ᠮᠠ ᠰᠢᠤᠸᠠᠢ ᠵᠢᠶᠦ᠋ᠨ ᠤᠯᠠᠭᠠᠨᠬᠠᠳᠠ ᠲᠦᠩᠯᠢᠶᠤᠤ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠠᠨ ᠨᠢ ᠰᠢᠢᠳᠪᠤᠷᠢᠳᠤ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠬᠤ ᠵᠤᠷᠢᠬ ᠪᠤᠯᠤᠨ ᠢᠳᠡᠬᠡᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠪᠦᠬᠦ ᠬᠦᠴᠤᠨ ᠢᠶᠠᠷ ᠢᠶᠠᠨ ᠲᠡᠮᠡᠴᠡᠨ ᠤᠯᠬᠤ ᠭᠡᠷᠡᠭᠳᠠᠢ
ᠨᠡᠶᠢᠲᠡᠯᠡᠭᠰᠡᠨ ᠴᠠᠭ᠄
2019/9/26
     9 ᠰᠠᠷ᠎ᠠ ᠶᠢᠨ 21᠎ ᠠᠴᠠ 24᠎ ᠤ ᠡᠳᠤᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠎ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠤᠯᠠᠭᠠᠨᠬᠠᠳᠠ᠂ ᠲᠦᠩᠯᠢᠶᠤᠤ ᠳᠤ ᠪᠠᠶᠢᠴᠠᠭᠠᠨ ᠰᠤᠳᠤᠯᠤᠯᠳᠠ ᠬᠢᠵᠤ᠂ ᠲᠦᠪ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠲᠤᠰᠬᠠᠢ ᠲᠤᠭᠤᠷᠢᠨ ᠪᠠᠶᠢᠴᠠᠭᠠᠬᠰᠠᠨ ᠪᠠ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠮᠵᠢᠯᠳᠠ ᠪᠦᠳᠤᠮᠵᠢ ᠶᠢ ᠰᠢᠯᠭᠠᠨ ᠪᠠᠶᠢᠴᠠᠭᠠᠵᠥ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ ᠠᠵᠢᠯ ᠢ ᠵᠢᠯᠤᠭᠤᠳᠤᠨ ᠱᠠᠯᠠᠪᠳᠠᠭᠤᠯᠪᠠ᠃      ᠮᠠ ᠰᠢᠤᠸᠠᠢ ᠵᠢᠶᠦ᠋ᠨ ᠤᠷᠢᠳ ᠬᠤᠵᠢᠳ ᠤᠯᠠᠭᠠᠨᠬᠠᠳᠠ ᠬᠤᠳᠠ ᠶᠢᠨ ᠠᠷᠤ ᠬᠤᠷᠴᠢᠨ ᠬᠤᠰᠢᠭᠤ᠂ ᠪᠠᠭᠠᠷᠢᠨ ᠵᠡᠬᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠤᠩᠨᠢᠭᠤᠳ ᠬᠤᠰᠢᠭᠤ᠂ ᠠᠤᠬᠠᠨ ᠬᠤᠰᠢᠭᠤ ᠪᠤᠯᠤᠨ ᠲᠦᠩᠯᠢᠶᠤᠤ ᠬᠤᠳᠠ ᠶᠢᠨ ᠨᠠᠢᠮᠠᠨ ᠬᠤᠰᠢᠭᠤ᠂ ᠬᠦᠷᠢᠶ᠎ᠠ ᠬᠤᠰᠢᠭᠤᠨ ᠳᠤ ᠬᠦᠨᠵᠡᠬᠡᠶᠢᠷᠡᠵᠥ᠂ ᠡᠯ᠎ᠠ ᠭᠠᠵᠠᠷ ᠤᠨ ︽ᠬᠤᠶᠠᠷ ᠲᠤ ᠵᠤᠪᠠᠭ᠋ᠤ ᠦᠬᠡᠢ᠂ ᠭᠤᠷᠪᠠ ᠶᠢ ᠪᠠᠳᠤᠯᠠᠬᠤ︾ ᠪᠤᠳᠠᠳᠠᠢ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠬᠰᠠᠨ ᠪᠠ ᠠᠵᠤ ᠤᠢᠢᠯᠡᠰ ᠢᠶᠠᠷ ᠶᠠᠳᠠᠭᠤ ᠶᠢ ᠲᠡᠳᠬᠦᠬᠦ ᠲᠦᠷᠤᠯ ᠵᠦᠢᠯ ᠤᠨ ᠠᠵᠢᠯᠯᠠᠭ᠎ᠠ᠂ ᠤᠢᠢᠯᠡᠳᠬᠦᠨ ᠤ ᠪᠤᠷᠤᠯᠠᠭᠤᠯᠭ᠎ᠠ᠂ ᠶᠠᠳᠠᠭᠤ ᠬᠦᠴᠢᠷᠳᠠᠯᠳᠠᠢ ᠡᠷᠤᠬᠡ ᠶᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠦᠭᠰᠡᠨ ᠵᠢᠴᠢ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠵᠡᠷᠬᠡ ᠪᠠᠶᠢᠳᠠᠯ ᠢ ᠨᠠᠷᠢᠨ ᠤᠢᠢᠯᠠᠭᠠᠵᠤ᠂ ᠤᠷᠤᠨ ᠨᠤᠳᠤᠬ᠂ ᠠᠵᠤ ᠠᠬᠤᠢᠢᠯᠠᠯ ᠤᠨ ᠬᠤᠯᠪᠤᠬᠳᠠᠯ ᠪᠦᠬᠦᠢ ᠬᠦᠮᠤᠰ ᠪᠤᠯᠤᠨ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠡᠰᠢᠬᠦᠨ ᠲᠠᠢ ᠦᠷᠬᠡᠨ ᠢᠶᠠᠷ ᠰᠠᠨᠠᠯ ᠢᠶᠠᠨ ᠰᠤᠯᠢᠯᠴᠠᠵᠤ᠂ ᠰᠤᠭᠤᠴᠢᠨ ᠪᠠᠶᠢᠴᠠᠭᠠᠬᠤ ᠠᠵᠢᠯ ᠦᠷᠨᠢᠬᠦᠯᠦᠭᠰᠡᠨ ᠪᠦᠬᠡᠳ ᠶᠠᠳᠠᠭᠤ ᠬᠦᠴᠢᠷᠳᠠᠯᠳᠠᠢ ᠤᠯᠠᠨ ᠲᠦᠮᠡᠨ ᠢ ᠡᠷᠭᠢᠨ ᠦᠵᠡᠵᠦ ᠲᠤᠬᠤᠨᠢᠭᠤᠯᠪᠠ᠃      ᠮᠠ ᠰᠢᠤᠸᠠᠢ ᠵᠢᠶᠦ᠋ᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠨᠢ ᠰᠢᠢᠳᠪᠤᠷᠢᠳᠤ ᠲᠠᠶᠢᠯᠠᠯᠳᠤᠭᠠᠨ ᠤ ᠰᠢᠢᠳᠪᠤᠷᠢᠳᠤ ᠢᠯᠠᠯᠳᠠ ᠶᠢᠨ ᠵᠠᠩᠭᠢᠯᠠᠭ᠎ᠠ ᠶᠢᠨ ᠦᠶ᠎ᠡ ᠳᠤ ᠤᠷᠤᠪᠠ᠂ ᠡᠯ᠎ᠡ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠠ ᠦᠨᠳᠦᠰᠦᠨ ᠱᠠᠳᠤᠨ ᠤ ᠺᠠᠳ᠋ᠷᠴᠤᠳ ᠡᠷᠬᠡᠪᠰᠢ ᠰᠢᠢᠳᠪᠤᠷᠢᠳᠤ ᠲᠠᠶᠢᠯᠠᠯᠳᠤᠭᠠᠨ ᠎ ᠤ ᠰᠦᠰᠤ ᠵᠤᠷᠢᠭ ᠪᠠ ᠰᠢᠢᠳᠪᠤᠷᠢᠳᠤ ᠢᠯᠠᠯᠳᠠ ᠶᠢ ᠤᠯᠬᠤ ᠢᠳᠡᠭᠡᠯ ᠵᠤᠷᠢᠭ ᠢᠶᠠᠨ ᠪᠠᠳᠤᠯᠠᠵᠥ᠂ ᠴᠤᠴᠠᠰᠢ ᠦᠭᠡᠢ᠂ ᠰᠤᠯᠠᠷᠠᠰᠢ ᠦᠭᠡᠢ ᠪᠠᠶᠢᠵᠥ᠂ ᠠᠵᠢᠯ ᠤᠨ ᠬᠤᠭᠤᠴᠠᠭ᠎ᠠ ᠶᠢ ᠦᠯᠤ ᠬᠤᠶᠢᠰᠢᠯᠠᠭᠤᠯᠵᠤ᠂ ᠬᠦᠴᠢᠷ ᠢ ᠲᠤᠭᠤᠯᠤᠨ ᠪᠡᠷᠭᠡ ᠶᠢ ᠲᠠᠪᠠᠵᠤ᠂ ᠲᠤᠳᠠᠭᠤᠳᠠᠯ ᠢᠶᠠᠨ ᠨᠦᠬᠦᠪᠤᠷᠢᠯᠡᠵᠤ᠂ ᠪᠠᠭᠤᠷᠠᠢ ᠲᠠᠯ᠎ᠡ ᠪᠠᠨ ᠬᠦᠴᠦᠷᠬᠡᠭᠵᠢᠬᠦᠯᠵᠥ᠂ ᠬᠠᠷᠢᠭᠤ ᠲᠤᠰᠬᠠᠬᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠡᠩ ᠬᠦᠨᠵᠡᠭᠡᠢ ᠨᠡᠩ ᠨᠠᠷᠢᠯᠢᠭ ᠨᠡᠩ ᠪᠤᠳᠠᠳᠠᠢ ᠬᠢᠬᠦ ᠶᠢ ᠯᠠᠪᠳᠠᠭᠤᠨ ᠪᠠᠳᠤᠳᠠᠢ ᠠᠬᠢᠭᠤᠯᠵᠤ᠂ ᠨᠠᠷᠢᠯᠢᠭ ᠤᠨᠤᠪᠴᠢᠳᠠᠢ ᠠᠴᠠ ᠨᠠᠷᠢᠯᠢᠭ ᠤᠨᠤᠪᠴᠢᠳᠠᠢ ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠬᠠᠷᠠᠯᠳᠠ ᠪᠠᠨ ᠦᠨᠡᠨ ᠬᠦ ᠪᠠᠶᠠᠯᠡᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃ ᠮᠠ ᠰᠢᠤᠸᠠᠢ ᠵᠢᠶᠦ᠋ᠨ᠂ ᠠᠵᠤ ᠦᠢᠯᠡᠰ ᠢᠶᠠᠷ ᠤᠷᠤᠯᠭ᠎ᠠ ᠶᠢ ᠨᠡᠮᠡᠭᠳᠡᠬᠦᠯᠬᠦ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢᠨ ᠭᠤᠤᠯ ᠠᠷᠭ᠎ᠠ ᠵᠠᠮ ᠪᠠ ᠦᠨᠢ ᠤᠳᠠᠭᠠᠨ ᠤ ᠠᠷᠭ᠎ᠠ ᠪᠤᠳᠤᠯᠭ᠎ᠠ ᠪᠠᠶᠢᠵᠤ᠂ ᠤᠯᠠᠨ ᠠᠷᠭ᠎ᠠ ᠵᠠᠮ ᠢᠶᠠᠷ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠭᠡᠪ ᠵᠠᠬᠪᠤᠷ ᠢ ᠢᠳᠡᠪᠬᠢᠳᠠᠢ ᠬᠠᠶᠢᠨ ᠰᠦᠪᠡᠭᠴᠢᠯᠡᠵᠤ᠂ ᠠᠵᠤ ᠦᠢᠯᠡᠰ ᠤᠨ ᠪᠠᠶᠢᠷᠢᠰᠢᠭᠤᠯᠤᠯᠳᠠ ᠶᠢ ᠤᠯᠠᠮ ᠴᠢᠨᠠᠬᠰᠢᠳᠠ ᠰᠢᠯᠢᠳᠡᠭᠵᠢᠬᠦᠯᠵᠤ᠂ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠵᠤ ᠤᠨᠴᠠᠯᠢᠬᠳᠤ ᠭᠤᠤᠯᠯᠠᠬᠤ ᠠᠵᠤ ᠦᠢᠯᠡᠰ ᠢ ᠬᠦᠭᠵᠢᠬᠦᠯᠦᠨ ᠪᠤᠵᠠᠭᠠᠢᠢᠷᠠᠭᠤᠯᠵᠤ᠂ ᠢᠯᠠᠩᠭᠤᠶ᠎ᠡ ᠠᠯᠠᠰᠢᠨ ᠦᠭᠡᠷ ᠠᠯᠠᠰᠢᠨ ᠬᠤᠨᠢ ᠲᠡᠵᠢᠭᠡᠯ ᠡᠪᠡᠰᠤᠨ ᠤ ᠦᠷ᠎ᠡ ᠶᠢᠨ ᠡᠬᠢ ᠶᠢᠨ ᠪᠦᠳᠦᠬᠡᠨ ᠪᠠᠶᠢᠭᠤᠯᠤᠯᠳᠠ ᠪᠠ ᠲᠦᠷᠦᠯ ᠵᠦᠢᠯ ᠶᠠᠰᠤ ᠴᠢᠨᠠᠷ ᠲᠦᠷᠦᠯ ᠲᠡᠮᠳᠡᠭ ᠤᠨ ᠪᠦᠳᠦᠬᠡᠨ ᠪᠠᠶᠢᠭᠤᠯᠤᠯᠳᠠ ᠶᠢ ᠴᠢᠬᠤᠯᠠ ᠵᠦᠪᠯᠡᠬᠦ ᠵᠦᠢᠯ ᠤᠨ ᠲᠠᠷᠠᠭᠠᠯᠠᠯ ᠳᠤ ᠤᠷᠤᠭᠤᠯᠵᠤ᠂ ᠶᠠᠳᠠᠭᠤ ᠬᠦᠴᠢᠷᠳᠡᠯᠳᠠᠢ ᠤᠯᠠᠨ ᠲᠦᠮᠡᠨ ᠤ ᠲᠤᠬᠳᠠᠭᠤᠨ ᠢᠶᠠᠷ ᠶᠠᠳᠠᠭᠤ ᠠᠴᠠ ᠠᠩᠭᠢᠵᠢᠷᠠᠬᠤ ᠪᠠ ᠠᠯᠬᠤᠮ ᠠᠯᠬᠤᠮ ᠢᠶᠠᠷ ᠴᠢᠨᠡᠭᠡᠯᠢᠭᠵᠢᠬᠦ ᠳᠤ ᠪᠠᠳᠤ ᠪᠠᠬᠢ ᠲᠤᠯᠭᠠᠭᠤᠷᠢᠯᠡᠯ ᠬᠠᠨᠭ᠍ᠭᠠᠬᠤ ᠭᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号