| 9 ᠰᠠᠷ᠎ᠠ ᠶᠢᠨ 25 ᠤ ᠡᠳᠦᠷ ᠤᠨ ᠦᠲᠠ ᠶᠢᠨ ᠡᠮᠤᠨ᠎ᠠ᠂ ᠦᠪᠠᠷᠲᠠᠬᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠱᠦᠵᠢ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ | ᠡᠷᠬᠢᠯᠡᠭᠴᠢ ᠯᠢ ᠵᠢᠢ ᠾᠸᠡᠭ᠂ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠠᠳ᠋ ᠱᠦᠵᠢ᠂ | ᠦᠪᠠᠷᠲᠠᠬᠡᠨ ᠵᠠᠰᠠᠬᠤ ᠤᠷᠤᠨ ᠤ ᠲᠠᠷᠢᠬᠦᠯᠡᠭᠴᠢ ᠪᠦ᠋ ᠰᠢᠶᠤᠤ ᠯᠢᠨ ᠵᠡᠷᠬᠡ ᠤᠳᠤᠷᠢᠳᠤᠯᠭ᠎ᠠ ᠥᠪᠥᠷ ᠮᠤᠩᠭᠤᠯ ᠤᠨ | ᠦᠵᠡᠰᠬᠦᠯᠡᠩ ᠤᠨ ᠤᠷᠳᠤᠨ ᠳᠤ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠪᠠᠶᠢᠭᠤᠯᠤᠭᠲᠠᠭᠰᠠᠨ 70 | ᠵᠢᠯ ᠤᠨ ᠤᠢ ᠶᠢ ᠪᠠᠯᠬᠡᠯᠡᠶᠡ — ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠦᠵᠡᠰᠬᠦᠯᠡᠩ︾ ᠢ | ᠲᠣᠭᠤᠷᠢᠨ ᠦᠵᠡᠪᠡ᠃ | ᠳᠤᠰ ᠰᠤᠨᠢᠨ ᠤ ᠰᠤᠷᠪᠤᠯᠵᠢᠯᠠᠬᠴᠢ ᠶᠤᠸᠠᠨ ᠶᠦᠩ ᠬᠤᠩ ᠰᠡᠭᠦᠳᠡᠷᠯᠡᠪᠡ | | 9 ᠰᠠᠷ᠎ᠠ ᠶᠢᠨ 25 ᠤ ᠡᠳᠦᠷ ᠤᠨ ᠦᠲᠠ ᠶᠢᠨ ᠡᠮᠤᠨ᠎ᠠ᠂ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ | ᠤᠯᠤᠰ ᠪᠠᠶᠢᠭᠤᠯᠤᠭᠲᠠᠭᠰᠠᠨ 70 ᠵᠢᠯ ᠤᠨ ᠤᠢ ᠶᠢ ᠪᠠᠯᠬᠡᠯᠡᠶᠡ — ᠦᠪᠤᠷ ᠮᠤᠩᠭᠤᠯ ᠤᠨ ᠦᠪᠠᠷᠲᠠᠬᠡᠨ ᠵᠠᠰᠠᠬᠤ | ᠤᠷᠤᠨ ᠤ ᠦᠵᠡᠰᠬᠦᠯᠡᠩ︾ ᠢ ᠬᠦᠬᠡᠬᠤᠲᠠ ᠳᠤ ᠤᠷᠢᠳᠴᠢᠯᠠᠨ ᠳᠡᠯᠬᠡᠨ ᠦᠵᠡᠬᠦᠯᠪᠡ᠃ | ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠤᠬᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠸᠡᠭ᠂ ᠦᠪᠠᠷᠲᠠᠬᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠲᠠᠳ᠋ ᠱᠦᠵᠢ᠂ ᠦᠪᠠᠷᠲᠠᠬᠡᠨ ᠵᠠᠰᠠᠬᠤ ᠤᠷᠤᠨ ᠤ ᠲᠠᠷᠢᠬᠦᠯᠡᠭᠴᠢ ᠪᠦ᠋ ᠰᠢᠶᠤᠤ ᠯᠢᠨ᠂ | ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ᠂ ᠵᠠᠰᠠᠭ ᠤᠨ ᠤᠷᠲᠤᠨ᠂ ᠤᠯᠤᠰ ᠲᠦᠷᠦ ᠶᠢᠨ ᠵᠦᠪᠯᠡᠯᠬᠡᠨ ᠤ ᠮᠤᠵᠢ ᠶᠢᠨ ᠲᠠᠰ ᠤᠨ | ᠤᠲᠤᠷᠢᠳᠬᠤ ᠨᠦᠬᠦᠳ ᠵᠢᠴᠢ ᠦᠪᠠᠷᠲᠠᠬᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ | ᠬᠤᠷᠢᠶᠠᠨ ᠤ ᠳᠠᠷᠤᠭ᠎ᠠ ᠪᠠ ᠦᠪᠡᠷᠳᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ | ᠲᠠᠷᠤᠭ᠎ᠠ ᠦᠵᠡᠰᠬᠦᠯᠡᠩ ᠢ ᠲᠣᠭᠤᠷᠢᠨ ᠦᠵᠡᠵᠡᠢ᠃ | ᠦᠵᠠᠰᠬᠦᠯᠡᠩ ᠨᠢ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ · ᠪᠦᠯᠬᠦᠮᠲᠠᠨ ᠲᠠᠮᠠᠴᠡᠬᠦ︾ ᠪᠠᠷ | ᠶᠠᠷᠦᠩᠬᠡᠢ ᠬᠦᠭ ᠠᠶᠠᠰ ᠪᠤᠯᠭᠠᠵᠤ᠂ 7 ᠪᠦᠯᠦᠭ ᠬᠤᠪᠢᠶᠠᠵᠤ᠂ ᠲᠤᠮᠲᠠᠲᠤ ᠤᠯᠤᠰ ᠤᠨ ᠡᠪ ᠬᠠᠮᠲᠤ ᠨᠠᠮ ᠤᠨ | ᠤᠲᠤᠷᠢᠲᠤᠯᠭ᠎ᠠ ᠳᠣᠣᠷ᠎ᠠ᠂ ᠨᠠᠮ ᠤᠨ ᠦᠨᠲᠤᠰᠤᠲᠠᠨ ᠤ ᠲᠦᠷᠦ ᠶᠢᠨ ᠪᠤᠲᠤᠯᠭ᠎ᠠ ᠶᠢᠨ ᠭᠡᠷᠡᠯ ᠰᠠᠴᠣᠷᠠᠩᠭᠤᠢ | ᠲᠤᠶᠠᠭᠠᠯᠠᠯ ᠲᠤᠤᠷ᠎ᠠ᠂ 72 ᠵᠢᠯ ᠤᠨ ᠲᠤᠷᠰᠢ ᠦᠪᠤᠷ ᠮᠤᠩᠭᠤᠯ ᠤᠨ 2500 ᠭᠠᠷᠤᠢ ᠲᠦᠮᠠᠨ | ᠦᠨᠲᠤᠰᠤᠲᠠᠨ ᠨᠦᠭᠦᠳ ᠤᠨ ᠲᠠᠯ᠎ᠠ ᠨᠤᠲᠤᠭ ᠤᠨ ᠬᠦᠪᠠᠬᠦᠳ ᠦᠬᠢᠳ ᠤᠨ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠣ᠂ ᠪᠦᠯᠬᠦᠮᠲᠠᠨ ᠲᠠᠮᠠᠴᠡᠭᠰᠠᠨ ᠶᠠᠷᠤ ᠪᠤᠰᠤ ᠶᠢᠨ ᠲᠠᠤᠬᠡᠨ ᠦᠩᠭᠡᠷᠡᠯᠳᠡ ᠶᠢ ᠲᠠᠮᠳᠡᠭᠯᠡᠪᠠ᠃ | ᠦᠵᠡᠰᠬᠦᠯᠡᠩ ᠢ ᠲᠤᠭᠤᠷᠢᠨ ᠦᠵᠡᠭᠰᠠᠨ ᠦᠪᠠᠷᠲᠠᠬᠡᠨ ᠵᠠᠰᠠᠬᠤ ᠤᠷᠤᠨ ᠤ ᠤᠲᠤᠷᠢᠲᠤᠯᠭ᠎ᠠ ᠠᠵᠢᠯᠲᠠᠨ ᠤ | ᠲᠠᠶᠢᠯᠪᠤᠷᠢᠯᠠᠬᠤ ᠶᠢ ᠬᠢᠨᠡᠮᠡᠭᠠᠢ ᠰᠤᠨᠤᠰᠴᠤ᠂ ᠬᠤᠯᠪᠤᠭᠲᠠᠯ ᠪᠦᠬᠦᠢ ᠪᠠᠶᠢᠲᠠᠯ ᠢ ᠨᠠᠷᠢᠨ ᠨᠢᠮᠪᠠᠢ ᠯᠠᠪᠯᠠᠨ ᠣᠢᠢᠯᠠᠭᠠᠪᠠ᠃ | ︽ᠡᠬᠢᠯᠠᠯᠲᠠ ᠶᠢᠨ ᠦᠬᠡ︾ ︽ᠲᠤᠲᠤᠨᠤ ᠬᠠᠯᠠᠮᠵᠢᠯᠠᠯ︾ ︽ᠬᠤᠪᠢᠰᠬᠠᠯ ᠤᠨ ᠤᠯᠠᠷᠢᠯ ᠬᠤᠪᠢᠰᠣᠯ · ᠮᠠᠨ ᠤ | ᠤᠯᠤᠰ ᠤᠨ ᠠᠩᠬᠠᠲᠠᠭᠴᠢ ᠮᠤᠵᠢ ᠶᠢᠨ ᠲᠠᠰ ᠤᠨ ᠴᠦᠬᠡᠨ ᠲᠤᠭᠠᠲᠤ ᠦᠨᠲᠤᠰᠤᠲᠠᠨ ᠤ ᠦᠪᠠᠷᠲᠠᠬᠡᠨ ᠵᠠᠰᠠᠬᠤ | ᠤᠷᠤᠨ ᠪᠠᠶᠢᠭᠤᠯᠤᠭᠲᠠᠭᠰᠠᠨ ᠨᠢ︾ ︽ᠰᠢᠷᠭᠠᠭᠤ ᠬᠠᠳᠠᠭᠤᠵᠢᠯᠳᠠᠢ ᠪᠠᠷ ᠦᠢᠯᠡᠰ ᠪᠤᠰᠬᠠᠭᠰᠠᠨ ᠨᠢ · ᠦᠨᠲᠤᠰᠤᠲᠠᠨ | ᠤ ᠤᠷᠤᠨ ᠤ ᠦᠪᠠᠷᠲᠠᠬᠡᠨ ᠵᠠᠰᠠᠬᠤ ᠰᠦᠪᠡᠭᠴᠢᠯᠠᠯ ᠬᠢᠭᠡᠳ ᠦᠢᠯᠡᠲᠤᠯᠬᠡ︾ ᠪᠦᠯᠦᠭ ᠲᠠᠬᠢ ︽ᠲᠠᠪᠦ ᠨᠢᠬᠡ ᠶᠢᠨ | ᠬᠤᠷᠠᠯ ᠤᠨ ᠭᠠᠵᠠᠷ︾ ᠤᠨ ᠪᠤᠲᠠᠲᠤ ᠦᠵᠡᠮᠵᠢ ᠶᠢ ᠰᠡᠷᠭᠦᠭᠡᠨ ᠪᠠᠶᠢᠭᠤᠯᠣᠭᠰᠠᠨ᠂ ᠶᠠᠷᠦᠩᠬᠡᠢ ᠰᠠᠶᠢᠳ ᠵᠸᠤ ᠧᠨ | ᠯᠠᠢ ᠪᠤᠭᠤᠲᠤ ᠶᠢᠨ ᠪᠤᠯᠤᠳ ᠲᠠᠮᠤᠷ ᠤᠨ ᠦᠢᠯᠡᠳᠪᠦᠷᠢ ᠶᠢᠨ ᠨᠢᠬᠡᠲᠤᠬᠡᠷ ᠨᠤᠮᠧᠷᠲᠤ ᠵᠤᠤᠬ᠎ᠠ ᠳᠤ ᠲᠤᠤᠵᠠ | ᠬᠠᠶᠢᠴᠢᠯᠠᠨ ᠦᠭᠭᠦᠭᠰᠡᠨ ᠵᠡᠷᠬᠡ ᠲᠠᠤᠬᠡ ᠶᠢᠨ ᠰᠤᠩᠭᠤᠲᠠᠭ ᠭᠡᠷᠡᠯ ᠵᠢᠷᠤᠭ ᠤᠳ ᠨᠢ ᠬᠦᠮᠤᠰ ᠤᠨ ᠪᠤᠲᠤᠯ ᠰᠡᠳᠬᠢᠯᠬᠡ | ᠶᠢ ᠦᠪᠠᠷᠲᠠᠬᠡᠨ ᠵᠠᠰᠠᠬᠤ ᠤᠷᠤᠨ ᠤ ᠬᠤᠪᠢᠰᠬᠠᠯ᠂ ᠬᠦᠭᠵᠢᠯᠲᠠ᠂ ᠪᠦᠲᠦᠬᠡᠨ ᠪᠠᠶᠢᠭᠤᠯᠤᠯᠲᠠ ᠶᠢᠨ ᠭᠠᠶᠢᠬᠠᠮᠰᠢᠭᠲᠤ | ᠤᠨ ᠰᠠᠷ᠎ᠠ ᠳᠤ ᠬᠦᠲᠤᠯᠤᠨ ᠠᠪᠠᠴᠢᠪᠠ᠃ ᠦᠨᠡᠨ ᠬᠡᠵᠦ ᠠᠨᠳᠠᠭᠤᠷᠠᠮᠠᠷ ᠪᠣᠳᠠᠰ ᠤᠨ ᠵᠠᠭᠪᠤᠷ᠂ ᠨᠠᠷᠢᠨ ᠪᠣᠳᠠᠳᠠᠢ | ᠭᠡᠷᠡᠯ ᠵᠢᠷᠤᠭ ᠵᠢᠷᠣᠭᠳᠣ ᠬᠦᠰᠤᠨᠦᠭ᠂ ᠡᠯᠪᠡᠭ ᠪᠠᠶᠠᠯᠢᠭ ᠸᠢᠳᠢᠣ᠋ ᠮᠠᠲ᠋ᠧᠷᠢᠶᠠᠯ᠂ ᠰᠢᠨ᠎ᠠ ᠰᠡᠪᠡᠭᠦᠨ ᠦᠵᠡᠰᠬᠦᠯᠡᠩ ᠤᠨ | ᠠᠷᠭ᠎ᠠ ᠪᠠᠷᠢᠯ ᠨᠢ ᠣᠯᠠᠨ ᠤ ᠠᠩᠬᠠᠷᠣᠯ ᠢ ᠣᠨᠴᠠᠭᠠᠢ ᠳᠠᠳᠠᠵᠣ ᠠᠯᠬᠤᠮ ᠢ ᠨᠢ ᠣᠳᠠᠭᠠᠰᠢᠷᠠᠭᠤᠯᠣᠨ ᠨᠢᠮᠪᠠᠢ | ᠰᠣᠨᠢᠷᠬᠠᠭᠤᠯᠪᠠ᠃ | ︽ᠲᠠᠷᠪᠠᠭᠤᠯ ᠬᠡᠶᠢᠰᠭᠡᠨ ᠠᠶᠠᠯᠠᠯ ᠢᠶᠠᠨ ᠡᠬᠢᠯᠡᠬᠦᠯᠦᠭᠰᠠᠨ ᠨᠢ · ᠦᠬᠡᠷᠠᠴᠢᠯᠠᠯᠲᠠ ᠨᠡᠬᠡᠬᠡᠯᠲᠠ ᠪᠠ | ᠤᠲᠤᠬᠢᠴᠢᠯᠠᠬᠤ ᠪᠦᠲᠦᠬᠡᠨ ᠪᠠᠶᠢᠭᠤᠯᠤᠯᠲᠠ ᠶᠢᠨ ᠰᠢᠨ᠎ᠠ ᠪᠠᠶᠢᠲᠠᠯ ᠢ ᠨᠡᠭᠡᠭᠡᠪᠡ︾ ︽ᠠᠵᠠ ᠳᠣᠬᠢᠶᠠᠯ ᠢ | ᠠᠮᠵᠢᠭᠰᠠᠨ ᠨᠢ · ᠰᠢᠨ᠎ᠠ ᠡᠷᠢᠨ ᠰᠢᠨ᠎ᠠ ᠱᠠᠲᠤᠨ ᠤ ᠬᠦᠭᠵᠢᠯᠲᠠ ᠶᠢᠨ ᠰᠢᠨ᠎ᠠ ᠲᠠᠪᠠᠯᠲᠠ ᠶᠢ ᠪᠠᠶᠠᠯᠡᠬᠦᠯᠪᠡ︾ | ᠪᠦᠯᠦᠭ ᠲᠠᠬᠢ ᠮᠠᠯᠵᠢᠬᠤ ᠲᠠᠷᠢᠶᠠᠯᠠᠬᠤ ᠤᠷᠤᠨ ᠤ ᠦᠬᠡᠷᠠᠴᠢᠯᠠᠯᠲᠠ ᠬᠢᠭᠡᠳ ᠬᠦᠭᠵᠢᠯᠲᠠ᠂ ᠲᠠᠪᠠᠭᠤᠯᠢᠭ | ᠤᠨᠴᠠᠯᠢᠭᠲᠤ ᠠᠵᠤ ᠦᠢᠯᠡᠰ ᠤᠨ ᠬᠦᠭᠵᠢᠯᠲᠠ ᠪᠤᠵᠠᠭᠠᠢᠢᠷᠠᠯ ᠁ ᠵᠡᠷᠭᠡ ᠨᠢ ᠮᠠᠨ ᠤ ᠤᠷᠤᠨ ᠤ ᠡᠯ᠎ᠠ ᠵᠦᠢᠯ | ᠤᠨ ᠦᠢᠯᠡᠰ ᠤᠨ ᠪᠦᠬᠦ ᠲᠠᠯ᠎ᠠ ᠶᠢᠨ ᠲᠠᠪᠰᠢᠯᠲᠠ᠂ ᠶᠠᠷᠦᠩᠬᠡᠶᠢᠯᠡᠭᠰᠠᠨ ᠪᠤᠲᠠᠲᠤ ᠬᠦᠴᠤᠨ ᠤ ᠦᠳᠲᠠᠷ ᠲᠦᠷᠬᠡᠨ | ᠨᠡᠮᠡᠭᠲᠡᠯ᠂ ᠦᠬᠡᠷᠠᠴᠢᠯᠠᠯᠲᠠ ᠨᠡᠬᠡᠬᠡᠯᠲᠠ ᠪᠠ ᠤᠲᠤᠬᠢᠴᠢᠯᠠᠬᠤ ᠪᠦᠲᠦᠬᠡᠨ ᠪᠠᠶᠢᠭᠤᠯᠤᠯᠲᠠ ᠶᠢᠨ ᠲᠠᠤᠬᠡᠲᠤ ᠴᠢᠨᠠᠷᠲᠠᠢ | ᠠᠮᠵᠢᠯᠲᠠ ᠪᠦᠳᠦᠮᠵᠢ ᠶᠢ ᠲᠤᠰᠬᠠᠵᠠᠢ᠃ | ᠲᠤᠰ ᠣᠳᠠᠭ᠎ᠠ ᠶᠢᠨ ᠦᠵᠡᠰᠬᠦᠯᠠᠩ ᠤᠨ ᠬᠠᠮᠤᠭ ᠤᠨ ᠶᠡᠭᠡ ᠬᠢᠯᠠᠰ ᠴᠡᠭ ᠪᠤᠯᠬᠤ ︽ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠭᠰᠠᠨ ᠨᠢ · ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠤ ᠰᠠᠶᠢᠬᠠᠨ ᠦᠵᠠᠮᠵᠢ | ᠶᠢᠨ ᠣᠷᠣᠨ ᠢ ᠴᠣᠭᠴᠠᠯᠠᠪᠠ︾ ᠪᠦᠯᠦᠭ ᠲᠠᠬᠢ ᠪᠤᠬᠢᠷᠲᠤᠯ ᠦᠬᠡᠢ ᠤᠷᠭᠠᠨᠢᠭ ᠮᠠᠯ ᠤᠨ ᠠᠰᠢᠭ ᠰᠢᠮ᠎ᠠ ᠲᠠᠷᠢᠶᠠᠯᠠᠩ | ᠤᠨ ᠪᠦᠲᠤᠬᠡᠭᠲᠠᠬᠦᠨ ᠤ ᠦᠵᠡᠬᠦᠯᠭᠡ ᠶᠢᠨ ᠲᠠᠪᠴᠠᠩ᠂ ᠲᠤᠮᠲᠠᠲᠤ ᠮᠤᠩᠭᠤᠯ ᠤᠷᠤᠰ ᠤᠨ ᠠᠵᠤ ᠠᠬᠤᠢ ᠶᠢᠨ | ᠬᠤᠨᠭ᠍ᠬᠢᠯ ᠤᠨ ᠲᠦᠯᠤᠪᠵᠢᠬᠦᠯᠬᠡ ᠪᠦᠲᠦᠬᠡᠨ ᠪᠠᠶᠢᠭᠤᠯᠤᠯᠲᠠ ᠶᠢᠨ ᠲᠠᠶᠢᠯᠪᠤᠷᠢ ᠵᠢᠷᠤᠭ᠂ ᠠᠲᠠᠯᠢ ᠪᠤᠰᠤ ᠴᠠᠭ ᠦᠶ᠎ᠠ | ᠶᠢᠨ ᠰᠠᠭᠤᠭᠠᠯᠢ ᠠᠷᠠᠳ ᠤᠨ ᠠᠮᠢᠲᠤᠷᠠᠯ ᠤᠨ ᠤᠷᠴᠢᠨ ᠲᠤᠭᠤᠷᠢᠨ ᠤ ᠬᠤᠪᠢᠷᠠᠯᠲᠠ ᠶᠢᠨ ᠰᠢᠪᠠᠷ ᠱᠤᠭᠤᠮᠠᠯ ᠁ | ᠵᠢᠷᠤᠭ ᠲᠦᠷᠰᠤ ᠵᠢᠷᠤᠭᠲᠤ ᠬᠦᠰᠤᠨᠦᠭ᠂ ᠸᠢᠳᠢᠣ᠋ ᠤᠬᠤᠷ ᠹᠢᠯᠢᠮ᠂ ᠡᠯᠡᠰᠤᠨ ᠴᠡᠷ᠎ᠠ ᠶᠢᠨ ᠦᠵᠡᠬᠦᠯᠬᠡ᠂ ᠦᠵᠡᠮᠵᠢ | ᠪᠠᠶᠢᠲᠠᠯ ᠤᠨ ᠰᠡᠷᠭᠦᠭᠡᠯᠳᠡ ᠵᠡᠷᠬᠡ ᠦᠩᠭᠡ ᠢᠯᠭᠠᠷᠠᠭᠰᠠᠨ ᠬᠠᠮ ᠦᠵᠡᠰᠬᠦᠯᠡᠩ ᠤᠨ ᠵᠠᠭᠪᠤᠷ ᠢᠶᠠᠷ ᠳᠠᠮᠵᠢᠭᠤᠯᠣᠨ᠂ | ᠪᠦᠬᠦ ᠤᠷᠤᠨ ᠤ ᠦᠨᠲᠤᠰᠤᠲᠠᠨ ᠨᠦᠭᠦᠳ ᠤᠨ ᠺᠠᠳ᠋ᠷ ᠤᠯᠠᠨ ᠲᠦᠮᠠᠨ ᠤ ᠰᠢ ᠶᠢᠨ ᠫᠢᠡᠭ ᠤᠨ ᠰᠢᠨ᠎ᠠ ᠴᠠᠭ ᠦᠶ᠎ᠠ | ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠲᠤᠯᠭ᠎ᠠ ᠪᠣᠯᠭᠠᠬᠤ | ᠶᠢ ᠪᠠᠷᠢᠮᠲᠠᠯᠠᠨ᠂ ᠬᠦᠴᠢᠷ ᠢ ᠲᠠᠪᠠᠨ ᠪᠡᠷᠬᠡ ᠶᠢ ᠲᠤᠭᠤᠯᠵᠤ᠂ ᠵᠤᠷᠢᠭ ᠲᠠᠢ ᠪᠠᠷ ᠤᠷᠤᠭᠰᠢᠯᠠᠨ ᠳᠠᠪᠰᠢᠵᠣ᠂ ᠵᠠᠮ | ᠨᠡᠭᠡᠭᠡᠨ ᠰᠢᠨ᠎ᠠ ᠶᠢ ᠡᠬᠦᠳᠴᠤ᠂ ᠯᠠᠪᠲᠠᠭᠤᠨ ᠪᠠᠲᠤᠲᠠᠢ ᠠᠵᠢᠯᠯᠠᠵᠤ᠂ ᠡᠯ᠎ᠠ ᠵᠦᠢᠯ ᠤᠨ ᠦᠢᠯᠡᠰ ᠢ ᠲᠠᠰᠤᠷᠠᠯᠲᠠ | ᠦᠬᠡᠢ ᠲᠦᠯᠬᠢᠨ ᠤᠷᠤᠭᠰᠢᠯᠠᠭᠤᠯᠣᠭᠰᠠᠨ ᠳᠦᠷᠰᠦ ᠪᠠᠶᠢᠳᠠᠯ ᠢ ᠳᠡᠯᠬᠡᠨ ᠦᠵᠡᠬᠦᠯᠪᠡ᠃ | ᠦᠵᠡᠰᠭᠦᠯᠡᠩ ᠢ ᠲᠤᠭᠤᠷᠢᠨ ᠦᠵᠡᠬᠦ ᠶᠠᠪᠣᠴᠠ ᠳᠤ᠂ ᠤᠯᠠᠨ ᠳᠤ ᠦᠡᠭᠬᠡᠷᠡᠭᠰᠠᠨ ᠢᠶᠠᠨ ᠡᠷᠬᠢᠴᠡᠬᠦᠯᠤᠨ | ᠦᠨᠤᠲᠤᠷ ᠢᠶᠠᠨ ᠨᠠᠨᠳᠢᠩᠨᠡᠬᠤ ᠰᠡᠳᠬᠢᠯᠬᠡ ᠲᠦᠷᠦᠭᠲᠠᠵᠦ᠂ ᠦᠩᠭᠡᠷᠡᠭᠰᠡᠨ ᠲᠠᠤᠬᠡ ᠶᠢ ᠳᠣᠷᠠᠰᠬᠠᠬᠤ ᠬᠠᠮᠤᠭ ᠤᠨ | ᠰᠠᠶᠢᠨ ᠠᠷᠭ᠎ᠠ ᠪᠤᠯ ᠳᠠᠷᠣᠢ ᠰᠢᠨ᠎ᠠ ᠲᠠᠤᠬᠡ ᠶᠢ ᠡᠬᠦᠳᠬᠦ ᠳᠤ ᠪᠣᠢ᠂ ᠪᠢᠲᠠ ᠰᠢᠨ᠎ᠠ ᠴᠠᠭ ᠦᠶ᠎ᠠ ᠶᠢᠨ ᠲᠤᠮᠲᠠᠲᠤ | ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠬᠤ ᠶᠢ ᠪᠠᠷᠢᠮᠳᠠᠯᠠᠵᠣ᠂ | ᠡᠷᠠᠰ ᠭᠤᠶᠢᠪᠢᠰᠢ ᠦᠬᠡᠢ ᠪᠠᠷ ᠲᠤᠮᠲᠠᠲᠤ ᠤᠯᠤᠰ ᠤᠨ ᠡᠪ ᠬᠠᠮᠲᠤ ᠨᠠᠮ ᠤᠨ ᠤᠲᠤᠷᠢᠲᠤᠯᠭ᠎ᠠ ᠶᠢ ᠪᠠᠷᠢᠮᠲᠠᠯᠠᠵᠤ᠂ | ᠲᠤᠮᠲᠠᠲᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ᠂ ᠦᠨᠲᠤᠰᠤᠲᠠᠨ ᠤ | ᠤᠷᠤᠨ ᠤ ᠦᠪᠠᠷᠲᠠᠬᠡᠨ ᠵᠠᠰᠠᠬᠤ ᠪᠠᠶᠢᠭᠤᠯᠤᠯ ᠢ ᠪᠠᠷᠢᠮᠲᠠᠯᠠᠳᠠᠭ ᠯᠠ ᠶᠣᠮ ᠪᠣᠯ᠂ ᠦᠪᠤᠷ ᠮᠤᠩᠭᠤᠯ ᠴᠡᠴᠡᠭᠯᠠᠨ | ᠬᠦᠭᠵᠢᠭᠰᠡᠨ ᠡᠶ᠎ᠡ ᠵᠤᠬᠢᠴᠠᠯ ᠲᠠᠢ ᠬᠦᠭᠵᠢᠨ ᠲᠠᠪᠰᠢᠭᠰᠠᠨ ᠦᠨᠤᠲᠤᠷ ᠪᠠ ᠨᠠᠩ ᠵᠤᠯ ᠵᠢᠷᠭᠠᠯ ᠲᠠᠢ ᠰᠠᠶᠢᠨ ᠰᠠᠶᠢᠬᠠᠨ | ᠮᠠᠷᠭᠠᠰᠢ ᠲᠠᠢ ᠪᠤᠯᠵᠤ ᠴᠢᠲᠠᠨ᠎ᠠ ᠭᠡᠵᠦ ᠰᠠᠨᠠᠯ ᠨᠢᠭᠡᠳᠡᠢ ᠦᠵᠡᠵᠡᠭᠡᠪᠡ᠃ |