ᠬᠥᠯᠥᠨ ᠨᠠᠭᠤᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠱᠠᠲᠤᠴᠢ ᠴᠢᠨᠠᠷᠲᠠᠶ ᠢᠯᠡᠷᠬᠡᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2019/9/3
     9 ᠳ᠋ᠦ᠋ᠭᠡᠷ ᠰᠠᠷ᠎ᠠ ᠶᠢᠨ 1᠎ ᠤ ᠡᠳᠦᠷ᠂ ᠬᠥᠯᠥᠨ ᠪᠤᠶᠢᠷ ᠬᠤᠲᠠ ᠶᠢᠨ ᠬᠥᠯᠥᠨ ᠨᠠᠭᠤᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠤᠢᠢᠯᠠᠭᠠᠭᠰᠠᠨ ᠢᠶᠠᠷ᠂ ᠬᠥᠯᠥᠨ ᠪᠤᠶᠢᠷ ᠬᠤᠲᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠦ ᠶᠢᠨ ᠬᠠᠷᠢᠭᠤᠴᠠᠯᠭ᠎ᠠ ᠪᠠᠨ ᠦᠨᠡᠨ ᠬᠦ ᠳᠡᠭᠡᠭᠰᠢᠯᠡᠭᠦᠯᠦᠨ᠂ ᠪᠦᠬᠦ ᠬᠦᠴᠦᠨ ᠢᠶᠠᠷ ᠢᠶᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠵᠠᠰᠠᠯᠲᠠ ᠶᠢᠨ ᠠᠵᠢᠯ ᠢ ᠠᠬᠢᠭᠤᠯᠵᠤ᠂ ᠵᠠᠰᠠᠯᠲᠠ ᠶᠢᠨ ᠠᠵᠢᠯ ᠢ ᠭᠦᠨᠵᠡᠭᠡᠶ ᠥᠷᠨᠢᠭᠦᠯᠬᠦ ᠪᠠᠷ ᠳᠠᠮᠵᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ ᠪᠤᠢ᠃      ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2016 ᠣᠨ ᠳᠤ ᠴᠣᠬᠤᠯᠠᠪᠤᠷᠢᠯᠠᠭᠰᠠᠨ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ 18 ᠵᠠᠰᠠᠯᠲᠠ ᠶᠢᠨ ᠲᠥᠷᠥᠯ ᠵᠦᠶᠯ ᠨᠢ 2018 ᠣᠨ ᠳᠤ ᠨᠢᠭᠡᠨᠲᠡ ᠪᠥᠬᠦ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠵᠦ᠂ ᠨᠡᠶᠢᠲᠡ 12.08 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ᠂ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢᠨ ᠦᠨᠡᠯᠡᠨ ᠵᠢᠱᠢᠭᠰᠡᠨ ᠳ᠋ᠦᠩᠨᠡᠯᠲᠡ ᠪᠣᠯ᠄ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠶᠡᠷᠦᠩᠬᠡᠶ  