ᠪᠦ᠋ ᠰᠢᠶᠣᠤ ᠯᠢᠨ ᠠᠬᠠᠮᠠᠳ ᠲᠤᠰᠬᠠᠶ ᠮᠡᠷᠭᠡᠵᠢᠯᠲᠡᠨ ᠳᠠᠩ ᠰᠧ ᠰᠢᠶᠣᠤ ᠶᠢ ᠪᠣᠯᠭᠤᠭᠠᠨ ᠦᠵᠡᠵᠥ ᠲᠣᠬᠤᠨᠢᠭᠤᠯᠪᠠ
ᠨᠡᠶᠢᠲᠡᠯᠡᠭᠰᠡᠨ ᠴᠠᠭ᠄
2019/9/29
     9 ᠰᠠᠷ᠎ᠠ ᠶᠢᠨ 28᠎ ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠬᠤ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠪᠤᠭᠤᠲᠤ ᠬᠤᠲᠠ ᠳᠤ ᠬᠦᠷᠴᠦ ᠪᠤᠭᠤᠳᠤ ᠶᠢᠨ ᠪᠤᠯᠤᠳ ᠲᠡᠮᠦᠷ ᠤᠨ ᠪᠦᠯᠦᠭᠯᠡᠯ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠲᠤᠰᠬᠠᠢ ᠮᠡᠷᠭᠡᠵᠢᠯᠲᠡᠨ ᠳᠠᠩ ᠰᠧ ᠰᠢᠶᠣᠤ ᠶᠢ ᠪᠣᠯᠭᠤᠭᠠᠨ ᠦᠵᠡᠵᠥ ᠲᠣᠬᠤᠨᠢᠭᠤᠯᠤᠨ᠂ ᠲᠡᠭᠦᠨ ᠳᠤ ᠴᠢᠩ ᠰᠡᠳᠬᠢᠯ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃      ᠳᠠᠩ ᠰᠧ ᠰᠢᠶᠣᠤ ᠡᠨᠡ ᠵᠢᠯ 92 ᠨᠠᠰᠤᠲᠠᠶ᠂ ᠮᠠᠨ ᠤ ᠤᠯᠤᠰ ᠤᠨ ᠨᠡᠬᠦᠷᠡᠰᠤ ᠬᠡᠤᠷᠰᠢᠬᠦᠯᠬᠦ ᠠᠯᠳᠠᠷᠳᠤ ᠡᠮᠡᠭᠲᠡᠶ ᠲᠤᠰᠬᠠᠢ ᠮᠡᠷᠭᠡᠵᠢᠯᠲᠡᠨ᠂ ᠰᠢᠨ᠎ᠡ ᠳᠤᠮᠳᠠᠳᠤ ᠤᠯᠤᠰ ᠤᠨ ᠨᠢᠭᠡᠳᠦᠭᠡᠷ ᠦᠶ᠎ᠡ ᠶᠢᠨ ᠡᠮᠡᠭᠲᠡᠢ ᠵᠤᠤᠬ᠎ᠠ ᠶᠢᠨ ᠳᠠᠷᠤᠭ᠎ᠠ ᠪᠠ ᠨᠡᠭᠦᠷᠡᠰᠦ ᠬᠡᠦᠷᠰᠢᠭᠦᠯᠬᠦ ᠤᠤᠭᠠᠨ ᠡᠮᠡᠭᠲᠡᠢ ᠲᠠᠰᠤᠭ ᠤᠨ ᠡᠷᠬᠢᠯᠡᠭᠴᠢ᠂ ᠪᠥᠬᠦ ᠤᠯᠤᠰ ᠤᠨ ᠬᠦᠳᠡᠯᠮᠤᠷᠢ ᠶᠢᠨ ᠵᠢᠱᠢᠶᠡᠴᠢ᠂ ᠲᠥᠷᠥ ᠶᠢᠨ ᠶᠠᠪᠤᠳᠠᠯ ᠤᠨ ᠬᠤᠷᠢᠶᠠᠨ ᠤ ︽ᠠᠯᠳᠠᠨ ᠱᠠᠩᠨᠠᠯ ᠤᠨ ᠮᠧᠳᠠᠯ︾᠎ ᠢ ᠬᠦᠷᠲᠡᠭᠴᠢ ᠪᠢᠯᠡ᠃ ᠳᠠᠩ ᠰᠧ ᠰᠢᠶᠣᠤ ᠶᠢᠨ ᠥᠷᠥᠭᠡᠨ ᠳᠤᠨᠢ᠂ ᠪᠦ᠋ ᠰᠢᠶᠣᠤ ᠯᠢᠨ ᠨᠠᠰᠤᠲᠠᠨ ᠤ ᠭᠠᠷ ᠢ ᠴᠢᠩᠭ᠎ᠠ ᠠᠳᠬᠤᠵᠤ᠂ ᠲᠡᠭᠦᠨ ᠤ ᠡᠷᠡᠬᠦᠯ ᠮᠡᠨᠳᠤ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠪᠠ᠃ ᠪᠦ᠋ ᠰᠢᠶᠤᠤ ᠯᠢᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠦᠶ᠎ᠡ ᠳᠤ᠂ ᠠᠬᠠᠮᠠᠳ ᠨᠢᠭᠡ ᠦᠶ᠎ᠡ ᠶᠢᠨ ᠲᠤᠰᠬᠠᠶ ᠮᠡᠷᠭᠡᠵᠢᠯᠲᠡᠨ ᠰᠠᠶᠢᠨ ᠳᠤᠷ᠎ᠠ ᠠᠴᠠ ᠪᠠᠨ ᠪᠡᠷᠬᠡ ᠬᠠᠲᠠᠭᠤᠵᠢᠯᠲᠠᠶ ᠭᠠᠵᠠᠷ ᠣᠷᠣᠨ ᠳᠤ ᠢᠷᠡᠵᠦ ᠪᠤᠭᠤᠳᠤ ᠎ ᠶᠢᠨ ᠪᠤᠯᠤᠳ ᠲᠡᠮᠦᠷ ᠤᠨ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠥᠪᠡᠷᠲᠡᠭᠡᠨ ᠵᠠᠰᠠᠬᠤ ᠣᠷᠣᠨ ᠎ ᠤ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠡᠶ᠃ ᠤᠯᠤᠰ ᠳᠠᠶᠠᠭᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠪᠡᠯᠭᠡᠯᠡᠵᠦ ᠪᠠᠶᠢᠭ᠎ᠠ ᠴᠢᠬᠤᠯᠠ ᠴᠠᠭ ᠮᠥᠴᠡ ᠳᠤ᠂ ᠪᠢᠳᠡ ᠠᠬᠠᠮᠠᠳ ᠨᠥᠬᠦᠳ ᠢ ᠪᠣᠯᠭᠤᠭᠠᠨ ᠦᠵᠡᠵᠦ ᠪᠠᠶᠢᠭ᠎ᠠ ᠨᠢ ᠳᠠᠷᠤᠶ ᠠᠬᠠᠮᠠᠳ ᠨᠢᠬᠡ ᠦᠶ᠎ᠡ ᠶᠢᠨ ᠲᠤᠰᠬᠠᠶ ᠮᠡᠷᠭᠡᠵᠢᠯᠲᠡᠳ ᠤᠨ ᠰᠡᠳᠬᠢᠯ ᠰᠢᠭᠤᠳᠤᠨ ᠪᠦᠲᠦᠭᠡᠨ ᠪᠠᠶᠢᠭᠤᠯᠤᠯᠲᠠ ᠬᠢᠬᠦ᠂ ᠨᠢᠬᠡ ᠰᠡᠳᠬᠢᠯ ᠨᠢᠬᠡ ᠵᠤᠷᠢᠭ ᠢᠶᠠᠷ ᠬᠤᠪᠢ ᠨᠡᠮᠡᠷᠢ ᠦᠵᠡᠭᠦᠯᠬᠦ ᠶᠢ ᠡᠷᠬᠢᠮᠯᠡᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠬᠦ ᠣᠷᠣᠨ ᠤ ᠺᠠᠳ᠋ᠷ ᠣᠯᠠᠨ ᠲᠦᠮᠡᠨ ᠢ ᠬᠥᠳᠤᠯᠦᠨ ᠳᠠᠭᠠᠭᠤᠯᠵᠤ ᠪᠠᠶᠢᠭᠠᠳ ᠰᠢᠨ᠎ᠡ ᠴᠠᠭ ᠦᠶ᠎ᠡ ᠶᠢᠨ ᠭᠠᠪᠰᠢᠭᠠᠢᠢᠯᠠᠭᠴᠢᠳ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ ᠶᠤᠮ ᠭᠡᠵᠦ ᠰᠡᠳᠬᠢᠯ ᠳᠣᠭᠳᠤᠯᠤᠨ ᠬᠡᠯᠡᠪᠡ᠃      ᠬᠡᠳᠦ᠋ᠢᠪᠡᠷ ᠠᠵᠢᠯ ᠠᠴᠠ ᠪᠠᠨ ᠠᠮᠠᠷᠠᠭᠠᠳ ᠣᠯᠠᠨ ᠵᠢᠯ ᠪᠣᠯᠤᠭᠰᠠᠨ ᠪᠣᠯᠪᠠᠴᠤ᠂ ᠲᠡᠷᠡ ᠦᠶ᠎ᠡ ᠶᠢᠨ ᠣᠷᠭᠢᠯᠦᠮ᠎ᠠ ᠬᠠᠯᠠᠭᠤᠨ ᠰᠡᠳᠬᠢᠯᠭᠡ ᠪᠢᠯᠬᠠᠵᠤ ᠪᠠᠶᠢᠬᠰᠠᠨ ᠪᠡᠷᠬᠡ ᠬᠠᠲᠠᠭᠤᠵᠢᠯᠲᠠᠶ ᠣᠨ ᠰᠠᠷ᠎ᠠ ᠶᠢ ᠳᠤᠷᠠᠳᠬᠤ ᠲᠠᠢ ᠵᠡᠷᠬᠡ ᠳᠠᠩ ᠰᠧ ᠰᠢᠶᠣᠤ ᠮᠠᠰᠢ ᠳᠣᠭᠳᠣᠯᠵᠤ ᠪᠠᠶᠢᠯ᠎ᠠ᠃ ᠲᠡᠷᠡ᠂ ᠨᠢᠭᠡᠳᠦᠭᠡᠷ ᠦᠶ᠎ᠡ ᠶᠢᠨ ᠪᠤᠭᠤᠳᠤ ᠶᠢᠨ ᠪᠤᠯᠤᠳ ᠲᠡᠮᠦᠷ ᠤᠨ ᠦᠢᠯᠡᠰ ᠤᠨ ᠬᠥᠮᠦᠨ ᠪᠣᠯᠤᠭᠰᠠᠨ ᠤ ᠬᠤᠪᠢ ᠳᠤ᠂ ᠪᠢ ᠢᠮᠠᠭᠲᠠ ᠪᠤᠭᠤᠳᠤ ᠶᠢᠨ ᠪᠤᠯᠤᠳ ᠲᠡᠮᠦᠷ ᠤᠨ ᠦᠢᠯᠡᠰ ᠤᠨ ᠲᠦᠯᠦᠬᠡ ᠰᠠᠨᠠᠭᠠᠰᠢᠷᠠᠵᠦ᠂ ᠥᠪᠡᠷᠲᠡᠭᠡᠨ ᠵᠠᠰᠠᠬᠤ ᠣᠷᠣᠨ ᠤ ᠬᠦᠭᠵᠢᠯᠲᠡ ᠶᠢ ᠠᠩᠬᠠᠷᠤᠬᠰᠠᠭᠠᠷ ᠪᠤᠢ᠂ ᠪᠤᠭᠤᠳᠤ ᠶᠢᠨ ᠪᠤᠯᠤᠳ ᠲᠡᠮᠦᠷ ᠤᠨ ᠦᠢᠯᠡᠰ ᠤᠨ ᠣᠳᠣᠬᠠᠨ ᠤ ᠬᠥᠭᠵᠢᠯᠲᠡ ᠶᠢᠨ ᠲᠥᠯᠥᠭᠡ ᠪᠠᠭ᠋ᠠᠳᠤᠨ ᠣᠮᠣᠭᠰᠢᠵᠤ᠂ ᠪᠤᠭᠤᠳᠤ ᠶᠢᠨ ᠪᠤᠯᠤᠳ ᠲᠡᠮᠦᠷ ᠤᠨ ᠦᠢᠯᠡᠰ ᠤᠨ ᠢᠷᠡᠬᠦ ᠮᠠᠷᠭᠠᠰᠢ ᠶᠢᠨ ᠨᠠᠩ ᠰᠠᠶᠢᠨ ᠰᠠᠶᠢᠬᠠᠨ ᠪᠣᠯᠬᠤ ᠶᠢ ᠵᠥᠩᠨᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠡᠳᠦᠷ ᠠᠴᠠ ᠡᠳᠦᠷ ᠰᠢᠨᠡᠳᠦᠨ ᠬᠦᠭᠵᠢᠬᠦ ᠶᠢ ᠵᠦᠩᠨᠡᠵᠦ ᠪᠠᠶᠢᠨ᠎ᠠ ᠭᠡᠵᠦ ᠬᠡᠯᠡᠪᠡ᠃      ᠪᠦ᠋ ᠰᠢᠶᠣᠤ ᠯᠢᠨ ᠪᠠᠰᠠ ᠰᠤᠪᠢᠯᠠᠯᠲᠠ ᠶᠢᠨ ᠬᠦᠷᠢᠶᠡᠯᠡᠩ ᠳᠠᠬᠢ ᠤᠯᠤᠰ ᠤᠨ ᠪᠠᠶᠠᠷ ᠲᠤ ᠵᠤᠷᠢᠭᠤᠯᠤᠬᠰᠠᠨ ᠳᠤᠬᠯᠠᠯᠳᠠ ᠪᠠᠨ ᠪᠤᠯᠪᠠᠰᠤᠷᠠᠵᠥ ᠪᠠᠶᠢᠬᠰᠠᠨ ᠠᠬᠠᠮᠠᠳ ᠨᠦᠬᠦᠳ ᠤᠨ ᠳᠤᠮᠳᠠ ᠬᠦᠷᠴᠤ᠂ ᠣᠯᠠᠨ ᠲᠠᠢ ᠬᠠᠮᠲᠤ ᠡᠬᠡ ᠤᠯᠤᠰ ᠢᠶᠠᠨ ᠮᠠᠭᠲᠠᠨ ᠳᠠᠭᠤᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠦᠩ ᠪᠣᠯᠭᠤᠭᠠᠨ ᠦᠵᠡᠵᠥ ᠲᠣᠬᠤᠨᠢᠭᠤᠯᠬᠤ ᠠᠵᠢᠯᠯᠠᠭᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号