ᠠᠶ᠎ᠠ ᠳᠠᠭᠤᠤ ᠪᠠᠷ ᠢᠶᠠᠨ ᠵᠦᠩᠨᠡᠯ ᠪᠡᠯᠬᠡᠳᠡᠯ ᠢᠶᠠᠨ ᠢᠯᠡᠳᠬᠡᠵᠥ᠂ ᠠᠶ᠎ᠠ ᠳᠠᠭᠤᠤ ᠪᠠᠷ ᠢᠶᠠᠨ ᠦᠨᠡᠨᠴᠢ | ᠰᠡᠳᠭᠢᠯ ᠢᠶᠠᠨ ᠢᠯᠡᠳᠬᠡᠨ᠎ᠡ᠃ 9 ᠰᠠᠷ᠎ᠠ ᠶᠢᠨ 27 ᠤ ᠦᠳᠡ ᠶᠢᠨ ᠬᠤᠶᠢᠨ᠎ᠠ᠂ ︽ᠰᠢᠨ᠎ᠡ ᠳᠤᠮᠳᠠᠳᠤ ᠤᠯᠤᠰ ᠢᠶᠠᠨ | ᠮᠠᠬᠳᠠᠨ ᠳᠠᠭᠤᠯᠠᠵᠥ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ | ᠪᠡᠯᠭᠡᠯᠡᠬᠦ ᠣᠯᠠᠨ ᠲᠦᠮᠡᠨ ᠤ ᠨᠠᠶᠢᠷᠠᠯ ᠳᠠᠭᠤᠤ ᠬᠥᠬᠡᠬᠤᠲᠠ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠪᠦᠬᠦ | ᠣᠷᠣᠨ ᠤ ᠡᠯ᠎ᠡ ᠠᠵᠢᠯ ᠲᠥᠷᠥᠯ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ ᠤ | ᠲᠥᠯᠥᠭᠡᠯᠡᠭᠴᠢ ᠲᠦᠮᠡ ᠰᠢᠬᠠᠮ ᠬᠥᠮᠦᠨ ᠰᠢᠨ᠎ᠡ ᠳᠤᠮᠳᠠᠳᠤ ᠤᠯᠤᠰ ᠤᠨ 70 ᠵᠢᠯ ᠤᠨ ᠣᠢ ᠶᠢ ᠪᠠᠶᠠᠷᠯᠠᠨ | ᠤᠭᠲᠤᠵᠤ ᠪᠠᠶᠢᠭ᠎ᠠ ᠣᠮᠣᠭᠰᠢᠯ ᠪᠠ ᠪᠠᠶᠠᠰᠤᠯ ᠢᠶᠠᠨ ᠤᠶᠠᠩᠭ᠎ᠠ ᠲᠠᠭᠤᠤ ᠪᠠᠷ ᠢᠯᠡᠳᠭᠡᠵᠤ᠂ ᠡᠬᠡ ᠤᠯᠤᠰ ᠲᠠᠭᠠᠨ | ᠡᠷᠬᠢᠮ ᠳᠡᠭᠡᠳᠤ ᠬᠦᠰᠡᠯ ᠵᠥᠩᠨᠡᠯ ᠢᠶᠠᠨ ᠳᠡᠪᠰᠢᠭᠦᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶ ᠾᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ | ᠵᠠᠰᠠᠬᠤ ᠣᠷᠣᠨ ᠤ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠯᠢ ᠰᠢᠤ ᠯᠢᠩ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ ᠤᠨ ᠺᠣᠮᠠᠨᠳ᠋ᠯᠠᠭᠴᠢ ᠮᠠ ᠴᠢᠩ ᠯᠸᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠥᠷᠦ ᠶᠢᠨ ᠵᠥᠪᠯᠡᠯᠭᠡᠨ ᠪᠣᠯᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠳᠤᠷᠢᠳᠬᠤ ᠨᠥᠬᠦᠳ᠂ | ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠪᠣᠯᠤᠨ ᠵᠠᠪᠰᠡᠭᠳᠤ ᠴᠠᠬᠳᠠᠭ᠎ᠠ ᠶᠢᠨ | ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠬᠠᠷᠢᠭᠤᠴᠠᠯᠭᠠᠲᠠᠨ ᠨᠥᠬᠦᠳ ᠨᠡᠶᠢᠭᠡᠮ ᠤᠨ ᠡᠯ᠎ᠡ ᠡᠲᠡᠭᠡᠳ ᠤᠨ | ᠲᠥᠯᠥᠭᠡᠯᠡᠭᠴᠢᠳ ᠲᠠᠢ ᠬᠠᠮᠲᠤ ᠪᠠᠷ ᠲᠣᠭᠯᠠᠯᠲᠠ ᠶᠢ ᠰᠣᠨᠢᠷᠬᠠᠪᠠ᠃ | ᠳᠤᠬᠯᠠᠯᠳᠠ ᠡᠬᠢᠯᠡᠬᠦ ᠠᠴᠠ ᠡᠮᠦᠨ᠎ᠡ ᠪᠥᠬᠦᠳᠡᠭᠡᠷ ᠪᠣᠰᠴᠤ ᠵᠣᠭᠰᠣᠨ᠂ ᠤᠯᠤᠰ ᠤᠨ ᠲᠤᠭ ᠢ ᠮᠠᠨᠳᠤᠭᠤᠯᠵᠤ᠂ | ᠤᠯᠤᠰ ᠤᠨ ᠰᠦᠯᠳᠡ ᠳᠠᠭᠤᠤ ᠶᠢ ᠲᠠᠭᠤᠯᠠᠪᠠ᠃ ︽ᠤᠷᠲᠤ ᠵᠠᠮ ᠤᠨ ᠠᠶᠠᠨ ᠳᠠᠶᠢᠨ︾ ᠤ ᠰᠦᠷ ᠵᠢᠪᠬᠤᠯᠠᠩᠲᠤ | ᠬᠥᠭ ᠠᠶᠠᠰ ᠡᠬᠢᠯᠡᠬᠦ ᠶᠢᠨ ᠤᠯᠠᠮ ᠢᠶᠠᠷ᠂ ᠨᠠᠶᠢᠷᠠᠯ ᠳᠠᠭᠤᠤ ᠶᠢᠨ ᠬᠥᠰᠢᠭᠡ ᠰᠡᠬᠦᠭᠳᠡᠯᠡ᠃ ᠳᠤᠬᠯᠠᠯᠳᠠ ᠶᠢᠨ | ᠠᠵᠢᠯᠯᠠᠭ᠎ᠠ ᠨᠢ ᠢᠯᠡᠷᠡᠭᠦᠯᠬᠦ ᠬᠡᠯᠪᠡᠷᠢ ᠶᠢᠨ ᠲᠠᠯ᠎ᠠ ᠪᠠᠷ ᠨᠠᠶᠢᠷᠠᠯ ᠳᠠᠭᠤᠤ ᠶᠢᠨ ᠬᠡᠯᠪᠡᠷᠢ ᠪᠠᠷ ᠭᠤᠤᠯ ᠪᠤᠯᠭᠠᠵᠤ᠂ | ᠲᠠᠶᠢᠰᠠᠨ ᠤ ᠲᠣᠭᠯᠠᠯᠲᠠ ᠪᠠᠷ ᠲᠡᠳ᠋ᠯᠡᠭᠦᠯᠵᠤ᠂ ᠣᠯᠠᠨ ᠲᠦᠮᠡᠨᠴᠢ ᠴᠢᠨᠠᠷᠲᠠᠶ ᠳᠤᠬᠯᠠᠯᠳᠠ ᠶᠢ ᠲᠤᠰᠬᠠᠶ ᠪᠦᠯᠬᠦᠮ ᠤᠨ | ᠲᠣᠭᠯᠠᠯᠲᠠ ᠲᠠᠢ ᠤᠶᠠᠯᠳᠤᠭᠤᠯᠤᠨ ᠣᠯᠠᠨ ᠲᠦᠮᠡᠨᠴᠢ ᠴᠢᠨᠠᠷ ᠢ ᠳᠣᠪᠤᠶᠢᠯᠭᠠᠨ᠂ ᠰᠣᠨᠢᠷᠬᠠᠯᠳᠤ ᠴᠢᠨᠠᠷ ᠢ | ᠴᠢᠬᠤᠯᠠᠴᠢᠯᠠᠪᠠ᠃ ᠪᠦᠬᠦ᠋ᠢᠯᠡ ᠲᠠᠯᠠᠪᠠᠢ ᠲᠣᠭᠯᠠᠯᠲᠠ ᠨᠢ ᠲᠡᠤᠬᠡ ᠶᠢᠨ ᠤᠯᠠ ᠮᠦᠷ ᠢᠶᠠᠷ ᠬᠡᠰᠡᠭ ᠬᠤᠪᠢᠶᠠᠵᠥ᠂ | ᠰᠢᠯᠦᠭ ᠤᠶᠠᠩᠭᠠᠯᠠᠬᠤ ᠬᠡᠯᠪᠡᠷᠢ ᠪᠠᠷ ᠬᠤᠯᠪᠤᠨ ᠨᠢᠭᠡᠳᠭᠡᠵᠤ᠂ ᠳᠠᠭᠠᠭᠤᠯᠤᠨ ᠳᠠᠭᠤᠯᠠᠬᠤ᠂ ᠨᠠᠶᠢᠷᠠᠯ ᠳᠠᠭᠤᠤ᠂ | ᠪᠥᠵᠢᠭ᠂ ᠨᠠᠶᠢᠷᠠᠯ ᠬᠥᠭᠵᠢᠮ᠂ ᠮᠣᠷᠢᠨ ᠬᠤᠭᠤᠷ ᠤᠨ ᠬᠥᠭᠵᠢᠮ ᠵᠡᠷᠭᠡ ᠣᠯᠠᠨ ᠶᠠᠩᠵᠤ ᠶᠢᠨ ᠠᠷᠭ᠎ᠠ ᠪᠠᠷᠢᠯ ᠢᠶᠠᠷ | ᠲᠠᠶᠢᠰᠠᠨ ᠤ ᠲᠡᠭᠡᠷ᠎ᠡ ᠲᠤᠤᠷᠠᠬᠢ ᠬᠦᠮᠦᠰ ᠬᠠᠮᠲᠤᠷᠠᠨ ᠲᠣᠭᠯᠠᠯᠲᠠ ᠭᠠᠷᠭᠠᠵᠤ᠂ ᠲᠣᠭᠯᠠᠭᠴᠢᠳ ᠠᠵᠢᠯ ᠤᠨ | ᠬᠤᠪᠴᠠᠰᠤ ᠪᠠ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠶᠤᠯᠠᠵᠥ᠂ ᠬᠠᠩᠭᠢᠨᠠᠲᠠᠯ᠎ᠠ ᠳᠠᠭᠤᠯᠠᠵᠤ᠂ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠦᠪᠡᠳᠡᠭᠰᠢ | ᠶᠡᠭᠡ ᠪᠠᠷ ᠪᠡᠯᠭᠡᠯᠡᠬᠦ ᠲᠡᠤᠬᠡᠨ ᠴᠠᠭ ᠮᠥᠴᠡ ᠳᠤ ᠡᠪ ᠬᠠᠮᠲᠤ ᠨᠠᠮ ᠰᠠᠶᠢᠨ᠂ ᠨᠡᠶᠢᠭᠡᠮ ᠵᠢᠷᠤᠮ ᠰᠠᠶᠢᠨ᠂ | ᠥᠭᠡᠷᠡᠴᠢᠯᠡᠯᠲᠡ ᠨᠡᠭᠡᠭᠡᠯᠲᠡ ᠰᠠᠶᠢᠨ᠂ ᠠᠭᠤᠤ ᠶᠡᠭᠡ ᠡᠬᠡ ᠤᠯᠤᠰ ᠰᠠᠶᠢᠨ᠂ ᠦᠨᠳᠦᠰᠦᠲᠡᠨ ᠤ ᠪᠦᠯᠬᠦᠮᠳᠡᠯ ᠰᠠᠶᠢᠨ | ᠪᠠᠶᠢᠬᠤ ᠬᠠᠮᠤᠭ ᠤᠨ ᠬᠦᠴᠦᠳᠦ ᠳᠠᠭᠤᠨ ᠢ ᠬᠠᠮᠲᠤ ᠪᠠᠷ ᠬᠠᠨᠭ᠍ᠭᠢᠨᠠᠭᠤᠯᠪᠠ᠃ | ᠠᠵᠢᠯᠯᠠᠭᠠᠨ ᠤ ᠳᠤᠬᠯᠠᠯᠳᠠ ᠶᠢ ᠨᠠᠷᠢᠨ ᠨᠢᠮᠪᠠᠶ ᠰᠢᠯᠢᠨ ᠰᠣᠩᠭᠤᠵᠤ᠂ ︽ᠬᠠᠳᠤᠨ ᠭᠤᠤᠯ ᠤᠨ ᠨᠠᠶᠢᠷᠠᠯ | ᠳᠠᠭᠤᠤ︾᠂ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾᠂ | ︽ᠮᠠᠭᠲᠠᠭᠠᠯ ᠳᠠᠭᠤᠤ︾᠂ ︽ᠲᠠᠯ᠎ᠠ ᠨᠤᠲᠤᠭ ᠤᠨ ᠥᠷᠯᠥᠭᠡ ᠶᠢᠨ ᠤᠶᠠᠩᠭ᠎ᠠ︾᠂ ︽ᠪᠢᠳᠡ ᠳᠠᠷᠳᠠᠩ ᠵᠠᠮ ᠢᠶᠠᠷ | ᠤᠷᠤᠬᠰᠢᠯᠠᠨ᠎ᠠ︾᠂ ︽ᠲᠠᠯ᠎ᠠ ᠨᠤᠲᠤᠭ ᠤᠨ ᠮᠠᠭᠲᠠᠭᠠᠯ ᠳᠠᠭᠤᠤ︾᠂ ︽ᠡᠭᠡᠰᠢᠭ ᠳᠠᠭᠤᠤ ᠪᠠ ᠪᠠᠶᠠᠷ ᠤᠨ | ᠮᠦᠰᠢᠶᠡᠯ︾᠂ ︽ᠬᠦᠰᠡᠯᠡᠩ ᠤᠨ ᠬᠦᠷᠦᠰᠦᠨ ᠳᠤ︾᠂ ︽ᠦᠵᠡᠰᠬᠦᠯᠡᠩᠲᠦ ᠰᠠᠶᠢᠬᠠᠨ ᠮᠢᠨᠤ ᠨᠤᠲᠤᠭ︾᠂ | ︽ᠴᠡᠷᠢᠭ ᠢ ᠬᠦᠴᠦᠷᠬᠡᠭᠵᠢᠭᠦᠯᠬᠦ ᠲᠠᠶᠢᠴᠢᠨ ᠳᠠᠭᠤᠤ︾᠂ ︽ᠡᠬᠡ ᠤᠯᠤᠰ ᠮᠠᠷᠳᠠᠵᠤ ᠴᠢᠳᠠᠬᠤ ᠦᠭᠡᠢ︾᠂ | ︽ᠰᠣᠶᠣᠯ ᠤᠨ ᠬᠥᠩᠭᠡᠨ ᠮᠣᠷᠢᠲᠤ ᠴᠡᠷᠢᠭ ᠤᠨ ᠠᠩᠬᠢ ᠶᠢᠨ ᠳᠠᠭᠤᠤ︾᠂ ︽ᠲᠠᠯ᠎ᠠ ᠨᠤᠲᠤᠭ ᠠᠴᠠ ᠪᠡᠭᠡᠵᠢᠩ ᠢ | ᠪᠠᠷᠠᠯᠠᠨ᠎ᠠ︾᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ︾᠂ ︽ᠤᠬ ᠰᠠᠨᠠᠭ᠎ᠠ ᠪᠠᠨ ᠦᠯᠦ ᠮᠡᠷᠳᠠᠨᠠ︾ | ᠭᠡᠬᠦ ᠵᠡᠷᠭᠡ ᠣᠯᠠᠨ ᠳᠠᠭᠤᠤ ᠨᠢ ᠠᠭᠤᠤ ᠶᠡᠭᠡ ᠡᠬᠡ ᠤᠯᠤᠰ ᠤᠨ ᠭᠠᠶᠢᠬᠠᠮᠰᠢᠭᠲᠤ ᠣᠨ ᠰᠠᠷ᠎ᠠ ᠪᠠ ᠭᠡᠷᠡᠯ | ᠰᠠᠴᠤᠷᠠᠩᠭᠤᠶ ᠥᠩᠭᠡᠷᠡᠯᠲᠡ ᠶᠢ ᠲᠤᠰᠬᠠᠵᠤ᠂ ᠲᠡᠷᠡᠴᠢᠯᠡᠨ ᠥᠪᠥᠷ ᠮᠣᠩᠭᠤᠯ ᠤᠨ ᠣᠨᠴᠠᠯᠢᠭ ᠢ ᠳᠣᠪᠤᠶᠢᠯᠭᠠᠠ᠂ ᠠᠮᠢ | ᠠᠬᠤᠢ ᠶᠢᠨ ᠪᠣᠯᠪᠠᠰᠤᠨ᠂ ᠦᠨᠳᠦᠰᠦᠲᠡᠨ ᠤ ᠪᠦᠯᠬᠦᠮᠳᠡᠯ᠂ ᠤᠯᠠᠭᠠᠨᠮᠥ᠋ᠴᠢᠷ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠵᠡᠷᠭᠡ ᠡᠯᠧᠮᠧᠨ᠋ᠲ ᠢ ᠠᠭᠤᠰᠬᠠᠨ ᠪᠠᠭᠳᠠᠭᠠᠪᠠ᠃ ᠠᠬᠤᠶ ᠲᠠᠯᠠᠪᠠᠢ ᠬᠥᠷ ᠬᠥᠭᠵᠢᠶᠡᠨ ᠢᠶᠠᠷ ᠪᠢᠯᠬᠠᠵᠤ᠂ | ᠦᠵᠡᠭᠴᠢᠳ ᠭᠦᠨ ᠨᠥᠯᠥᠭᠡᠯᠡᠭᠳᠡᠵᠦ᠂ ᠠᠯᠠᠭ᠎ᠠ ᠲᠠᠰᠢᠬᠤ ᠳᠠᠭᠤᠨ ᠲᠠᠰᠤᠷᠠᠬᠤ ᠦᠭᠡᠢ ᠪᠠᠶᠢᠯ᠎ᠠ᠃ ᠳᠠᠯᠠᠪᠠᠢ | ᠳᠠᠶᠠᠭᠠᠷ ᠣᠷᠭᠢᠯᠤᠮ᠎ᠠ ᠬᠠᠯᠠᠭᠤᠨ ᠰᠡᠳᠬᠢᠯᠭᠡ ᠪᠠᠷ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ | ᠬᠠᠩᠭᠢᠨᠠᠲᠠᠯ᠎ᠠ ᠳᠠᠭᠤᠯᠠᠵᠤ᠂ ᠡᠷᠴᠢ ᠵᠣᠷᠢᠭ ᠢ ᠬᠥᠪᠴᠢᠯᠡᠵᠦ᠂ ᠪᠦᠬᠦ ᠲᠠᠯᠠᠪᠠᠢ ᠶᠢᠨ ᠲᠣᠭᠯᠠᠯᠲᠠ ᠶᠢ ᠣᠷᠭᠢᠯ ᠳᠤ | ᠬᠦᠷᠭᠡᠪᠡ᠃ | ᠣᠯᠠᠨ ᠲᠦᠮᠡᠨ ᠤ ᠨᠠᠶᠢᠷᠠᠯ ᠳᠠᠭᠤᠤ ᠶᠢᠨ ᠲᠣᠭᠯᠠᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠳᠠᠭᠠᠭᠠᠴᠢᠯᠠᠨ ᠡᠷᠬᠢᠯᠡᠵᠦ᠂ ᠥᠪᠡᠷᠲᠡᠭᠡᠨ ᠵᠠᠰᠠᠬᠤ | ᠣᠷᠣᠨ ᠤ ᠶᠡᠭᠡ ᠳᠡᠭᠡᠳᠤ ᠰᠤᠷᠭᠠᠭᠤᠯᠢ ᠶᠢᠨ ᠠᠵᠢᠯ ᠤᠨ ᠬᠤᠷᠢᠶ᠎ᠠ ᠵᠡᠷᠭᠡ ᠨᠢᠭᠡᠴᠢ ᠬᠠᠮᠵᠢᠨ ᠡᠷᠬᠢᠯᠡᠪᠡ᠃ | ᠤᠷᠢᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠳᠤ ᠣᠷᠣᠯᠴᠠᠭᠰᠠᠨ ᠰᠢᠶᠠᠩᠭᠠᠩ ᠣᠣᠮᠧᠨ ᠤ | ᠡᠯ᠎ᠡ ᠡᠲᠡᠭᠡᠳ ᠤᠨ ᠲᠥᠯᠥᠭᠡᠯᠡᠭᠴᠢᠳ ᠤᠨ ᠪᠦᠯᠬᠦᠮ᠂ ᠥᠪᠡᠷᠲᠡᠭᠡᠨ ᠵᠠᠰᠠᠬᠤ ᠣᠷᠣᠨ ᠤ ᠡᠯ᠎ᠡ ᠬᠡᠯᠳᠡᠰ᠂ ᠵᠦᠪᠯᠡᠯ᠂ | ᠠᠯᠪᠠᠨ ᠭᠡᠷ᠂ ᠲᠢᠩᠬᠢᠮ ᠲᠣᠪᠴᠢᠶ᠎ᠠ ᠵᠢᠴᠢ ᠬᠥᠬᠡᠬᠤᠲᠠ ᠳᠤ ᠰᠠᠭᠤᠭ᠎ᠠ ᠶᠡᠭᠡ ᠳᠡᠭᠡᠳᠤ ᠰᠤᠷᠭᠠᠭᠤᠯᠢ᠂ ᠠᠵᠤ | ᠠᠬᠤᠢᠢᠯᠠᠯ ᠤᠨ ᠭᠤᠤᠯ ᠬᠠᠷᠢᠭᠤᠴᠠᠯᠭᠠᠲᠠᠨ ᠨᠥᠬᠦᠳ᠂ ᠪᠦᠬᠦ ᠤᠯᠤᠰ ᠤᠨ ︽ᠬᠠᠮᠤᠭ ᠤᠨ ᠭᠤᠶᠤ ᠲᠡᠮᠡᠴᠡᠭᠴᠢ︾᠂ | ᠪᠦᠬᠦ ᠤᠯᠤᠰ ᠤᠨ ᠠᠷᠠᠳ ᠳᠦᠮᠡᠨ ᠳᠤ ᠲᠠᠭᠠᠰᠢᠶᠠᠬᠳᠠᠬᠰᠠᠨ ᠠᠯᠪᠠᠲᠠᠨ᠂ ᠡᠯ᠎ᠡ ᠱᠠᠲᠤᠨ ᠤ ᠰᠢᠯᠢᠳᠡᠭ ᠡᠪ ᠬᠠᠮᠲᠤ | ᠨᠠᠮ ᠤᠨ ᠭᠡᠰᠢᠭᠦᠨ᠂ ᠬᠦᠳᠡᠯᠮᠤᠷᠢ ᠶᠢᠨ ᠵᠢᠱᠢᠶᠠᠴᠢ᠂ ᠲᠡᠷᠢᠭᠦᠨ ᠤ ᠠᠵᠢᠯᠲᠠᠨ᠂ ᠴᠠᠭ ᠦᠶ᠎ᠡ ᠶᠢᠨ ᠵᠢᠱᠢᠶᠡᠴᠢ᠂ | ᠤᠮᠠᠷᠠᠲᠤ ᠬᠢᠯᠢ ᠶᠢᠨ ᠵᠢᠱᠢᠶᠡᠴᠢ᠂ ᠶᠣᠰᠣ ᠰᠤᠷᠲᠠᠬᠤᠨ ᠤ ᠵᠢᠱᠢᠶᠡᠴᠢ ᠵᠡᠷᠭᠡ ᠳᠡᠷᠢᠬᠦᠨ ᠤ ᠨᠡᠶᠢᠳᠡᠯᠢᠭ ᠬᠦᠮᠦᠰ ᠤᠨ | ᠲᠥᠯᠥᠭᠡᠯᠡᠭᠴᠢ ᠨᠠᠶᠢᠷᠠᠯ ᠳᠠᠭᠤᠤ ᠶᠢ ᠰᠣᠨᠢᠷᠬᠠᠪᠠ᠃ |