ᠪᠠᠶᠢᠳᠠᠯ ᠨᠡᠯᠢᠶᠡᠳ ᠰᠠᠶᠢᠨ ᠪᠠᠶᠢᠵᠤ᠂ ᠢᠨᠵᠧᠨᠧᠷᠢᠩ ᠤᠨ ᠦᠷ᠎ᠡ ᠪᠦᠲᠦᠮᠵᠢ ᠠᠩᠬ᠎ᠠ ᠠᠯᠬᠤᠮ ᠢᠯᠡᠷᠡᠭᠰᠡᠨ ᠪᠠᠶᠢᠨ᠎ᠠ᠃      ᠡᠨᠡ ᠬᠦ ᠰᠠᠭᠤᠷᠢᠨ ᠳᠡᠭᠡᠷ᠎ᠡ᠂ ᠬᠥᠯᠥᠨ ᠪᠣᠶᠢᠷ ᠬᠤᠲᠠ ᠥᠪᠡᠷᠲᠡᠭᠡᠨ ᠵᠠᠰᠠᠬᠤ ᠣᠷᠣᠨ ᠠᠴᠠ ᠴᠣᠬᠤᠯᠠᠪᠤᠷᠢᠯᠠᠭᠰᠠᠨ ︽ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ ︵2018 — 2020 ᠣᠨ︶︾᠎ ᠤᠨ ᠶᠣᠰᠣᠭᠠᠷ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 9 ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠤᠨ ᠬᠠᠮᠢᠶᠠᠷᠤᠯᠲᠠ ᠶᠢᠨ ᠠᠷᠭ᠎ᠠ︾᠎ ᠶᠢ ᠴᠢᠩᠭ᠎ᠠ ᠬᠡᠷᠡᠭᠵᠢᠭᠦᠯᠵᠦ᠂ ᠲᠥᠷᠥᠯ ᠵᠦᠶᠯ ᠤᠨ ᠬᠠᠮᠢᠶᠠᠷᠤᠯᠲᠠ ᠶᠢ ᠴᠢᠩᠭᠠᠳᠬᠠᠨ᠂ ᠳᠤᠷ᠎ᠠ ᠪᠠᠷ ᠢᠶᠠᠨ ᠲᠣᠬᠢᠷᠠᠭᠤᠯᠬᠤ᠂ ᠳᠤᠷ᠎ᠠ ᠪᠠᠷ ᠢᠶᠠᠨ ᠬᠤᠪᠢᠷᠠᠭᠤᠯᠬᠤ ᠵᠡᠷᠭᠡ ᠠᠰᠠᠭᠤᠳᠠᠯ ᠢ ᠡᠷᠡᠰ ᠬᠤᠷᠢᠭᠯᠠᠪᠠ᠃ ᠣᠳᠣᠬᠠᠨ ᠪᠣᠯᠲᠠᠯ᠎ᠠ᠂ ᠨᠡᠶᠢᠲᠡ 17.82 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠭ᠎ᠠ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ 13 ᠲᠥᠷᠥᠯ ᠵᠦᠶᠯ ᠢ ᠨᠢᠭᠡᠨᠲᠡ ᠪᠠᠷᠢᠯᠭ᠎ᠠ ᠡᠬᠢᠯᠡᠭᠦᠯᠵᠦ᠂ ᠨᠡᠶᠢᠲᠡ 7.71 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠶ᠃      ᠬᠥᠳᠡᠭᠡ ᠲᠣᠰᠬᠤᠨ ᠤ ᠠᠮᠤᠷ ᠲᠦᠪᠰᠢᠨ ᠤᠤᠭᠤᠬᠤ ᠤᠰᠤᠨ ᠤ ᠲᠥᠷᠥᠯ ᠵᠦᠶᠯ ᠤᠨ ᠲᠣᠬᠢᠷᠠᠭᠤᠯᠤᠯᠲᠠ ᠎ ᠶᠢᠨ ᠬᠡᠮᠵᠢᠶ᠎ᠡ ᠬᠡᠲᠦᠷᠬᠡᠶ ᠶᠡᠭᠡ ᠠᠰᠠᠭᠤᠳᠠᠯ ᠤᠨ ᠲᠠᠯ᠎ᠠ ᠪᠠᠷ᠂ ᠬᠥᠯᠥᠨ ᠪᠣᠶᠢᠷ ᠬᠤᠲᠠ ᠬᠥᠯᠥᠨ ᠨᠠᠭᠤᠷ ᠤᠨ ᠨᠢᠭᠡᠳᠦᠭᠡᠷ ᠬᠤᠭᠤᠴᠠᠭᠠᠨ ᠤ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠪᠡ᠃ 2018 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠨᠡᠶᠢᠲᠡ 2479 ᠲᠦᠮᠡᠨ ᠲᠥᠭᠦᠷᠢᠭ ᠤᠨ ᠪᠠᠯᠠ ᠣᠷᠣᠭᠤᠯᠤᠭᠰᠠᠨ ᠬᠥᠯᠥᠨ ᠨᠠᠭᠤᠷ ᠤᠨ ᠨᠢᠭᠡᠳᠦᠭᠡᠷ ᠬᠤᠭᠤᠴᠠᠭᠠᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ︽ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ ᠦᠷᠭᠦᠯᠵᠢᠯᠡᠨ ᠪᠦᠲᠦᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠥᠰᠦᠯ︾᠎ ᠢ ᠨᠠᠶᠢᠷᠠᠭᠤᠯᠤᠨ ᠵᠣᠬᠢᠶᠠᠭᠰᠠᠨ ᠪᠥᠭᠡᠳ ᠲᠥᠷᠥᠯ ᠵᠦᠶᠯ ᠎ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠬᠥᠯᠥᠨ ᠪᠣᠶᠢᠷ ᠬᠤᠲᠠ ᠶᠠᠭ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠬᠥᠳᠡᠭᠡ ᠲᠣᠰᠬᠤᠨ ᠤ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ ᠤᠨ ᠥᠭᠡᠷᠡᠴᠢᠯᠡᠯᠲᠡ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠷᠭᠡᠳᠬᠡᠵᠦ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ ᠨᠢᠭᠡᠨᠲᠡ ᠪᠦᠬᠦᠨ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠨᠡᠶᠢᠲᠡ 0.191 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ᠃      ᠬᠥᠯᠥᠨ ᠨᠠᠭᠤᠷ ᠤᠨ ᠤᠰᠤᠨ ᠤ ᠴᠢᠨᠠᠷ ᠢ ᠰᠠᠶᠢᠵᠢᠷᠠᠭᠤᠯᠬᠤ ᠠᠰᠠᠭᠤᠳᠠᠯ ᠤᠨ ᠲᠠᠯ᠎ᠠ ᠪᠠᠷ᠂ ᠬᠥᠯᠥᠨ ᠨᠠᠭᠤᠷ ᠎ ᠤᠨ ᠤᠰᠤᠨ ᠰᠤᠷᠪᠤᠯᠵᠢ ᠶᠢ ᠬᠤᠪᠢᠶᠠᠷᠢᠯᠠᠬᠤ ᠪᠠ ᠲᠣᠬᠢᠷᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠎ ᠶᠢᠨ ᠲᠥᠯᠥᠭᠡ᠂ ᠬᠥᠯᠥᠨ ᠪᠣᠶᠢᠷ ᠬᠤᠲᠠ ᠵᠥᠩ ᠱᠦᠶ ᠵᠡᠭᠦᠨ ᠬᠤᠶᠢᠲᠤ ᠬᠡᠰᠡᠭ ᠤᠨ ᠬᠠᠶᠢᠨ ᠬᠡᠮᠵᠢᠵᠦ ᠵᠢᠷᠤᠭᠯᠠᠨ ᠲᠥᠯᠥᠪᠯᠡᠬᠦ ᠰᠤᠳᠤᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ︽ᠬᠥᠯᠥᠨ ᠨᠠᠭᠤᠷ ᠤᠨ ᠠᠮᠢ ᠠᠬᠤᠢ ᠶᠢᠨ ᠢᠨᠵᠧᠨᠧᠷᠢᠩ ᠤᠨ ᠤᠰᠤ ᠨᠥᠬᠦᠪᠥᠷᠢᠯᠡᠬᠦ ᠶᠢ ᠲᠣᠬᠢᠷᠠᠭᠤᠯᠬᠤ ᠠᠵᠢᠯᠯᠠᠭᠠᠨ ᠤ ᠲᠥᠰᠦᠯ︾᠎ ᠢ ᠱᠠᠯᠠᠪᠳᠠᠨ ᠨᠠᠶᠢᠷᠠᠭᠤᠯᠤᠨ ᠵᠣᠬᠢᠶᠠᠯᠭᠠᠵᠤ᠂ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠲᠣᠬᠢᠷᠠᠭᠤᠯᠬᠤ ᠎ ᠪᠠᠷ ᠳᠠᠮᠵᠢᠨ ᠬᠥᠯᠥᠨ ᠨᠠᠭᠤᠷ ᠤᠨ ᠤᠰᠤᠨ ᠴᠣᠭᠴᠠ ᠶᠢᠨ ᠣᠷᠴᠢᠯ ᠪᠠ ᠤᠰᠤᠨ ᠤ ᠴᠢᠨᠠᠷ ᠢ ᠰᠠᠶᠢᠵᠢᠷᠠᠭᠤᠯᠬᠤ ᠠᠵᠢᠯ ᠢ ᠬᠦᠴᠦᠯᠡᠨ ᠠᠬᠢᠭᠤᠯᠪᠠ᠃      ᠡᠭᠦᠨ ᠠᠴᠠ ᠭᠠᠳᠠᠨ᠎ᠠ᠂ 2018 ᠣᠨ ᠳᠤ ᠬᠥᠯᠥᠨ ᠨᠠᠭᠤᠷ ᠤᠨ ᠡᠷᠭᠢᠨ ᠲᠣᠭᠤᠷᠢᠨ ᠵᠢᠴᠢ ᠭᠤᠤᠯ ᠪᠣᠯᠬᠤ ᠨᠠᠭᠤᠷ ᠲᠤ ᠴᠢᠳᠬᠤᠬᠤ ᠭᠤᠤᠯ ᠮᠥᠷᠡᠨ ᠳᠠᠭᠠᠤ ᠶᠢᠨ ᠪᠥᠬᠦ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠶᠢᠨ ᠨᠢᠭᠡᠳᠦᠭᠡᠷ ᠲᠡᠰ ᠤᠨ A ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠪᠥᠬᠦ ᠲᠠᠯ᠎ᠠ ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠥᠯᠥᠨ ᠪᠣᠶᠢᠷ ᠬᠤᠲᠠ ᠨᠠᠭᠤᠷ ᠲᠤ ᠴᠢᠳᠬᠤᠬᠤ ᠭᠤᠤᠯ ᠮᠥᠷᠡᠨ ᠳᠠᠭᠠᠤ ᠶᠢᠨ ᠬᠤᠲᠠ ᠪᠠᠯᠭᠠᠰᠤ ᠶᠢᠨ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠶᠢᠨ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠲᠥᠷᠥᠯ ᠵᠦᠶᠯ ᠤᠨ ᠪᠦᠲᠦᠭᠡᠨ ᠪᠠᠢᠭᠤᠯᠤᠯᠲᠠ ᠶᠢ ᠡᠬᠢᠯᠡᠭᠦᠯᠪᠡ᠃ ᠣᠳᠣᠬᠠᠨ ᠳᠤ᠂ ᠬᠥᠯᠥᠨ ᠨᠠᠭᠤᠷ ᠤᠨ ᠡᠷᠭᠢᠨ ᠲᠣᠭᠤᠷᠢᠨ ᠤ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠨᠢᠭᠡᠨᠲᠡ ᠳᠠᠬᠢᠯᠲᠠ ᠤᠰᠤ ᠶᠢ ᠪᠤᠴᠠᠭᠠᠨ ᠬᠡᠷᠡᠭᠯᠡᠬᠦ ᠪᠣᠯᠪᠠ︔ ᠪᠤᠰᠤᠳ ᠭᠠᠵᠠᠷ ᠣᠷᠣᠨ ᠤ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠬᠠᠮᠢᠶ᠎ᠠ ᠪᠦᠬᠦᠢ 10 ᠲᠥᠷᠥᠯ ᠵᠦᠶᠯ ᠠᠴᠠ ᠨᠢᠭᠡᠨᠲᠡ 6 ᠲᠥᠷᠥᠯ ᠵᠦᠶᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠤᠰᠤᠳ 4 ᠲᠥᠷᠥᠯ ᠵᠦᠶᠯ ᠨᠢ ᠶᠠᠭ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢᠶᠠᠨ ᠱᠠᠯᠠᠪᠳᠠᠨ ᠬᠢᠵᠦ᠂ ᠡᠨᠡ ᠵᠢᠯ ᠤᠨ ᠳᠣᠲᠣᠷ᠎ᠠ ᠪᠦᠬᠦᠨ ᠢ ᠠᠵᠢᠯ ᠡᠬᠢᠯᠡᠭᠦᠯᠵᠦ᠂ 2020 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠳᠠᠭᠤᠰᠬᠠᠬᠤ ᠪᠠᠷ ᠪᠠᠶᠢᠨ᠎ᠠ᠃      ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠠᠴᠠ ᠠᠮᠢ ᠠᠬᠤᠢ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠨ ᠬᠦ ᠪᠠᠭᠠᠰᠬᠠᠬᠤ ᠶᠢᠨ ᠲᠥᠯᠥᠭᠡ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠪᠤᠴᠠᠵᠤ ᠪᠠᠶᠢᠴᠠᠭᠠᠨ ᠦᠵᠡᠬᠦ︾᠎ ᠠᠴᠠ ᠲᠤᠬᠠᠶ ᠶᠢᠨ ᠲᠠᠯᠠᠪᠠᠢ ᠳᠤ ᠰᠢᠮᠳᠠᠭᠤᠯᠤᠨ ᠪᠠᠶᠢᠴᠠᠭᠠᠯᠲᠠ ᠬᠢᠭᠰᠡᠨ ᠤ ᠳᠠᠷᠠᠭ᠎ᠠ᠂ ᠬᠥᠯᠥᠨ ᠪᠣᠶᠢᠷ ᠬᠤᠲᠠ ᠬᠥᠯᠥᠨ ᠨᠠᠭᠤᠷ ᠤᠨ ᠰᠢᠶᠣᠤ ᠾᠧ ᠺᠧᠤ ᠦᠵᠡᠮᠵᠢ ᠶᠢᠨ ᠣᠷᠣᠨ ᠤ ᠡᠷᠭᠢᠨ ᠲᠣᠭᠤᠷᠢᠨ ᠤ ᠡᠯ᠎ᠡ ᠲᠥᠷᠥᠯ ᠤᠨ ᠢᠳᠡᠭᠡᠨ ᠤᠮᠳᠠᠭᠠᠨ ᠤ ᠵᠢᠭᠤᠯᠴᠢᠯᠠᠯ ᠤᠨ ᠡᠵᠡᠩᠨᠡᠯᠲᠡ ᠶᠢᠨ ᠪᠡᠯᠡᠳᠬᠡᠮᠵᠢ ᠠᠴᠠ 25 ᠭᠠᠵᠠᠷ ᠢ ᠨᠤᠷᠠᠭᠠᠵᠤ᠂ ᠲᠠᠯᠠᠪᠠᠢ ᠨᠢ 11.2 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠪᠡ᠂ ᠡᠭᠦᠨ ᠤ ᠬᠠᠮᠲᠤ ᠬᠥᠯᠥᠨ ᠨᠠᠭᠤᠷ ᠤᠨ ᠬᠠᠮᠠᠭᠠᠯᠠᠯᠲᠠ ᠶᠢᠨ ᠣᠷᠣᠨ ᠎ ᠳᠠᠬᠢ ᠪᠤᠰᠤᠳ 80 ᠭᠠᠷᠤᠶ ᠡᠵᠡᠩᠨᠡᠯᠲᠡ ᠦᠶᠯᠡᠳᠪᠦᠷᠢᠯᠡᠯ ᠤᠨ ᠪᠡᠯᠡᠳᠬᠡᠮᠵᠢ ᠶᠢ ᠴᠡᠪᠡᠷᠯᠡᠨ ᠨᠤᠷᠠᠭᠠᠪᠠ᠃      ᠬᠥᠯᠥᠨ ᠪᠤᠶᠢᠷ ᠤᠨ ᠳᠠᠯᠠᠢ ᠶᠢᠨ ᠶᠠᠪᠤᠳᠠᠯ ᠤᠨ ᠲᠣᠪᠴᠢᠶ᠎ᠠ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠲᠣᠭᠲᠠᠭᠠᠯ ᠠᠴᠠ ᠵᠥᠷᠢᠴᠡᠨ ᠲᠦᠷᠢᠶᠡᠰᠦᠯᠡᠭᠦᠯᠦᠭᠰᠡᠨ ᠠᠰᠠᠭᠤᠳᠠᠯ ᠤᠨ ᠲᠠᠯ᠎ᠠ ᠪᠠᠷ᠂ ᠬᠥᠯᠥᠨ ᠪᠤᠶᠢᠷ ᠤᠨ ᠳᠠᠯᠠᠢ ᠶᠢᠨ ᠶᠠᠪᠤᠳᠠᠯ ᠤᠨ ᠲᠣᠪᠴᠢᠶ᠎ᠠ ᠲᠦᠷᠢᠶᠡᠰᠦᠯᠡᠵᠦ ᠭᠠᠷᠭᠠᠭᠰᠠᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠳᠠᠷᠤᠶ ᠲᠦᠷᠭᠡᠨ ᠬᠤᠷᠢᠶᠠᠨ ᠠᠪᠴᠤ᠂ ᠬᠤᠭᠤᠯᠠ ᠤᠮᠳᠠ᠂ ᠬᠤᠨᠤᠭ ᠪᠠᠭᠤᠳᠠᠯ ᠡᠵᠡᠩᠨᠡᠬᠦ ᠶᠢ ᠨᠢ ᠵᠣᠭᠰᠤᠭᠠᠪᠠ᠃ ᠬᠥᠯᠥᠨ ᠪᠣᠶᠢᠷ ᠬᠤᠲᠠ ︽ᠰᠢᠶᠣᠤ ᠾᠧ ᠺᠧᠤ ᠶᠢᠨ ᠳᠠᠯᠠᠢ ᠶᠢᠨ ᠶᠠᠪᠤᠳᠠᠯ ᠤᠨ ᠭᠠᠷᠠᠮ ᠤᠨ ᠬᠠᠮᠢᠶᠠᠷᠤᠯᠲᠠ ᠳᠤ ᠬᠡᠷᠡᠭᠯᠡᠬᠦ ᠭᠡᠷ ᠪᠠᠶᠢᠰᠢᠩ ᠢ ᠡᠮᠬᠢᠯᠡᠨ ᠨᠡᠶᠢᠯᠡᠭᠦᠯᠵᠦ ᠬᠡᠷᠡᠭᠯᠡᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ 45 ᠲᠠᠰᠤᠯᠭ᠎ᠠ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠬᠥᠯᠥᠨ ᠨᠠᠭᠤᠷ ᠤᠨ ᠬᠠᠮᠠᠭᠠᠯᠠᠯᠲᠠ ᠪᠠ ᠬᠠᠮᠢᠶᠠᠷᠤᠯᠲᠠ ᠳᠤ ᠬᠤᠯᠪᠣᠭᠳᠠᠭᠰᠠᠨ ᠬᠥᠯᠥᠨ ᠪᠤᠶᠢᠷ ᠤᠨ ᠳᠠᠯᠠᠢ ᠶᠢᠨ ᠶᠠᠪᠤᠳᠠᠯ ᠤᠨ ᠲᠣᠪᠴᠢᠶ᠎ᠠ᠂ ᠬᠥᠯᠥᠨ ᠨᠠᠭᠤᠷ ᠤᠨ ᠬᠠᠮᠠᠭᠠᠯᠠᠯᠲᠠ ᠶᠢᠨ ᠣᠷᠣᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠮᠠᠭᠠᠯᠠᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠠᠮᠠᠭᠠᠯᠠᠯᠲᠠ ᠎ ᠶᠢᠨ ᠣᠷᠣᠨ ᠤ ᠬᠠᠮᠲᠤᠷᠠᠨ ᠬᠠᠤᠯᠢ ᠬᠡᠷᠡᠭᠵᠢᠭᠦᠯᠬᠦ ᠠᠯᠪᠠᠨ ᠭᠡᠷ ᠵᠡᠷᠭᠡ ᠵᠠᠰᠠᠭ ᠤᠨ ᠣᠷᠳᠣᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠥᠭᠴᠦ ᠠᠵᠢᠯᠯᠠᠭᠤᠯᠬᠤ ᠪᠣᠯᠪᠠ᠃      ᠣᠶᠢᠷ᠎ᠠ ᠳᠤ᠂ ᠬᠥᠯᠥᠨ ᠨᠠᠭᠤᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠱᠠᠲᠤᠴᠢ ᠴᠢᠨᠠᠷᠲᠠᠶ ᠢᠯᠡᠷᠬᠡᠢ ᠦᠷ᠎ᠡ ᠪᠦᠲᠦᠮᠵᠢ ᠣᠯᠵᠤ ᠪᠠᠶᠢᠨ᠎ᠠ —      ᠤᠰᠤᠨ ᠤ ᠬᠡᠮᠵᠢᠶ᠎ᠡ ᠶᠢ ᠦᠷᠭᠦᠯᠵᠢᠯᠡᠨ ᠵᠦᠶ ᠵᠣᠬᠢᠰᠲᠠᠶ ᠣᠷᠣᠨ ᠵᠠᠶ ᠳᠤ ᠲᠣᠭᠲᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠢᠨᠠᠨ ᠬᠡᠮᠵᠢᠯᠲᠡ ᠶᠢᠨ ᠲᠤᠰᠬᠠᠶ ᠮᠡᠳᠡᠭᠦᠯᠦᠯᠲᠡ ᠶᠢᠨ ᠳ᠋ᠠᠶᠢᠲ᠋ᠠ ᠶᠢ ᠦᠨᠳᠦᠰᠦᠯᠡᠪᠡᠯ᠂ 2019 ᠣᠨ ᠤ 7 ᠳ᠋ᠤᠭᠠᠷ ᠰᠠᠷ᠎ᠠ ᠶᠢᠨ 25᠎ ᠤ ᠡᠳᠦᠷ ᠪᠣᠯᠲᠠᠯ᠎ᠠ᠂ ᠬᠥᠯᠥᠨ ᠨᠠᠭᠤᠷ ᠤᠨ ᠤᠰᠤᠨ ᠣᠷᠣᠨ ᠤ ᠲᠠᠯᠠᠪᠠᠢ ᠨᠢ 2026.5 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠴᠣᠬᠤᠯᠠᠪᠤᠷᠢᠯᠠᠭᠰᠠᠨ ︽ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠬᠢᠭᠡᠳ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠬᠡᠷᠡᠭᠵᠢᠭᠦᠯᠬᠦ ᠲᠥᠰᠦᠯ︾᠎ ᠳᠤ ᠲᠣᠭᠲᠠᠭᠠᠭᠰᠠᠨ ᠵᠦᠶ ᠵᠣᠬᠢᠰᠲᠠᠶ ᠣᠷᠣᠨ ᠵᠠᠶ ︵2006.5 — 2065.8 ᠲᠡᠭᠰᠢ ᠳᠥᠷᠪᠡᠯᠵᠢᠨ ᠺᠢᠯᠣᠮᠧᠲᠷ︶᠎ ᠶᠢᠨ ᠲᠣᠲᠤᠷ᠎ᠠ ᠲᠣᠭᠲᠠᠪᠤᠷᠢᠵᠢᠬᠤ ᠶᠢ ᠪᠠᠲᠤᠯᠠᠪᠠ᠃      ᠤᠰᠤᠨ ᠤ ᠴᠢᠨᠠᠷ ᠤᠨ ᠭᠦᠢᠴᠡᠳᠬᠡᠯ ᠲᠤᠭ᠎ᠠ ᠲᠣᠭᠲᠠᠭᠤᠨ ᠢᠶᠠᠷ ᠰᠠᠶᠢᠵᠢᠷᠠᠪᠠ᠃ 2013 ᠣᠨ ᠠᠴᠠ ᠣᠳᠣ ᠪᠣᠯᠲᠠᠯ᠎ᠠ᠂ ᠬᠥᠯᠥᠨ ᠨᠠᠭᠤᠷ ᠤᠨ ᠭᠤᠤᠯ ᠤᠰᠤᠨ ᠤ ᠴᠢᠨᠠᠷ ᠤᠨ ᠭᠦᠶᠴᠡᠳᠬᠡᠯ ᠲᠤᠭ᠎ᠠ ᠨᠢ ᠬᠡᠳᠦᠶᠢᠪᠡᠷ ᠬᠡᠰᠡᠭ ᠬᠤᠷ᠎ᠠ ᠲᠤᠨᠳᠠᠰᠤᠨ ᠤ ᠬᠡᠮᠵᠢᠶ᠎ᠡ ᠬᠦᠨᠳᠦ ᠨᠣᠴᠢᠲᠠᠶ ᠪᠠᠭᠠᠰᠤᠭᠰᠠᠨ ᠣᠨᠴᠠᠭᠠᠢ ᠵᠢᠯ ᠳᠤ ᠡᠳᠦᠶ ᠲᠡᠳᠦᠶ ᠳᠠᠬᠢᠨ ᠳᠠᠪᠲᠠᠭᠰᠠᠨ ᠪᠣᠯᠪᠠᠴᠤ ᠶᠡᠷᠦᠩᠬᠡᠶ ᠳᠤ ᠪᠠᠨ ᠰᠠᠶᠢᠵᠢᠷᠠᠬᠤ ᠬᠠᠨᠳᠤᠰᠢ ᠶᠢ ᠪᠠᠲᠤᠯᠠᠭᠰᠠᠨ ᠪᠠᠶᠢᠨ᠎ᠠ᠃ 2019 ᠣᠨ ᠤ ᠳᠡᠭᠡᠷ᠎ᠡ ᠬᠠᠭᠠᠰ ᠵᠢᠯ ᠳᠤ ᠬᠥᠯᠥᠨ ᠨᠠᠭᠤᠷ ᠤᠨ ᠰᠢᠶᠣᠤ ᠾᠧ ᠺᠸᠦ᠂ ᠭᠠᠨᠵᠤᠤᠷ ᠬᠤᠸᠠ ᠬᠤᠶᠠᠷ ᠤᠯᠤᠰ ᠤᠨ ᠡᠵᠡᠮᠳᠡᠯ ᠣᠭᠲᠣᠯᠤᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠭᠰᠡᠨ ᠲᠤᠭ᠎ᠠ ᠪᠠᠷᠢᠮᠲᠠ᠂ COD᠂  ᠳᠡᠭᠡᠳᠦ ᠮᠠᠩᠭᠠᠨ ᠬᠦᠴᠢᠯ ᠤᠨ ᠳᠠᠪᠤᠰᠤᠨ ᠤ ᠢᠯᠡᠳᠬᠡᠭᠴᠢ ᠲᠤᠭ᠎ᠠ᠂ ᠶᠡᠷᠦᠩᠬᠡᠶ ᠹᠣᠰᠹᠣᠷ᠂ ᠶᠡᠷᠦᠩᠬᠡᠶ ᠠᠽᠣᠲ ᠵᠡᠷᠭᠡ ᠤᠰᠤᠨ ᠤ ᠴᠢᠨᠠᠷ ᠢ ᠬᠢᠨᠠᠨ ᠬᠡᠮᠵᠢᠭᠰᠡᠨ ᠭᠦᠶᠴᠡᠳᠬᠡᠯ ᠲᠤᠭ᠎ᠠ ᠶᠢ ᠦᠨᠳᠦᠰᠦᠯᠡᠪᠡᠯ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠴᠥᠮ ᠰᠠᠶᠢᠵᠢᠷᠠᠯᠲᠠ ᠲᠠᠢ ᠪᠣᠯᠪᠠ᠃      ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠭᠦᠶᠴᠡᠳᠬᠡᠯ ᠲᠤᠭ᠎ᠠ ᠢᠯᠡᠳᠲᠡ ᠰᠠᠶᠢᠵᠢᠷᠠᠪᠠ᠃ ᠬᠥᠯᠥᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠣᠷᠣᠰᠢᠨ ᠠᠮᠢᠳᠤᠷᠠᠵᠤ ᠪᠠᠶᠢᠭ᠎ᠠ ᠰᠢᠪᠠᠭᠤᠨ ᠎ ᠤ ᠲᠥᠷᠥᠯ ᠤᠨ ᠲᠤᠭ᠎ᠠ ᠨᠢ 2013 ᠣᠨ ᠳᠤ 333 ᠲᠥᠷᠥᠯ ᠪᠠᠶᠢᠭᠰᠠᠨ ᠠᠴᠠ ᠪᠠᠨ 2019 ᠣᠨ ᠳᠤ 345 ᠲᠥᠷᠥᠯ ᠪᠣᠯᠵᠤ ᠨᠡᠮᠡᠭᠳᠡᠪᠡ᠂ ᠡᠭᠦᠨ ᠳᠤ ᠤᠯᠤᠰ ᠤᠨ ᠨᠢᠭᠡᠳᠦᠭᠡᠷ ᠲᠡᠰ ᠤᠨ ᠬᠠᠮᠠᠭᠠᠯᠠᠯᠲᠠ ᠶᠢᠨ ᠠᠮᠢᠲᠠᠨ ᠪᠣᠯᠬᠤ ᠳᠣᠷᠣᠨᠠᠳᠠᠬᠢᠨ ᠤ ᠴᠠᠭᠠᠨ ᠥᠷᠪᠢᠯᠳᠡᠶ ᠪᠠ ᠬᠤᠶᠠᠳᠣᠭᠠᠷ ᠲᠡᠰ ᠤᠨ ᠬᠠᠮᠠᠭᠠᠯᠠᠯᠲᠠ ᠶᠢᠨ ᠠᠮᠢᠲᠠᠨ ᠪᠣᠯᠬᠤ ᠪᠦᠷᠭᠦᠳ ᠤᠭᠤᠯᠢᠨᠴᠢᠷ᠂ ᠭᠠᠷᠤᠳᠢ ᠶᠢᠨ ᠲᠦᠷᠦᠭᠦᠲᠦ ᠬᠡᠷᠡᠮᠦᠴᠢ ᠪᠠᠭᠲᠠᠵᠤ᠂ ᠰᠢᠪᠠᠭᠤᠨ ᠤ ᠲᠥᠷᠥᠯ ᠤᠨ ᠪᠣᠳᠠᠭᠠᠯᠢ ᠪᠡᠶ᠎ᠡ ᠎ ᠶᠢᠨ ᠲᠤᠭ᠎ᠠ ᠴᠤ ᠢᠯᠡᠳᠲᠡ ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号