9 ᠰᠠᠷ᠎ᠠ ᠶᠢᠨ 26 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ | ᠲᠠᠪᠤᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠸᠡᠭ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ | ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ | ᠶᠢᠩ᠂ ᠯᠢ ᠷᠦᠡᠭ ᠰᠢ᠂ ᠯᠢᠶᠠᠨ ᠰᠤ᠋᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ | ᠬᠤᠷᠠᠯ ᠳᠤ ᠤᠷᠤᠯᠴᠠᠵᠠᠢ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠡᠭ ᠷᠦᠡᠭ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ | ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠯᠢ ᠴᠢ ᠯᠢᠨ ᠵᠢᠴᠢ ᠬᠡᠰᠡᠭ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ ᠬᠤᠷᠠᠯ ᠳᠤ ᠰᠤᠯᠠ ᠤᠷᠤᠯᠴᠠᠵᠠᠢ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠦᠷᠢᠯᠳᠦᠭᠦᠨ ᠤᠳᠤ 63 ᠬᠦᠮᠦᠨ ᠪᠣᠢ᠂ | 60 ᠬᠦᠮᠦᠨ ᠨᠢ ᠲᠤᠰ ᠣᠳᠠᠭ᠎ᠠ ᠶᠢᠨ ᠪᠦᠭᠦᠳᠡ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ | ᠬᠦᠮᠦᠨ ᠤ ᠲᠤᠭ᠎ᠠ ᠳᠤ ᠨᠡᠶᠢᠴᠡᠪᠠ᠃ | ᠬᠤᠷᠠᠯ ᠠᠴᠠ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠦᠷᠢᠮ︾ | ᠪᠠ ︽ᠦᠪᠤᠷ ᠮᠤᠩᠭᠤᠯ ᠤᠨ ᠲᠤᠮᠳᠠ ᠵᠢᠵᠢᠭ ᠠᠵᠦ ᠠᠬᠤᠢᠢᠯᠠᠯ ᠢ ᠠᠬᠢᠭᠤᠯᠬᠤ ᠲᠦᠷᠢᠮ︾ ᠢ ᠪᠠᠳᠤᠯᠠᠪᠠ᠃ | ᠬᠤᠷᠠᠯ ᠠᠴᠠ᠂ ︽ᠬᠦᠬᠡᠬᠤᠳᠠ ᠶᠢᠨ ᠮᠤᠩᠭᠤᠯ ᠡᠮ ᠡᠮᠨᠡᠯᠭᠡ ᠶᠢᠨ ᠬᠦᠭᠵᠢᠯᠳᠠ ᠶᠢ ᠠᠬᠢᠭᠤᠯᠬᠤ ᠠᠷᠭ᠎ᠠ︾᠂ | ︽ᠪᠤᠭᠤᠳᠤ ᠬᠤᠳᠠ ᠶᠢᠨ ᠬᠤᠳᠠ ᠪᠠᠯᠭᠠᠰᠤᠨ ᠤ ᠨᠡᠭᠡᠭᠡᠨ ᠬᠦᠭᠵᠢᠭᠦᠯᠭᠦ ᠵᠠᠭᠠᠭ ᠤᠨ ᠬᠠᠮᠢᠶᠠᠷᠤᠯᠳᠠ ᠶᠢᠨ ᠲᠦᠷᠢᠮ︾᠂ | ︽︿ᠪᠤᠭᠤᠳᠤ ᠬᠤᠳᠠ ᠶᠢᠨ ᠬᠠᠶᠠᠬᠳᠠᠮᠠᠯ ᠢᠳᠡᠭᠡᠨ ᠤ ᠲᠤᠰᠤ ᠶᠢᠨ ᠬᠠᠮᠢᠶᠠᠷᠤᠯᠳᠠ ᠶᠢᠨ ᠲᠦᠷᠢᠮ﹀ ᠢ ᠬᠦᠴᠦᠨ | ᠦᠭᠡᠢ ᠪᠤᠯᠭᠠᠬᠤ ᠲᠤᠬᠠᠢ ᠪᠤᠭᠤᠳᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ︾᠂ ︽ᠤᠷᠳᠤᠰ ᠬᠤᠳᠠ ᠶᠢᠨ ᠲᠦᠪᠯᠡᠷᠡᠭᠰᠡᠨ ᠬᠡᠯᠪᠡᠷᠢ ᠶᠢᠨ ᠤᠤᠭᠤᠬᠤ | ᠤᠰᠤᠨ ᠤ ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠲᠦᠷᠢᠮ︾᠂ ︽ᠦᠬᠠᠢ ᠬᠤᠳᠠ ᠶᠢᠨ ᠬᠤᠳᠠ ᠶᠢᠨ | ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠷᠢᠮ︾ ᠵᠡᠷᠭᠡ ᠶᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ | ᠰᠢᠢᠳᠪᠤᠷᠢ ᠶᠢ ᠪᠠᠳᠤᠯᠠᠪᠠ᠃ | ᠬᠤᠷᠠᠯ ᠠᠴᠠ᠂ ᠪᠠᠶᠢᠴᠠᠭᠠᠬᠤ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠴᠢᠩᠭᠠᠳᠬᠠᠬᠤ ᠲᠤᠬᠠᠢ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶᠠᠨ ᠤ ᠲᠤᠬᠳᠠᠭᠠᠯ ᠢ ᠪᠠᠳᠤᠯᠠᠪᠠ᠃ | ᠬᠤᠷᠠᠯ ᠠᠴᠠ ᠪᠠᠰᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ | ᠵᠦᠢᠯᠡᠰ ᠢ ᠪᠠᠳᠤᠯᠠᠪᠠ᠃ | ᠯᠢ ᠵᠢᠢ ᠾᠸᠡᠭ ᠶᠠᠷᠢᠶᠠᠨ ᠳᠠᠭᠠᠨ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠤᠯᠠᠭᠠᠨᠮᠦ᠋ᠴᠢᠷ ᠤᠨ ᠲᠦᠷᠢᠮ︾ ᠨᠢ ᠶᠡᠷᠦᠩᠭᠡᠢ ᠱᠦᠵᠢ ᠰᠢ ᠶᠢᠨ ᠫᠢᠡᠭ ᠤᠨ ᠤᠯᠠᠭᠠᠨᠮᠦ᠋ᠴᠢᠷ ᠤᠨ ᠦᠢᠯᠡᠰ ᠢ | ᠬᠦᠭᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ᠂ ᠢᠯᠡ ᠲᠤᠳᠤ ᠭᠠᠵᠠᠷ ᠤᠷᠤᠨ ᠤ ᠤᠨᠴᠠᠯᠢᠭ ᠪᠠ ᠦᠨᠳᠦᠰᠦᠳᠡᠨ ᠤ ᠤᠨᠴᠠᠯᠢᠭ ᠲᠠᠢ ᠪᠤᠯᠵᠠᠢ᠂ | ᠡᠯ᠎ᠠ ᠭᠠᠵᠠᠷ ᠤᠷᠤᠨ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠣᠨ ᠬᠡᠷᠡᠭᠵᠢᠭᠦᠯᠭᠦ ᠠᠵᠢᠯ ᠢ ᠰᠠᠶᠢᠳᠤᠷ | ᠠᠳᠬᠤᠵᠦ᠂ ᠦᠨᠳᠦᠰᠦᠳᠡᠨ ᠤ ᠰᠢᠯᠢᠳᠡᠭ ᠰᠤᠶᠤᠯ ᠢ ᠤᠯᠠᠮᠵᠢᠯᠠᠬᠤ ᠪᠠ ᠰᠢᠨ᠎ᠡ ᠶᠢ ᠡᠭᠦᠳᠬᠦ ᠶᠢ ᠠᠬᠢᠭᠤᠯᠬᠤ | ᠬᠡᠷᠡᠭᠳᠡᠢ᠃ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠮᠳᠠ ᠵᠢᠵᠢᠭ ᠠᠵᠦ ᠠᠬᠤᠢᠢᠯᠠᠯ ᠢ | ᠠᠬᠢᠭᠤᠯᠬᠤ ᠲᠦᠷᠢᠮ︾ ᠨᠢ ᠲᠤᠮᠳᠠ ᠵᠢᠵᠢᠭ ᠠᠵᠦ ᠠᠬᠤᠢᠢᠯᠠᠯ ᠤᠨ ᠦᠷᠭᠦᠯᠵᠢᠯᠠᠨ ᠡᠷᠡᠭᠦᠯ ᠢᠶᠠᠷ ᠬᠦᠭᠵᠢᠭᠦ ᠶᠢ | ᠠᠬᠢᠭᠤᠯᠬᠤ ᠳᠤ ᠵᠢᠷᠣᠮᠯᠠᠯ ᠭᠠᠷᠭᠠᠵᠠᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ︽ᠲᠦᠷᠢᠮ︾ ᠤᠨ | ᠱᠠᠭᠠᠷᠳᠠᠯᠭ᠎ᠠ ᠶᠤᠰᠤᠭᠠᠷ᠂ ᠵᠢᠯᠤᠭᠤᠳᠤᠯᠭ᠎ᠠ ᠪᠠᠨ ᠴᠢᠩᠭᠠᠳᠬᠠᠵᠦ᠂ ᠦᠢᠯᠡᠴᠢᠯᠡᠭᠡ ᠶᠢ ᠴᠢᠬᠤᠯᠠᠴᠢᠯᠠᠵᠦ᠂ ᠲᠤᠮᠳᠠ | ᠵᠢᠵᠢᠭ ᠠᠵᠦ ᠠᠬᠤᠢᠢᠯᠠᠯ ᠤᠨ ᠬᠦᠴᠢᠷᠳᠠᠯ ᠢ ᠰᠢᠢᠳᠪᠦᠷᠢᠯᠡᠵᠦ᠂ ᠲᠤᠮᠳᠠ ᠵᠢᠵᠢᠭ ᠠᠵᠦ ᠠᠬᠤᠢᠢᠯᠠᠯ ᠤᠨ ᠬᠦᠭᠵᠢᠨ | ᠪᠤᠵᠠᠭᠠᠢᠢᠷᠠᠬᠤ ᠳᠤ ᠰᠠᠶᠢᠨ ᠰᠠᠶᠢᠬᠠᠨ ᠬᠦᠭᠵᠢᠯᠳᠠ ᠶᠢᠨ ᠤᠷᠴᠢᠨ ᠲᠤᠭᠤᠷᠢᠨ ᠡᠭᠦᠳᠴᠤ ᠦᠭᠭᠦ ᠬᠡᠷᠡᠭᠳᠡᠢ᠃ | ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠬᠠᠢ ᠬᠤᠳᠠ ᠵᠢᠴᠢ ᠲᠡᠭᠦᠨ ᠤ ᠡᠷᠭᠢᠨ | ᠲᠤᠭᠤᠷᠢᠨ ᠤ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ︾ ᠢ ᠬᠢᠨᠠᠨ | ᠵᠦᠪᠯᠡᠵᠠᠢ᠂ ᠡᠨᠡ ᠪᠤᠯ ᠮᠠᠨ ᠤ ᠤᠷᠤᠨ ᠤ ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠭᠦᠯᠬᠦ ᠬᠠᠤᠯᠢ | ᠲᠤᠬᠳᠠᠭᠠᠬᠤ ᠠᠵᠢᠯ ᠤᠨ ᠠᠩᠬᠠᠨ ᠤ ᠦᠢᠯᠡᠳᠦᠯᠭᠡ ᠪᠣᠯᠣᠨ᠎ᠠ᠂ ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠭᠦᠯᠬᠦ | ᠬᠠᠤᠯᠢ ᠲᠤᠬᠳᠠᠭᠠᠬᠤ ᠠᠵᠢᠯ ᠢ ᠦᠷᠭᠦᠯᠵᠢᠯᠠᠨ ᠴᠢᠩᠭᠠᠳᠬᠠᠵᠦ᠂ ᠬᠠᠤᠯᠢ ᠴᠠᠭᠠᠵᠠ ᠶᠢᠨ ᠵᠠᠪᠰᠡᠭ ᠢ ᠨᠡᠩ ᠰᠠᠶᠢᠳᠤᠷ | ᠬᠡᠷᠡᠭᠯᠡᠵᠦ ᠬᠦᠭᠡ ᠠᠭᠤᠯᠠ ᠬᠦᠭᠡᠮᠳᠦᠭ ᠤᠰᠤ᠂ ᠴᠡᠩᠭᠡᠷ ᠤᠬᠳᠠᠷᠭᠤᠢ ᠴᠠᠭᠠᠨ ᠡᠭᠦᠯᠡ ᠶᠢ ᠬᠠᠮᠠᠭᠠᠯᠠᠬᠤ | ᠬᠡᠷᠡᠭᠳᠡᠢ᠃ | ᠡᠯ᠎ᠠ ᠱᠠᠳᠤᠨ ᠤ ᠪᠠᠶᠢᠴᠠᠭᠠᠬᠤ ᠪᠠᠶᠢᠭᠤᠯᠭ᠎ᠠ ︽ᠪᠠᠶᠢᠴᠠᠭᠠᠬᠤ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ | ᠠᠵᠢᠯ ᠢ ᠴᠢᠩᠭᠠᠳᠬᠠᠬᠤ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ︾ ᠢ ᠬᠢᠨᠠᠮᠠᠭᠠᠢ | ᠨᠠᠶᠢᠳᠠᠪᠤᠷᠢᠵᠢᠭᠤᠯᠵᠦ᠂ ᠪᠠᠶᠢᠴᠠᠭᠠᠬᠤ ᠨᠡᠶᠢᠳᠡ ᠶᠢᠨ ᠠᠰᠠᠷᠠᠮᠵᠢ ᠶᠢᠨ ᠠᠵᠢᠯ ᠢ ᠴᠢᠨᠠᠭᠰᠢᠳᠠ ᠰᠠᠶᠢᠳᠤᠷ ᠬᠢᠵᠦ᠂ | ᠤᠯᠤᠰ ᠪᠠ ᠨᠡᠶᠢᠭᠡᠮ ᠨᠡᠶᠢᠳᠡ ᠶᠢᠨ ᠠᠰᠢᠭ ᠲᠤᠰᠠ ᠶᠢ ᠬᠠᠤᠯᠢ ᠶᠤᠰᠤᠭᠠᠷ ᠬᠠᠮᠠᠭᠠᠯᠠᠬᠤ ᠬᠡᠷᠡᠭᠳᠡᠢ᠃ ᠡᠨᠡ ᠵᠢᠯ ᠪᠤᠯ | ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠪᠣᠯᠣᠨ᠎ᠠ᠂ ᠪᠠᠰᠠᠴᠤ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠪᠠᠶᠢᠭᠤᠯᠤᠬᠳᠠᠬᠰᠠᠨ 40 ᠵᠢᠯ ᠤᠨ ᠤᠢ ᠪᠣᠯᠣᠨ᠎ᠠ᠂ ᠪᠦᠭᠦ ᠤᠷᠤᠨ ᠤ ᠡᠯ᠎ᠠ ᠱᠠᠳᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠶᠡᠷᠦᠩᠭᠡᠢ ᠱᠦᠵᠢ | ᠰᠢ ᠶᠢᠨ ᠫᠢᠡᠭ ᠤᠨ ᠤᠷᠤᠨ ᠨᠤᠳᠤᠬ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠡᠭᠭᠤ ᠶᠢᠨ ᠬᠤᠷᠢᠶᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠦ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠠᠵᠢᠯ ᠤᠨ ᠪᠠᠶᠢᠷᠢᠯᠠᠭᠤᠯᠤᠯᠳᠠ ᠶᠢ ᠪᠦᠭᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠠ ᠴᠠᠬ ᠦᠶ᠎ᠠ ᠠᠴᠠ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠣᠷᠠᠳᠣᠭᠰᠠᠨ ᠰᠢᠨ᠎ᠠ ᠡᠭᠦᠷᠭᠡ ᠶᠢ ᠰᠠᠨᠠᠭᠠᠴᠢᠯᠠᠭ᠎ᠠ ᠠᠴᠠ ᠪᠠᠨ | ᠡᠭᠦᠷᠭᠡᠯᠡᠵᠦ᠂ ᠠᠵᠢᠯ ᠤᠨ ᠴᠢᠨᠠᠷ ᠴᠢᠨᠰᠠᠭ᠎ᠠ ᠪᠠ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ | ᠭᠡᠵᠦ ᠵᠢᠭᠠᠵᠦ ᠭᠠᠷᠭᠠᠪᠠ᠃ |