ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠬᠦᠬᠡᠬᠤᠲᠠ ᠶᠢᠨ ᠲᠤᠰᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠶᠠᠪᠤᠭᠳᠠᠵᠠᠢ
ᠨᠡᠶᠢᠲᠡᠯᠡᠭᠰᠡᠨ ᠴᠠᠭ᠄
2019/9/29
     9 ᠰᠠᠷ᠎ᠠ ᠶᠢᠨ 26᠎ ᠤ ᠡᠳᠦᠷ᠂ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠬᠦᠬᠡᠬᠤᠲᠠ ᠶᠢᠨ ᠲᠤᠰᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠶᠠᠪᠤᠭᠳᠠᠪᠡ᠃ ᠬᠤᠷᠡᠯ ᠲᠠᠭᠡᠷ᠎ᠠ᠂ ᠬᠦᠬᠡᠬᠤᠲᠠ ᠶᠢᠨ ᠬᠠᠮᠢᠶ᠎ᠠ ᠪᠦᠭᠦᠢ ᠤᠳᠤᠷᠢᠳᠤᠯᠭ᠎ᠠ 70 ᠵᠢᠯ ᠤᠨ ᠲᠤᠷᠰᠢᠭᠢ ᠬᠦᠬᠡᠬᠤᠲᠠ ᠶᠢᠨ ᠬᠦᠭᠵᠢᠯᠲᠡ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠬᠦᠬᠡᠬᠤᠲᠠ ᠪᠤᠯ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ᠂ ᠠᠵᠤ ᠠᠬᠤᠢ᠂ ᠰᠤᠶᠤᠯ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ᠂ ᠮᠦᠡᠭᠭᠦᠨ ᠭᠦᠢᠯᠭᠡᠭᠡᠨ ᠤ ᠲᠦᠪ ᠪᠠᠶᠢᠵᠤ᠂ ᠮᠠᠨ ᠤ ᠤᠯᠤᠰ ᠤᠨ ᠵᠡᠭᠦᠨ ᠬᠤᠶᠢᠳᠤ ᠤᠷᠤᠨ᠂ ᠤᠮᠠᠷᠠᠳᠤ ᠤᠷᠤᠨ᠂ ᠪᠠᠷᠠᠭᠤᠨ ᠬᠤᠶᠢᠳᠤ ᠤᠷᠤᠨ ᠤ ᠴᠢᠬᠤᠯᠠ ᠬᠤᠯᠪᠤᠭᠠᠰᠤ᠂ ᠬᠦᠬᠡᠬᠤᠲᠠ᠂ ᠪᠤᠭᠤᠳᠤ᠂ ᠤᠷᠳᠤᠰ᠂ ᠲᠡᠮᠡᠭᠡᠳᠤ ᠬᠤᠲᠠ ᠶᠢᠨ ᠪᠦᠯᠦᠭᠵᠢᠯ ᠤᠨ ᠭᠤᠤᠯ ᠬᠤᠲᠠ᠂ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠲᠠ ᠮᠦᠷᠳᠡᠭᠡᠨ ᠮᠠᠨ ᠤ ᠤᠯᠤᠰ ᠤᠨ ᠤᠮᠠᠷᠠᠰᠢ ᠨᠡᠭᠡᠭᠡᠯᠳᠠ ᠭᠢᠭᠦ ᠴᠢᠬᠤᠯᠠ ︽ᠪᠠᠬᠢᠯᠡᠯᠲᠡ︾ ᠪᠤᠯᠤᠨ᠎ᠠ᠃ ᠤᠶᠢᠯᠠᠭᠠᠭᠰᠠᠨ ᠢᠶᠠᠷ᠂ 2018 ᠤᠨ ᠳᠤ ᠪᠦᠬᠦ ᠬᠤᠲᠠ ᠶᠢᠨ ᠤᠷᠤᠨ ᠨᠤᠳᠤᠬ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 2903.5 ᠳ᠋ᠦᠩᠰᠢᠭᠤᠷ ᠲᠦᠭᠦᠷᠢᠭ ᠲᠤ ᠭᠦᠷᠴᠤ᠂ ᠬᠦᠮᠦᠨ ᠲᠤᠮᠳᠠᠴᠢ ᠪᠠᠷ ᠲᠡᠭᠰᠢᠳᠭᠡᠭᠡᠳ 93029 ᠲᠦᠭᠦᠷᠢᠭ ᠲᠤ ᠬᠦᠷᠪᠡ᠃ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 204.7 ᠳ᠋ᠦᠩᠰᠢᠭᠤᠷ ᠲᠦᠭᠦᠷᠢᠭ ᠲᠤ ᠬᠦᠷᠴᠦ᠂ 1949 ᠤᠨ ᠤ ᠬᠢ ᠠᠴᠠ 25911 ᠲᠠᠬᠢᠨ ᠢᠶᠠᠷ ᠨᠡᠮᠡᠭᠳᠡᠪᠡ᠃ ᠪᠦᠬᠦ ᠬᠤᠲᠠ ᠶᠢᠨ ᠲᠠᠷᠢᠶᠠᠯᠠᠩ ᠤᠨ ᠨᠡᠮᠡᠭᠳᠡᠯ ᠦᠷᠳᠡᠭ 108.4 ᠳ᠋ᠦᠩᠰᠢᠭᠤᠷ ᠲᠦᠭᠦᠷᠢᠭ ᠲᠤ ᠬᠦᠷᠴᠦ᠂ ᠲᠠᠷᠢᠶᠠᠯᠠᠩ ᠤᠨ ᠶᠡᠷᠦᠩᠬᠡᠶᠢᠯᠡᠭᠰᠡᠨ ᠮᠧᠬᠠᠨᠢᠭᠵᠢᠯᠲᠠ ᠶᠢᠨ ᠬᠡᠮᠵᠢᠶ᠎ᠡ 87.6%᠎ ᠳᠤ ᠬᠦᠷᠪᠡ᠃ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠨᠤᠷᠮ᠎ᠠ 98%᠎ ᠠᠴᠠ ᠲᠡᠭᠡᠭᠰᠢ ᠪᠤᠯᠵᠤ᠂ 85% ᠤᠷᠴᠢᠮ ᠤᠨ ᠲᠠᠷᠢᠶᠠᠴᠢᠨ ᠡᠷᠦᠬᠡ ᠠᠵᠤ ᠦᠢᠯᠡᠰᠵᠢᠯᠲᠡ ᠶᠢᠨ ᠬᠡᠯᠬᠢᠶᠡᠵᠢᠯ ᠳᠤ ᠤᠷᠤᠭᠰᠠᠨ ᠪᠠᠶᠢᠨ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠦᠬᠡᠬᠤᠲᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠷᠤᠨ ᠳᠤ ᠲᠠᠯᠪᠢᠭᠰᠠᠨ ᠰᠢᠷᠢᠰ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠤᠨᠤᠪᠴᠢᠳᠡᠢ ᠤᠳᠤᠷᠢᠳᠤᠯᠭ᠎ᠠ ᠲᠤᠤᠷ᠎ᠠ ᠪᠦᠬᠦ ᠬᠤᠲᠠ ᠶᠢᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠭᠦᠮᠳᠡᠭᠦᠯᠦᠨ ᠲᠠᠶᠢᠴᠢᠯᠠᠵᠤ᠂ ᠪᠤᠳᠠᠳᠠᠢ ᠠᠳᠬᠤᠨ ᠰᠢᠷᠭᠠᠭᠤ ᠠᠵᠢᠯᠯᠠᠵᠤ᠂ ᠡᠷᠡᠮᠡᠬᠡᠶᠢᠯᠡᠨ ᠲᠠᠮᠠᠴᠠᠵᠤ ᠪᠤᠴᠠᠯᠳᠠ ᠦᠭᠡᠢ ᠤᠷᠤᠭᠰᠢᠯᠠᠨ᠂ ᠪᠦᠭᠦ ᠬᠤᠳᠠ ᠶᠢᠨ ᠠᠵᠤ ᠠᠬᠤᠢ  ᠨᠡᠶᠢᠭᠡᠮ ᠤᠨ ᠡᠯ᠎ᠡ ᠲᠦᠷᠦᠯ ᠤᠨ ᠠᠵᠢᠯ ᠰᠢᠨ᠎ᠡ ᠠᠮᠵᠢᠯᠲᠠ ᠤᠯᠵᠤ ᠰᠢᠨ᠎ᠡ ᠲᠠᠪᠠᠯᠲᠠ ᠶᠢ ᠪᠡᠶᠡᠯᠡᠭᠦᠯᠦᠭᠰᠡᠨ ᠪᠡᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号