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠦ᠂ ᠶᠠᠳᠠᠭᠤ ᠬᠦᠴᠢᠷᠳᠡᠯᠲᠡᠶ ᠭᠠᠵᠠᠷ | ᠣᠷᠣᠨ ᠤ ᠣᠨᠴᠠᠯᠢᠭᠲᠤ ᠪᠦᠳᠦᠬᠡᠭᠳᠡᠬᠦᠨ ᠤ ᠨᠡᠷᠡᠳᠦ ᠲᠦᠷᠦᠯ ᠲᠡᠮᠳᠡᠭᠳᠦ ᠪᠠᠨ ᠬᠥᠭᠵᠢᠭᠦᠯᠬᠦ ᠶᠢᠨ ᠳᠠᠪᠠᠭᠤᠯᠢᠭ | ᠲᠠᠯ᠎ᠠ ᠶᠢ ᠥᠷᠭᠡᠨ ᠢᠶᠠᠷ ᠤᠬᠠᠭᠤᠯᠤᠨ᠎ᠠ᠃ ︽ᠶᠠᠰᠤ ᠴᠢᠨᠠᠷ ᠤᠨ ᠰᠠᠷ᠎ᠠ︾᠂ ︽ᠳᠤᠮᠳᠠᠳᠤ ᠤᠯᠤᠰ ᠤᠨ ᠨᠡᠷᠡᠲᠦ | ᠲᠥᠷᠥᠯ ᠲᠡᠮᠳᠡᠭᠲᠦ ᠶᠢᠨ ᠡᠳᠦᠷ︾᠂ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ | ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠣᠨᠴᠠᠯᠢᠭᠲᠤ ᠪᠦᠲᠦᠭᠡᠭᠳᠡᠬᠦᠨ᠂ ᠦᠨᠳᠦᠰᠦᠲᠡᠨ ᠤ ᠭᠠᠷ ᠤᠷᠠᠯᠠᠯ ᠤᠨ ᠪᠦᠳᠦᠬᠡᠭᠳᠡᠬᠦᠨ | ᠵᠡᠷᠭᠡ ᠨᠡᠷᠡᠲᠦ ᠲᠥᠷᠥᠯ ᠲᠡᠮᠳᠡᠭᠲᠦ ᠶᠢ ᠳᠡᠯᠭᠡᠨ ᠦᠵᠡᠭᠦᠯᠬᠦ ᠪᠠ ᠲᠠᠨᠢᠯᠴᠠᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠲᠦᠷᠪᠡ︶ ᠰᠡᠯᠡᠭᠦᠴᠡᠯ ᠵᠤᠭᠠᠴᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ | ᠠᠵᠢᠯᠯᠠᠭ᠎ᠠ ᠶᠢ ᠶᠡᠭᠡ ᠪᠠᠷ ᠠᠬᠢᠭᠤᠯᠤᠨ᠎ᠠ | 10. ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠤᠨ᠎ᠠ᠃ ᠰᠡᠯᠡᠭᠦᠴᠡᠯ ᠤᠨ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠲᠠᠯ᠎ᠠ ᠪᠠᠷ ᠬᠢ ᠳᠡᠮᠵᠢᠯᠭᠡ ᠪᠠᠨ | ᠨᠡᠮᠡᠭᠳᠡᠭᠦᠯᠦᠨ᠎ᠡ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠭᠠᠵᠠᠷ ᠰᠢᠷᠣᠶ ᠶᠢᠨ ᠠᠰᠢᠨᠨᠯᠠᠯᠳᠠ ᠶᠢᠨ | ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠠᠪᠤᠴᠠ ᠳᠤ ᠲᠦᠯᠦᠪᠵᠢᠬᠦᠯᠬᠦ ᠪᠠ | ᠪᠦᠳᠦᠬᠡᠨ ᠪᠠᠶᠢᠭᠤᠯᠬᠤ ᠳᠤ ᠬᠡᠷᠡᠭᠯᠡᠬᠦ ᠪᠠᠭ᠎ᠠ ᠬᠡᠮᠵᠢᠶᠡᠨ ᠤ ᠭᠠᠵᠠᠷ ᠰᠢᠷᠤᠢ ᠶᠢᠨ ᠭᠦᠢᠴᠡᠳᠬᠡᠯ ᠲᠤᠭ᠎ᠠ ᠶᠢ | ᠤᠷᠢᠳᠴᠢᠯᠠᠨ ᠦᠯᠡᠳᠡᠬᠡᠵᠦ ᠬᠥᠳᠡᠭᠡ ᠲᠣᠰᠬᠤᠨ ᠤ ᠵᠢᠭᠤᠯᠴᠢᠯᠠᠯ ᠤᠨ ᠪᠡᠯᠡᠳᠬᠡᠮᠵᠢ ᠶᠢᠨ ᠪᠠᠶᠢᠭᠤᠯᠤᠯᠲᠠ ᠳᠤ | ᠬᠡᠷᠡᠭᠯᠡᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ | ᠵᠠᠰᠠᠬᠤ ᠲᠠᠢ ᠤᠶᠠᠯᠳᠤᠭᠤᠯᠤᠨ᠂ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ | ᠴᠡᠭ ᠲᠤ ᠲᠣᠭᠤᠭᠠᠨ ᠭᠡᠷ ᠢ ᠦᠬᠡᠷᠡᠴᠢᠯᠡᠬᠦ᠂ ᠵᠣᠷᠯᠣᠩ ᠢ ᠦᠬᠡᠷᠡᠴᠢᠯᠡᠬᠦ᠂ ᠵᠣᠴᠢᠨ ᠤ ᠥᠷᠥᠭᠡ ᠶᠢ ᠰᠢᠨᠡᠳᠬᠡᠬᠦ᠂ | ᠬᠦᠷᠢᠶ᠎ᠡ ᠬᠠᠰᠢᠶ᠎ᠠ ᠶᠢ ᠲᠡᠭᠰᠢᠯᠡᠬᠦ ︽ᠭᠤᠷᠪᠠ ᠶᠢ ᠦᠬᠡᠷᠡᠴᠢᠯᠡᠨ ᠰᠢᠨᠡᠳᠬᠡᠬᠦ ᠪᠠ ᠨᠢᠭᠡ ᠶᠢ ᠲᠡᠭᠰᠢᠯᠡᠬᠦ︾ | ᠢᠨᠵᠧᠨᠧᠷᠢᠩ ᠢ ᠬᠡᠷᠡᠭᠵᠢᠭᠦᠯᠦᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠠᠶᠢᠭᠠᠯᠢ ᠶᠢᠨ ᠠᠮᠢ ᠠᠬᠤᠶ᠂ | ᠠᠷᠠᠳ ᠤᠨ ᠠᠭᠠᠯᠢ ᠪᠠ ᠵᠠᠩ ᠦᠢᠯᠡ ᠶᠢ ᠬᠠᠷᠠᠭᠤᠯᠤᠭᠰᠠᠨ ᠣᠨᠴᠠᠯᠢᠭᠲᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ | ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠶᠡᠭᠡ ᠪᠠᠷ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠨᠢᠬᠡ ᠪᠦᠯᠦᠭ ᠵᠢᠱᠢᠶ᠎ᠡ ᠦᠵᠡᠭᠦᠯᠬᠦ ᠲᠥᠷᠥᠯ ᠵᠦᠢᠯ ᠢ | ᠡᠭᠦᠳᠦᠨ ᠪᠠᠶᠢᠭᠤᠯᠵᠤ᠂ ᠲᠠᠪᠤᠨ ᠣᠳᠣᠨ ᠲᠡᠰ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ | ᠵᠢᠭᠤᠯᠴᠢᠯᠠᠯ ᠤᠨ ᠨᠢᠭᠡ ᠪᠦᠯᠦᠭ ᠭᠦᠯᠢᠶᠡᠨ ᠠᠪᠴᠤ ᠵᠤᠴᠢᠯᠠᠬᠤ ᠡᠷᠦᠬᠡ ᠶᠢ ᠪᠠᠶᠢᠭᠤᠯᠤᠨ᠎ᠠ᠃ ︽ᠳᠥᠷᠪᠡᠨ ᠰᠠᠶᠢᠨ | ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠢ ᠤᠶᠠᠯᠳᠤᠭᠤᠯᠤᠨ᠂ ᠮᠠᠨ ᠤ | ᠣᠷᠣᠨ ᠤ ᠵᠢᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠶᠠᠳᠠᠭᠤ | ᠬᠦᠴᠢᠷᠳᠡᠯᠲᠡᠶ ᠭᠠᠵᠠᠷ ᠣᠷᠣᠨ ᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠢ | ᠬᠥᠭᠵᠢᠭᠦᠯᠬᠦ ᠳᠤ ᠵᠤᠷᠢᠭᠤᠯᠤᠨᠨᠰᠠᠨ ᠵᠠᠰᠠᠮᠠᠯ ᠵᠠᠮ᠂ ᠰᠤᠮᠤ ᠰᠢᠶᠠᠩ ᠪᠠᠯᠭᠠᠰᠤ ᠶᠢᠨ ᠠᠶᠠᠨᠴᠢᠨ ᠤ ᠲᠡᠭᠡᠭᠡᠪᠦᠷᠢ ᠶᠢᠨ | ᠥᠷᠲᠡᠭᠡ ᠪᠠ ᠪᠠᠶᠢᠭᠤᠯᠤᠯᠳᠤ ᠲᠤᠰᠬᠤᠨ ᠤ ᠲᠡᠷᠬᠡ ᠭᠦᠯᠢᠶᠡᠬᠦ ᠲᠬᠠᠳᠤ ︵ᠲᠠᠭᠤᠳᠠᠨ ᠵᠤᠨᠨᠰᠤᠭᠠᠬᠤ ᠥᠷᠲᠡᠭᠡ︶ ᠶᠢᠨ | ᠪᠦᠳᠦᠬᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠳᠠᠮᠵᠢᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠵᠠᠮ᠂ ᠦᠵᠡᠮᠵᠢ ᠶᠢᠨ ᠣᠷᠣᠨ | ᠦᠵᠡᠮᠦᠷᠢ ᠶᠢᠨ ᠭᠠᠵᠠᠷ ᠤᠳ ᠢ ᠬᠤᠯᠪᠤᠨᠨᠰᠠᠨ ᠵᠠᠮ ᠢ ᠨᠡᠪᠲᠡᠷᠡᠭᠦᠯᠬᠦ ᠴᠢᠳᠠᠪᠤᠷᠢ ᠶᠢ ᠰᠢᠨᠡᠳᠬᠡᠨ ᠳᠡᠭᠡᠭᠰᠢᠯᠡᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 11. ᠰᠡᠯᠡᠭᠦᠴᠡᠯ ᠵᠤᠭᠠᠴᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠬᠡᠴᠢ ᠶᠢᠨ ᠴᠡᠭ ᠲᠤᠨᠨᠳ᠋ᠬᠠᠰᠠᠨ ᠬᠠᠪᠰᠤᠷᠤᠨ ᠲᠡᠳᠬᠦᠬᠦ | ᠲᠤᠰᠠᠯᠠᠮᠵᠢ ᠪᠠᠷ᠂ ᠶᠠᠳᠠᠭᠤ ᠬᠦᠴᠢᠷᠳᠡᠯᠲᠡᠶ ᠭᠠᠵᠠᠷ ᠣᠷᠣᠨ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ | ᠵᠢᠭᠤᠯᠴᠢᠯᠠᠯ ᠢ ᠬᠥᠭᠵᠢᠭᠦᠯᠬᠦ ᠳᠤ ᠡᠵᠡᠩᠨᠡᠨ ᠪᠣᠷᠣᠯᠠᠭᠤᠯᠬᠤ᠂ ᠦᠢᠯᠡᠴᠢᠯᠡᠬᠦ᠂ ᠬᠠᠮᠢᠶᠠᠷᠬᠤ ᠵᠡᠷᠭᠡ ᠲᠠᠯ᠎ᠠ ᠶᠢᠨ | ᠵᠢᠯᠣᠭᠤᠳᠣᠯᠭ᠎ᠠ ᠪᠠ ᠪᠣᠯᠪᠠᠰᠤᠷᠠᠭᠤᠯᠤᠯ ᠢ ᠬᠠᠩᠭᠠᠨ᠎ᠠ᠃ ᠵᠢᠭᠤᠯᠴᠢᠯᠠᠯ ᠤᠨ ᠡᠬᠢ ᠪᠠᠶᠠᠯᠢᠭ ᠪᠠ ᠵᠢᠭᠤᠯᠴᠢᠯᠠᠯ ᠤᠨ | ᠠᠵᠤ ᠦᠢᠯᠡᠰ ᠤᠨ ᠬᠥᠭᠵᠢᠯᠲᠡ ᠬᠠᠷᠢᠴᠠᠩᠭᠤᠶ ᠲᠥᠪᠯᠡᠷᠡᠭᠰᠡᠨ ᠭᠠᠵᠠᠷ ᠣᠷᠣᠨ ᠳᠤ᠂ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠪᠠᠶᠢᠭᠠᠳ ᠵᠢᠭᠤᠯᠴᠢᠯᠠᠯ ᠤᠨ ᠠᠵᠢᠯ ᠲᠥᠷᠥᠯ ᠤᠨ ᠨᠡᠶᠢᠭᠡᠮᠯᠢᠭ ᠵᠡᠷᠭᠡ ᠠᠵᠢᠯ | ᠲᠥᠷᠥᠯ ᠤᠨ ᠵᠣᠬᠢᠶᠠᠨ ᠪᠠᠶᠢᠭᠤᠯᠤᠯᠲᠠ ᠶᠢ ᠴᠤᠬᠴᠠᠯᠠᠨ ᠪᠠᠶᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠬᠠᠮᠵᠢᠯᠴᠠᠨ ᠬᠥᠭᠵᠢᠬᠦ ᠪᠠ ᠵᠦᠶ ᠵᠣᠬᠢᠰᠲᠠᠶ ᠥᠷᠢᠰᠦᠯᠳᠦᠬᠦ ᠶᠢ ᠵᠢᠷᠤᠮᠵᠢᠭᠤᠯᠤᠨ᠎ᠠ᠃ | ᠡᠭᠦᠨ ᠤ ᠬᠠᠮᠲᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠦ᠂ ᠵᠠᠬ᠎ᠠ ᠳᠡᠯᠭᠡᠭᠦᠷ ᠤᠨ | ᠠᠵᠢᠯᠯᠠᠭᠠᠨ ᠢ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠰᠠᠶᠢᠨ ᠰᠠᠢᠬᠠᠨ ᠣᠷᠴᠢᠨ ᠲᠣᠭᠤᠷᠢᠨ ᠢ ᠬᠠᠮᠠᠭᠠᠯᠠᠨ᠎ᠠ᠃ ︵ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠳᠠᠭᠤ ᠶᠢ ᠲᠡᠳᠬᠦᠬᠦ | ᠨᠡᠬᠡᠬᠡᠯᠳᠡ ᠶᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 12. ᠬᠥᠳᠡᠭᠡ ᠲᠣᠰᠬᠤᠨ ᠤ ᠵᠢᠭᠤᠯᠴᠢᠯᠠᠯ ᠢ ᠭᠦᠭᠵᠢᠬᠦᠯᠬᠦ ᠲᠦᠯᠦᠪᠵᠢᠭᠦᠯᠬᠡ ᠶᠢᠨ ᠵᠢᠷᠤᠭ ᠲᠥᠯᠥᠪᠯᠡᠭᠡ ᠶᠢ | ᠰᠠᠶᠢᠲᠤᠷ ᠬᠢᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ | ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠲᠤ ᠰᠤᠳᠤᠯᠤᠨ ᠪᠠᠶᠢᠴᠠᠭᠠᠯᠳᠠ ᠬᠢᠵᠦ ᠪᠠᠶᠢᠳᠠᠯ ᠢ ᠣᠶᠢᠯᠠᠭᠠᠨ᠂ | ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠠᠶᠢᠭᠠᠯᠢ ᠶᠢᠨ ᠠᠮᠢ ᠠᠬᠤᠶ᠂ ᠲᠡᠤᠬᠡ ᠰᠣᠶᠣᠯ᠂ ᠭᠠᠵᠠᠷ ᠣᠷᠣᠨ ᠤ | ᠣᠨᠴᠠᠯᠢᠭᠲᠤ ᠰᠣᠶᠣᠯ᠂ ᠦᠨᠳᠦᠰᠦᠲᠡᠨ ᠤ ᠵᠠᠩ ᠦᠢᠯᠡ ᠶᠢᠨ ᠰᠣᠶᠣᠯ᠂ ᠤᠯᠠᠮᠵᠢᠯᠠᠯᠲᠤ ᠲᠠᠷᠢᠶᠠᠯᠠᠬᠤ ᠰᠣᠶᠣᠯ | ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠤᠶᠢᠯᠠᠭᠠᠨ ᠡᠵᠡᠮᠰᠢᠵᠦ᠂ ᠭᠤᠤᠯᠳᠠᠯᠭ᠎ᠠ ᠲᠠᠢ ᠭᠦᠭᠵᠢᠬᠦᠯᠬᠦ ᠬᠠᠨᠳᠤᠰᠢ ᠪᠠ | ᠭᠦᠷᠢᠶ᠎ᠡ ᠴᠠᠷᠠᠭ᠎ᠠ ᠶᠢ ᠲᠣᠳᠣᠷᠬᠠᠶᠢᠯᠠᠨ᠂ ᠬᠥᠳᠡᠭᠡ ᠲᠣᠰᠬᠤᠨ ᠤ ᠵᠢᠭᠤᠯᠴᠢᠯᠠᠯ ᠢ ᠭᠦᠭᠵᠢᠬᠦᠯᠬᠦ ᠲᠥᠯᠥᠪᠵᠢᠭᠦᠯᠭᠡ ᠶᠢ | ᠰᠠᠶᠢᠲᠤᠷ ᠨᠠᠶᠢᠷᠠᠭᠤᠯᠤᠨ ᠵᠣᠬᠢᠶᠠᠨ᠎ᠠ᠃ ᠵᠢᠭᠤᠯᠴᠢᠯᠠᠯ ᠤᠨ ᠤᠶᠤᠨ ᠤ ᠭᠦᠮᠦᠷᠬᠡ ᠶᠢᠨ ᠲᠤᠰᠬᠠᠶ ᠮᠡᠷᠭᠡᠵᠢᠯᠲᠡᠨ᠂ | ᠵᠢᠭᠤᠯᠴᠢᠯᠠᠯ ᠤᠨ ᠲᠡᠬᠡᠳᠦ ᠰᠤᠷᠭᠠᠭᠤᠯᠢ᠂ ᠵᠢᠭᠤᠯᠴᠢᠯᠠᠯ ᠤᠨ ᠠᠵᠤ ᠠᠬᠤᠶᠢᠯᠠᠯ᠂ ᠵᠢᠭᠤᠯᠴᠢᠯᠠᠯ ᠤᠨ | ᠲᠦᠯᠦᠪᠵᠢᠬᠦᠯᠬᠡ ᠶᠢᠨ ᠵᠢᠷᠤᠭ ᠲᠦᠯᠦᠪᠯᠡᠬᠡᠨ ᠤ ᠨᠢᠬᠡᠴᠢ ᠨᠦᠭᠦᠳ ᠢ ᠵᠣᠬᠢᠶᠠᠨ ᠪᠠᠶᠢᠭᠤᠯᠵᠦ ᠶᠠᠳᠠᠭᠤ ᠬᠦᠴᠢᠷᠳᠡᠯᠲᠡᠶ | ᠭᠠᠵᠠᠷ ᠣᠷᠣᠨ ᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠤ ᠬᠠᠪᠰᠤᠷᠤᠯᠭ᠎ᠠ ᠦᠵᠡᠬᠦᠯᠬᠦ ᠶᠢᠨ ᠬᠠᠮᠲᠤ᠂ ᠵᠢᠭᠤᠯᠴᠢᠯᠠᠯ ᠤᠨ ᠵᠠᠮ ᠱᠤᠭᠤᠮ ᠤᠨ | ᠵᠢᠷᠤᠭ ᠲᠦᠯᠦᠪᠯᠡᠭᠡ᠂ ᠪᠦᠳᠦᠬᠡᠭᠳᠡᠬᠦᠨ ᠤ ᠨᠡᠬᠡᠬᠡᠯᠳᠡ᠂ ᠨᠡᠷᠡᠲᠦ ᠲᠥᠷᠥᠯ ᠲᠡᠮᠳᠡᠭᠲᠦ ᠶᠢᠨ ᠤᠬᠠᠭᠤᠯᠭ᠎ᠠ ᠵᠡᠷᠭᠡ | ᠲᠠᠯ᠎ᠠ ᠶᠢᠨ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠰᠣᠶᠣᠯ ᠪᠠ | ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 13. ᠵᠢᠭᠤᠯᠴᠢᠯᠠᠯ ᠤᠨ ᠰᠣᠳᠣᠨ ᠲᠥᠷᠥᠯ ᠵᠦᠢᠯ ᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ | ᠴᠢᠩᠭᠠᠷᠠᠭᠤᠯᠤᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ ᠢ ᠵᠣᠬᠢᠶᠠᠨ ᠪᠠᠶᠢᠭᠤᠯᠵᠦ ᠰᠡᠯᠡᠭᠦᠴᠡᠯ ᠤᠨ ᠲᠠᠷᠢᠶᠠᠯᠠᠩ | ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠠᠮᠢᠶ᠎ᠠ ᠪᠦᠬᠦᠢ ᠭᠤᠤᠯ ᠰᠡᠳᠦᠪᠲᠦ ᠤᠬᠠᠭᠤᠯᠤᠨ ᠲᠠᠨᠢᠯᠴᠠᠭᠤᠯᠬᠤ | ᠠᠵᠢᠯᠯᠠᠭ᠎ᠠ ᠶᠢ ᠥᠷᠨᠢᠭᠦᠯᠵᠦ᠂ ᠭᠠᠵᠠᠷ ᠤᠷᠤᠨ ᠤ ᠣᠨᠴᠠᠯᠢᠭ᠂ ᠠᠮᠲᠠᠲᠤ ᠢᠳᠡᠭᠡᠨ ᠭᠤᠶᠤ ᠦᠵᠡᠮᠵᠢ᠂ ᠵᠠᠩ | ᠦᠢᠯᠡ ᠶᠢᠨ ᠰᠣᠶᠣᠯ᠂ ᠪᠠᠶᠢᠭᠠᠯᠢ ᠶᠢᠨ ᠥᠩᠭᠡ ᠦᠵᠡᠮᠵᠢ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠳᠡᠯᠭᠡᠨ | ᠦᠵᠡᠭᠦᠯᠵᠦ᠂ ᠨᠢᠭᠡ ᠪᠦᠯᠦᠭ ᠰᠡᠯᠡᠭᠦᠴᠡᠯ ᠵᠤᠭᠠᠴᠠᠯ ᠤᠨ ᠣᠨᠴᠠᠯᠢᠭᠲᠤ ᠰᠣᠳᠣᠨ ᠲᠥᠷᠥᠯ ᠵᠦᠢᠯ ᠢ ᠲᠥᠪᠯᠡᠷᠡᠭᠦᠯᠦᠨ | ᠲᠠᠨᠢᠯᠴᠠᠭᠤᠯᠤᠨ᠎ᠠ᠃ ᠰᠢᠨ᠎ᠡ ᠵᠠᠭᠤᠴᠢᠯᠠᠭᠤᠷ ᠤᠨ ᠡᠬᠢ ᠪᠠᠶᠠᠯᠢᠭ ᠤᠨ ᠲᠤᠰᠠᠯᠠᠮᠵᠢ ᠪᠠᠷ᠂ ᠡᠯ᠎ᠡ ᠲᠥᠷᠥᠯ ᠤᠨ | ᠲᠠᠪᠴᠠᠩ ᠳᠤ ᠲᠦᠰᠢᠭᠯᠡᠨ᠂ ᠣᠯᠠᠨ ᠬᠡᠯᠪᠡᠷᠢ ᠮᠠᠶ᠋ᠢᠭ ᠤᠨ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠨᠡᠶᠢᠲᠡ ᠶᠢᠨ | ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ | ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠷᠠᠳᠢᠣ᠋ ᠲᠧᠯᠸᠢᠰ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠭᠤᠷᠪᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ | 14. ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠨ᠎ᠠ᠃ ᠪᠦᠬᠦ ᠣᠷᠣᠨ ᠤ ᠬᠡᠷᠡᠭᠯᠡᠬᠡᠨ ᠢᠶᠠᠷ | ᠶᠠᠳᠠᠭᠤ ᠶᠢ ᠲᠡᠳᠬᠦᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠠᠵᠢᠯ ᠤᠨ ᠤᠳᠤᠷᠢᠳᠬᠤ ᠳᠤᠭᠤᠶᠢᠯᠠᠩ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ | ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ | ᠲᠢᠩᠬᠢᠮ᠂ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠬᠤᠯᠪᠤᠭᠠᠳᠤ ᠬᠤᠷᠰᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠪᠣᠯᠤᠨ ᠨᠢᠬᠡᠴᠢ ᠲᠠᠢ ᠬᠠᠮᠲᠤᠷᠠᠨ᠂ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ᠠᠵᠢᠯ ᠤᠨ ᠬᠠᠮᠳᠤᠷᠠᠯ ᠬᠦᠴᠦᠨ ᠢ ᠪᠤᠢ ᠪᠣᠯᠭᠠᠨ᠂ ᠬᠠᠮᠢᠶ᠎ᠠ ᠪᠦᠬᠦᠢ ᠠᠵᠢᠯ ᠤᠨ | ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ ᠨᠢ ᠬᠡᠷᠡᠭᠯᠡᠬᠡᠨ ᠢᠶᠠᠷ | ᠶᠠᠳᠠᠭᠤ ᠶᠢ ᠲᠡᠳᠬᠦᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠣᠯᠤᠨ ᠡᠭᠦᠷᠬᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠨ ᠲᠠᠷᠤᠢ ᠲᠦᠷᠬᠡᠨ ᠲᠤᠳᠤᠷᠬᠠᠶᠢᠯᠠᠵᠦ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠥᠷᠨᠢᠭᠦᠯᠬᠦ ᠶᠢ ᠢᠳᠡᠪᠬᠢᠲᠡᠶ ᠪᠠᠷ ᠠᠬᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠶᠠᠳᠠᠭᠤ ᠶᠢ ᠲᠡᠳᠬᠦᠬᠦ | ᠨᠡᠬᠡᠬᠡᠯᠳᠡ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠠᠩᠭᠠᠨ | ᠪᠤᠷᠤᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠡᠳ᠋ ᠤᠨ ᠵᠠᠰᠠᠭ ᠤᠨ ᠲᠢᠩᠬᠢᠮ ᠵᠡᠷᠭᠡ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 15. ᠠᠰᠢᠭ ᠲᠤᠰᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠲᠥᠴᠢ ᠠᠵᠤ ᠠᠬᠤᠶᠢᠯᠠᠯ᠂ ᠲᠤᠰᠬᠠᠶ | ᠬᠤᠷᠰᠢᠶᠠᠯᠠᠯ᠂ ᠪᠡᠶᠡᠵᠢᠨ ᠴᠢᠨᠡᠬᠡᠯᠢᠭᠵᠢᠬᠦᠯᠬᠦ ᠶᠢᠨ ᠳᠠᠭᠠᠭᠤᠯᠤᠭᠴᠢ ᠨᠤᠭᠤᠳ ᠶᠠᠳᠠᠭᠤ ᠬᠦᠴᠢᠷᠳᠡᠯᠲᠡᠶ ᠬᠥᠮᠦᠨ | ᠠᠮᠠ ᠯᠤᠭ᠎ᠠ ᠶᠢᠨ ᠠᠰᠢᠭ ᠲᠤᠰᠠ ᠪᠠᠨ ᠬᠤᠯᠪᠤᠭᠠᠯᠠᠨ ᠤᠶᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠶᠢ ᠭᠦᠨᠵᠡᠭᠡᠶ ᠥᠷᠨᠢᠭᠦᠯᠬᠦ ᠪᠠᠷ ᠳᠠᠮᠵᠢᠨ᠂ ᠦᠢᠯᠡᠳᠬᠦᠨ ᠪᠠ | ᠦᠢᠯᠡᠴᠢᠯᠡᠬᠡᠨ ᠤ ᠬᠡᠷᠡᠭᠯᠡᠭᠡ ᠶᠢ ᠥᠷᠭᠡᠳᠬᠡᠬᠦ ᠶᠠᠪᠤᠴᠠ ᠳᠠᠬᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠣᠷᠣᠯᠭ᠎ᠠ ᠶᠢ ᠨᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ | ᠭᠠᠵᠠᠷ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠂ | ᠵᠠᠬ᠎ᠠ ᠳᠡᠯᠭᠡᠭᠦᠷ ᠲᠠᠢ ᠵᠣᠯᠭᠠᠭᠤᠯᠬᠤ ᠴᠢᠳᠠᠪᠤᠷᠢ ᠪᠠ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ | ᠴᠢᠩᠭᠠᠷᠠᠭᠤᠯᠤᠨ᠎ᠠ᠃ ᠡᠭᠦᠨ ᠤ ᠬᠠᠮᠲᠤ᠂ ᠭᠦᠳᠦᠴᠢ ᠠᠵᠤ ᠠᠬᠤᠶᠢᠯᠠᠯ᠂ ᠲᠤᠰᠬᠠᠶ ᠬᠤᠷᠰᠢᠶᠠᠯᠠᠯ᠂ ᠪᠡᠶᠡᠵᠢᠨ | ᠴᠢᠨᠡᠬᠡᠯᠢᠭᠵᠢᠬᠦᠯᠬᠦ ᠶᠢᠨ ᠳᠠᠭᠠᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢ ᠴᠢᠬᠤᠯᠠᠴᠢᠯᠠᠨ᠎ᠠ᠃ | ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠯᠪᠠᠨ ᠭᠡᠷ᠂ | ᠡᠳ᠋ ᠤᠨ ᠵᠠᠰᠠᠭ ᠤᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠬᠠᠷᠢᠭᠤᠴᠠᠨ᠎ᠠ︶ | 16. ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ ᠨᠢ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠪᠠ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ | ᠨᠢᠭᠡᠳᠦᠯᠲᠡᠶ ᠲᠥᠯᠥᠪᠯᠡᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠨᠴᠠᠯᠢᠭᠲᠤ ᠪᠦᠳᠦᠬᠡᠭᠳᠡᠬᠦᠨ ᠤ | ᠬᠠᠩᠭᠠᠯᠭ᠎ᠠ ᠶᠢᠨ ᠬᠡᠯᠬᠢᠶ᠎ᠡ ᠶᠢᠨ ᠪᠠᠶᠢᠭᠤᠯᠤᠯᠲᠠ ᠶᠢ ᠳᠠᠮᠵᠢᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠷᠭ᠎ᠠ | ᠵᠠᠮ ᠢ ᠨᠡᠪᠲᠡᠷᠡᠭᠦᠯᠦᠨ᠂ ᠮᠥᠩᠭᠦᠨ ᠭᠦᠢᠯᠬᠡᠬᠡᠨ᠂ ᠭᠠᠵᠠᠷ ᠰᠢᠷᠣᠶ᠂ ᠭᠠᠶᠢᠯᠢ ᠰᠦᠢᠳᠬᠡᠯ ᠵᠡᠷᠭᠡ ᠲᠠᠯ᠎ᠠ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠬᠡᠷᠡᠭᠯᠡᠭᠡᠨ ᠢᠶᠠᠷ ᠶᠠᠳᠠᠭᠤ ᠶᠢ | ᠲᠡᠳᠬᠦᠬᠦ ᠳᠤ ᠣᠷᠣᠯᠴᠠᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠶᠠᠳᠠᠭᠤ ᠶᠢ ᠲᠡᠳᠬᠦᠭᠰᠡᠨ ᠦᠷ᠎ᠡ | ᠪᠦᠲᠦᠮᠵᠢ ᠶᠢᠨ ᠮᠠᠭᠠᠳᠯᠠᠯ ᠬᠢᠵᠦ᠂ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠵᠤᠬᠢᠬᠤ ᠠᠷᠭ᠎ᠠ | ᠮᠠᠶ᠋ᠢᠭ ᠢ ᠠᠪᠴᠤ ᠪᠠᠶᠢᠭᠠᠳ ᠱᠠᠩᠨᠠᠨ ᠤᠷᠮᠠᠰᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠯᠪᠠᠨ | ᠭᠡᠷ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 17. ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠬᠡᠷᠡᠭᠯᠡᠬᠡᠨ ᠢᠶᠠᠷ ᠶᠠᠳᠠᠭᠤ ᠶᠢ | ᠲᠡᠳᠬᠦᠬᠦ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠣᠨ ᠤ ᠲᠥᠯᠥᠪᠯᠡᠭᠡ ᠳᠤ | ᠤᠷᠤᠭᠤᠯᠤᠨ᠂ ᠲᠥᠪ ᠤᠨ ᠨᠢᠬᠡᠴᠢ ᠶᠢᠨ ᠴᠡᠭ ᠲᠤᠨᠨᠳᠠᠭᠠᠨᠨᠰᠠᠨ ᠶᠠᠳᠠᠭᠤ ᠶᠢ ᠲᠡᠳᠬᠦᠬᠦ᠂ ᠵᠡᠭᠦᠨ ᠪᠠᠷᠠᠭᠤᠨ | ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠴᠢᠬᠤᠯᠠ ᠠᠭᠤᠯᠭ᠎ᠠ ᠪᠤᠯᠭᠠᠬᠤ ᠶᠢᠨ ᠬᠠᠮᠳᠤ᠂ ᠰᠢᠯᠭᠠᠨ | ᠬᠢᠨᠠᠬᠤ ᠬᠡᠪᠴᠢᠶᠡᠨ ᠳᠤ ᠣᠷᠣᠭᠤᠯᠤᠨ᠎ᠠ᠃ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠠᠵᠢᠯ ᠤᠨ | ᠲᠤᠬᠢᠷᠠᠭᠤᠯᠤᠯᠳᠠ ᠶᠢᠨ ᠳᠦᠷᠢᠮ ᠢ ᠪᠠᠶᠢᠭᠤᠯᠵᠤ᠂ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠠᠵᠢᠯ ᠤᠨ | ᠥᠷᠨᠢᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠨ᠎ᠡ᠃ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ ᠭᠠᠵᠠᠷ ᠣᠷᠣᠨ ᠤ ᠬᠡᠷᠡᠭᠯᠡᠬᠡᠨ ᠢᠶᠠᠷ ᠶᠠᠳᠠᠭᠤ ᠶᠢ ᠲᠡᠳᠬᠦᠬᠦ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠬᠡᠷᠡᠭᠯᠡᠬᠡᠨ ᠢᠶᠠᠷ | ᠶᠠᠳᠠᠭᠤ ᠶᠢ ᠲᠡᠳᠬᠦᠬᠦ ᠶᠢ ᠥᠷᠨᠢᠭᠦᠯᠦᠭᠰᠡᠨ ᠠᠬᠢᠴᠠ ᠶᠢ ᠴᠠᠭ ᠲᠤᠬᠠᠶ ᠳᠤ ᠨᠢ ᠮᠥᠷᠳᠡᠵᠦ᠂ ᠠᠵᠢᠯ ᠢ ᠠᠬᠢᠭᠤᠯᠬᠤ | ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠪᠠ ᠬᠦᠴᠢᠷᠳᠡᠯ ᠢ ᠵᠣᠬᠢᠴᠠᠭᠤᠯᠤᠨ ᠰᠶᠢᠳᠪᠦᠷᠢᠯᠡᠵᠦ᠂ ᠬᠡᠷᠡᠭᠯᠡᠬᠡᠨ ᠢᠶᠠᠷ | ᠶᠠᠳᠠᠭᠤ ᠶᠢ ᠲᠡᠳᠬᠦᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠪᠤᠳᠠᠳᠠᠶᠢᠵᠢᠨᠨᠳᠠᠵᠦ ᠦᠷ᠎ᠡ ᠪᠦᠳᠦᠮᠵᠢ | ᠤᠯᠬᠤ ᠶᠢ ᠨᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠭᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ | ᠵᠢᠭᠤᠯᠴᠢᠯᠠᠯ ᠤᠨ ᠲᠢᠩᠬᠢᠮ᠂ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠡᠳ᠋ ᠤᠨ | ᠵᠠᠰᠠᠭ ᠤᠨ ᠲᠢᠩᠬᠢᠮ ᠵᠡᠷᠭᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | ︵ᠲᠤᠰ ᠪᠢᠴᠢᠭ ᠮᠠᠲ᠋ᠧᠷᠢᠶᠠᠯ ᠢ ᠢᠯᠡ ᠨᠠᠶᠢᠳᠠᠯᠠᠨ᠎ᠠ︶ |